ᠵᠣᠷᠢᠭᠲᠤ
ᠨᠡᠶᠢᠲᠡᠯᠡᠭᠰᠡᠨ ᠴᠠᠭ᠄
2019-11-01
      ᠵᠣᠷᠢᠭᠲᠤ᠂ ᠡᠷᠡᠭᠲᠡᠢ᠂ ᠮᠣᠩᠭᠤᠯ ᠦᠨᠳᠦᠰᠦᠲᠡᠨ᠂ 1964 ᠤᠨ ᠤ 9 ᠰᠠᠷ᠎ᠠ ᠳᠤ ᠥᠪᠦᠷ ᠮᠣᠩᠭᠤᠯ  ᠤᠨ ᠥᠪᠡᠷᠲᠡᠭᠡᠨ ᠵᠠᠰᠠᠬᠤ ᠣᠷᠤᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠲᠦᠷᠦᠵᠡᠢ᠂ ᠨᠠᠮ  ᠤᠨ ᠭᠡᠰᠢᠭᠦᠨ᠂ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠂ ᠣᠳᠣ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠤᠯᠠᠭᠠᠨᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠲᠤᠰᠢᠶᠠᠯ ᠳᠤ ᠪᠠᠶᠢᠨ᠎ᠠ᠃       ᠠᠵᠢᠯ ᠤᠨ ᠬᠤᠪᠢᠶᠠᠷᠢᠯᠠᠯ᠄ ᠡᠷᠬᠢᠯᠡᠭᠴᠢ ᠳᠤ ᠬᠠᠮᠵᠢᠨ ᠠᠯᠪᠠᠨ ᠭᠡᠷ ︵ᠠᠯᠪᠠᠨ ᠭᠡᠷ ᠤᠨ ᠨᠠᠮ ᠵᠠᠰᠠᠭ ᠤᠨ ᠠᠯᠪᠠᠨ ᠭᠡᠷ ᠢ ᠪᠠᠭᠲᠠᠭᠠᠬᠤ ᠦᠭᠡᠢ︶᠂ ᠲᠠᠷᠢᠶᠠᠯᠠᠩ ᠮᠠᠯ ᠠᠵᠤ ᠠᠬᠤᠢ ᠣᠢ ᠰᠢᠭᠤᠢ ᠶᠢᠨ ᠠᠵᠢᠯ ᠤᠨ ᠵᠥᠪᠯᠡᠯ᠂ ᠣᠷᠴᠢᠨ ᠲᠣᠭᠤᠷᠢᠨ ᠤ ᠡᠬᠢ ᠪᠠᠶᠠᠯᠢᠭ ᠤᠨ ᠠᠵᠢᠯ ᠤᠨ ᠵᠥᠪᠯᠡᠯ᠂ ᠦᠨᠳᠦᠰᠦᠲᠡᠨ ᠤ ᠬᠠᠤᠯᠢᠵᠢᠯ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠥᠪᠯᠡᠯ ᠤᠨ ᠦᠨᠳᠦᠰᠦᠲᠡᠨ ᠤ ᠠᠵᠢᠯ ᠢ ᠬᠤᠪᠢᠶᠠᠷᠢᠯᠠᠨ ᠬᠠᠮᠢᠶᠠᠷᠴᠤ ᠪᠠᠶᠢᠨ᠎ᠠ᠃ ᠲᠠᠷᠢᠶᠠᠯᠠᠩ ᠮᠠᠯ ᠠᠬᠤᠢ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠶᠠᠳᠠᠭᠤ ᠶᠢ ᠳᠡᠳᠬᠦᠨ ᠨᠡᠭᠡᠭᠡᠨ ᠬᠥᠭᠵᠢᠭᠦᠯᠬᠦ ᠠᠯᠪᠠᠨ ᠭᠡᠷ᠂ ᠴᠠᠭ ᠠᠭᠤᠷ ᠤᠨ ᠲᠣᠪᠴᠢᠶ᠎ᠠ᠂ ᠣᠷᠤᠨ ᠰᠠᠭᠤᠴᠠ ᠬᠢᠬᠡᠳ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭᠠᠨ ᠤ ᠲᠡᠭᠡᠭᠡᠪᠦᠷᠢ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠭᠡᠷ ᠪᠠᠶᠢᠰᠢᠩ ᠤᠨ ᠲᠣᠪᠴᠢᠶ᠎ᠠ᠂ ᠭᠡᠷ ᠪᠠᠶᠢᠰᠢᠩ ᠲᠠᠲᠠᠪᠤᠷᠢᠯᠠᠬᠤ ᠲᠣᠪᠴᠢᠶ᠎ᠠ᠂ ᠲᠣᠭᠤᠷ ᠤᠨ ᠭᠤᠤᠯ ᠤᠨ ᠨᠣᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠪᠡᠯᠡ ᠣᠷᠤᠭᠤᠯᠤᠯᠲᠠ ᠶᠢᠨ ᠺᠣᠮᠫᠠᠨᠢ ᠵᠡᠷᠭᠡ ᠰᠠᠯᠠᠭ᠎ᠠ ᠮᠦᠴᠢᠷ ᠲᠤ ᠬᠠᠤᠯᠢ ᠴᠠᠭᠠᠵᠠ  ᠶᠢᠨ ᠬᠢᠨᠠᠯᠲᠠ ᠲᠠᠯᠪᠢᠬᠤ ᠪᠠ ᠠᠵᠢᠯ ᠤᠨ ᠬᠢᠨᠠᠯᠲᠠ ᠲᠠᠯᠪᠢᠬᠤ ᠶᠢ ᠬᠠᠷᠢᠭᠤᠴᠠᠵᠤ ᠪᠠᠶᠢᠨ᠎ᠠ᠃      ᠬᠠᠷᠢᠯᠴᠠᠬᠤ ᠨᠢᠭᠡᠴᠡ᠄ ᠨᠢᠭᠤᠴᠠ ᠶᠢ ᠬᠠᠮᠠᠭᠠᠯᠠᠬᠤ ᠴᠢᠬᠤᠯᠠ ᠨᠢᠭᠤᠴᠠ ᠶᠢᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ ᠬᠠᠭᠤᠴᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠤᠷᠠᠯ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠤᠷᠠᠯ᠂ ᠥᠪᠦᠷ ᠮᠣᠩᠭᠤᠯ  ᠤᠨ ᠮᠣᠩᠭᠤᠯ ᠶᠤᠸᠠᠨ ᠤ ᠰᠣᠶᠤᠯ ᠤᠨ ᠰᠣᠳᠤᠯᠭᠠᠨ ᠤ ᠨᠡᠶᠢᠭᠡᠮᠯᠢᠭ᠂ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ᠂ ᠬᠤᠪᠢᠰᠬᠠᠯᠲᠤ ᠰᠣᠶᠤᠯ ᠤᠨ ᠰᠣᠳᠤᠯᠭᠠᠨ ᠤ ᠨᠡᠶᠢᠭᠡᠮᠯᠢᠭ ᠵᠡᠷᠭᠡ ᠰᠠᠯᠠᠭ᠎ᠠ ᠮᠦᠴᠢᠷ ᠪᠠ ᠵᠣᠬᠢᠶᠠᠨ ᠪᠠᠶᠢᠭᠤᠯᠤᠯᠲᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号