ᠳ᠋ᠧᠩ ᠰᠢᠶᠣᠣ ᠫᠢᠩ ᠶᠢᠰᠦ ᠣᠳᠠᠭ᠎ᠠ ᠶᠡᠷᠦᠩᠬᠡᠢ ᠰᠠᠶᠢᠳ ᠤᠨ ᠲᠣᠰᠢᠶᠠᠯ ᠢ ᠣᠷᠣᠯᠠᠨ ᠭᠦᠢᠴᠡᠳᠭᠡᠭᠰᠡᠨ ᠨᠢ
ᠨᠡᠶᠢᠲᠡᠯᠡᠭᠰᠡᠨ ᠴᠠᠭ᠄
2019-12-25
     1952 ᠣᠨ ᠤ 8 ᠰᠠᠷ᠎ᠠ ᠶᠢᠨ 7 ᠤ ᠡᠳᠦᠷ ᠳ᠋ᠧᠩ ᠰᠢᠶᠣᠣ ᠫᠢᠩ ᠳᠡᠳ᠋ ᠶᠡᠷᠦᠩᠬᠡᠢ ᠰᠠᠶᠢᠳ ᠪᠣᠯᠣᠭᠰᠠᠨ ᠪᠠᠶᠢᠨ᠎ᠠ᠃ 8 ᠰᠠᠷ᠎ᠠ ᠶᠢᠨ 15 ᠤ ᠡᠳᠦᠷ ᠵᠧᠦ ᠧᠨ ᠯᠠᠢ ᠵᠦᠪᠯᠡᠯᠲᠦ ᠬᠤᠯᠪᠣᠭᠠᠲᠣ ᠣᠯᠣᠰ ᠲᠤ ᠠᠶᠢᠯᠴᠢᠯᠠᠬᠤ ᠦᠶᠡᠰ ᠲᠡᠭᠡᠨ ᠳ᠋ᠧᠩ ᠰᠢᠶᠣᠣ ᠫᠢᠩ ᠲᠡᠭᠦᠨ ᠢ ᠣᠷᠣᠯᠠᠨ ᠶᠡᠷᠦᠩᠬᠡᠢ ᠰᠠᠶᠢᠳ ᠤᠨ ᠲᠣᠰᠢᠶᠠᠯ ᠢ ᠭᠦᠢᠴᠡᠳᠭᠡᠨ᠎ᠡ ᠭᠡᠵᠦ ᠨᠡᠶᠢᠲᠡᠯᠡᠭᠰᠡᠨ ᠪᠠᠶᠢᠨ᠎ᠠ᠃ ᠡᠨᠡ ᠪᠣᠯ ᠳ᠋ᠧᠩ ᠰᠢᠶᠣᠣ ᠫᠢᠩ ᠠᠩᠬᠠᠳᠠᠭᠴᠢ ᠣᠳᠠᠭ᠎ᠠ ᠶᠡᠷᠦᠩᠬᠡᠢ ᠰᠠᠶᠢᠳ ᠢ ᠣᠷᠣᠯᠠᠭᠰᠠᠨ ᠣᠴᠢᠷ ᠪᠣᠯᠣᠨ᠎ᠠ᠃ 9 ᠰᠠᠷ᠎ᠠ ᠶᠢᠨ 24 ᠤ ᠡᠳᠦᠷ ᠵᠧᠦ ᠧᠨ ᠯᠠᠢ ᠪᠣᠴᠠᠨ ᠢᠷᠡᠬᠦ ᠰᠠᠷ᠎ᠠ ᠭᠠᠷᠣᠢ ᠶᠢᠨ ᠬᠤᠭᠤᠴᠠᠭᠠᠨ ᠳᠤ ᠳᠡᠷᠨ ᠶᠡᠷᠦᠩᠬᠡᠢ ᠰᠠᠶᠢᠳ ᠢ ᠣᠷᠣᠯᠠᠭᠰᠠᠨ ᠪᠠᠶᠢᠨ᠎ᠠ᠃ ᠡᠨᠡᠬᠦ ᠬᠤᠭᠤᠴᠠᠭᠠᠨ ᠳᠤ ᠭᠤᠷᠪᠠ ᠣᠳᠠᠭ᠎ᠠ ᠲᠦᠷᠦ ᠶᠢᠨ ᠶᠠᠪᠣᠳᠠᠯ ᠤᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠣᠭᠤᠯᠣᠭᠰᠠᠨ ᠪᠦᠭᠡᠳ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠣᠵᠦ᠂ ᠵᠠᠷᠢᠮ ᠶᠠᠮᠣᠨ ᠤ ᠮᠡᠳᠡᠭᠦᠯᠦᠯᠲᠡ ᠶᠢ ᠵᠦᠪᠰᠢᠶᠡᠷᠡᠨ ᠴᠣᠬᠤᠯᠠᠪᠣᠷᠢᠯᠠᠨ ᠲᠠᠷᠬᠠᠭᠠᠪᠠ᠃      1953 ᠣᠨ ᠤ 3 ᠰᠠᠷ᠎ᠠ ᠶᠢᠨ 5 ᠤ ᠡᠳᠦᠷ ᠰᠲ᠋ᠠᠯᠢᠨ ᠨᠠᠰᠣ ᠪᠠᠷᠠᠪᠠ᠃ 7 ᠤ ᠡᠳᠦᠷ ᠵᠧᠦ ᠧᠨ ᠯᠠᠢ ᠳᠣᠮᠳᠠᠳᠣ ᠣᠯᠣᠰ ᠤᠨ ᠵᠠᠰᠠᠭ ᠤᠨ ᠤᠷᠳᠤᠨ ᠤ ᠲᠦᠯᠦᠭᠡᠯᠡᠭᠴᠢ ᠶᠢᠨ ᠪᠦᠯᠬᠦᠮ ᠤᠨ ᠳᠠᠷᠤᠭ᠎ᠠ ᠪᠠᠷ ᠮᠤᠰᠺᠸᠠ ᠳᠤ ᠬᠦᠷᠴᠦ ᠰᠲ᠋ᠠᠯᠢᠨ ᠤ ᠣᠷᠣᠰᠢᠭᠤᠯᠭ᠎ᠠ ᠳᠤ ᠣᠷᠣᠯᠴᠠᠪᠠ᠃ ᠲᠡᠨᠳᠡ ᠠᠴᠠ ᠪᠠᠨ ᠴᠧᠺᠧᠰᠯᠤᠺᠠ ᠳᠤ ᠬᠦᠷᠴᠦ ᠶᠡᠷᠦᠩᠬᠡᠶᠢᠯᠡᠭᠴᠢ ᠭᠧᠳ᠋ᠸᠧᠠᠷᠳᠧ ᠶᠢᠨ ᠣᠷᠣᠰᠢᠭᠤᠯᠭ᠎ᠠ ᠳᠤ ᠣᠷᠣᠯᠴᠠᠭᠠᠳ 3 ᠰᠠᠷ᠎ᠠ ᠶᠢᠨ 24 ᠤ ᠡᠳᠦᠷ ᠪᠡᠭᠡᠵᠢᠩ ᠳᠤ ᠪᠣᠴᠠᠵᠣ ᠢᠷᠡᠭᠰᠡᠨ ᠪᠠᠶᠢᠨ᠎ᠠ᠃ ᠡᠨᠡ ᠬᠤᠭᠤᠴᠠᠭᠠᠨ ᠳᠤ ᠳ᠋ᠧᠩ ᠰᠢᠶᠣᠣ ᠫᠢᠩ ᠶᠡᠷᠦᠩᠬᠡᠢ ᠰᠠᠶᠢᠳ ᠤᠨ ᠲᠣᠰᠢᠶᠠᠯ ᠢ ᠣᠷᠣᠯᠠᠨ ᠬᠠᠷᠢᠭᠤᠴᠠᠪᠠ᠃      ᠳᠡᠭᠡᠷ᠎ᠠ ᠵᠠᠭᠤᠨ ᠤ ᠵᠢᠷᠠᠭᠠᠳ ᠣᠨ ᠳᠤ ᠳ᠋ᠧᠩ ᠰᠢᠶᠣᠣ ᠫᠢᠩ ᠲᠠᠪᠦ ᠣᠳᠠᠭ᠎ᠠ ᠶᠡᠷᠦᠩᠬᠡᠢ ᠰᠠᠶᠢᠳ ᠤᠨ ᠲᠣᠰᠢᠶᠠᠯ ᠢ ᠣᠷᠣᠯᠠᠨ ᠬᠠᠷᠢᠭᠤᠴᠠᠭᠰᠠᠨ ᠪᠠᠶᠢᠨ᠎ᠠ᠃ ᠨᠢᠭᠡᠳᠦᠭᠡᠷ ᠣᠳᠠᠭ᠎ᠠ ᠨᠢ 1963 ᠣᠨ ᠤ 12 ᠰᠠᠷ᠎ᠠ ᠶᠢᠨ 13 ᠤ ᠡᠳᠦᠷ ᠠᠴᠠ 1964 ᠣᠨ ᠤ 3 ᠰᠠᠷ᠎ᠠ ᠶᠢᠨ 15 ᠤ ᠡᠳᠦᠷ ᠪᠣᠯᠲᠠᠯ᠎ᠠ ᠵᠧᠦ ᠧᠨ ᠯᠠᠢ ᠠᠽᠢ ᠎ᠠ ᠠᠹᠷᠢᠺᠠ ᠶᠢᠨ ᠠᠷᠪᠠᠭᠠᠳ ᠣᠯᠣᠰ ᠲᠤ ᠠᠶᠢᠯᠴᠢᠯᠠᠪᠠ᠃ ᠣᠯᠣᠰ ᠤᠨ ᠲᠡᠷᠢᠭᠦᠯᠡᠭᠴᠢ ᠯᠢᠦ ᠱᠣᠣ ᠴᠢ ᠡᠨᠡ ᠬᠤᠭᠤᠴᠠᠭᠠᠨ ᠳᠠᠬᠢ ᠶᠡᠷᠦᠩᠬᠡᠢ ᠰᠠᠶᠢᠳ ᠤᠨ ᠲᠣᠰᠢᠶᠠᠯ ᠢ ᠳ᠋ᠧᠩ ᠰᠢᠶᠣᠣ ᠫᠢᠩ ᠣᠷᠣᠯᠠᠨ ᠬᠠᠷᠢᠭᠤᠴᠠᠨ᠎ᠠ ᠭᠡᠵᠦ ᠨᠡᠶᠢᠲᠡᠯᠡᠭᠰᠡᠨ ᠪᠠᠶᠢᠨ᠎ᠠ᠃ ᠬᠤᠶᠠᠳᠣᠭᠠᠷ ᠣᠳᠠᠭ᠎ᠠ ᠨᠢ 1965 ᠣᠨ ᠤ 3 ᠰᠠᠷ᠎ᠠ ᠶᠢᠨ 22 ᠤᠨ ᠡᠳᠦᠷ ᠠᠴᠠ 4 ᠰᠠᠷ᠎ᠠ ᠶᠢᠨ 6 ᠤ ᠡᠳᠦᠷ ᠪᠣᠯᠲᠠᠯᠠᠬᠢ ᠬᠤᠭᠤᠴᠠᠭ᠎ᠠ᠃ ᠭᠤᠷᠪᠠᠳᠣᠭᠠᠷ ᠣᠳᠠᠭ᠎ᠠ ᠨᠢ 1965 ᠣᠨ ᠤ 4 ᠰᠠᠷ᠎ᠠ ᠶᠢᠨ 16 ᠤ ᠡᠳᠦᠷ ᠠᠴᠠ 29 ᠤ ᠡᠳᠦᠷ ᠪᠣᠯᠲᠠᠯᠠᠬᠢ ᠬᠤᠭᠤᠴᠠᠭ᠎ᠠ᠃ ᠳᠦᠷᠪᠡᠳᠦᠭᠡᠷ ᠣᠳᠠᠭ᠎ᠠ ᠨᠢ 1965 ᠣᠨ ᠤ 6 ᠰᠠᠷ᠎ᠠ ᠶᠢᠨ 1 ᠤ ᠡᠳᠦᠷ ᠠᠴᠠ 10 ᠤ ᠡᠳᠦᠷ ᠪᠣᠯᠲᠠᠯᠠᠬᠢ ᠬᠤᠭᠤᠴᠠᠭ᠎ᠠ᠃ ᠲᠠᠪᠣᠳᠣᠭᠠᠷ ᠣᠳᠠᠭ᠎ᠠ ᠨᠢ 1965 ᠣᠨ ᠤ 6 ᠰᠠᠷ᠎ᠠ ᠶᠢᠨ 18 ᠤ ᠡᠳᠦᠷ ᠠᠴᠠ 7 ᠰᠠᠷ᠎ᠠ ᠶᠢᠨ 7 ᠤ ᠡᠳᠦᠷ ᠪᠣᠯᠲᠠᠯᠠᠬᠢ ᠬᠤᠭᠤᠴᠠᠭ᠎ᠠ᠃ ᠡᠳᠡᠭᠡᠷ ᠬᠤᠭᠤᠴᠠᠭᠠᠨ ᠳᠤ ᠵᠧᠦ ᠶᠡᠷᠦᠩᠬᠡᠢ ᠰᠠᠶᠢᠳ ᠪᠦᠷ ᠯᠠ ᠭᠠᠳᠠᠭᠠᠳᠣ ᠳᠤ ᠠᠶᠢᠯᠴᠢᠯᠠᠭᠰᠠᠨ ᠪᠠᠶᠢᠨ᠎ᠠ᠃ ᠡᠨᠡ ᠬᠤᠭᠤᠴᠠᠭᠠᠨ ᠳᠤ ᠲᠡᠷᠡ ᠲᠦᠷᠦ ᠶᠢᠨ ᠶᠠᠪᠣᠳᠠᠯ ᠤᠨ ᠬᠤᠷᠢᠶᠠᠨ ᠤ ᠴᠢᠬᠤᠯᠠ ᠬᠤᠷᠠᠯ ᠢ ᠡᠷᠬᠢᠯᠡᠨ ᠬᠤᠷᠠᠯᠳᠣᠭᠤᠯᠵᠣ᠂ ᠬᠠᠮᠢᠶ᠎ᠠ ᠪᠦᠬᠦᠢ ᠣᠴᠢᠷ ᠶᠠᠪᠣᠳᠠᠯ ᠪᠣᠯᠣᠨ ᠪᠢᠴᠢᠭ ᠮᠠᠲ᠋ᠧᠷᠢᠶᠠᠯ ᠢ ᠡᠷᠬᠢᠯᠡᠨ ᠰᠢᠢᠳᠪᠦᠷᠢᠯᠡᠭᠰᠡᠨ ᠪᠠᠶᠢᠨ᠎ᠠ᠃     1963 ᠣᠨ ᠤ 12 ᠰᠠᠷ᠎ᠠ ᠶᠢᠨ 16 ᠤ ᠡᠳᠦᠷ ᠯᠦᠸᠧ ᠷᠦᠩ ᠬᠤᠸᠠᠨ ᠮᠠᠷᠱᠠᠯ ᠨᠠᠰᠣ ᠪᠠᠷᠠᠭᠰᠠᠨ ᠳᠤ ᠳ᠋ᠧᠩ ᠰᠢᠶᠣᠣ ᠫᠢᠩ ᠨᠠᠮ ᠤᠨ ᠲᠦᠪ ᠬᠤᠷᠢᠶᠠᠨ ᠤ ᠱᠦᠵᠢ ᠨᠠᠷ ᠤᠨ ᠭᠠᠵᠠᠷ ᠤᠨ ᠱᠦᠵᠢ᠂ ᠲᠦᠷᠦ ᠶᠢᠨ ᠶᠠᠪᠣᠳᠠᠯ ᠤᠨ ᠬᠤᠷᠢᠶᠠᠨ ᠤ ᠣᠷᠣᠯᠠᠭᠴᠢ ᠶᠡᠷᠦᠩᠬᠡᠢ ᠰᠠᠶᠢᠳ ᠤᠨ ᠬᠤᠪᠢ ᠪᠠᠷ ᠮᠠᠣ ᠽᠧ ᠳ᠋ᠦᠩ᠂ ᠯᠢᠦ ᠱᠤᠤ ᠴᠢ ᠨᠠᠷ ᠤᠨ ᠬᠠᠮᠲᠣ ᠯᠦᠸᠧ ᠷᠦᠩ ᠬᠤᠸᠠᠨ ᠤ ᠴᠢᠨᠳᠠᠷ ᠤᠨ ᠭᠡᠭᠡᠨ ᠢ ᠪᠠᠷᠠᠭᠠᠳᠠᠭᠰᠠᠨ ᠪᠠᠶᠢᠨ᠎ᠠ᠃ ᠲᠡᠷᠡ ᠪᠠᠰᠠ ᠣᠷᠣᠯᠠᠭᠴᠢ ᠶᠡᠷᠦᠩᠬᠡᠢ ᠰᠠᠶᠢᠳ ᠤᠨ ᠬᠤᠪᠢ ᠪᠠᠷ ᠸᠢᠶᠧᠳ᠋ᠨᠠᠮ᠂ ᠰᠣᠯᠣᠩᠭᠤᠰ᠂ ᠷᠤᠮᠠᠨᠢᠢ ᠎ᠠ᠂ ᠶᠠᠫᠦᠨ ᠵᠡᠷᠭᠡ ᠣᠯᠣᠰ ᠤᠨ ᠭᠠᠳᠠᠭᠠᠳᠣ ᠶᠢᠨ ᠵᠣᠴᠢᠨ ᠢ ᠬᠦᠯᠢᠶᠡᠨ ᠠᠪᠴᠣ ᠠᠭᠤᠯᠵᠠᠪᠠ᠃     ᠳᠡᠭᠡᠷ᠎ᠠ ᠵᠠᠭᠤᠨ ᠤ ᠳᠠᠯᠠᠭᠠᠳ ᠣᠨ ᠳᠤ ᠳ᠋ᠧᠩ ᠰᠢᠶᠣᠣ ᠫᠢᠩ ᠬᠤᠶᠠᠷ ᠣᠳᠠᠭ᠎ᠠ ᠲᠦᠷᠦ ᠶᠢᠨ ᠶᠠᠪᠣᠳᠠᠯ ᠤᠨ ᠬᠤᠷᠢᠶᠠᠨ ᠤ ᠶᠡᠷᠦᠩᠬᠡᠢ ᠰᠠᠶᠢᠳ ᠤᠨ ᠲᠣᠰᠢᠶᠠᠯ ᠢ ᠣᠷᠣᠯᠠᠨ ᠭᠦᠢᠴᠡᠳᠭᠡᠭᠰᠡᠨ ᠪᠠᠶᠢᠨ᠎ᠠ᠃ 1975 ᠣᠨ ᠤ 1 ᠰᠠᠷ᠎ᠠ ᠳᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠳᠦᠷᠪᠡᠳᠦᠭᠡᠷ ᠣᠳᠠᠭᠠᠨ ᠤ ᠶᠡᠭᠡ ᠬᠤᠷᠠᠯ ᠳᠡᠭᠡᠷ᠎ᠡ ᠵᠧᠦ ᠧᠨ ᠯᠠᠢ ᠶᠡᠷᠦᠩᠬᠡᠢ ᠰᠠᠶᠢᠳ ᠪᠣᠯᠵᠣ᠂ ᠳ᠋ᠧᠩ ᠰᠢᠶᠣᠣ ᠫᠢᠩ ᠵᠡᠷᠭᠡ 12 ᠬᠦᠮᠦᠨ ᠳᠡᠳ᠋ ᠶᠡᠷᠦᠩᠬᠡᠢ ᠰᠠᠶᠢᠳ ᠪᠣᠯᠪᠠ᠃ 2 ᠰᠠᠷ᠎ᠠ ᠶᠢᠨ 1 ᠤ ᠡᠳᠦᠷ ᠵᠧᠦ ᠧᠨ ᠯᠠᠢ ᠲᠦᠷᠦ ᠶᠢᠨ ᠶᠠᠪᠣᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠳᠡᠭᠡᠷ᠎ᠡ ᠮᠢᠨᠣ ᠡᠪᠡᠳᠴᠢᠨ ᠨᠢᠭᠡᠨᠲᠡ ᠬᠦᠨᠳᠦᠷᠡᠪᠡ᠃ ᠬᠤᠶᠢᠰᠢᠳᠠ ᠲᠦᠷᠦ ᠶᠢᠨ ᠶᠠᠪᠣᠳᠠᠯ ᠤᠨ ᠬᠤᠷᠢᠶᠠᠨ ᠤ ᠠᠵᠢᠯ ᠢ ᠳ᠋ᠧᠩ ᠰᠢᠶᠣᠣ ᠫᠢᠩ ᠬᠠᠷᠢᠭᠤᠴᠠᠨ᠎ᠠ ᠭᠡᠵᠡᠢ᠃ 2 ᠰᠠᠷ᠎ᠠ ᠶᠢᠨ 2 ᠤᠨ ᠡᠳᠦᠷ ᠲᠤᠨᠢ ᠵᠧᠦ ᠧᠨ ᠯᠠᠢ᠂ ᠮᠠᠣ ᠽᠧ ᠳ᠋ᠦᠩ ᠳᠤ ᠵᠠᠬᠢᠳᠠᠯ ᠪᠢᠴᠢᠨ ᠡᠨᠡ ᠣᠴᠢᠷ ᠢ ᠬᠡᠯᠡᠭᠰᠡᠨ ᠪᠠᠶᠢᠨ᠎ᠠ᠃ ᠡᠨᠡ ᠦᠶ᠎ᠡ ᠠᠴᠠ ᠡᠬᠢᠯᠡᠨ ᠳ᠋ᠧᠩ ᠰᠢᠶᠣᠣ ᠫᠢᠩ ᠦᠨᠡᠨ ᠳᠡᠭᠡᠨ ᠣᠷᠣᠯᠠᠭᠴᠢ ᠶᠡᠷᠦᠩᠬᠡᠢ ᠰᠠᠶᠢᠳ ᠤᠨ ᠠᠵᠢᠯ ᠢ ᠬᠢᠭᠰᠡᠨ ᠪᠠᠶᠢᠨ᠎ᠠ᠃ 9 ᠰᠠᠷ᠎ᠠ ᠶᠢᠨ 20 ᠤ ᠡᠳᠦᠷ ᠵᠧᠦ ᠧᠨ ᠯᠠᠢ ᠳᠤ ᠲᠣᠮᠣ ᠵᠠᠰᠠᠯ ᠬᠢᠬᠦ ᠦᠶᠡᠰ ᠵᠧᠦ ᠧᠨ ᠯᠠᠢ᠂ ᠳ᠋ᠧᠩ ᠰᠢᠶᠣᠣ ᠫᠢᠩ ᠤᠨ ᠭᠠᠷ ᠢ ᠠᠳᠬᠤᠵᠣ ᠴᠢ ᠠᠵᠢᠯ ᠢ ᠰᠠᠶᠢᠨ ᠬᠢᠵᠦ ᠪᠠᠶᠢᠨ᠎ᠠ ᠭᠡᠵᠦ ᠬᠡᠯᠡᠭᠰᠡᠨ ᠪᠠᠶᠢᠨ᠎ᠠ᠃  ︽ᠳᠦᠷᠪᠡᠨ ᠬᠦᠮᠦᠨ ᠤ ᠪᠦᠯᠦᠭ︾ ᠤᠨ ᠬᠠᠷᠰᠢᠯᠠᠯ ᠠᠴᠠ ᠪᠣᠯᠵᠣ 1976 ᠣᠨ ᠤ 2 ᠰᠠᠷ᠎ᠠ ᠶᠢᠨ 2 ᠤᠨ ᠡᠳᠦᠷ ᠳ᠋ᠧᠩ ᠰᠢᠶᠣᠣ ᠫᠢᠩ ᠨᠠᠮ ᠤᠨ ᠳᠣᠲᠣᠨ᠎ᠠ ᠭᠠᠳᠠᠨᠠᠬᠢ ᠠᠯᠢᠪᠠ ᠲᠣᠰᠢᠶᠠᠯ ᠢᠶᠠᠨ ᠠᠪᠲᠠᠪᠠ᠃     ︽ᠳᠦᠷᠪᠡᠨ ᠬᠦᠮᠦᠨ ᠤ ᠪᠦᠯᠦᠭ︾ ᠢ ᠪᠣᠲᠠ ᠨᠢᠷᠭᠡᠭᠰᠡᠨ ᠤ ᠳᠠᠷᠠᠭ᠎ᠠ ᠳ᠋ᠧᠩ ᠰᠢᠶᠣᠣ ᠫᠢᠩ ᠳᠠᠬᠢᠵᠣ ᠠᠵᠢᠯᠯᠠᠵᠣ ᠡᠬᠢᠯᠡᠭᠰᠡᠨ ᠪᠠᠶᠢᠨ᠎ᠠ᠃ ᠲᠡᠭᠦᠨ ᠤ ᠳᠠᠷᠠᠭ᠎ᠠ ᠲᠡᠷᠡ ᠪᠠᠰᠠ ᠨᠢᠭᠡ ᠣᠳᠠᠭ᠎ᠠ ᠲᠦᠷᠦ ᠶᠢᠨ ᠶᠠᠪᠣᠳᠠᠯ ᠤᠨ ᠬᠤᠷᠢᠶᠠᠨ ᠤ ᠶᠡᠷᠦᠩᠬᠡᠢ ᠰᠠᠶᠢᠳ ᠤᠨ ᠲᠣᠰᠢᠶᠠᠯ ᠢ ᠣᠷᠣᠯᠠᠨ ᠭᠦᠢᠴᠡᠳᠭᠡᠭᠰᠡᠨ ᠪᠠᠶᠢᠨ᠎ᠠ᠃ 1979 ᠣᠨ ᠤ 10 ᠰᠠᠷ᠎ᠠ ᠶᠢᠨ 15 ᠠᠴᠠ 11 ᠰᠠᠷ᠎ᠠ ᠶᠢᠨ 10 ᠤ ᠡᠳᠦᠷ ᠪᠣᠯᠲᠠᠯ᠎ᠠ ᠲᠣᠬᠠᠢ ᠶᠢᠨ ᠦᠶ᠎ᠡ ᠶᠢᠨ ᠲᠦᠷᠦ ᠶᠢᠨ ᠶᠠᠪᠣᠳᠠᠯ ᠤᠨ ᠬᠤᠷᠢᠶᠠᠨ ᠤ ᠶᠡᠷᠦᠩᠬᠡᠢ ᠰᠠᠶᠢᠳ ᠬᠤᠸᠠ ᠭᠦᠸᠧ ᠹᠧᠩ ᠹᠷᠠᠨᠼᠢ᠂ ᠭᠧᠷᠮᠠᠨ᠂ ᠠᠩᠭ᠍ᠯᠢ᠂ ᠢᠲ᠋ᠠᠯᠢ ᠵᠡᠷᠭᠡ ᠳᠦᠷᠪᠡᠨ ᠣᠯᠣᠰ ᠲᠤ ᠠᠶᠢᠯᠴᠢᠯᠠᠭᠰᠠᠨ ᠬᠤᠭᠤᠴᠠᠭᠠᠨ ᠳᠤ ᠳ᠋ᠧᠩ ᠰᠢᠶᠣᠣ ᠫᠢᠩ ᠲᠦᠷᠦ ᠶᠢᠨ ᠶᠠᠪᠣᠳᠠᠯ ᠤᠨ ᠬᠤᠷᠢᠶᠠᠨ ᠤ ᠶᠡᠷᠦᠩᠬᠡᠢ ᠰᠠᠶᠢᠳ ᠤᠨ ᠲᠣᠰᠢᠶᠠᠯ ᠢ ᠣᠷᠣᠯᠠᠨ ᠬᠠᠷᠢᠭᠤᠴᠠᠵᠠᠢ᠃     ᠣᠯᠣᠰ ᠪᠠᠶᠢᠭᠤᠯᠣᠭᠳᠠᠭᠰᠠᠨ ᠤ ᠳᠠᠷᠠᠭ᠎ᠠ ᠳ᠋ᠧᠩ ᠰᠢᠶᠣᠣ ᠫᠢᠩ ᠶᠢᠰᠦ ᠣᠳᠠᠭ᠎ᠠ ᠲᠦᠷᠦ ᠶᠢᠨ ᠶᠠᠪᠣᠳᠠᠯ ᠤᠨ ᠬᠤᠷᠢᠶᠠᠨ ᠤ ᠶᠡᠷᠦᠩᠬᠡᠢ ᠰᠠᠶᠢᠳ ᠤᠨ ᠲᠣᠰᠢᠶᠠᠯ ᠢ ᠣᠷᠣᠯᠠᠨ ᠬᠠᠷᠢᠭᠤᠴᠠᠵᠣ ᠬᠤᠭᠤᠴᠠᠭ᠎ᠠ ᠨᠢ ᠬᠡᠳᠦ᠋ᠢᠪᠡᠷ ᠲᠡᠶᠢᠮᠦ ᠣᠷᠲᠣ ᠪᠢᠰᠢ ᠪᠠᠶᠢᠭᠰᠠᠨ ᠴᠤ ᠲᠡᠭᠦᠨ ᠤ ᠠᠭᠤᠣ ᠶᠡᠭᠡ ᠨᠢᠭᠡ ᠨᠠᠰᠣᠨ ᠤ ᠬᠢᠨᠢ ᠭᠡᠷᠡᠯ ᠰᠠᠴᠣᠷᠠᠩᠭᠤᠢ ᠲᠡᠦᠬᠡ ᠪᠣᠯᠣᠭᠰᠠᠨ ᠪᠠᠶᠢᠨ᠎ᠠ᠃        ᠵᠣᠬᠢᠶᠠᠭᠴᠢ᠄ ᠨᠠᠮᠵᠢᠯ      
 
ᠢᠷᠡᠯᠲᠡ᠄ ᠤᠯᠠᠭᠠᠨᠬᠳᠠ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号