ᠬᠤᠷᠠᠭ᠎ᠠ ᠢᠰᠢᠭᠡ ᠶᠢ ᠡᠪᠤᠯ ᠤᠨ ᠤᠯᠠᠷᠢᠯ ᠳᠤ ᠭᠡᠷᠬᠢᠨ ᠪᠤᠷᠳᠤᠬᠤ ᠲᠤᠬᠠᠢ
ᠨᠡᠶᠢᠲᠡᠯᠡᠭᠰᠡᠨ ᠴᠠᠭ᠄
2019-12-25
     ᠪᠤᠷᠳᠤᠬᠤ ᠭᠠᠵᠠᠷ ᠢ ᠰᠤᠩᠭᠤᠬᠤ᠄     ᠪᠤᠷᠳᠤᠬᠤ ᠭᠠᠵᠠᠷ ᠢ ᠵᠦᠪ ᠰᠤᠩᠭᠤᠬᠤ ᠨᠢ ᠬᠤᠷᠠᠭ᠎ᠠ ᠢᠰᠢᠭᠡ ᠶᠢᠨ ᠦᠰᠦᠯᠳᠡ ᠪᠤᠶᠢᠵᠢᠯᠳᠠ ᠳᠤ ᠴᠢᠬᠤᠯᠠ ᠦᠢᠯᠡᠳᠦᠯ ᠲᠠᠢ ᠪᠠᠶᠢᠳᠠᠭ᠃ ᠶᠡᠷᠦ ᠶᠢᠨ ᠪᠠᠶᠢᠳᠠᠯ ᠲᠤᠤᠷ᠎ᠠ ᠡᠪᠡᠰᠦ ᠪᠡᠯᠴᠢᠭᠡᠷ ᠰᠠᠶᠢᠨ᠂ ᠪᠤᠷᠳᠤᠭ᠎ᠠ ᠲᠠᠷᠢᠬᠤ ᠳᠤ ᠲᠤᠬᠢᠷᠠᠬᠤ ᠭᠠᠵᠠᠷ ᠢ ᠰᠤᠩᠭᠤᠬᠤ ᠭᠡᠷᠡᠭᠳᠡᠢ᠃       ᠪᠤᠷᠳᠤᠬᠤ ᠠᠴᠠ ᠡᠮᠦᠨᠡᠬᠢ ᠪᠡᠯᠡᠳᠭᠡᠯ᠄     ᠪᠤᠷᠳᠤᠬᠤ ᠠᠴᠠ 3 — 5 ᠡᠳᠦᠷ ᠤᠨ ᠡᠮᠦᠨ᠎ᠠ ᠬᠤᠷᠤᠭ᠎ᠠ ᠬᠠᠰᠢᠶ᠎ᠠ ᠪᠠᠨ ᠰᠠᠶᠢᠳᠤᠷ ᠪᠡᠯᠡᠳᠭᠡᠵᠦ᠂ ᠡᠪᠡᠰᠦ ᠪᠤᠷᠳᠤᠭ᠎ᠠ ᠪᠠ ᠭᠡᠷᠡᠭᠯᠡᠬᠦ ᠰᠠᠪᠠ ᠪᠠᠨ ᠰᠠᠶᠢᠳᠤᠷ ᠪᠡᠯᠡᠳᠭᠡᠵᠦ᠂ ᠠᠷᠢᠭᠤᠳᠬᠠᠬᠤ ᠠᠵᠢᠯ ᠢ ᠰᠠᠶᠢᠳᠤᠷ ᠬᠢᠬᠦ ᠭᠡᠷᠡᠭᠳᠡᠢ᠃ ᠶᠡᠷᠦ ᠶᠢᠨ ᠪᠠᠶᠢᠳᠠᠯ ᠲᠤᠤᠷ᠎ᠠ 1% — 2% ᠤᠨ ᠯᠠᠶᠢᠰᠧᠷ ᠪᠤᠶᠤ ᠲᠡᠭᠡᠳᠦ ᠮᠠᠩᠭᠠᠨ ᠬᠦᠴᠢᠯ ᠤᠨ ᠺᠠᠯᠢ ᠶᠢᠨ ᠠᠭᠤᠰᠤᠮᠠᠯ ᠢᠶᠠᠷ ᠠᠷᠢᠭᠤᠳᠬᠠᠬᠤ ᠭᠡᠷᠡᠭᠳᠡᠢ᠃ ᠡᠭᠦᠨ ᠤ ᠬᠠᠮᠳᠤ ᠪᠤᠷᠳᠤᠭᠠᠨ ᠳᠤ ᠭᠡᠷᠡᠭᠯᠡᠬᠦ ᠨᠠᠷᠢᠯᠢᠭ ᠪᠤᠷᠳᠤᠭ᠎ᠠ ᠶᠢ ᠲᠤᠬᠢᠷᠠᠭᠤᠯᠵᠦ᠂ ᠪᠤᠷᠳᠤᠭᠠᠨ ᠳᠤ ᠭᠡᠷᠡᠭᠯᠡᠬᠦ ᠤᠰᠤᠯᠢᠭ ᠪᠤᠷᠳᠤᠭ᠎ᠠ ᠪᠤᠯᠤᠨ ᠴᠢᠨᠠᠷ ᠰᠠᠶᠢᠳᠠᠢ ᠬᠦᠭᠡ ᠡᠪᠡᠰᠦ ᠬᠦᠭᠡ ᠲᠠᠷᠤᠰᠢ ᠶᠢ ᠪᠡᠯᠡᠳᠭᠡᠬᠦ ᠭᠡᠷᠡᠭᠳᠡᠢ᠃      ᠪᠤᠷᠳᠤᠬᠤ ᠬᠤᠭᠤᠴᠠᠭᠠᠨ ᠤ ᠠᠷᠠᠴᠢᠯᠠᠭ᠎ᠠ᠄      ᠪᠤᠷᠳᠤᠭᠠᠨ ᠤ ᠡᠬᠢᠨ ᠤ ᠬᠤᠭᠤᠴᠠᠭ᠎ᠠ᠄    ᠪᠤᠷᠳᠤᠵᠦ ᠡᠬᠢᠯᠡᠭᠰᠡᠨ ᠤ ᠲᠠᠷᠠᠭ᠎ᠠ ᠬᠤᠷᠠᠭ᠎ᠠ ᠢᠰᠢᠭᠡ ᠶᠢ 7 ᠡᠳᠦᠷ ᠨᠠᠷᠢᠯᠢᠭ ᠪᠤᠷᠳᠤᠭ᠎ᠠ ᠢᠳᠡᠭᠦᠯᠵᠦ᠂ ᠭᠡᠮᠵᠢᠶ᠎ᠠ ᠶᠢ ᠨᠢ ᠡᠩ ᠤᠨ ᠬᠢ ᠲᠠᠢ ᠠᠳᠠᠯᠢᠬᠠᠨ 700 ᠭᠷᠠᠮ ᠤᠷᠴᠢᠮ ᠪᠤᠯ ᠪᠤᠯᠴᠢᠬᠠᠨ᠎ᠠ᠃ ᠡᠭᠦᠨ ᠳᠤ ᠬᠦᠭᠡ ᠡᠪᠡᠰᠦ ᠶᠢ ᠲᠤᠷ᠎ᠠ ᠪᠠᠷ ᠨᠢ ᠢᠳᠡᠭᠦᠯᠵᠦ᠂ ᠤᠰᠤᠯᠢᠭ ᠪᠤᠷᠳᠤᠭ᠎ᠠ ᠪᠤᠯᠤᠨ ᠬᠦᠭᠡ ᠲᠠᠷᠤᠰᠢ ᠶᠢ ᠵᠤᠬᠢᠰ ᠲᠠᠢ ᠦᠭᠪᠡᠯ ᠪᠤᠯᠴᠢᠬᠠᠨ᠎ᠠ᠃ ᠬᠤᠷᠠᠭ᠎ᠠ ᠢᠰᠢᠭᠡ ᠶᠢᠨ ᠲᠠᠷᠭᠤ ᠪᠠᠭᠤᠷᠠᠬᠤ ᠶᠢ ᠰᠡᠷᠭᠡᠶᠢᠯᠡᠬᠦ ᠶᠢᠨ ᠬᠠᠮᠳᠤ ᠬᠤᠷᠠᠭ᠎ᠠ ᠢᠰᠢᠭᠡ ᠶᠢᠨ ᠬᠤᠷᠤᠬᠠᠢ ᠬᠦᠭᠡᠭᠡᠬᠦ ᠠᠵᠢᠯ ᠢ ᠰᠠᠶᠢᠳᠤᠷ ᠬᠢᠬᠦ ᠭᠡᠷᠡᠭᠳᠡᠢ᠃      ᠪᠤᠷᠳᠤᠭᠠᠨ ᠤ ᠲᠤᠮᠳᠠ ᠬᠤᠭᠤᠴᠠᠭ᠎ᠠ᠄    4 — 5 ᠰᠠᠷ᠎ᠠ ᠪᠤᠯᠬᠤ ᠳᠤ ᠰᠠᠶᠢᠨ ᠬᠦᠭᠡ ᠡᠪᠡᠰᠦ ᠶᠢ ᠲᠤᠷ᠎ᠠ ᠪᠠᠷ ᠨᠢ ᠢᠳᠡᠭᠦᠯᠭᠦ ᠶᠢᠨ ᠬᠠᠮᠳᠤ ᠡᠳᠦᠷ ᠲᠤ ᠬᠤᠶᠠᠷ ᠤᠳᠠᠭ᠎ᠠ ᠨᠠᠷᠢᠯᠢᠭ ᠪᠤᠷᠳᠤᠭ᠎ᠠ ᠢᠳᠡᠭᠦᠯᠵᠦ᠂ ᠨᠢᠭᠡ ᠤᠳᠠᠭ᠎ᠠ ᠳᠤ 0.5 ᠺᠢᠯᠦᠭᠷᠠᠮ ᠦᠭᠭᠦᠨ᠎ᠠ᠃ ᠡᠭᠦᠨ ᠤ ᠬᠠᠮᠳᠤ ᠴᠡᠪᠡᠷ ᠤᠰᠤ ᠪᠠᠷ ᠤᠰᠤᠯᠠᠬᠤ ᠭᠡᠷᠡᠭᠳᠡᠢ᠃      ᠪᠤᠷᠳᠤᠭᠠᠨ ᠤ ᠰᠡᠭᠦᠯᠴᠢ ᠶᠢᠨ ᠬᠤᠭᠤᠴᠠᠭ᠎ᠠ᠄    5 — 6 ᠰᠠᠷ᠎ᠠ ᠪᠤᠯᠬᠤ ᠳᠤ ᠴᠢᠨᠠᠷ ᠰᠠᠶᠢᠳᠠᠢ ᠬᠦᠭᠡ ᠡᠪᠡᠰᠦ ᠶᠢ ᠲᠤᠷ᠎ᠠ ᠪᠠᠷ ᠨᠢ ᠢᠳᠡᠭᠦᠯᠵᠦ᠂ ᠡᠳᠦᠷ ᠪᠦᠷᠢ ᠬᠤᠶᠠᠷ ᠤᠳᠠᠭ᠎ᠠ ᠨᠠᠷᠢᠯᠢᠭ ᠪᠤᠷᠳᠤᠭ᠎ᠠ ᠪᠠᠷ ᠲᠡᠵᠢᠭᠡᠵᠦ᠂ ᠤᠳᠠᠭ᠎ᠠ ᠪᠦᠷᠢ 0.5 — 1 ᠺᠢᠯᠦᠭᠷᠠᠮ ᠦᠭᠴᠦ ᠂ 1 — 2 ᠤᠳᠠᠭ᠎ᠠ ᠤᠰᠤᠯᠢᠭ ᠪᠤᠷᠳᠤᠭ᠎ᠠ ᠪᠤᠶᠤ ᠬᠦᠭᠡ ᠲᠠᠷᠤᠰᠢ ᠶᠢ ᠦᠭᠭᠦ ᠭᠡᠷᠡᠭᠳᠡᠢ᠂ ᠡᠭᠦᠨ ᠤ ᠬᠠᠮᠳᠤ ᠴᠡᠪᠡᠷ ᠤᠰᠤ ᠪᠠᠷ ᠤᠰᠤᠯᠠᠬᠤ ᠭᠡᠷᠡᠭᠳᠡᠢ᠃ ᠬᠤᠷᠠᠭ᠎ᠠ ᠢᠰᠢᠭᠡ ᠶᠢ 80 — 100 ᠡᠳᠦᠷ ᠪᠤᠷᠳᠤᠬᠤ ᠨᠢ ᠬᠠᠮᠤᠭ ᠲᠤᠬᠢᠷᠠᠮᠵᠢᠳᠠᠢ᠃ ᠪᠤᠷᠳᠤᠬᠤ ᠬᠤᠭᠤᠴᠠᠭ᠎ᠠ ᠨᠢ ᠭᠡᠳᠦᠷᠭᠡᠢ ᠤᠬᠤᠷ ᠪᠤᠯ ᠦᠰᠦᠯᠳᠡ ᠲᠡᠮᠡᠢ ᠰᠠᠶᠢᠨ ᠪᠢᠰᠢ ᠪᠠᠶᠢᠵᠦ᠂ ᠪᠤᠷᠳᠤᠬᠤ ᠴᠠᠭ ᠨᠢ ᠭᠡᠳᠦᠷᠭᠡᠢ ᠤᠷᠳᠤ ᠪᠤᠯ ᠡᠪᠡᠰᠦ ᠪᠤᠷᠳᠤᠭ᠎ᠠ ᠶᠢᠨ ᠰᠦᠢᠳᠭᠡᠯ ᠵᠡᠷᠭᠡ ᠦᠪᠡᠷ ᠤᠨ ᠦᠷᠳᠡᠭ ᠨᠢ ᠦᠨᠳᠦᠷ ᠠᠴᠠ ᠤᠯᠵᠠ ᠠᠰᠢᠭ ᠨᠢ ᠲᠤᠤᠷ᠎ᠠ ᠪᠠᠶᠢᠳᠠᠭ᠃ ᠢᠩᠬᠢᠬᠦ ᠪᠠᠷ ᠪᠤᠷᠳᠤᠬᠤ ᠬᠤᠭᠤᠴᠠᠭ᠎ᠠ ᠶᠢ 4 ᠰᠠᠷ᠎ᠠ ᠠᠴᠠ ᠭᠡᠳᠦᠷᠡᠭᠦᠯᠵᠦ ᠪᠤᠯᠬᠤ ᠦᠭᠡᠢ᠃    ᠪᠤᠷᠳᠤᠭᠠᠨ ᠤ ᠪᠦᠬᠦ ᠬᠤᠭᠤᠴᠠᠭᠠᠨ ᠳᠤ ᠬᠤᠷᠠᠭ᠎ᠠ ᠢᠰᠢᠭᠡ ᠶᠢᠨ ᠦᠰᠬᠦ ᠪᠠᠶᠢᠳᠠᠯ ᠢ ᠨᠠᠷᠢᠨ ᠨᠢᠭᠳᠠ ᠪᠠᠶᠢᠴᠠᠭᠠᠨ ᠰᠤᠳᠤᠯᠬᠤ ᠭᠡᠷᠡᠭᠳᠡᠢ᠃ ᠡᠭᠦᠨ ᠤ ᠬᠠᠮᠳᠤ ᠬᠤᠷᠤᠭ᠎ᠠ ᠬᠠᠰᠢᠶ᠎ᠠ ᠶᠢᠨ ᠬᠠᠯᠠᠭᠤᠨ ᠲᠤᠯᠠᠭᠠᠨ᠂ ᠬᠤᠷᠠᠭ᠎ᠠ ᠢᠰᠢᠭᠡ ᠶᠢᠨ ᠢᠳᠡᠬᠦ ᠤᠤᠭᠤᠬᠤ ᠵᠡᠷᠭᠡ ᠶᠢ ᠨᠠᠷᠢᠨ ᠲᠤᠳᠤᠷᠬᠠᠢ ᠪᠠᠶᠢᠴᠠᠭᠠᠬᠤ ᠭᠡᠷᠡᠭᠳᠡᠢ᠃          ︵︽ᠤᠯᠠᠭᠠᠨᠬᠠᠳᠠ ᠶᠢᠨ ᠡᠳᠦᠷ ᠤᠨ ᠰᠤᠨᠢᠨ︾ ᠠᠴᠠ ᠰᠢᠯᠵᠢᠭᠦᠯᠪᠡ︶
 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号