ᠯᠢᠦ ᠢᠦᠢ
ᠨᠡᠶᠢᠲᠡᠯᠡᠭᠰᠡᠨ ᠴᠠᠭ᠄
2019/11/6
   
ᠯᠢᠦ ᠢᠦᠢ     ᠤᠳᠤᠷᠢᠳᠤᠯᠭ᠎ᠠ ᠶᠢᠨ ᠲᠣᠪᠴᠢ ᠲᠠᠨᠢᠯᠴᠠᠭᠤᠯᠭ᠎ᠠ᠄ ᠯᠢᠦ ᠢᠦᠢ   ᠡᠷᠡᠭᠲᠡᠶ᠂ ᠬᠢᠲᠠᠳ ᠦᠨᠳᠦᠰᠦᠲᠡᠨ᠂ 1977 ᠣᠨ ᠤ 5 ᠰᠠᠷ᠎ᠠ ᠳᠤ ᠲᠦᠷᠦᠵᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠃ ᠤᠳᠤ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃     ᠠᠵᠢᠯ ᠤᠨ ᠬᠤᠪᠢᠶᠠᠷᠢᠯᠠᠯ᠄ ᠬᠤᠲᠠ ᠶᠢᠨ ᠳᠠᠷᠤᠭ᠎ᠠ ᠶᠢ ᠬᠠᠮᠵᠢᠨ ᠵᠠᠰᠠᠭ ᠤᠨ ᠶᠠᠪᠤᠳᠠᠯ ᠤᠨ ᠶᠠᠪᠤᠴᠠ᠂ ᠬᠥᠭᠵᠢᠭᠦᠯᠦᠯᠲᠡ ᠪᠠ ᠥᠭᠡᠷᠡᠴᠢᠯᠡᠯᠲᠡ ︵ᠬᠤᠳᠠᠯᠳᠤᠭᠠᠴᠢᠨ ᠤᠷᠢᠵᠤ ᠪᠡᠯᠡ ᠣᠷᠤᠭᠤᠯᠬᠤ︶᠂ ᠡᠳ᠋ ᠤᠨ ᠵᠠᠰᠠᠭ ︵ᠮᠥᠩᠭᠦᠨ ᠭᠦᠢᠯᠭᠡᠭᠡ︶᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ︵ᠭᠠᠯ ᠰᠡᠷᠭᠡᠶᠢᠯᠡᠵᠦ ᠤᠨᠲᠠᠷᠠᠭᠠᠬᠤ᠂ ᠭᠠᠵᠠᠷ ᠬᠥᠳᠡᠯᠦᠯᠲᠡ︶᠂ ᠵᠠᠬᠢᠳᠠᠯ ᠰᠤᠷᠪᠤᠯᠵᠢᠯᠠᠭ᠎ᠠ᠂ ᠪᠠᠶᠢᠭᠤᠯᠭ᠎ᠠ ᠶᠢᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ ᠪᠠᠶᠢᠨ᠎ᠠ᠃ ᠬᠤᠲᠠ ᠶᠢᠨ ᠳᠠᠷᠤᠭ᠎ᠠ ᠶᠢ ᠬᠠᠪᠰᠤᠷᠤᠨ ᠶᠡᠭᠡ ᠬᠢᠩᠭᠠᠨ ᠳᠠᠪᠠᠭᠠᠨ ᠤ ᠲᠡᠭᠷᠢᠯᠢᠭ ᠬᠥᠪᠡᠭᠦᠨ ᠠᠮᠢ ᠠᠬᠤᠢ ᠶᠢᠨ ᠰᠣᠶᠣᠯ ᠤᠨ ᠬᠦᠷᠢᠶᠡᠯᠡᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠵᠤ ᠪᠠᠶᠢᠨ᠎ᠠ᠃ ᠬᠠᠷᠢᠯᠴᠠᠬᠤ ᠨᠢᠭᠡᠴᠡ᠄ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠠᠯᠪᠠᠲᠠᠨ ᠤ ᠲᠣᠪᠴᠢᠶ᠎ᠠ᠂ ᠠᠬᠠᠮᠠᠳ ᠺᠠᠳ᠋ᠷᠴᠤᠳ ᠤᠨ ᠲᠣᠪᠴᠢᠶ᠎ᠠ᠂ ᠬᠤᠲᠠ ᠶᠢᠨ ᠠᠵᠢᠯᠴᠢᠨ ᠤ ᠡᠪᠯᠡᠯ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠦᠢᠯᠡᠳᠪᠦᠷᠢ ᠬᠤᠳᠠᠯᠳᠤᠭᠠᠨ ᠤ ᠪᠠᠩᠬᠢ᠂ ᠰᠢᠦᠳᠠᠨ ᠬᠠᠳᠠᠭᠠᠯᠠᠮᠵᠢ ᠶᠢᠨ ᠪᠠᠩᠬᠢ᠂ ᠮᠧᠩ ᠱᠠᠩ ᠪᠠᠩᠬᠢ᠂ ᠡᠳ᠋ ᠬᠦᠷᠦᠩᠭᠡ ᠶᠢᠨ ᠳᠠᠭᠠᠳᠬᠠᠯ ᠤᠨ ᠺᠣᠮᠫᠠᠨᠢ᠂ ᠠᠮᠢ ᠨᠠᠰᠤᠨ ᠤ ᠳᠠᠭᠠᠳᠬᠠᠯ ᠤᠨ ᠺᠣᠮᠫᠠᠨᠢ᠂ ᠠᠷᠠᠳ ᠤᠨ ᠠᠭᠠᠷ ᠤᠨ ᠠᠶᠠᠯᠠᠯ᠂ ᠲᠡᠮᠦᠷ ᠵᠠᠮ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号