ᠰᠢᠦᠢ ᠰᠢᠶᠣᠣ ᠸᠧᠢ
ᠨᠡᠶᠢᠲᠡᠯᠡᠭᠰᠡᠨ ᠴᠠᠭ᠄
2019/11/6
ᠰᠢᠦᠢ ᠰᠢᠶᠣᠣ ᠸᠧᠢ
 
       ᠡᠮᠡᠭᠲᠡᠢ᠂ ᠬᠢᠲᠠᠳ ᠦᠨᠳᠦᠰᠦᠲᠡᠨ᠂ 1970 ᠣᠨ ᠤ 1 ᠰᠠᠷ᠎ᠠ ᠳᠤ ᠲᠦᠷᠦᠵᠡᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠤᠯᠠᠭᠠᠨᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠲᠤᠰᠢᠶᠠᠯ   ᠳᠤ ᠪᠠᠶᠢᠨ᠎ᠠ᠃      ᠠᠵᠢᠯ ᠤᠨ ᠬᠤᠪᠢᠶᠠᠷᠢᠯᠠᠯ᠄ ᠡᠷᠬᠢᠯᠡᠭᠴᠢ ᠳᠤ ᠬᠠᠪᠰᠤᠷᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠤᠯ ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ᠂ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠥᠪᠯᠡᠯ᠂ ᠦᠨᠳᠦᠰᠦᠲᠡᠨ ᠤ ᠬᠠᠤᠯᠢᠵᠢᠯ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠥᠪᠯᠡᠯ ᠤᠨ ᠬᠠᠤᠯᠢᠵᠢᠯ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠤᠪᠢᠶᠠᠷᠢᠯᠠᠨ ᠬᠠᠮᠢᠶᠠᠷᠤᠨ᠎ᠠ᠃ ᠬᠤᠲᠠ ᠶᠢᠨ ᠬᠢᠨᠠᠨ ᠪᠠᠶᠢᠴᠠᠭᠠᠬᠤ ᠵᠥᠪᠯᠡᠯ ᠂ ᠬᠤᠲᠠ ᠶᠢᠨ ᠠᠷᠠᠳ ᠤᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠠᠵᠤ ᠠᠬᠤᠢ ᠲᠧᠭᠨᠢᠭ ᠮᠡᠷᠭᠡᠵᠢᠯ ᠤᠨ ᠨᠡᠭᠡᠬᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠠᠷᠠᠭ᠎ᠠ ᠶᠢᠨ ᠬᠦᠢᠯᠭᠡᠭᠡᠨ  ᠤ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠳᠣᠲᠤᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ  ᠶᠢᠨ ᠲᠣᠪᠴᠢᠶ᠎ᠠ᠂ ᠵᠠᠰᠠᠭ ᠤᠨ ᠣᠷᠳᠤᠨ ᠤ ᠠᠯᠪᠠᠨ ᠭᠡᠷ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠤᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠬᠢᠬᠡᠳ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠣᠳᠤᠬᠤ ᠲᠣᠪᠴᠢᠶ᠎ᠠ᠂ ᠲᠤᠭ᠎ᠠ ᠪᠦᠷᠢᠳᠭᠡᠯ ᠤᠨ ᠲᠣᠪᠴᠢᠶ᠎ᠠ᠂ ᠠᠵᠤ ᠦᠢᠯᠡᠳᠪᠦᠷᠢ ᠬᠢᠭᠡᠳ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠬᠠᠩᠭᠠᠨ ᠪᠣᠷᠤᠯᠠᠭᠤᠯᠬᠤ ᠬᠤᠷᠰᠢᠶ᠎ᠠ᠂ ᠬᠥᠨᠳᠦ ᠡᠪᠡᠳᠴᠢᠲᠠᠨ ᠢ ᠠᠪᠤᠷᠠᠨ ᠲᠤᠰᠠᠯᠠᠬᠤ ᠰᠠᠭᠤᠷᠢ ᠮᠥᠩᠬᠦᠨ ᠤ ᠨᠡᠶᠢᠭᠡᠮᠯᠢᠭ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠨᠡᠭᠡᠬᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ  ᠲᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠠ ᠠᠵᠢᠯ ᠤᠨ ᠬᠢᠨᠠᠯᠲᠠ ᠲᠠᠯᠪᠢᠬᠤ ᠶᠢ ᠬᠠᠷᠢᠭᠤᠴᠠᠵᠤ ᠪᠠᠶᠢᠨ᠎ᠠ᠃ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠤᠭ᠎ᠠ᠂ ᠡᠪᠯᠡᠯ ᠤᠨ ᠡᠭᠦᠷ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠯᠠᠮᠠᠭᠠᠶᠢᠲᠠᠨ ᠤ ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠵᠡᠮᠳᠡᠭᠴᠦᠳ  ᠤᠨ ᠬᠤᠯᠪᠤᠭ᠎ᠠ᠂ ᠲᠡᠦᠬᠡ ᠣᠶᠢᠯᠠᠯᠭ᠎ᠠ ᠶᠢᠨ ᠳᠠᠩᠰᠠ ᠡᠪᠬᠡᠮᠡᠯ ᠵᠡᠷᠭᠡ ᠲᠠᠯ᠎ᠠ ᠳᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠶᠢ ᠬᠠᠷᠢᠭᠤᠴᠠᠵᠤ ᠪᠠᠶᠢᠨ᠎ᠠ᠃
 
ᠢᠷᠡᠯᠲᠡ᠄ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号