ᠵᠠᠯᠠᠶᠢᠳ ᠬᠤᠰᠢᠭᠤ ᠠᠮᠢᠳᠣᠷᠠᠯ ᠨᠢ ᠬᠦᠴᠢᠷᠳᠠᠢ ᠡᠷᠣᠬᠡ ᠶᠢᠨ ᠣᠷᠣᠨ ᠰᠠᠭᠤᠴᠨ ᠶᠢᠨ ᠨᠦᠬᠦᠴᠡᠯ ᠢ ᠲᠠᠰᠤᠷᠠᠯᠳᠠ ᠦᠭᠡᠢ ᠰᠠᠶᠢᠵᠢᠷᠠᠭᠤᠯᠵᠦ ᠪᠤᠢ
ᠨᠡᠶᠢᠲᠡᠯᠡᠭᠰᠡᠨ ᠴᠠᠭ᠄
2019-02-12
    ᠬᠠᠬᠢᠷ ᠡᠪᠦᠯ ᠤᠨ ᠬᠦᠢᠳᠡᠨ ᠳᠤ ᠵᠠᠯᠠᠶᠢᠳ ᠬᠤᠰᠢᠭᠤᠨ ᠤ ᠨᠤᠨᠮᠦ᠋ᠷᠡᠨ ᠰᠢᠶᠠᠩ ᠤᠨ ᠣᠯᠠᠭᠠᠨ ᠲᠣᠰᠬᠤᠨ ᠤ ᠶᠠᠳᠠᠭᠤ ᠬᠦᠴᠢᠷᠳᠠᠢ ᠲᠠᠷᠢᠶᠠᠴᠢᠨ ᠴᠧᠨ ᠪᠣᠣ ᠯᠣᠣ ᠲᠦᠷᠣ ᠶᠢᠨ ᠪᠣᠳᠣᠯᠭ᠎ᠠ ᠶᠢᠨ ᠬᠠᠷᠠᠭᠠᠯᠵᠠᠯ ᠢᠶᠠᠷ 60 ᠲᠡᠭᠰᠢ ᠲᠦᠷᠪᠡᠯᠵᠢᠨ ᠮᠧᠳ᠋ᠷ ᠲᠠᠯᠠᠪᠠᠢ ᠲᠠᠢ ᠲᠤᠯᠠᠭᠠᠨ ᠲᠠᠭᠠᠯᠠᠮᠵᠢᠳᠠᠢ ᠭᠡᠷ ᠲᠤ ᠰᠠᠭᠤᠵᠦ᠂ ᠲᠠᠪᠠᠳᠠᠢ ᠰᠠᠶᠢᠬᠠᠨ ᠠᠮᠢᠳᠤᠷᠠᠵᠦ ᠪᠠᠶᠢᠯ᠎ᠠ᠃ ᠴᠧᠨ ᠪᠤᠯᠤ ᠪᠤᠯ ᠤᠯᠠᠭᠠᠨ ᠲᠤᠰᠬᠤᠨ ᠤ ᠠᠬᠠᠮᠡᠳ ᠨᠠᠮ ᠤᠨ ᠭᠡᠰᠢᠬᠦᠨ ᠪᠤᠯᠤᠨ᠎ᠠ᠂ ᠬᠡᠳᠦᠨ ᠵᠢᠯ ᠤᠨ ᠡᠮᠦᠨ᠎ᠡ ᠲᠡᠷᠡ ᠬᠦᠨᠳᠦ ᠡᠪᠡᠳᠴᠢᠯᠡᠵᠦ ᠠᠵᠢᠯ ᠬᠦᠳᠡᠯᠮᠦᠷᠢ ᠬᠢᠵᠦ ᠲᠡᠶᠢᠯᠬᠦ ᠪᠠᠨ ᠪᠤᠯᠢᠵᠦ᠂ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠲᠤᠤᠷ᠎ᠠ᠂ ᠲᠡᠷᠡ ᠲᠤᠯᠠᠭᠠᠨ ᠲᠠᠪᠠᠳᠠᠢ ᠰᠢᠨ᠎ᠠ ᠭᠡᠷ ᠲᠤ ᠨᠡᠭᠦᠨ ᠰᠠᠭᠤᠷᠢᠰᠢᠭᠰᠠᠨ ᠢᠶᠠᠷ ᠪᠠᠷᠠᠬᠤ ᠦᠭᠡᠢ ᠪᠠᠰᠠ ᠦᠪᠡᠷ ᠢᠶᠠᠨ ᠰᠤᠩᠭᠤᠬᠤ ᠬᠡᠯᠪᠡᠷᠢ ᠪᠠᠷ ᠭᠠᠭ᠋ᠠᠢ᠂ ᠦᠭᠡᠷ᠂ ᠲᠠᠬᠢᠶ᠎ᠡ ᠵᠡᠷᠭᠡ ᠲᠡᠵᠢᠭᠡᠨ ᠦᠷᠡᠵᠢᠬᠦᠯᠬᠦ ᠠᠵᠦ ᠦᠢᠯᠡᠰ ᠢ ᠬᠦᠭᠵᠢᠬᠦᠯᠦᠨ ᠤᠷᠤᠯᠭ᠎ᠠ ᠪᠠᠨ ᠨᠡᠮᠡᠭᠳᠡᠬᠦᠯᠵᠦ᠂ ᠠᠮᠢᠳᠤᠷᠠᠯ ᠨᠢ ᠡᠳᠦᠷ ᠠᠴᠠ ᠡᠳᠦᠷ ᠰᠠᠶᠢᠵᠢᠷᠠᠭᠰᠠᠨ ᠪᠠᠶᠢᠨ᠎ᠠ᠃     2018 ᠣᠨ ᠳᠤ᠂ ᠵᠠᠯᠠᠶᠢᠳ ᠬᠤᠰᠢᠭᠤ ᠨᠣᠷᠠᠬᠤ ᠠᠶᠣᠯᠳᠠᠢ ᠬᠡᠷ ᠪᠠᠶᠢᠰᠢᠩ ᠳᠤ ᠰᠠᠭᠤᠭ᠎ᠠ ︽ᠲᠦᠷᠪᠠᠨ ᠲᠦᠷᠣᠯ ᠤᠨ ᠬᠦᠮᠣᠨ︾ ︵ᠲᠡᠩᠰᠨ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠡᠷᠣᠬᠡ᠂ ᠬᠠᠮᠤᠭ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠪᠣᠷᠢ ᠬᠦᠷᠳᠡᠵᠤ ᠪᠠᠶᠢᠭ᠎ᠠ ᠡᠷᠣᠬᠡ᠂ ᠬᠦᠳᠡᠭᠡ ᠲᠣᠰᠬᠤᠨ ᠤ ᠲᠠᠷᠠᠬᠠᠢ ᠪᠤᠳᠠᠷᠬᠠᠢ ᠪᠠᠷ ᠠᠰᠠᠷᠠᠨ ᠲᠡᠵᠢᠭᠡᠵᠦ ᠪᠠᠶᠢᠭ᠎ᠠ ᠣᠠᠴᠠ ᠬᠦᠴᠢᠷᠳᠡᠯᠳᠡᠢ ᠬᠦᠮᠣᠰ᠂ ᠠᠮᠢᠳᠣᠷᠠᠯ ᠨᠢ ᠬᠦᠴᠢᠷᠳᠠᠢ ᠵᠡᠮᠳᠡᠭ ᠬᠡᠷ ᠪᠦᠯᠢ︶ ᠪᠠ ᠰᠢᠷᠣᠢ ᠶᠢᠨ ᠬᠡᠷ ᠲᠤ ᠰᠠᠭᠤᠭ᠎ᠠ ᠶᠠᠷᠣ ᠶᠢᠨ ᠡᠷᠣᠬᠡ ᠶᠢᠨ ᠣᠷᠣᠨ ᠰᠠᠭᠤᠴᠨ ᠶᠢᠨ ᠠᠰᠠᠭᠤᠳᠠᠯ ᠢ ᠰᠢᠢᠳᠪᠣᠷᠢᠯᠡᠬᠦ ᠶᠢᠨ ᠲᠦᠯᠣᠬᠡ᠂ ᠪᠦᠬᠦ ᠵᠢᠯ ᠳᠤ ᠨᠠᠶᠢᠳᠠ 3683 ᠰᠢᠨ᠎ᠠ ᠬᠡᠷ ᠪᠠᠶᠢᠰᠢᠩ ᠪᠠᠷᠢᠵᠣ᠂ 9546 ᠡᠷᠣᠬᠡ ᠶᠢᠨ ᠬᠡᠷ ᠢ ᠵᠠᠰᠠᠨ ᠰᠢᠨᠡᠳᠬᠡᠵᠣ᠂ 4875 ᠰᠢᠷᠣᠢ ᠶᠢᠨ ᠬᠡᠷ ᠢ ᠨᠣᠷᠠᠭᠠᠵᠣ᠂ ᠡᠬᠦᠨ ᠤ ᠲᠣᠮᠳᠠ 1776 ᠡᠷᠣᠬᠡ ᠶᠢ ᠨᠦᠬᠦᠪᠦᠷᠢ ᠲᠠᠢ ᠪᠠᠷ ᠨᠤᠷᠠᠭᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号