ᠮᠠᠨ ᠤ ᠠᠶᠢᠮᠠᠭ ᠤᠨ ᠰᠠᠶᠢᠨ ᠲᠤᠷᠠᠴᠤᠤᠯ ᠠᠷᠠᠳ ᠲᠤ ᠦᠢᠯᠡᠴᠢᠯᠡᠬᠦ ᠠᠵᠢᠯᠯᠠᠭ᠎ᠠ ᠶᠢ ᠢᠳᠡᠪᠬᠢᠳᠡᠢ ᠦᠷᠨᠢᠭᠦᠯᠵᠦ ᠪᠤᠢ
ᠨᠡᠶᠢᠲᠡᠯᠡᠭᠰᠡᠨ ᠴᠠᠭ᠄
2019-02-12
    ᠰᠢ ᠶᠢᠨ ᠫᠢᠡᠭ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠪᠤᠳᠠᠳᠠᠶᠢᠵᠢᠭᠤᠯᠤᠨ ᠳᠤᠭᠤᠰᠢᠯᠠᠭᠤᠯᠵᠦ᠂ ᠯᠸᠢ ᠹᠸᠡᠭ ᠠᠴᠠ ᠲᠠᠭᠠᠨ ᠰᠤᠷᠤᠯᠴᠠᠬᠤ ᠰᠠᠶᠢᠨ ᠳᠤᠷᠠᠴᠤᠳ ᠤᠨ ᠦᠢᠯᠡᠴᠢᠯᠡᠭᠡ ᠶᠢ ᠪᠠᠶᠢᠡᠭᠭᠤᠵᠢᠭᠤᠯᠬᠤ ᠪᠠᠷ᠂ ᠮᠠᠨ ᠤ ᠠᠶᠢᠮᠠᠭ ᠤᠨ ᠡᠯ᠎ᠠ ᠭᠠᠵᠠᠷ ᠤᠷᠤᠨ ᠤ ᠰᠠᠶᠢᠨ ᠲᠤᠷᠠᠴᠤᠤᠯ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠳᠡᠢ ᠦᠷᠨᠢᠭᠦᠯᠵᠦ᠂ ᠠᠷᠠᠳ ᠤᠯᠠᠨ ᠳᠤ ᠰᠠᠶᠢᠨ ᠶᠠᠪᠤᠳᠠᠯ ᠪᠤᠳᠠᠳᠤ ᠶᠠᠪᠤᠳᠠᠯ ᠬᠢᠵᠦ ᠦᠭᠴᠦ ᠪᠤᠢ᠃     1 ᠰᠠᠷ᠎ᠠ ᠶᠢᠨ 25 ᠤ ᠡᠳᠦᠷ᠂ ᠠᠶᠢᠮᠠᠬ ᠤᠨ ᠨᠠᠮ ᠤᠨ ᠬᠤᠷᠢᠶ᠎ᠠ ᠶᠢᠨ ᠤᠬᠠᠭᠤᠯᠬᠤ ᠭᠡᠯᠳᠡᠰ᠂ ᠠᠶᠢᠮᠠᠬ ᠤᠨ ᠪᠤᠯᠪᠠᠰᠤᠨ ᠤ ᠠᠯᠪᠠᠨ ᠭᠡᠷ᠂ ᠠᠶᠢᠮᠠᠬ ᠤᠨ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠵᠦᠪᠯᠡᠯ᠂ ᠤᠯᠠᠭᠠᠨᠬᠤᠳᠠ ᠶᠢᠨ ᠳᠠᠮᠤᠷ ᠵᠠᠮ ᠤᠨ ᠪᠠᠷᠠᠭᠤᠨᠳᠡᠬᠢ ᠭᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯ ᠤᠨ ᠵᠦᠪᠯᠡᠯ ᠠᠴᠠ ᠬᠠᠮᠳᠤᠷᠠᠨ ᠡᠷᠬᠢᠯᠡᠭᠰᠡᠨ ︽ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠰᠢᠰᠲᠧᠮ ᠤᠨ ᠰᠠᠶᠢᠨ ᠳᠤᠷᠠᠴᠤᠳ ᠨᠡᠶᠢᠭᠡᠮ ᠳᠤᠭᠤᠷᠢᠬ ᠢᠶᠠᠷ ᠬᠦᠨᠵᠡᠭᠡᠶᠢᠷᠡᠨ ᠦᠢᠯᠡᠴᠢᠯᠡᠭᠡ ᠬᠠᠨᠭ᠍ᠭᠠᠬᠤ · ᠭᠤᠤᠯ ᠰᠡᠳᠦᠪᠳᠦ ᠨᠠᠮ ᠤᠨ ᠡᠳᠦᠷᠯᠢᠭ ᠵᠢᠴᠢ ᠴᠠᠭᠠᠨ ᠰᠠᠷ᠎ᠠ ᠪᠠᠨ ᠤᠬᠳᠤᠬᠤ ᠤᠷᠠᠨ ᠰᠠᠶᠢᠬᠠᠨ ᠤ ᠳᠤᠬᠯᠠᠯᠳᠠ︾ ᠶᠢᠨ ᠠᠵᠢᠯᠯᠠᠭ᠎ᠠ ᠤᠯᠠᠭᠠᠨᠬᠤᠳᠠ ᠶᠢᠨ ᠳᠠᠮᠤᠷ ᠵᠠᠮ ᠤᠨ ᠪᠠᠷᠠᠭᠤᠨᠳᠡᠬᠢ ᠭᠠᠨᠭ᠌ ᠬᠤᠸᠠ ᠨᠡᠶᠢᠭᠡᠮ ᠳᠤᠭᠤᠷᠢᠬ ᠲᠤ ᠶᠠᠪᠤᠭᠳᠠᠪᠠ᠃ ᠠᠵᠢᠯᠯᠠᠭᠠᠨ ᠳᠤ᠂ ᠠᠶᠢᠮᠠᠬ ᠤᠨ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠰᠢᠰᠲᠧᠮ ᠤᠨ ᠬᠢᠨ ᠠᠷᠠᠳ ᠤᠯᠠᠨ ᠳᠤ ᠤᠷᠠᠨ ᠰᠠᠶᠢᠬᠠᠨ ᠤ ᠳᠤᠬᠯᠠᠯᠳᠠ᠂ ᠠᠯᠪᠠᠨ ᠵᠢᠷᠤᠮ ᠤᠨ ᠡᠮᠴᠢᠯᠡᠭᠡ ᠵᠡᠷᠭᠡ ᠦᠢᠯᠡᠴᠢᠯᠡᠭᠡ ᠬᠠᠨᠭ᠍ᠭᠠᠨ ᠰᠢᠨ᠎ᠠ ᠵᠢᠯ ᠴᠠᠭᠠᠨ ᠰᠠᠷ᠎ᠠ ᠪᠠᠨ ᠤᠷᠢᠳᠴᠢᠯᠡᠨ ᠪᠡᠯᠭᠡᠯᠡᠭᠰᠡᠨ ᠪᠠᠶᠢᠨ᠎ᠠ᠃ ︽ᠳᠠᠨ ᠤ ᠴᠢᠰᠤᠨ ᠳᠠᠷᠤᠯᠳᠠ ᠴᠢᠨᠢ ᠦᠨᠳᠦᠷ ᠪᠠᠶᠢᠨ᠎ᠠ᠂ ᠡᠳᠦᠷ ᠳᠤᠳᠤᠮ ᠤᠨ ᠢᠳᠡᠭᠡᠨ ᠤᠮᠳᠠᠭᠠᠨ ᠢᠶᠠᠨ ᠰᠠᠶᠢᠬᠠᠨ ᠵᠤᠬᠢᠴᠠᠭᠤᠯᠵᠦ᠂ ᠴᠠᠬ ᠳᠤᠬᠠᠢ ᠳᠤᠨᠢ ᠡᠮ ᠢᠶᠠᠨ ᠤᠤᠭᠤᠭᠠᠷᠠᠢ︾ ᠭᠡᠵᠦ ᠡᠮᠴᠢ ᠨᠠᠷ ᠪᠡᠶ᠎ᠠ ᠶᠢᠨ ᠪᠠᠶᠢᠴᠠᠭᠠᠯᠳᠠ ᠬᠢᠬᠦ ᠶᠢᠨ ᠬᠠᠮᠳᠦ ᠡᠷᠡᠬᠦᠯ ᠡᠩᠭᠡ ᠶᠢᠨ ᠰᠠᠨᠠᠭᠤᠯᠤᠮᠵᠢ ᠦᠭᠬᠦᠨ᠎ᠠ᠃     ︽ᠨᠠᠰᠦᠨ ᠤ ᠪᠠᠶᠢᠳᠠᠯ ᠠᠴᠠ ᠪᠤᠯᠵᠦ ᠮᠢᠨᠦ ᠴᠢᠰᠤᠨ ᠰᠢᠬᠢᠷ᠂ ᠴᠢᠰᠤᠨ ᠳᠠᠷᠤᠯᠳᠠ ᠵᠢᠭᠠᠬᠠᠨ ᠦᠨᠳᠦᠷ ᠰᠢᠭ ᠪᠠᠶᠢᠨ᠎ᠠ᠃ ᠦᠨᠦᠳᠦᠷ ᠠᠶᠢᠮᠠᠬ ᠤᠨ ᠡᠯ᠎ᠠ ᠶᠡᠭᠡ ᠡᠮᠨᠡᠯᠭᠡ ᠶᠢᠨ ᠬᠤᠷᠢᠶ᠎ᠠ ᠠᠴᠠ ᠡᠮᠴᠢ ᠮᠡᠷᠭᠡᠵᠢᠯᠳᠡ ᠢᠷᠡᠵᠦ᠂ ᠨᠠᠷᠢᠨ ᠬᠢᠨᠠᠮᠠᠭᠠᠢ ᠪᠠᠶᠢᠴᠠᠭᠠᠯᠳᠠ ᠬᠢᠵᠦ ᠡᠷᠡᠬᠦᠯ ᠡᠩᠭᠡ ᠶᠢᠨ ᠰᠠᠨᠠᠭᠤᠯᠤᠮᠵᠢ ᠦᠭᠬᠦᠭᠰᠡᠨ ᠪᠠᠶᠢᠨ᠎ᠠ᠃ ᠲᠡᠳᠡᠨᠡᠷ ᠲᠤ ᠳᠠᠯᠠᠷᠬᠠᠵᠦ ᠪᠠᠶᠢᠨ᠎ᠠ︾ ᠭᠡᠵᠦ ᠤᠯᠠᠭᠠᠨᠬᠤᠳᠠ ᠶᠢᠨ ᠳᠠᠮᠤᠷ ᠵᠠᠮ ᠤᠨ ᠪᠠᠷᠠᠭᠤᠨᠳᠡᠬᠢ ᠭᠡᠷᠡᠭ ᠡᠷᠬᠢᠯᠡᠬᠦ ᠭᠠᠵᠠᠷ ᠤᠨ ᠠᠷᠠᠳ ᠢᠤᠢ ᠳ᠋ᠧ ᠵᠢᠶᠦ᠋ᠨ ᠶᠠᠷᠢᠨ᠎ᠠ᠃     1 ᠰᠠᠷ᠎ᠠ ᠶᠢᠨ 26 ᠤ ᠡᠳᠤᠷ᠂ ᠤᠯᠠᠭᠠᠨᠬᠤᠳᠠ ᠶᠢᠨ ᠰᠠᠶᠢᠨ ᠲᠤᠷᠠᠴᠤᠤᠯ ᠤᠨ ᠬᠤᠯᠪᠤᠭ᠎ᠠ ᠶᠢᠨ 30 ᠭᠠᠷᠤᠢ ᠰᠠᠶᠢᠨ ᠲᠤᠷᠠᠴᠤᠤᠯ ᠠᠴᠠ ᠭᠤᠷᠪᠠᠨ ᠲᠤᠭᠤᠢᠢᠯᠠᠩ ᠬᠤᠪᠢᠶᠠᠨ᠂ ᠲᠡᠬᠦᠯᠢᠨ ᠬᠡᠷᠡᠭ ᠡᠷᠬᠢᠯᠡᠬᠦ ᠭᠠᠵᠠᠷ᠂ ︽5 · 1︾ ᠬᠡᠷᠡᠭ ᠡᠷᠬᠢᠯᠡᠬᠦ ᠭᠠᠵᠠᠷ᠂ ᠲᠡᠮᠤᠷ ᠵᠠᠮ ᠤᠨ ᠪᠠᠷᠠᠭᠤᠨᠳᠡᠬᠢ ᠬᠡᠷᠡᠭ ᠡᠷᠬᠢᠯᠡᠬᠦ ᠭᠠᠵᠠᠷ᠂ ᠠᠶᠢᠬᠦ᠋ᠸᠧ ᠬᠡᠷᠡᠭ ᠡᠷᠬᠢᠯᠡᠬᠦ ᠭᠠᠵᠠᠷ᠂ ᠬᠤᠳᠠ ᠶᠢᠨ ᠲᠡᠬᠦᠷᠭᠡ ᠬᠡᠷᠡᠭ ᠡᠷᠬᠢᠯᠡᠬᠦ ᠭᠠᠵᠠᠷ ᠤᠨ 10 ᠶᠠᠳᠠᠭᠤ ᠬᠦᠴᠢᠷᠳᠠᠯᠳᠠᠢ᠂ ᠲᠠᠪᠤᠨ ᠪᠠᠳᠤᠯᠠᠭᠠᠳᠤ ᠡᠷᠤᠬᠡ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠡᠷᠤᠬᠡ ᠶᠢᠨ ᠨᠠᠰᠤᠳᠠᠨ ᠢ ᠲᠤᠬᠤᠨᠢᠭᠤᠯᠵᠤ᠂ ᠪᠦᠬᠦ ᠬᠤᠯᠪᠤᠭ᠎ᠠ ᠶᠢᠨ 200 ᠭᠠᠷᠤᠢ ᠬᠦᠮᠤᠰ ᠤᠨ ᠬᠠᠨᠳᠢᠪᠯᠠᠭᠰᠠᠨ ᠭᠤᠯᠢᠷ᠂ ᠲᠤᠳᠤᠷᠭ᠎ᠠ ᠶᠢᠨ ᠴᠠᠭᠠᠨ᠂ ᠵᠢᠭᠠᠰᠤ᠂ ᠰᠦ ᠵᠡᠷᠭᠡ ᠶᠢ ᠬᠦᠷᠭᠡᠨ ᠦᠭᠴᠤ᠂ ᠲᠡᠳᠠᠨᠠᠷ ᠤᠨ ᠴᠠᠭᠠᠨ ᠰᠠᠷ᠎ᠠ ᠪᠠᠨ ᠪᠠᠶᠠᠷ ᠬᠦᠷ ᠲᠠᠢ ᠵᠦᠯ ᠵᠢᠷᠭᠠᠯᠳᠠᠢ ᠦᠩᠭᠡᠷᠡᠬᠦᠯᠬᠦ ᠳᠤ ᠴᠢᠬᠤᠯᠠ ᠪᠠᠳᠤᠯᠠᠭ᠎ᠠ ᠬᠠᠩᠭᠠᠵᠠᠢ᠃ ᠤᠳᠤ ᠠᠵᠢᠯ ᠠᠴᠠ ᠪᠠᠨ ᠠᠮᠠᠷᠠᠭᠰᠠᠨ ᠦᠴᠤᠬᠡᠨ ᠴᠠᠯᠢᠩ ᠳᠤ ᠪᠠᠨ ᠲᠦᠰᠢᠭᠯᠡᠨ ᠭᠠᠭᠴᠠᠭᠠᠷ ᠠᠮᠢᠳᠤᠷᠠᠵᠦ ᠪᠠᠶᠢᠭ᠎ᠠ ᠰᠦᠩ ᠢᠥᠢ ᠹᠠᠩ ᠨᠠᠰᠤᠳᠠᠨ ᠰᠤᠷᠪᠤᠯᠵᠢᠯᠠᠭ᠎ᠠ ᠬᠦᠯᠢᠶᠡᠬᠦ ᠳᠤ ᠪᠠᠨ᠄ ︽ᠤᠯᠠᠭᠠᠨᠬᠤᠳᠠ ᠶᠢᠨ ᠰᠠᠶᠢᠨ ᠲᠤᠷᠠᠴᠤᠤᠯ ᠤᠨ ᠬᠤᠯᠪᠤᠭ᠎ᠠ ᠳᠤ ᠲᠠᠯᠠᠷᠬᠠᠵᠤ ᠪᠠᠶᠢᠨ᠎ᠠ᠂ ᠶᠡᠷᠥ ᠶᠢᠨ ᠴᠠᠭ ᠲᠤ ᠭᠡᠷ ᠲᠤ ᠢᠷᠠᠵᠤ ᠴᠤᠩᠬᠤᠨ ᠰᠢᠯ ᠵᠦᠯᠬᠦᠬᠦ᠂ ᠴᠡᠪᠡᠷᠯᠡᠭᠡ ᠬᠢᠵᠦ ᠦᠭᠭᠦᠨ᠎ᠠ᠂ ᠤᠳᠤ ᠰᠢᠨᠡᠯᠡᠬᠦ ᠤᠢᠢᠷᠠᠳᠤᠬᠤ ᠳᠤ ᠪᠠᠰᠠ ᠨᠠᠳᠠ ᠳᠤ ᠰᠢᠮ᠎ᠠ ᠲᠡᠵᠢᠭᠡᠯᠳᠤ ᠢᠳᠡᠭᠡᠨ ᠤ ᠵᠦᠢᠯ ᠠᠪᠴᠢᠷᠠᠵᠤ ᠦᠭᠴᠠᠢ᠂ ᠪᠠᠶᠠᠷᠯᠠᠵᠦ ᠪᠠᠶᠢᠨ᠎ᠠ︾ ᠭᠡᠵᠤ ᠲᠤᠭᠳᠤᠯᠤᠭᠰᠠᠨ ᠰᠡᠳᠬᠢᠯ ᠢᠶᠠᠨ ᠢᠯᠡᠳᠭᠡᠨ᠎ᠠ᠃     1 ᠰᠠᠷ᠎ᠠ ᠶᠢᠨ 27 ᠤ ᠡᠳᠦᠷ᠂ ᠬᠢᠩᠭᠠᠨ ᠠᠶᠢᠮᠠᠭ ᠤᠨ ᠰᠠᠶᠢᠨ ᠳᠤᠷᠠᠴᠤᠤᠯ ᠤᠨ ᠬᠤᠯᠪᠤᠭ᠎ᠠ ᠶᠢᠨ 100 ᠭᠠᠷᠤᠢ ᠰᠠᠶᠢᠨ ᠲᠤᠷᠠᠴᠤᠤᠯ ᠤᠯᠠᠭᠠᠨᠬᠤᠳᠠ ᠶᠢᠨ ᠠᠰᠠᠷᠠᠮᠵᠢ ᠶᠢᠨ ᠬᠦᠷᠢᠶᠡᠯᠡᠩ ᠢᠶᠠᠷ ᠬᠦᠷᠴᠦ ᠲᠤᠬᠤᠨᠢᠭᠤᠯᠭ᠎ᠠ ᠬᠢᠵᠦ ᠂ ᠲᠠᠳᠠᠨᠠᠷ ᠲᠤ 10000 ᠭᠠᠷᠤᠢ ᠲᠦᠬᠦᠷᠢᠭ ᠤᠨ ᠬᠤᠪᠴᠠᠰᠦ ᠬᠤᠨᠠᠷ ᠵᠢᠴᠢ ᠵᠢᠮᠢᠰ ᠵᠡᠷᠭᠡ ᠲᠤᠬᠤᠨᠢᠭᠤᠯᠭ᠎ᠠ ᠶᠢᠨ ᠪᠤᠳᠠᠰ ᠬᠦᠷᠭᠡᠪᠡ᠃ ᠰᠠᠶᠢᠨ ᠲᠤᠷᠠᠴᠤᠤᠯ ᠠᠴᠠ ᠠᠩᠬᠢ ᠪᠦᠯᠦᠭ ᠬᠤᠪᠢᠶᠠᠨ ᠨᠠᠰᠤᠳᠠᠨ ᠤ ᠬᠤᠨᠤᠬᠤ ᠦᠷᠦᠬᠡᠨ ᠳᠤ ᠬᠦᠷᠴᠦ᠂ ᠢᠳᠡᠵᠦ ᠡᠮᠦᠰᠴᠦ ᠪᠠᠶᠢᠭ᠎ᠠ ᠪᠠᠶᠢᠳᠠᠯ ᠤᠨ ᠲᠤᠬᠠᠢ ᠠᠰᠠᠭᠤᠨ ᠰᠤᠷᠠᠭᠯᠠᠵᠦ᠂ ᠭᠤᠶᠢᠳᠠ ᠰᠠᠶᠢᠬᠠᠨ ᠪᠡᠯᠡᠳᠭᠡᠭᠰᠡᠨ ᠲᠤᠭᠯᠠᠯᠳᠠ ᠪᠠᠨ ᠰᠤᠨᠢᠷᠬᠠᠭᠤᠯᠵᠦ᠂ ᠠᠰᠠᠷᠠᠮᠵᠢ ᠶᠢᠨ ᠬᠦᠷᠢᠶᠡᠯᠡᠩ ᠢ ᠬᠦᠷ ᠨᠠᠷᠬᠢᠶᠠᠨ ᠢᠶᠠᠷ ᠪᠢᠯᠬᠠᠭᠤᠯᠤᠯ᠎ᠠ᠃ ︽ᠪᠦᠷ ᠯᠡ ᠨᠠᠮ ᠵᠠᠰᠠᠭ ᠤᠨ ᠰᠠᠶᠢᠨ ᠪᠠᠶᠢᠨ᠎ᠠ᠂ ᠮᠠᠨᠤᠰ ᠰᠢᠬ ᠨᠠᠰᠤᠳᠠᠨ ᠢ ᠬᠠᠷᠠᠭᠠᠯᠵᠠᠨ ᠰᠠᠨᠠᠭᠠᠯᠵᠠᠬᠤ ᠬᠦᠮᠦᠰ ᠲᠤᠩ ᠤᠯᠠᠰᠢᠷᠠᠵᠠᠢ᠂ ᠲᠤᠰ ᠤᠳᠠᠭ᠎ᠠ ᠲᠠᠨᠤᠰ ᠤᠨ ᠠᠪᠴᠢᠷᠠᠨ ᠦᠭᠭᠦᠭᠰᠡᠨ ᠬᠤᠪᠴᠠᠰᠦ ᠶᠢ ᠪᠢ ᠴᠠᠭᠠᠨ ᠰᠠᠷ᠎ᠠ ᠳᠤ ᠪᠠᠨ ᠡᠮᠦᠰᠦᠨ᠎ᠠ ᠰᠢᠦ︾ ᠭᠡᠵᠦ ᠲᠤᠰ ᠠᠰᠠᠷᠠᠮᠵᠢ ᠶᠢᠨ ᠬᠦᠷᠢᠶᠡᠯᠡᠩ ᠳᠤ ᠢᠷᠡᠭᠡᠳ ᠵᠢᠷᠭᠤᠭᠠᠨ ᠵᠢᠯ ᠪᠤᠯᠵᠦ ᠪᠠᠶᠢᠭ᠎ᠠ ᠠᠷᠭᠠᠮᠵᠢᠶ᠎ᠠ ᠨᠠᠰᠤᠳᠠᠨ ᠶᠠᠷᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号