ᠪᠦ᠋ ᠰᠢᠶᠤᠤ ᠯᠢᠨ ᠬᠢᠩᠭᠠᠨ ᠠᠶᠢᠮᠠᠭ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠳᠠᠭᠠᠨ ᠴᠢᠬᠤᠯᠠᠴᠢᠯᠠᠭᠰᠠᠨ ᠨᠢ ᠭᠠᠵᠠᠷ ᠤᠷᠤᠨ ᠤ ᠬᠠᠷᠢᠴᠠᠩᠭᠤᠢ ᠲᠠᠪᠠᠭᠤᠯᠢᠭ ᠢᠶᠠᠨ ᠪᠠᠳᠠᠷᠠᠭᠤᠯᠵᠦ ᠤᠷᠤᠨ ᠪᠦᠰᠠ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2019-02-12
    1 ᠰᠠᠷ᠎ᠠ ᠶᠢᠨ 28 ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠬᠢᠩᠭᠠᠨ ᠠᠶᠢᠮᠠᠭ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠵᠦ᠂ ᠲᠦᠯᠦᠭᠡᠯᠡᠭᠴᠢ ᠶᠢᠨ ᠰᠠᠨᠠᠯ ᠰᠠᠨᠠᠭᠤᠯᠭ᠎ᠠ ᠶᠢ ᠰᠤᠨᠤᠰᠤᠭᠰᠠᠨ ᠪᠠᠶᠢᠨ᠎ᠠ᠃     ᠬᠢᠩᠭᠠᠨ ᠠᠶᠢᠮᠠᠭ ᠤᠨ ᠲᠦᠯᠦᠭᠡᠯᠡᠭᠴᠢ ᠶᠢᠨ ᠪᠦᠯᠬᠦᠮ ᠤᠨ ᠵᠠᠩ ᠡᠸ᠋ᠨ ᠬᠤᠢ᠂ ᠴᠢ᠊ ᠪᠠᠳᠦ᠂ ᠰᠢᠶᠠᠩ ᠬᠦᠩ ᠸᠧᠢ᠂ ᠯᠢ ᠾᠧ᠂ ᠬᠦᠸᠧ ᠲᠠᠩ ᠵᠡᠷᠭᠡ ᠲᠦᠯᠦᠭᠡᠯᠡᠭᠴᠢ ᠢᠳᠡᠪᠬᠢᠳᠡᠢ ᠪᠠᠷ ᠶᠠᠷᠢᠶ᠎ᠡ ᠲᠠᠯᠪᠢᠵᠦ᠂ ᠭᠠᠵᠠᠷ ᠤᠷᠤᠨ ᠤ ᠪᠤᠳᠠᠳᠠᠦ ᠪᠠᠶᠢᠳᠠᠯ ᠲᠠᠢ ᠪᠠᠨ ᠤᠶᠠᠯᠳᠤᠭᠤᠯᠤᠨ ᠰᠡᠳᠬᠢᠯ ᠤᠨ ᠦᠭᠡ ᠪᠠᠨ ᠶᠠᠷᠢᠵᠦ᠂ ᠬᠦᠭᠵᠢᠯᠳᠡ ᠶᠢᠨ ᠲᠤᠬᠠᠢ ᠲᠤᠭᠠᠴᠢᠭᠰᠠᠨ ᠪᠠᠶᠢᠨ᠎ᠠ᠃ ᠤᠯᠠᠨ ᠢᠶᠠᠷ ᠢᠶᠠᠨ ᠢᠯᠡᠳᠭᠡᠯ ᠨᠢ ᠴᠠᠭ ᠦᠶ᠎ᠡ ᠶᠢᠨ ᠬᠦᠭᠵᠢᠯᠳᠡ ᠶᠢᠨ ᠱᠠᠭᠠᠷᠳᠠᠯᠭ᠎ᠠ ᠲᠠᠢ ᠨᠡᠶᠢᠴᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠦ᠂ ᠨᠠᠮ ᠤᠨ ᠲᠦᠪ ᠬᠤᠷᠢᠶ᠎ᠡ ᠶᠢᠨ ᠵᠤᠷᠢᠭ ᠰᠠᠨᠠᠭ᠎ᠠ ᠪᠤᠯᠤᠨ ᠦᠪᠦᠷ ᠮᠤᠩᠭᠤᠯ ᠤᠨ ᠪᠤᠳᠠᠳᠠᠢ ᠲᠠᠢ ᠨᠡᠶᠢᠴᠡᠵᠦ᠂ ᠵᠢᠯᠤᠭᠤᠳᠬᠤ ᠴᠢᠨᠠᠷ᠂ ᠴᠢᠭᠯᠡᠬᠦᠯᠦᠯᠳᠦ ᠴᠢᠨᠠᠷ᠂ ᠬᠡᠷᠡᠭᠵᠢᠬᠦᠯᠬᠦ ᠴᠢᠨᠠᠷ ᠢᠶᠠᠷ ᠴᠢᠩᠭ᠎ᠠ ᠪᠤᠯᠵᠦ᠂ ᠬᠦᠭᠵᠢᠯᠳᠡ ᠳᠤ ᠠᠩᠬᠠᠷᠤᠯ ᠢᠶᠠᠨ ᠲᠦᠪᠯᠡᠷᠡᠬᠦᠯᠦᠭᠰᠡᠨ᠂ ᠠᠷᠭ᠎ᠠ ᠠᠪᠴᠠᠯ ᠨᠢ ᠪᠤᠳᠠᠳᠠᠢ ᠶᠢ ᠡᠷᠬᠢᠮᠯᠡᠭᠰᠡᠨ᠂ ᠬᠦᠮᠦᠰ ᠤᠨ ᠰᠡᠳᠬᠢᠯ ᠢ ᠨᠢᠭᠳᠠᠷᠠᠭᠤᠯᠤᠭᠰᠠᠨ ᠰᠠᠶᠢᠨ ᠢᠯᠡᠳᠭᠡᠯ ᠪᠤᠯᠵᠠᠢ ᠭᠡᠵᠦ ᠦᠵᠡᠪᠡ᠃ ᠲᠦᠯᠦᠭᠡᠯᠡᠭᠴᠢᠳ ᠪᠠᠰᠠ ᠮᠤᠩᠭᠤᠯ ᠬᠢᠳᠡᠳ ᠤᠨ ᠡᠮ ᠤᠨ ᠠᠵᠦ ᠦᠢᠯᠡᠰ ᠢ ᠨᠡᠩ ᠢᠯᠡᠬᠦᠦ ᠲᠡᠮᠵᠢᠬᠦ᠂ ᠶᠠᠳᠠᠭᠤ ᠬᠦᠴᠢᠷᠳᠡᠯᠳᠡᠢ ᠭᠠᠵᠠᠷ ᠤᠷᠤᠨ ᠳᠤ ᠡᠳ᠋ ᠤᠨ ᠵᠠᠰᠠᠭ ᠤᠨ ᠢᠵᠢ ᠪᠦᠷᠢᠳᠦᠬᠦᠯᠦᠭᠰᠡᠨ ᠪᠡᠯᠡ ᠮᠦᠩᠬᠦ ᠶᠢ ᠬᠡᠯᠪᠠᠶᠢᠯᠭᠡᠬᠦ᠂ ᠲᠦᠮᠦᠰᠦᠨ ᠤ ᠠᠵᠦ ᠦᠢᠯᠡᠰ ᠤᠨ ᠬᠦᠭᠵᠢᠯᠳᠡ ᠶᠢ ᠲᠡᠳᠬᠦᠬᠦ᠂ ᠠᠵᠦ ᠠᠬᠤᠢᠢᠯᠠᠯ ᠤᠨ ᠴᠠᠬᠢᠯᠭᠠᠨ ᠬᠡᠷᠡᠭᠯᠡᠬᠦ ᠳᠤ ᠬᠦᠴᠢᠷ ᠵᠢᠴᠢ ︽ᠮᠤᠬᠤᠷ ᠵᠠᠮ︾ ᠤᠨ ᠠᠰᠠᠭᠤᠳᠠᠯ ᠢ ᠰᠢᠢᠳᠪᠦᠷᠢᠯᠡᠬᠦ ᠵᠡᠷᠭᠡ ᠶᠢᠨ ᠲᠤᠬᠠᠢ ᠰᠠᠨᠠᠯ ᠰᠠᠨᠠᠭᠤᠯᠭ᠎ᠠ ᠪᠠᠨ ᠲᠤᠷᠠᠳᠴᠠᠢ᠃     ᠪᠦ᠋ ᠰᠢᠶᠤᠤ ᠯᠢᠨ ᠲᠦᠯᠦᠭᠡᠯᠡᠭᠴᠢᠳ ᠤᠨ ᠬᠡᠯᠡᠬᠦ ᠶᠢ ᠬᠢᠨᠠᠮᠠᠭᠠᠢ ᠰᠤᠨᠤᠰᠬᠤ ᠶᠢᠨ ᠲᠠᠭᠠᠤ ᠬᠠᠮᠢᠶ᠎ᠡ ᠪᠦᠬᠦᠢ ᠠᠰᠠᠭᠤᠳᠠᠯ ᠤᠨ ᠲᠤᠬᠠᠢ ᠤᠯᠠᠨ ᠲᠠᠢ ᠬᠤᠷᠰᠢᠯᠴᠠᠵᠦ ᠪᠤᠳᠤᠯ ᠰᠠᠨᠠᠯ ᠢᠶᠠᠨ ᠰᠤᠯᠢᠯᠴᠠᠵᠠᠢ᠃ ᠲᠡᠷᠡ᠂ ᠤᠯᠠᠨ ᠢᠶᠠᠷ ᠢᠶᠠᠨ ᠪᠤᠳᠤᠭᠰᠠᠨ ᠰᠠᠨᠠᠭᠰᠠᠨ ᠢᠶᠠᠨ ᠠᠭᠤᠵᠢᠷᠠᠳᠠᠯ᠎ᠠ ᠶᠠᠷᠢᠵᠦ᠂ ᠢᠯᠡᠬᠦᠭᠡᠨ ᠰᠠᠨᠠᠯ ᠰᠠᠨᠠᠭᠤᠯᠭ᠎ᠠ ᠲᠤᠷᠠᠳᠴᠦ᠂ ᠭᠠᠵᠠᠷ ᠤᠷᠤᠨ ᠤ ᠴᠢᠨᠠᠷ ᠰᠠᠶᠢᠳᠠᠢ ᠬᠦᠭᠵᠢᠯ ᠳᠤ ᠠᠷᠭ᠎ᠠ ᠪᠤᠳᠤᠯᠭ᠎ᠠ ᠪᠠᠨ ᠲᠡᠪᠰᠢᠬᠦᠯᠬᠦ ᠶᠢ ᠬᠦᠰᠡᠵᠦ ᠪᠠᠶᠢᠨ᠎ᠠ ᠭᠡᠪᠡ᠃ ᠪᠦ᠋ ᠰᠢᠶᠤᠤ ᠯᠢᠨ᠂ ᠭᠠᠵᠠᠷ ᠤᠷᠤᠨ ᠤ ᠬᠠᠷᠢᠴᠠᠭᠤᠯᠤᠭᠰᠠᠨ ᠲᠠᠪᠠᠭᠤᠯᠢᠭ ᠢᠶᠠᠨ ᠪᠠᠳᠠᠷᠠᠭᠤᠯᠵᠦ᠂ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢ ᠨᠢᠭᠡᠳᠦᠯᠳᠡᠢ ᠲᠦᠯᠦᠪᠵᠢᠬᠦᠯᠦᠨ᠂ ᠪᠡᠭᠡᠵᠢᠩ ᠲᠢᠶᠠᠨᠵᠢᠨ ᠾᠧᠪᠸᠢ ᠶᠢ ᠬᠠᠮᠵᠢᠯᠴᠠᠭᠤᠯᠤᠨ ᠬᠦᠭᠵᠢᠬᠦᠯᠬᠦ ᠵᠡᠷᠭᠡ ᠤᠯᠤᠰ ᠤᠨ ᠪᠠᠶᠢᠯᠳᠤᠬᠤ ᠪᠤᠳᠤᠯᠭ᠎ᠠ ᠯᠤᠭ᠎ᠠ ᠶᠢᠨ ᠵᠤᠯᠭᠠᠯᠴᠠᠭ᠎ᠠ ᠪᠠᠨ ᠴᠢᠩᠭᠠᠳᠬᠠᠵᠦ᠂ ᠵᠡᠬᠦᠨ ᠬᠤᠶᠢᠳᠦ ᠶᠢ ᠬᠦᠭᠵᠢᠬᠦᠯᠦᠨ ᠮᠠᠨᠳᠤᠭᠤᠯᠬᠤ ᠳᠤ ᠢᠳᠡᠪᠬᠢᠳᠡᠢ ᠪᠠᠷ ᠠᠭᠤᠰᠤᠯᠴᠠᠨ ᠤᠷᠤᠵᠦ᠂ ᠵᠡᠬᠦᠨ ᠬᠡᠰᠡᠭ ᠤᠨ ᠠᠶᠢᠮᠠᠭ ᠬᠤᠳᠠ ᠶᠢᠨ ᠬᠦᠭᠵᠢᠯᠳᠡ ᠴᠡᠴᠡᠭᠯᠡᠯᠳᠡ ᠶᠢ ᠠᠬᠢᠭᠤᠯᠬᠤ ᠬᠡᠷᠡᠭᠳᠡᠢ ᠭᠡᠵᠦ ᠵᠢᠭᠠᠵᠦ ᠭᠠᠷᠭᠠᠪᠠ᠃ ᠲᠡᠷᠡ ᠴᠢᠩᠭᠠᠳᠬᠠᠭᠰᠠᠨ ᠨᠢ᠂ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠪᠤᠯ ᠵᠠᠪᠠᠯ ᠢᠯᠠᠯᠳᠠ ᠤᠯᠵᠦ ᠵᠠᠪᠠᠯ ᠰᠠᠶᠢᠳᠤᠷ ᠬᠢᠬᠦ ᠬᠠᠳᠠᠭᠤ ᠲᠠᠶᠢᠯᠠᠯᠳᠤᠭᠠᠨ ᠮᠦᠨ᠂ ᠶᠠᠮᠠᠷ ᠴᠦ ᠤᠬᠤᠷᠢᠬᠤ ᠵᠠᠮ ᠦᠭᠡᠢ᠂ ᠵᠠᠪᠠᠯ ᠨᠢᠭᠡ ᠯᠡ ᠠᠮᠢᠰᠬᠤᠭ᠎ᠠ ᠪᠠᠷ ᠤᠨᠤᠪᠴᠢᠳᠠᠢ ᠠᠬᠢᠭᠤᠯᠵᠦ᠂ ᠤᠨᠴᠠ ᠶᠠᠳᠠᠭᠤ ᠬᠦᠴᠢᠷᠳᠡᠯᠳᠡᠢ ᠭᠠᠵᠠᠷ ᠤᠷᠤᠨ ᠪᠠ ᠤᠨᠴᠠ ᠶᠠᠳᠠᠭᠤ ᠬᠦᠴᠢᠷᠳᠡᠯᠳᠡᠢ ᠤᠯᠠᠨ ᠲᠦᠮᠡᠨ ᠳᠤ ᠠᠩᠬᠠᠷᠤᠯ ᠢᠶᠠᠨ ᠲᠦᠪᠯᠡᠷᠡᠬᠦᠯᠵᠦ᠂ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠡᠷᠡᠰ ᠤᠯᠬᠤ ᠬᠡᠷᠡᠭᠳᠡᠢ ᠭᠡᠵᠦ ᠴᠢᠬᠤᠯᠠᠴᠢᠯᠠᠪᠠ᠃     ᠡᠸᠦ ᠶᠠᠩ ᠰᠢᠶᠤᠤ ᠬᠤᠢ᠂ ᠶᠠᠩ ᠽᠦᠩ ᠷᠧᠨ ᠲᠤᠭᠤᠢᠢᠯᠠᠩ ᠬᠤᠪᠢᠶᠠᠵᠦ ᠬᠢᠨᠠᠨ ᠵᠦᠪᠯᠡᠬᠦ ᠳᠤ ᠤᠷᠤᠯᠴᠠᠵᠠᠢ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号