ᠠᠷᠠᠳ ᠢᠶᠠᠨ ᠴᠢᠨᠡᠭᠡᠯᠢᠭᠵᠢᠭᠦᠯᠵᠦ ᠠᠶᠢᠮᠠᠭ ᠢᠶᠠᠨ ᠬᠦᠴᠦᠷᠭᠡᠭᠵᠢᠭᠦᠯᠭᠦ ᠶᠢ ᠲᠦᠷᠭᠡᠳᠭᠡᠵᠦ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠤᠷᠢᠳᠦ ᠢᠯᠠᠯᠳᠠ ᠶᠢ ᠤᠯᠵᠦ ᠬᠢᠩᠭᠠᠨ ᠠᠶᠢᠮᠠᠭ ᠤᠨ ᠴᠢᠨᠠᠷ ᠰᠠᠶᠢᠳᠠᠢ | ᠲᠠᠪᠠᠯᠳᠠᠳᠤ ᠬᠦᠭᠵᠢᠯᠳᠡ ᠶᠢᠨ ᠰᠢᠨ᠎ᠠ ᠬᠠᠭᠤᠳᠠᠰᠤ ᠶᠢ ᠴᠢᠷᠮᠠᠶᠢᠨ ᠪᠢᠴᠢᠭᠯᠡᠶ᠎ᠠ | — ᠠᠶᠢᠮᠠᠭ ᠤᠨ ᠨᠠᠮ ᠤᠨ ᠬᠤᠷᠢᠶᠠᠨ ᠤ ︵ᠦᠷᠭᠡᠳᠭᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠤ | ᠠᠬᠤᠢ ᠶᠢᠨ ᠠᠵᠢᠯ ᠤᠨ ᠬᠤᠷᠠᠯ ᠲᠡᠭᠡᠷᠡᠬᠢ ᠶᠠᠷᠢᠶ᠎ᠠ | ︵2019 ᠤᠨ ᠤ 1 ᠰᠠᠷ᠎ᠠ ᠶᠢᠨ 17 ᠤ ᠡᠳᠦᠷ︶ | ᠵᠠᠩ ᠡᠸ᠋ᠨ ᠬᠤᠢ | ᠨᠦᠬᠦᠳ ᠡ᠄ | ᠲᠤᠰ ᠤᠳᠠᠭᠠᠨ ᠤ ᠠᠶᠢᠮᠠᠭ ᠤᠨ ᠨᠠᠮ ᠤᠨ ᠬᠤᠷᠢᠶᠠᠨ ᠤ ︵ᠦᠷᠭᠡᠳᠭᠡᠭᠰᠡᠨ︶ ᠬᠤᠷᠠᠯ ᠵᠢᠴᠢ ᠪᠦᠬᠦ | ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠪᠤᠯ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠬᠤ᠂ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠦ ᠲᠠᠶᠢᠯᠠᠯᠳᠤᠭᠠᠨ᠂ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠤᠷᠢᠳᠦ ᠢᠯᠠᠯᠳᠠ ᠶᠢ ᠤᠯᠬᠤ ᠵᠠᠩᠬᠢᠯᠠᠭ᠎ᠠ ᠶᠢᠨ ᠬᠤᠭᠤᠴᠠᠭᠠᠨ ᠳᠤ | ᠬᠤᠷᠠᠯᠳᠤᠭᠤᠯᠤᠭᠰᠠᠨ ᠨᠢᠭᠡ ᠤᠳᠠᠭᠠᠨ ᠤ ᠴᠢᠬᠤᠯᠠ ᠬᠤᠷᠠᠯ ᠪᠤᠯᠤᠨ᠎ᠠ᠃ ᠬᠤᠷᠠᠯ ᠤᠨ ᠭᠤᠤᠯ ᠡᠭᠦᠷᠭᠡ ᠪᠤᠯ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠲᠦᠪ ᠤᠨ | ᠠᠵᠤ ᠠᠬᠤᠢ ᠶᠢᠨ ᠠᠵᠢᠯ ᠤᠨ ᠬᠤᠷᠠᠯ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ | ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠦᠬᠦᠳᠡ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ | ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ 2018 ᠤᠨ ᠤ ᠠᠵᠢᠯ ᠢᠶᠠᠨ | ᠳ᠋ᠦᠩᠨᠡᠵᠦ᠂ ᠤᠳᠤᠬᠠᠨ ᠤ ᠪᠠᠶᠢᠳᠠᠯ ᠢ ᠵᠠᠳᠠᠯᠵᠦ᠂ 2019 ᠤᠨ ᠤ ᠠᠵᠢᠯ ᠤᠨ ᠡᠭᠦᠷᠭᠡ ᠪᠠᠨ ᠪᠠᠶᠢᠷᠢᠯᠠᠭᠤᠯᠵᠦ᠂ | ᠪᠦᠬᠦ ᠠᠶᠢᠮᠠᠭ ᠤᠨ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠢ ᠲᠠᠶᠢᠴᠢᠯᠠᠨ ᠬᠠᠷᠠᠯᠳᠠ ᠪᠠᠨ ᠪᠠᠷᠢᠮᠳᠠᠯᠠᠨ | ᠴᠤᠴᠠᠯᠳᠠ ᠦᠭᠡᠢ ᠴᠢᠷᠮᠠᠶᠢᠵᠦ᠂ ᠦᠨᠡᠨ ᠪᠤᠳᠠᠳᠠᠢ ᠠᠵᠢᠯᠯᠠᠨ ᠵᠢᠳᠭᠦᠯ ᠴᠢᠷᠮᠠᠶᠢᠯᠭ᠎ᠠ ᠭᠠᠷᠭᠠᠵᠦ᠂ ᠮᠠᠨ ᠤ | ᠠᠶᠢᠮᠠᠭ ᠤᠨ ᠴᠢᠨᠠᠷ ᠰᠠᠶᠢᠳᠠᠢ ᠲᠠᠪᠠᠯᠳᠠᠳᠤ ᠬᠦᠭᠵᠢᠯᠳᠡ ᠶᠢ ᠠᠬᠢᠭᠤᠯᠬᠤ ᠶᠢᠨ ᠲᠦᠯᠦᠭᠡ ᠴᠢᠷᠮᠠᠶᠢᠨ ᠲᠡᠮᠡᠴᠡᠬᠦ | ᠪᠤᠯᠤᠨ᠎ᠠ᠃ | ᠨᠢᠭᠡ᠂ ᠬᠦᠴᠢᠷ ᠪᠡᠷᠭᠡ ᠶᠢ ᠢᠯᠠᠨ ᠲᠠᠪᠠᠵᠦ ᠡᠷᠡᠮᠡᠭᠡᠶᠢᠯᠡᠨ ᠤᠷᠤᠭᠰᠢᠯᠠᠵᠦ ᠠᠷᠠᠳ ᠢ ᠴᠢᠨᠡᠭᠡᠯᠢᠭᠵᠢᠭᠦᠯᠵᠦ | ᠠᠶᠢᠮᠠᠭ ᠢ ᠬᠦᠴᠦᠷᠭᠡᠭᠵᠢᠭᠦᠯᠵᠦ ᠬᠦᠭᠡᠭᠡᠵᠦ ᠬᠦᠢᠴᠡᠨ ᠲᠠᠪᠠᠵᠦ ᠭᠠᠷᠬᠤ ᠶᠢ ᠠᠬᠢᠭᠤᠯᠬᠤ ᠪᠠᠳᠤᠳᠠᠢ ᠠᠯᠬᠤᠮ ᠢ | ᠠᠯᠬᠤᠵᠠᠢ | ᠰᠠᠶ᠋ᠢᠬᠠᠨ ᠦᠩᠭᠡᠷᠡᠨ ᠤᠳᠤᠭᠰᠠᠨ 2018 ᠤᠨ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠳᠡ ᠶᠢᠨ ᠵᠢᠯ ᠪᠤᠯᠤᠨ᠎ᠠ᠃ ᠰᠢ ᠶᠢᠨ ᠫᠢᠩ | ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠡᠷᠡᠰ ᠪᠠᠳᠤ ᠤᠳᠤᠷᠢᠳᠤᠯᠭ᠎ᠠ ᠲᠤᠤᠷ᠎ᠠ᠂ | ᠠᠶᠢᠮᠠᠭ ᠤᠨ ᠨᠠᠮ ᠤᠨ ᠬᠤᠷᠢᠶ᠎ᠠ ᠪᠦᠬᠦ ᠠᠶᠢᠮᠠᠭ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ | ᠪᠦᠯᠭᠦᠮᠳᠡᠭᠦᠯᠦᠨ ᠲᠠᠶᠢᠴᠢᠯᠠᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠬᠦᠨᠵᠡᠭᠡᠢ ᠰᠤᠷᠤᠯᠴᠠ ᠲᠤᠤᠱᠯᠠᠭᠤᠯᠵᠦ᠂ ᠨᠠᠮ ᠤᠨ ᠲᠦᠪ ᠬᠤᠷᠢᠶᠠᠨ ᠤ ᠰᠢᠢᠳᠪᠤᠷᠢ ᠪᠠᠶᠢᠷᠢᠯᠠᠭᠤᠯᠤᠯᠳᠠ | ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ ᠪᠠᠶᠢᠷᠢᠯᠠᠭᠤᠯᠤᠯᠳᠠ ᠶᠢ | ᠨᠢᠭᠡᠳᠦᠯᠳᠡᠢ ᠲᠦᠯᠬᠢᠨ ᠠᠬᠢᠭᠤᠯᠵᠦ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠳᠠ ᠶᠢ ᠵᠤᠬᠢᠴᠠᠭᠤᠯᠤᠨ ᠠᠬᠢᠭᠤᠯᠵᠦ᠂ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ | ᠶᠡᠷᠦᠩᠭᠡᠢ ᠬᠦᠭ ᠠᠶᠠᠰ ᠢ ᠪᠠᠷᠢᠮᠳᠠᠯᠠᠵᠦ᠂ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠦ | ᠂ ᠬᠤᠪᠢᠰᠬᠠᠯᠳᠤ ᠤᠯᠠᠮᠵᠢᠯᠠᠯ ᠢᠶᠠᠨ ᠵᠠᠯᠭᠠᠮᠵᠢᠯᠠᠨ᠂ ᠪᠤᠬᠢᠷᠳᠤᠯ ᠦᠭᠡᠢ ᠬᠦᠭᠵᠢᠯᠳᠡ ᠶᠢ ᠬᠦᠳᠦᠯᠦᠨ ᠵᠢᠯᠤᠭᠤᠳᠴᠦ᠂ | ᠡᠯ᠎ᠠ ᠲᠦᠷᠦᠯ ᠤᠨ ᠠᠵᠢᠯ ᠦᠢᠯᠡᠰ ᠤᠨ ᠬᠦᠭᠵᠢᠯᠳᠡ ᠶᠢᠨ ᠰᠢᠨ᠎ᠠ ᠠᠯᠬᠤᠮ ᠢ ᠠᠯᠬᠤᠵᠦ᠂ ᠰᠢᠨ᠎ᠠ ᠠᠮᠵᠢᠯᠳᠠ | ᠤᠯᠬᠤ ᠶᠢ ᠠᠬᠢᠭᠤᠯᠵᠠᠢ᠃ | ᠨᠢᠭᠡ ᠵᠢᠯ ᠤᠨ ᠲᠤᠷᠰᠢ᠂ ᠪᠢᠳᠡ ᠵᠠᠩᠬᠢᠯᠠᠭ᠎ᠠ ᠶᠢ ᠠᠳᠬᠤᠨ ᠬᠦᠴᠢᠷᠳᠡᠯ ᠢ ᠰᠢᠪᠳᠤᠯᠵᠦ᠂ ︽ᠭᠤᠷᠪᠠᠨ ᠶᠡᠭᠡ | ᠪᠤᠭᠤᠮᠳᠠ ᠰᠢᠪᠳᠤᠯᠬᠤ ᠲᠠᠶᠢᠯᠠᠯᠳᠤᠭᠠᠨ︾ ᠤ ᠰᠠᠶᠢᠨ ᠡᠬᠢᠯᠡᠯᠳᠡ ᠶᠢ ᠪᠡᠶᠡᠯᠡᠭᠦᠯᠪᠡ᠃ ᠬᠦᠨᠳᠦ ᠶᠡᠭᠡ ᠲᠦᠭᠰᠢᠭᠦᠷᠢ ᠶᠢ | ᠰᠡᠷᠭᠡᠶᠢᠯᠡᠨ ᠨᠠᠮᠳᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠪᠠᠳᠤ ᠰᠠᠶᠢᠳᠤᠷ ᠬᠢᠵᠡᠢ᠃ ᠵᠠᠰᠠᠭ ᠤᠨ | ᠤᠷᠳᠤᠨ ᠤ ᠦᠷᠢ ᠰᠢᠷᠢ ᠶᠢᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠲᠤᠳᠤᠯᠠᠵᠦ᠂ ᠭᠡᠮᠵᠢᠶᠡᠨ ᠠᠴᠠ ᠭᠡᠳᠦᠷᠡᠳᠡᠯ᠎ᠠ | ᠵᠢᠭᠡᠯᠡᠬᠦ ᠲᠦᠷᠦᠯ ᠵᠦᠢᠯ ᠢ ᠡᠷᠡᠰ ᠴᠡᠭᠴᠡᠯᠡᠵᠦ᠂ ᠤᠨ ᠤ ᠦᠷᠢ ᠰᠢᠷᠢ ᠶᠢ ᠪᠠᠭᠠᠰᠬᠠᠬᠤ ᠡᠭᠦᠷᠭᠡ ᠶᠢ ᠲᠠᠪᠠᠭᠤᠯᠤᠨ | ᠪᠡᠶᠡᠯᠡᠭᠦᠯᠵᠦ᠂ ︽ᠠᠷᠪᠠ ᠶᠢ ᠪᠦᠷᠭᠦᠭᠦᠯᠭᠦ︾ ᠠᠷᠪᠠᠨ ᠲᠦᠷᠦᠯ ᠤᠨ ᠦᠷᠢᠳᠦᠵᠦ ᠪᠠᠶᠢᠭᠰᠠᠨ ᠪᠠᠷᠢᠯᠭ᠎ᠠ ᠶᠢᠨ | ᠮᠦᠩᠭᠦ ᠶᠢ ᠪᠦᠬᠦᠨ ᠢ ᠲᠦᠯᠦᠵᠦ᠂ ᠦᠷᠢ ᠰᠢᠷᠢ ᠶᠢ ᠪᠠᠭᠠᠰᠬᠠᠬᠤ ᠠᠵᠢᠯ ᠪᠦᠬᠦ ᠤᠷᠤᠨ ᠤ ᠡᠮᠦᠨᠡᠬᠦᠷ ᠤᠷᠤᠵᠠᠢ᠃ | ᠬᠦᠳᠡᠭᠡ ᠲᠤᠰᠬᠤᠨ ᠮᠠᠯᠵᠢᠬᠤ ᠤᠷᠤᠨ ᠤ ᠦᠨᠳᠦᠷ ᠬᠦᠤ ᠲᠠᠢ ᠵᠢᠭᠡᠯᠡᠯᠭᠡ ᠶᠢ ᠶᠡᠷᠦᠩᠭᠡᠶᠢᠯᠡᠨ ᠵᠠᠰᠠᠬᠤ ᠶᠢ ᠬᠦᠨᠵᠡᠭᠡᠢ | ᠲᠦᠯᠬᠢᠨ ᠠᠬᠢᠭᠤᠯᠵᠦ᠂ ᠬᠠᠤᠯᠢ ᠲᠦᠷᠢᠮ ᠠᠴᠠ ᠵᠦᠷᠢᠴᠡᠭᠰᠡᠨ ᠮᠦᠩᠭᠦᠨ ᠬᠦᠢᠯᠭᠡᠭᠡᠨ ᠤ ᠠᠵᠢᠯᠯᠠᠭ᠎ᠠ ᠳᠤ ᠴᠢᠩᠭ᠎ᠠ | ᠴᠤᠬᠢᠯᠳᠠ ᠦᠭᠴᠦ᠂ ᠮᠦᠩᠭᠦᠨ ᠬᠦᠢᠯᠭᠡᠭᠡᠨ ᠤ ᠰᠠᠶᠢᠨ ᠡᠮᠬᠢ ᠲᠢᠭᠯᠢᠮ ᠢ ᠬᠦᠴᠦᠳᠡᠢ ᠬᠠᠮᠠᠭᠠᠯᠠᠵᠠᠢ᠃ ᠤᠨᠢᠨ | ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠪᠠᠳᠤ ᠰᠠᠶᠢᠳᠤᠷ | ᠬᠢᠵᠡᠢ᠃ ᠠᠵᠤ ᠦᠢᠯᠡᠰ ᠢ ᠪᠦᠷᠭᠦᠭᠦᠯᠦᠨ ᠲᠤᠭᠳᠠᠭᠤᠨ ᠢᠶᠠᠷ ᠨᠡᠮᠡᠭᠳᠡᠭᠦᠯᠭᠦ᠂ ᠨᠤᠷᠠᠬᠤ ᠠᠶᠤᠯᠳᠠᠢ ᠭᠡᠷ ᠪᠠᠶᠢᠰᠢᠩ ᠢ | ᠦᠭᠡᠶᠢᠰᠭᠡᠬᠦ᠂ ᠡᠮ ᠡᠮᠨᠡᠯᠭᠡ ᠶᠢᠨ ᠪᠠᠳᠤᠯᠠᠪᠤᠷᠢ ᠶᠢ ᠡᠷᠦᠭᠡ ᠳᠤ ᠬᠦᠷᠳᠡᠯ᠎ᠠ ᠪᠦᠷᠭᠦᠭᠦᠯᠭᠦ ᠲᠤᠰᠬᠠᠢ ᠠᠵᠢᠯᠯᠠᠭ᠎ᠠ ᠶᠢ | ᠶᠡᠭᠡ ᠬᠦᠴᠦᠨ ᠢᠶᠠᠷ ᠭᠡᠷᠡᠭᠵᠢᠭᠦᠯᠵᠦ᠂ ᠮᠠᠯᠴᠢᠨ ᠲᠠᠷᠢᠶᠠᠴᠢᠨ ᠤ ᠭᠡᠪ ᠪᠤᠯᠪᠠᠰᠤᠷᠠᠯ ᠢ ᠲᠡᠭᠡᠭᠰᠢᠯᠡᠭᠦᠯᠭᠦ ᠢᠨᠵᠧᠨᠧᠷᠢᠩ ᠢ | ᠪᠠᠳᠤᠳᠠᠢ ᠦᠷᠨᠢᠭᠦᠯᠵᠦ᠂ ᠪᠡᠭᠡᠵᠢᠩ ᠦᠪᠤᠷ ᠮᠤᠩᠭᠤᠯ ᠤᠨ ᠶᠠᠳᠠᠭᠤ ᠶᠢ ᠲᠡᠳᠭᠦᠭᠦ ᠬᠠᠮᠵᠢᠯᠴᠠᠭ᠎ᠠ ᠪᠠ ᠤᠯᠤᠰ ᠤᠨ | ᠶᠠᠮᠤᠨ ᠵᠦᠪᠯᠡᠯ᠂ ᠦᠪᠡᠷᠳᠡᠭᠡᠨ ᠵᠠᠰᠠᠬᠤ ᠤᠷᠤᠨ ᠤ ᠲᠢᠩᠬᠢᠮ ᠲᠤᠪᠴᠢᠶ᠎ᠠ ᠶᠢᠨ ᠬᠠᠪᠰᠤᠷᠤᠨ ᠲᠡᠳᠭᠦᠯᠳᠡ ᠶᠢ ᠪᠦᠬᠦ | ᠲᠠᠯ᠎ᠠ ᠪᠠᠷ ᠬᠦᠨᠵᠡᠭᠡᠶᠢᠷᠡᠭᠦᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢ ᠰᠢᠢᠳᠪᠤᠷᠢᠯᠡᠬᠦ | ᠴᠢᠨᠠᠷᠳᠠᠢ ᠠᠮᠵᠢᠯᠳᠠ ᠤᠯᠵᠠᠢ᠃ ᠵᠢᠱᠢᠯᠳᠡ ᠪᠠᠷ ᠪᠦᠬᠦ ᠵᠢᠯ ᠳᠤ 3.1 ᠲᠦᠮᠡᠨ ᠬᠦᠮᠦᠨ ᠠᠮᠠ ᠶᠢ ᠶᠠᠳᠠᠭᠤ ᠠᠴᠠ | ᠠᠩᠬᠢᠵᠢᠷᠠᠭᠤᠯᠵᠦ᠂ ᠤᠯᠤᠰ ᠤᠨ ᠲᠡᠰ ᠤᠨ ᠶᠠᠳᠠᠭᠤ ᠬᠦᠴᠢᠷᠳᠡᠯᠳᠡᠢ 3 ᠰᠢᠶᠠᠨ᠂ ᠤᠷᠤᠨ ᠤ ᠲᠡᠰ ᠤᠨ ᠶᠠᠳᠠᠭᠤ | ᠬᠦᠴᠢᠷᠳᠡᠯᠳᠡᠢ 1 ᠰᠢᠶᠠᠨ ᠶᠠᠳᠠᠭᠤ ᠮᠠᠯᠠᠭᠠᠢ ᠪᠠᠨ ᠠᠪᠴᠦ ᠬᠠᠶᠠᠵᠠᠢ᠃ ᠪᠤᠬᠢᠷᠳᠤᠯ ᠢ ᠰᠡᠷᠭᠡᠶᠢᠯᠡᠨ ᠵᠠᠰᠠᠬᠤ | ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠪᠠᠳᠤ ᠰᠠᠶᠢᠳᠤᠷ ᠬᠢᠵᠡᠢ᠃ ᠬᠦᠭᠡ ᠲᠡᠭᠷᠢ᠂ ᠲᠤᠩᠭᠠᠯᠠᠭ ᠤᠰᠤ᠂ | ᠴᠡᠪᠡᠷ ᠬᠦᠷᠦᠰᠦ ᠶᠢ ᠬᠠᠮᠠᠭᠠᠯᠠᠬᠤ ᠲᠠᠶᠢᠯᠠᠯᠳᠤᠭᠠᠨ ᠢ ᠪᠦᠬᠦ ᠲᠠᠯ᠎ᠠ ᠪᠠᠷ ᠶᠠᠪᠤᠭᠳᠠᠭᠤᠯᠵᠦ᠂ ᠲᠠᠷᠢᠶᠠᠯᠠᠬᠤ ᠶᠢ | ᠵᠤᠭᠰᠤᠭᠠᠨ ᠤᠢᠢᠵᠢᠭᠤᠯᠵᠦ ᠡᠪᠡᠰᠦᠵᠢᠭᠦᠯᠭᠦ᠂ ᠬᠤᠷᠴᠢᠨ ᠤ ᠡᠯᠡᠰᠦᠷᠭᠡᠭ ᠭᠠᠵᠠᠷ ᠢ ᠵᠠᠰᠠᠬᠤ᠂ ᠭᠤᠤᠯᠳᠠᠯᠭ᠎ᠠ ᠲᠠᠢ | ᠭᠠᠵᠠᠷ ᠤᠷᠤᠨ ᠢ ᠨᠤᠭᠤᠭᠠᠷᠠᠭᠤᠯᠬᠤ᠂ ᠭᠤᠤᠯ ᠨᠠᠭᠤᠷ ᠢ ᠬᠤᠯᠪᠤᠨ ᠨᠡᠪᠳᠡᠷᠡᠭᠦᠯᠭᠦ ᠵᠡᠷᠭᠡ ᠠᠮᠢ ᠠᠬᠤᠢ ᠶᠢᠨ | ᠢᠨᠵᠧᠨᠧᠷᠢᠩ ᠢ ᠲᠦᠷᠭᠡᠳᠭᠡᠨ ᠭᠡᠷᠡᠭᠵᠢᠭᠦᠯᠵᠦ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ | ᠪᠠᠶᠢᠴᠠᠭᠠᠵᠦ ᠬᠠᠷᠢᠭᠤ ᠲᠤᠰᠬᠠᠭᠰᠠᠨ ᠰᠠᠨᠠᠯ ᠤᠨ ᠬᠠᠯᠠᠨ ᠰᠠᠶᠢᠵᠢᠷᠠᠭᠤᠯᠤᠯᠳᠠ ᠶᠢ ᠪᠦᠬᠦ ᠬᠦᠴᠦᠨ ᠢᠶᠠᠷ ᠠᠬᠢᠭᠤᠯᠵᠦ᠂ | ᠲᠡᠮᠡᠭᠡᠴᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠯᠠᠨ ᠰᠠᠶᠢᠵᠢᠷᠠᠭᠤᠯᠤᠯᠳᠠ ᠶᠢᠨ | ᠠᠵᠢᠯ ᠢᠳᠡᠪᠬᠢᠳᠡᠢ ᠠᠬᠢᠴᠠ ᠲᠠᠢ ᠪᠤᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠲᠠᠪᠠᠭᠤᠯᠢᠭ ᠨᠡᠩ ᠢᠯᠡᠷᠭᠡᠢ | ᠪᠤᠯᠵᠠᠢ᠃ ᠨᠢᠳᠤᠨᠤᠨ ᠵᠢᠯ ᠳᠤ᠂ ᠷᠠᠰᠢᠶᠠᠨ ᠬᠤᠳᠠ ᠤᠯᠤᠰ ᠤᠨ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠶᠢᠨ ᠵᠢᠱᠢᠶ᠎ᠠ ᠦᠵᠡᠭᠦᠯᠭᠦ ᠬᠤᠳᠠ ᠪᠠ ᠲᠤᠮᠳᠠᠳᠤ ᠤᠯᠤᠰ ᠤᠨ ᠠᠭᠤᠷ ᠠᠮᠢᠰᠬᠤᠯ ᠤᠨ ᠠᠮᠢ | ᠠᠬᠤᠢ ᠶᠢᠨ ᠬᠤᠳᠠ ᠪᠠᠷ ᠦᠨᠡᠯᠡᠭᠳᠡᠵᠦ᠂ ᠪᠦᠬᠦ ᠤᠯᠤᠰ ᠤᠨ ᠲᠦᠷᠦᠭᠦᠤ ᠪᠦᠯᠦᠭ᠂ ᠪᠦᠬᠦ ᠤᠷᠤᠨ ᠤ ᠴᠤᠷᠢ ᠶᠢᠨ | ᠭᠠᠭᠴᠠ ᠤᠯᠤᠰ ᠤᠨ ᠠᠭᠤᠷ ᠠᠮᠢᠰᠬᠤᠯ ᠤᠨ ᠰᠢᠨᠵᠢ ᠲᠡᠮᠳᠡᠭ ᠤᠨ ᠢᠷᠠᠭᠤ ᠠᠯᠳᠠᠷ ᠢ ᠬᠦᠷᠳᠡᠭᠰᠡᠨ ᠬᠤᠳᠠ ᠪᠤᠯᠪᠠ︔ | | ᠤᠯᠠᠭᠠᠨᠬᠤᠳᠠ ᠶᠢᠨ ᠲᠤᠭᠤᠷ ᠤᠨ ᠭᠤᠤᠯ ᠤᠨ ᠤᠰᠤᠨ ᠠᠰᠢᠭᠯᠠᠯᠳᠠ ᠶᠢᠨ ᠦᠵᠡᠮᠵᠢ ᠶᠢᠨ ᠤᠷᠤᠨ ᠵᠡᠷᠭᠡ 4 | ᠨᠢᠭᠡᠴᠡ ᠤᠯᠤᠰ ᠤᠨ ᠤᠰᠤᠨ ᠠᠰᠢᠭᠯᠠᠯᠳᠠ ᠶᠢᠨ ᠦᠵᠡᠮᠵᠢ ᠶᠢᠨ ᠤᠷᠤᠨ᠂ ᠤᠢ ᠰᠢᠭᠤᠢ ᠶᠢᠨ ᠡᠷᠡᠭᠦᠯᠵᠢᠯ | ᠰᠤᠪᠢᠯᠠᠯ ᠤᠨ ᠰᠠᠭᠤᠷᠢᠨ᠂ ᠤᠢ ᠰᠢᠭᠤᠢ ᠶᠢᠨ ᠤᠢᠢᠯᠠᠭᠠᠯᠳᠠ ᠶᠢᠨ ᠰᠠᠭᠤᠷᠢᠨ᠂ ᠤᠢ ᠰᠢᠭᠤᠢ ᠶᠢᠨ ᠪᠡᠶ᠎ᠠ ᠰᠤᠪᠢᠯᠠᠬᠤ | ᠰᠠᠭᠤᠷᠢᠨ ᠤ ᠨᠡᠷᠡᠶᠢᠳᠦᠯ ᠢ ᠬᠦᠷᠳᠡᠵᠡᠢ᠃ | ᠨᠢᠭᠡ ᠵᠢᠯ ᠤᠨ ᠲᠤᠷᠰᠢ᠂ ᠪᠢᠳᠡ ᠭᠤᠤᠯᠳᠠᠯᠭ᠎ᠠ ᠶᠢ ᠠᠳᠬᠤᠵᠦ ᠲᠤᠳᠠᠭᠤᠳᠠᠯ ᠢᠶᠠᠨ ᠨᠦᠬᠦᠪᠤᠷᠢᠯᠡᠵᠦ᠂ ︽ | ᠭᠤᠷᠪᠠᠨ ᠶᠡᠭᠡ ᠬᠦᠴᠢᠷ ᠠᠰᠠᠭᠤᠳᠠᠯ︾ ᠢ ᠪᠦᠳᠦᠮᠵᠢᠳᠡᠢ ᠰᠢᠢᠳᠪᠤᠷᠢᠯᠡᠪᠡ᠃ ᠬᠤᠳᠠ ᠬᠦᠳᠡᠭᠡ ᠶᠢᠨ ᠰᠠᠭᠤᠭᠠᠯᠢ | ᠠᠷᠠᠳ ᠤᠨ ᠤᠷᠤᠯᠭ᠎ᠠ ᠶᠢ ᠨᠡᠮᠡᠭᠳᠡᠭᠦᠯᠭᠦ ᠬᠦᠴᠢᠷ ᠠᠰᠠᠭᠤᠳᠠᠯ ᠢ ᠬᠦᠴᠦᠯᠡᠨ ᠰᠢᠢᠳᠪᠤᠷᠢᠯᠡᠵᠡᠢ᠃ ᠠᠵᠢᠯ ᠤᠯᠵᠦ | ᠦᠢᠯᠡᠰ ᠪᠦᠳᠦᠭᠡᠬᠦ ᠶᠢ ᠵᠤᠷᠢᠬᠵᠢᠭᠤᠯᠤᠨ ᠲᠡᠮᠵᠢᠬᠦ ᠠᠯᠢ ᠤᠯᠠᠨ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ ᠢ | ᠲᠤᠭᠳᠠᠭᠠᠵᠦ᠂ ︽ᠲᠠᠷᠢᠵᠦ ᠤᠷᠭᠤᠭᠤᠯᠬᠤ ᠦᠢᠯᠡᠰ ᠤᠨ ᠶᠠᠰᠤ ᠴᠢᠨᠠᠷ ᠢ ᠲᠡᠭᠡᠭᠰᠢᠯᠡᠭᠦᠯᠭᠦ᠂ ᠲᠡᠵᠢᠭᠡᠨ ᠦᠷᠡᠵᠢᠭᠦᠯᠭᠦ | ᠦᠢᠯᠡᠰ ᠤᠨ ᠦᠷ᠎ᠠ ᠠᠰᠢᠭ ᠢ ᠲᠠᠬᠢᠨ ᠢᠶᠠᠷ ᠨᠡᠮᠡᠭᠳᠡᠭᠦᠯᠭᠦ᠂ ᠤᠢ ᠵᠢᠮᠢᠰ ᠤᠨ ᠦᠢᠯᠡᠰ ᠤᠨ ᠦᠢᠯᠡᠳᠪᠤᠷᠢᠯᠡᠯ ᠤᠨ | ᠴᠢᠳᠠᠪᠬᠢ ᠶᠢ ᠠᠬᠢᠨ ᠨᠡᠮᠡᠭᠳᠡᠭᠦᠯᠭᠦ︾ ᠠᠵᠢᠯᠯᠠᠭ᠎ᠠ ᠶᠢ ᠶᠡᠭᠡ ᠬᠦᠴᠦᠨ ᠢᠶᠠᠷ ᠭᠡᠷᠡᠭᠵᠢᠭᠦᠯᠵᠦ᠂ ᠲᠠᠷᠢᠶᠠᠯᠠᠩ ᠠᠵᠤ | ᠠᠬᠤᠢᠢᠯᠠᠯ ᠤᠨ ᠠᠰᠢᠭ ᠲᠤᠰᠠ ᠶᠢ ᠬᠤᠯᠪᠤᠯᠳᠤᠭᠤᠯᠬᠤ ᠭᠡᠯᠪᠡᠷᠢ ᠶᠢᠨ ᠲᠤᠭᠳᠠᠴᠠ ᠶᠢ ᠪᠠᠶᠢᠭᠤᠯᠵᠦ᠂ ᠨᠡᠶᠢᠭᠡᠮ ᠤᠨ | ᠪᠠᠳᠤᠯᠠᠪᠤᠷᠢ ᠪᠠ ᠨᠦᠬᠦᠪᠤᠷᠢ ᠶᠢᠨ ᠬᠢᠷᠢ ᠲᠦᠪᠰᠢᠨ ᠢ ᠲᠤᠭᠳᠠᠭᠤᠨ ᠢᠶᠠᠷ ᠲᠡᠭᠡᠭᠰᠢᠯᠡᠭᠦᠯᠵᠦ᠂ ᠤᠯᠠᠨ ᠠᠷᠭ᠎ᠠ | ᠠᠪᠴᠠᠯ ᠢ ᠵᠡᠷᠭᠡᠪᠡᠷ ᠭᠡᠷᠡᠭᠯᠡᠵᠦ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠭᠦᠯᠪᠡ᠃ | ᠨᠢᠳᠤᠨᠤᠨ ᠵᠢᠯ ᠳᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠲᠤᠰ ᠲᠤᠰ 7.2%᠂ 12. | 3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ GDP ᠶᠢᠨ ᠨᠡᠮᠡᠭᠳᠡᠯ ᠤᠨ ᠬᠤᠷᠳᠤᠴᠠ ᠪᠠ ᠪᠦᠬᠦ ᠤᠷᠤᠨ ᠤ | ᠲᠤᠮᠳᠠᠴᠢ ᠬᠢᠷᠢ ᠲᠦᠪᠰᠢᠨ ᠠᠴᠠ ᠦᠨᠳᠦᠷ ᠪᠤᠯᠵᠠᠢ᠃ ᠠᠵᠤ ᠦᠢᠯᠡᠰ ᠤᠨ ᠬᠦᠭᠵᠢᠯᠳᠡ ᠶᠢᠨ ᠬᠦᠴᠢᠷ | ᠠᠰᠠᠭᠤᠳᠠᠯ ᠢ ᠬᠦᠴᠦᠯᠡᠨ ᠰᠢᠢᠳᠪᠤᠷᠢᠯᠡᠵᠡᠢ᠃ ᠤᠰᠤᠨ ᠲᠤᠳᠤᠷᠭ᠎ᠠ ᠶᠢᠨ ᠠᠵᠤ ᠦᠢᠯᠡᠰ ᠢ ᠪᠤᠶᠢᠵᠢᠭᠤᠯᠤᠨ | ᠬᠦᠭᠵᠢᠭᠦᠯᠭᠦ ᠪᠠᠷ ᠰᠢᠪᠳᠤᠯᠤᠯᠳᠠ ᠶᠢᠨ ᠴᠡᠭ ᠪᠤᠯᠭᠠᠵᠦ᠂ ᠪᠤᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ | ᠪᠦᠳᠦᠭᠡᠭᠳᠡᠭᠦᠨ ᠤ ᠨᠡᠷᠡᠳᠦ ᠲᠡᠮᠳᠡᠭ ᠤᠨ ᠪᠠᠶᠢᠭᠤᠯᠤᠯᠳᠠ ᠶᠢᠨ ᠢᠨᠵᠧᠨᠧᠷᠢᠩ ᠢ ᠶᠡᠭᠡ ᠬᠦᠴᠦᠨ ᠢᠶᠠᠷ ᠭᠡᠷᠡᠭᠵᠢᠭᠦᠯᠵᠦ᠂ | ︽ᠬᠢᠩᠭᠠᠨ ᠠᠶᠢᠮᠠᠭ ᠤᠨ ᠲᠤᠳᠤᠷᠭ᠎ᠠ︾᠂ ︽2018 ᠤᠨ ᠤ ᠲᠤᠮᠳᠠᠳᠤ ᠤᠯᠤᠰ ᠤᠨ ᠲᠤᠳᠤᠷᠭ᠎ᠠ ᠶᠢᠨ ᠠᠷᠪᠠᠨ | ᠶᠡᠭᠡ ᠤᠷᠤᠨ ᠪᠦᠰᠡ ᠶᠢᠨ ᠨᠡᠶᠢᠳᠡ ᠶᠢᠨ ᠭᠡᠷᠡᠭᠯᠡᠭᠡᠨ ᠤ ᠨᠡᠷᠡᠳᠦ ᠲᠡᠮᠳᠡᠭ︾ ᠤᠨ ᠢᠷᠠᠭᠤ ᠠᠯᠳᠠᠷ ᠢ ᠬᠦᠷᠳᠡᠵᠦ᠂ | ᠮᠠᠨ ᠤ ᠠᠶᠢᠮᠠᠭ ︽ᠦᠪᠤᠷ ᠮᠤᠩᠭᠤᠯ ᠤᠨ ᠴᠢᠨᠠᠷ ᠰᠠᠶᠢᠳᠠᠢ ᠲᠤᠳᠤᠷᠭ᠎ᠠ ᠶᠢᠨ ᠨᠤᠳᠤᠭ︾ ᠢᠶᠠᠷ ᠦᠨᠡᠯᠡᠭᠳᠡᠵᠦ᠂ ︽ | ᠬᠢᠩᠭᠠᠨ ᠠᠶᠢᠮᠠᠭ ᠤᠨ ᠲᠤᠳᠤᠷᠭ᠎ᠠ︾ ᠶᠢᠨ ᠨᠡᠷᠡᠳᠦ ᠲᠡᠮᠳᠡᠭ ᠤᠨ ᠨᠡᠷ᠎ᠠ ᠠᠯᠳᠠᠷᠰᠢᠯ᠂ ᠵᠠᠬ᠎ᠠ ᠲᠡᠯᠭᠡᠭᠦᠷ ᠤᠨ | ᠦᠷᠢᠰᠦᠯᠳᠦᠬᠦ ᠬᠦᠴᠦᠨ ᠮᠡᠳᠡᠭᠳᠡᠬᠦ᠋ᠢᠴᠡ ᠴᠢᠩᠭᠠᠷᠠᠵᠦ᠂ ᠪᠦᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ | ᠴᠢᠨᠠᠷ ᠰᠠᠶᠢᠳᠠᠢ ᠬᠦᠭᠵᠢᠯᠳᠡ ᠶᠢ ᠵᠢᠱᠢᠶ᠎ᠠ ᠦᠵᠡᠭᠦᠯᠦᠨ ᠲᠠᠶᠢᠴᠢᠯᠠᠵᠠᠢ᠃ ᠪᠠᠶᠢᠯᠳᠤᠬᠤ ᠪᠤᠳᠤᠯᠭ᠎ᠠ ᠶᠢᠨ ᠴᠢᠨᠠᠷᠳᠠᠢ | ᠰᠢᠨ᠎ᠠ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠬᠦᠭᠵᠢᠭᠦᠯᠭᠦ ᠪᠠᠷ ᠭᠤᠤᠯᠳᠠᠯᠭ᠎ᠠ ᠪᠤᠯᠭᠠᠵᠦ᠂ ᠰᠢᠨ᠎ᠠ | ᠬᠠᠭᠤᠴᠢᠨ ᠬᠦᠳᠡᠯᠭᠡᠬᠦ ᠬᠦᠴᠦᠨ ᠤ ᠰᠤᠯᠪᠢᠴᠠᠯ ᠢ ᠲᠦᠷᠭᠡᠳᠭᠡᠨ ᠠᠬᠢᠭᠤᠯᠵᠦ᠂ ᠲᠤᠮᠳᠠᠳᠤ ᠤᠯᠤᠰ ᠤᠨ ᠠᠮᠤ | ᠪᠤᠳᠠᠭᠠᠨ ᠤ ᠪᠦᠯᠦᠭᠯᠡᠯ᠂ ᠲᠤᠮᠳᠠᠳᠤ ᠤᠯᠤᠰ ᠤᠨ ᠭᠤᠸᠠᠩ ᠾᠧ ᠪᠦᠯᠦᠭᠯᠡᠯ ᠵᠡᠷᠭᠡ ᠠᠯᠳᠠᠷᠳᠠᠢ ᠠᠵᠤ ᠠᠬᠤᠢᠢᠯᠠᠯ | ᠬᠢᠩᠭᠠᠨ ᠠᠶᠢᠮᠠᠭ ᠲᠤ ᠨᠤᠳᠤᠭᠰᠢᠵᠦ᠂ ᠬᠠᠸᠠ ᠤᠯᠠᠨ ᠤᠯᠤᠰ ᠤᠨ ᠵᠢᠯᠤᠭᠤᠴᠢ ᠦᠭᠡᠢ ᠨᠢᠰᠭᠡᠯ᠂ ᠾᠧ ᠱᠧᠩ | ᠮᠠᠰᠢᠨ ᠬᠦᠮᠦᠨ ᠵᠢᠴᠢ ᠵᠢᠵᠢᠭ ᠲᠤᠨᠤᠭᠯᠠᠯ ᠵᠡᠷᠭᠡ ᠲᠡᠭᠡᠳᠦ ᠲᠡᠰ ᠤᠨ ᠲᠤᠨᠤᠭᠯᠠᠯ ᠦᠢᠯᠡᠳᠬᠦ ᠲᠦᠷᠦᠯ ᠵᠦᠢᠯ ᠳᠤ | ᠭᠠᠷ ᠤᠨ ᠦᠰᠦᠭ ᠵᠢᠷᠤᠵᠦ᠂ ᠤᠯᠠᠭᠠᠨ ᠬᠢᠮᠢ ᠶᠢᠨ ᠪᠤᠷᠳᠤᠭᠤᠷ ᠪᠠ ᠪᠦᠸᠧ ᠶᠤᠸᠠᠨ ᠰᠢᠨ᠎ᠠ ᠭᠡᠯᠪᠡᠷᠢ ᠶᠢᠨ ᠨᠡᠭᠦᠷᠡᠰᠦ | ᠬᠢᠮᠢ ᠶᠢᠨ ᠠᠵᠤ ᠦᠢᠯᠡᠳᠪᠤᠷᠢ᠂ ᠠᠢ ᠹᠠᠩ ᠮᠤ᠋ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠪᠠ ᠰᠢᠨ | ᠭᠤᠸᠠᠩ ᠭᠡᠷᠡᠯ ᠴᠡᠨᠡᠭ ᠵᠡᠷᠭᠡ ᠰᠢᠨ᠎ᠠ ᠡᠨᠧᠷᠬᠢ᠂ ᠡᠨᠧᠷᠬᠢ ᠠᠷᠪᠢᠯᠠᠬᠤ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠲᠦᠷᠦᠯ ᠵᠦᠢᠯ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠦ᠂ ᠤᠯᠭᠠᠨᠬᠤᠳᠠ ᠶᠢᠨ ᠪᠤᠯᠤᠳ ᠲᠡᠮᠦᠷ ᠤᠨ | ᠦᠢᠯᠡᠳᠪᠤᠷᠢ᠂ ᠲᠠᠮᠠᠬᠢᠨ ᠦᠢᠯᠡᠳᠪᠤᠷᠢ ᠵᠡᠷᠭᠡ ᠤᠯᠠᠮᠵᠢᠯᠠᠯᠳᠤ ᠠᠵᠤ ᠠᠬᠤᠢᠢᠯᠠᠯ ᠤᠨ ᠭᠡᠯᠪᠡᠷᠢ ᠶᠢ ᠬᠤᠪᠢᠷᠠᠭᠤᠯᠤᠨ | ᠲᠡᠰ ᠲᠡᠪᠰᠢᠭᠦᠯᠵᠦ᠂ ᠶᠠᠰᠤ ᠴᠢᠨᠠᠷ ᠢ ᠲᠡᠭᠡᠭᠰᠢᠯᠡᠭᠦᠯᠦᠨ ᠦᠷ᠎ᠠ ᠠᠰᠢᠭ ᠢ ᠨᠡᠮᠡᠭᠳᠡᠭᠦᠯᠵᠦ᠂ ᠪᠦᠬᠦ ᠠᠶᠢᠮᠠᠭ ᠤᠨ ᠠᠵᠤ | ᠦᠢᠯᠡᠳᠪᠤᠷᠢ ᠶᠢᠨ ᠶᠡᠭᠡ ᠬᠦᠭᠵᠢᠯᠳᠡ ᠶᠢ ᠠᠬᠢᠭᠤᠯᠬᠤ ᠳᠤ ᠰᠠᠭᠤᠷᠢ ᠶᠢ ᠪᠠᠳᠤᠳᠬᠠᠵᠦ᠂ ᠨᠦᠭᠡᠴᠡ ᠬᠦᠴᠦᠨ ᠢ | ᠬᠦᠢᠴᠡᠳ ᠪᠦᠷᠢᠳᠦᠭᠦᠯᠪᠡ᠃ ᠤᠯᠤᠰ ᠤᠨ ᠪᠦᠬᠦ ᠤᠷᠤᠨ ᠪᠦᠰᠡ ᠶᠢᠨ ᠵᠤᠭᠠᠴᠠᠯ ᠤᠨ ᠵᠢᠱᠢᠶ᠎ᠠ ᠦᠵᠡᠭᠦᠯᠭᠦ ᠤᠷᠤᠨ ᠢ | ᠡᠭᠦᠳᠦᠨ ᠪᠠᠶᠢᠭᠤᠯᠬᠤ ᠪᠠᠷ ᠭᠠᠷᠳᠠᠴᠠ ᠪᠤᠯᠭᠠᠨ᠂ ᠵᠤᠭᠠᠴᠠᠯ ᠤᠨ ᠬᠦᠴᠦᠷᠭᠡᠭ ᠠᠶᠢᠮᠠᠭ ᠤᠨ ᠪᠠᠶᠢᠯᠳᠤᠬᠤ | ᠪᠤᠳᠤᠯᠭ᠎ᠠ ᠶᠢ ᠪᠦᠬᠦ ᠲᠠᠯ᠎ᠠ ᠪᠠᠷ ᠭᠡᠷᠡᠭᠵᠢᠭᠦᠯᠵᠦ᠂ ᠷᠠᠰᠢᠶᠠᠨ ᠤ ᠤᠯᠠᠨ ᠤᠯᠤᠰ ᠤᠨ ᠪᠡᠶ᠎ᠠ ᠰᠤᠪᠢᠯᠠᠬᠤ ᠮᠦᠰᠦ | ᠴᠠᠰᠤᠨ ᠤ ᠨᠠᠶᠢᠷ ᠪᠠ ᠬᠤᠷᠴᠠ ᠤᠯᠠᠭᠠᠨ ᠴᠡᠴᠡᠭ ᠤᠨ ᠨᠠᠶᠢᠷ᠂ ᠤᠯᠠᠭᠠᠨᠮᠤᠳᠤ ᠲᠠᠯ᠎ᠠ ᠨᠤᠳᠤᠭ ᠤᠨ ᠨᠠᠭᠠᠳᠤᠮ᠂ | ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠪᠠᠳᠤᠴᠠᠭᠠᠨ ᠤ ᠨᠠᠶᠢᠷ ᠵᠡᠷᠭᠡ ᠨᠠᠶᠢᠷ ᠨᠠᠭᠠᠳᠤᠮ ᠤᠨ | ᠠᠵᠢᠯᠯᠠᠭ᠎ᠠ ᠶᠢ ᠠᠮᠵᠢᠯᠳᠠ ᠲᠠᠢ ᠡᠷᠬᠢᠯᠡᠵᠦ᠂ ᠰᠤᠳᠤᠨ ᠪᠦᠳᠦᠭᠡᠯ ᠢ ᠡᠭᠦᠳᠬᠦ ᠪᠠ ᠪᠤᠷᠤᠯᠠᠭᠤᠯᠭ᠎ᠠ ᠶᠢ | ᠴᠢᠩᠭᠠᠳᠬᠠᠬᠤ ᠪᠠᠷ ᠬᠦᠴᠦᠯᠡᠬᠦ ᠴᠡᠭ ᠪᠤᠯᠭᠠᠵᠦ᠂ ᠬᠦᠢᠳᠡᠨ ᠡᠬᠢ ᠪᠠᠶᠠᠯᠢᠭ ᠢ ᠬᠠᠯᠠᠮᠰᠢᠯ ᠠᠵᠤ ᠦᠢᠯᠡᠰ | ᠪᠤᠯᠭᠠᠬᠤ ᠶᠢ ᠶᠡᠭᠡ ᠬᠦᠴᠦᠨ ᠢᠶᠠᠷ ᠠᠬᠢᠭᠤᠯᠵᠦ᠂ ᠡᠪᠤᠯ ᠤᠨ ᠤᠯᠠᠷᠢᠯ ᠤᠨ ᠵᠤᠭᠠᠴᠠᠯ ᠰᠠᠶᠢᠨ ᠡᠬᠢᠯᠡᠯᠳᠡ ᠶᠢ | ᠪᠡᠶᠡᠯᠡᠭᠦᠯᠵᠦ᠂ ᠬᠦᠭᠵᠢᠯᠳᠡ ᠶᠢᠨ ᠡᠷᠴᠢ ᠴᠢᠩᠭᠠᠷᠠᠵᠦ᠂ ᠪᠦᠬᠦ ᠠᠶᠢᠮᠠᠭ ᠤᠨ ᠵᠤᠭᠠᠴᠠᠯ ︽ᠵᠤᠭᠠᠴᠠᠭᠰᠠᠳ 1000 | ᠲᠦᠮᠡ ᠶᠢ ᠲᠠᠪᠠᠭ᠋ᠤ᠂ ᠤᠷᠤᠯᠭ᠎ᠠ 100 ᠳ᠋ᠦᠩᠰᠢᠭᠤᠷ ᠲᠦᠭᠦᠷᠢᠭ ᠢ ᠲᠠᠪᠠᠭ᠋ᠤ︾ ᠬᠠᠷᠠᠯᠳᠠ ᠶᠢ ᠪᠡᠶᠡᠯᠡᠭᠦᠯᠵᠡᠢ᠃ | ᠭᠡᠷᠡᠭᠯᠡᠭᠡ ᠶᠢ ᠦᠷᠭᠡᠳᠭᠡᠬᠦ᠂ ᠠᠵᠤ ᠠᠬᠤᠢ ᠶᠢᠨ ᠨᠡᠮᠡᠭᠳᠡᠯ ᠢ ᠬᠦᠳᠦᠯᠬᠦ ᠪᠠᠷ ᠬᠠᠷᠠᠯᠳᠠ ᠪᠤᠯᠭᠠᠵᠦ᠂ ᠲᠤᠮᠤ | ᠬᠤᠳᠠᠯᠳᠤᠭᠠᠨ ᠤ ᠲᠤᠭᠤᠷᠢᠭ ᠢ ᠪᠤᠶᠢᠵᠢᠭᠤᠯᠤᠨ᠂ ᠲᠤᠮᠤ ᠠᠵᠤ ᠠᠬᠤᠢᠢᠯᠠᠯ ᠢ ᠤᠷᠤᠭᠤᠯᠤᠨ᠂ ᠲᠤᠮᠤ ᠵᠠᠬ᠎ᠠ | ᠲᠡᠯᠭᠡᠭᠦᠷ ᠢ ᠪᠠᠶᠢᠭᠤᠯᠤᠨ᠂ ᠲᠤᠮᠤ ᠪᠤᠳᠠᠰ ᠤᠨ ᠬᠦᠢᠯᠭᠡᠭᠡ ᠶᠢ ᠬᠦᠭᠵᠢᠭᠦᠯᠵᠦ᠂ ᠸᠠᠨ ᠳ᠋ᠠ᠂ ᠬᠤᠩ ᠰᠢᠩ ᠮᠸᠢ ᠺᠠᠢ | ᠯᠦᠩ᠂ ᠢ ᠡᠤ ᠤᠯᠠᠨ ᠤᠯᠤᠰ ᠤᠨ ᠬᠤᠳᠠᠯᠳᠤᠭ᠎ᠠ᠂ ᠵᠢᠤᠢ ᠷᠠᠨ ᡁᠢ ᠵᠢᠶᠠ 4 ᠬᠤᠳᠠᠯᠳᠤᠭᠠᠨ ᠤ ᠶᠡᠷᠦᠩᠭᠡᠢ | ᠴᠤᠭᠴᠠ ᠤᠳᠠᠯ ᠦᠭᠡᠢ ᠠᠰᠢᠭᠯᠠᠯᠳᠠ ᠳᠤ ᠤᠷᠤᠬᠤ ᠪᠠᠷ ᠪᠤᠢ᠃ ᠵᠦᠩ ᠴᠢ ᠶᠦᠨ ᠱᠠᠩ ᠲᠡᠭᠡᠳᠦ ᠲᠡᠰ ᠤᠨ | ᠪᠤᠳᠠᠰ ᠤᠨ ᠬᠦᠢᠯᠭᠡᠭᠡᠨ ᠤ ᠠᠵᠤ ᠦᠢᠯᠡᠰ ᠤᠨ ᠲᠤᠭᠤᠷᠢᠭ᠂ ᠬᠤᠨᠠᠨ ᠦᠪᠤᠷ ᠮᠤᠩᠭᠤᠯ ᠤᠨ ᠲᠠᠷᠢᠶᠠᠯᠠᠩ ᠤᠨ | ᠪᠦᠳᠦᠭᠡᠭᠳᠡᠭᠦᠨ ᠢ ᠪᠤᠯᠪᠠᠰᠤᠷᠠᠭᠤᠯᠬᠤ ᠪᠤᠳᠠᠰ ᠤᠨ ᠬᠦᠢᠯᠭᠡᠭᠡᠨ ᠤ ᠬᠦᠷᠢᠶᠡᠯᠡᠩ ᠵᠡᠷᠭᠡ ᠪᠤᠳᠠᠰ ᠤᠨ ᠬᠦᠢᠯᠭᠡᠭᠡᠨ ᠤ | ᠲᠦᠷᠦᠯ ᠵᠦᠢᠯ ᠳᠤ ᠭᠠᠷ ᠤᠨ ᠦᠰᠦᠭ ᠵᠢᠷᠤᠵᠦ᠂ ᠠᠯᠢᠪᠠᠪᠠ᠂ ᠵᠢᠩ ᠳ᠋ᠦᠩ᠂ ᠰᠤ᠋ ᠨᠢᠩ ᠢ ᠭᠸᠤ ᠵᠡᠷᠭᠡ ᠠᠯᠳᠠᠷᠳᠤ | ᠡᠯᠧᠺᠳ᠋ᠷᠦᠨ ᠬᠤᠳᠠᠯᠳᠤᠭᠠᠨ ᠤ ᠲᠠᠪᠴᠠᠩ ᠲᠠᠢ ᠨᠢᠭᠳᠠ ᠬᠠᠮᠵᠢᠯᠴᠠᠵᠦ᠂ ᠠᠷᠠᠯᠵᠢᠶ᠎ᠠ ᠬᠤᠳᠠᠯᠳᠤᠭᠠᠨ ᠤ ᠪᠤᠳᠠᠰ ᠤᠨ | ᠬᠦᠢᠯᠭᠡᠭᠡ ᠰᠢᠨ᠎ᠠ ᠪᠠᠷ ᠪᠤᠢ ᠪᠤᠯᠤᠨ ᠬᠦᠴᠦᠷᠭᠡᠭᠵᠢᠵᠦ᠂ ᠬᠤᠳᠠ ᠬᠦᠳᠡᠭᠡ ᠶᠢᠨ ᠠᠵᠤ ᠠᠬᠤᠢ ᠶᠢᠨ ᠪᠠᠳᠠᠷᠠᠨ | ᠬᠦᠭᠵᠢᠭᠦ ᠶᠢ ᠠᠬᠢᠭᠤᠯᠵᠠᠢ᠃ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠭᠦᠯᠭᠦ ᠬᠦᠴᠢᠷ | ᠠᠰᠠᠭᠤᠳᠠᠯ ᠢ ᠬᠦᠴᠦᠯᠡᠨ ᠰᠢᠢᠳᠪᠤᠷᠢᠯᠡᠵᠡᠢ᠃ ᠡᠷᠭᠡ ᠶᠢ ᠰᠤᠯᠠᠯᠠᠬᠤ᠂ ᠰᠤᠯᠠᠯᠠᠨ ᠬᠠᠮᠢᠶᠠᠷᠬᠤ ᠶᠢ ᠤᠶᠠᠯᠳᠤᠭᠤᠯᠬᠤ᠂ | ᠦᠢᠯᠡᠴᠢᠯᠡᠭᠡ ᠶᠢ ᠰᠢᠯᠢᠳᠡᠭᠵᠢᠭᠦᠯᠭᠦ ᠦᠭᠡᠷᠡᠴᠢᠯᠡᠯᠳᠡ ᠪᠠ ᠬᠤᠳᠠᠯᠳᠤᠭᠠᠨ ᠤ ᠶᠠᠪᠤᠳᠠᠯ ᠤᠨ ᠲᠦᠷᠢᠮ ᠤᠨ | ᠦᠭᠡᠷᠡᠴᠢᠯᠡᠯᠳᠡ ᠶᠢ ᠬᠦᠨᠵᠡᠭᠡᠢ ᠠᠬᠢᠭᠤᠯᠵᠦ᠂ ᠵᠠᠰᠠᠭ ᠤᠨ ᠤᠷᠳᠤᠨ ᠤ ᠦᠢᠯᠡᠴᠢᠯᠡᠭᠡᠨ ᠤ ᠴᠢᠳᠠᠪᠬᠢ ᠶᠢ ᠬᠦᠴᠦᠯᠡᠨ | ᠲᠡᠭᠡᠭᠰᠢᠯᠡᠭᠦᠯᠵᠦ᠂ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠶᠢ ᠲᠡᠮᠵᠢᠬᠦ ︽ᠠᠷᠪᠠᠨ | ᠲᠦᠷᠦᠯ ᠤᠨ ᠠᠷᠭ᠎ᠠ ᠠᠪᠴᠠᠯ︾ ᠢ ᠲᠤᠭᠳᠠᠭᠠᠵᠦ᠂ ᠠᠶᠢᠮᠠᠭ ᠤᠨ ᠲᠡᠰ ᠤᠨ ᠤᠳᠤᠷᠢᠳᠤᠯᠭ᠎ᠠ ᠭᠤᠤᠯᠳᠠᠯᠭ᠎ᠠ ᠲᠠᠢ | ᠠᠵᠤ ᠠᠬᠤᠢᠢᠯᠠᠯ ᠢ ᠲᠠᠭᠠᠭᠠᠴᠢᠯᠠᠨ ᠬᠠᠷᠢᠯᠴᠠᠬᠤ ᠪᠠ ᠠᠵᠤ ᠠᠬᠤᠢᠢᠯᠠᠯᠳᠠᠠ ᠲᠠᠢ ᠬᠠᠷᠢᠯᠴᠠᠬᠤ ᠲᠦᠷᠢᠮ ᠢ | ᠭᠡᠷᠡᠭᠵᠢᠭᠦᠯᠵᠦ᠂ ᠵᠤᠭᠤᠰ ᠮᠦᠩᠭᠦ ᠪᠠ ᠦᠨᠡᠨᠴᠢ ᠰᠡᠳᠬᠢᠯ ᠢᠶᠠᠷ ᠡᠯ᠎ᠠ ᠵᠦᠢᠯ ᠤᠨ ᠵᠠᠬ᠎ᠠ ᠲᠡᠯᠭᠡᠭᠦᠷ ᠤᠨ ᠭᠤᠤᠯ | ᠴᠤᠭᠴᠠ ᠶᠢᠨ ᠬᠦᠭᠵᠢᠨ ᠪᠤᠵᠠᠭᠠᠢᠢᠷᠠᠬᠤ ᠶᠢ ᠬᠠᠪᠰᠤᠷᠤᠨ ᠲᠡᠮᠵᠢᠵᠦ᠂ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ | ᠢᠯᠡᠳᠳᠡ ᠰᠠᠶᠢᠵᠢᠷᠠᠵᠠᠢ᠃ | ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠢ ᠠᠳᠬᠤᠵᠦ ᠲᠤᠭᠳᠠᠭᠤᠨ ᠢ ᠪᠠᠳᠤᠯᠠᠨ᠂ ᠠᠷᠠᠳ | ᠤᠯᠠᠨ ᠤ ᠬᠦᠷᠳᠡᠮᠵᠢ ᠶᠢᠨ ᠰᠡᠳᠬᠢᠯᠭᠡ ᠢᠯᠡᠷᠭᠡᠢ ᠴᠢᠩᠭᠠᠷᠠᠵᠠᠢ᠃ ᠰᠤᠷᠭᠠᠨ ᠬᠦᠮᠦᠵᠢᠯ ᠤᠨ ᠦᠢᠯᠡᠰ ᠢ ᠶᠡᠬᠡᠪᠡᠷ | ᠬᠦᠭᠵᠢᠬᠦᠯᠪᠡ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠪᠠ ᠦᠨᠳᠦᠰᠦᠳᠡᠨ ᠤ | ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠵᠦ᠂ ᠰᠤᠷᠬᠤ ᠨᠠᠰᠤᠨ ᠠᠴᠠ | ᠡᠮᠦᠨᠡᠬᠢ ᠬᠡᠤᠬᠡᠳ ᠤᠨ ᠴᠡᠴᠡᠷᠯᠢᠭ ᠲᠤ ᠤᠷᠤᠬᠤ ᠨᠤᠷᠮ᠎ᠠ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ | ᠬᠦᠮᠦᠵᠢᠯ ᠢ ᠪᠠᠳᠤᠳᠬᠠᠬᠰᠠᠨ ᠨᠤᠷᠮ᠎ᠠ ᠪᠠ ᠦᠨᠳᠦᠷ ᠲᠤᠮᠳᠠᠳᠦ ᠶᠢᠨ ᠬᠤᠭᠤᠴᠠᠭᠠᠨ ᠤ ᠰᠤᠷᠤᠭᠴᠢ ᠶᠢᠨ | ᠰᠤᠷᠭᠠᠭᠤᠯᠢ ᠳᠤ ᠤᠷᠤᠬᠤ ᠨᠤᠷᠮ᠎ᠠ ᠤᠯᠠᠮ ᠨᠢᠭᠡ ᠠᠯᠬᠤᠮ ᠲᠡᠭᠡᠭᠰᠢᠯᠡᠵᠦ᠂ ᠲᠤᠮᠳᠠ ᠵᠡᠷᠭᠡ ᠪᠠ ᠦᠨᠳᠦᠷ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠯᠠᠨ ᠲᠠᠯ᠎ᠠ ᠶᠢᠨ ᠦᠷ᠎ᠠ ᠪᠦᠳᠦᠭᠡᠯ ᠪᠦᠷ ᠱᠠᠩᠨᠠᠯ ᠬᠦᠷᠳᠡᠵᠦ᠂ ᠡᠯ᠎ᠠ | ᠱᠠᠳᠤᠨ ᠤ ᠡᠯ᠎ᠠ ᠲᠦᠷᠦᠯ ᠤᠨ ᠰᠤᠷᠭᠠᠨ ᠬᠦᠮᠦᠵᠢᠯ ᠲᠡᠩᠴᠡᠬᠦᠷᠢᠳᠡᠢ ᠵᠤᠬᠢᠴᠠᠩᠭᠤᠢ ᠪᠠᠷ ᠬᠦᠭᠵᠢᠪᠡ᠃ ᠡᠮ ᠡᠮᠨᠡᠯᠭᠡ | ᠡᠷᠡᠬᠦᠯ ᠬᠠᠮᠠᠭᠠᠯᠠᠯ ᠤᠨ ᠨᠦᠬᠦᠴᠡᠯ ᠢ ᠦᠷᠬᠦᠯᠵᠢᠯᠡᠨ ᠰᠠᠶᠢᠵᠢᠷᠠᠭᠤᠯᠪᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ | ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠤᠷᠤᠨ ᠪᠦᠰᠡ ᠠᠯᠤᠰᠯᠠᠭᠰᠠᠨ ᠡᠮ ᠡᠮᠨᠡᠯᠭᠡ ᠶᠢᠨ | ᠬᠤᠯᠪᠤᠭᠠᠯᠠᠯ ᠪᠠ ᠠᠶᠢᠮᠠᠭ ᠤᠨ ᠬᠡᠪᠴᠢᠶᠡᠨ ᠤ ᠡᠮ ᠡᠮᠨᠡᠯᠭᠡ ᠶᠢᠨ ᠬᠤᠯᠪᠤᠭᠠᠯᠠᠯ ᠢ ᠪᠠᠶᠢᠭᠤᠯᠵᠦ᠂ ᠭᠡᠷ ᠪᠦᠯᠢ ᠶᠢᠨ | ᠡᠮᠴᠢ ᠶᠢᠨ ᠦᠢᠯᠡᠴᠢᠯᠡᠭᠡᠨ ᠤ ᠪᠦᠯᠬᠦᠮ ᠢ ᠪᠠᠶᠢᠭᠤᠯᠵᠦ᠂ ᠲᠡᠰ ᠬᠤᠪᠢᠶᠠᠨ ᠤᠨᠤᠰᠢᠯᠠᠨ ᠵᠠᠰᠠᠬᠤ ᠪᠠ ᠡᠮ ᠤᠨ | ᠵᠦᠢᠯᠡᠰ ᠢ ᠲᠡᠭ ᠵᠦᠷᠢᠶᠡᠳᠦ ᠦᠨ᠎ᠡ ᠪᠠᠷ ᠪᠤᠷᠤᠯᠠᠭᠤᠯᠬᠤ ᠶᠢ ᠬᠡᠷᠡᠭᠵᠢᠬᠦᠯᠵᠦ᠂ ᠤᠯᠠᠨ ᠨᠡᠶᠢᠳᠡ ᠶᠢᠨ ᠡᠷᠡᠬᠦᠯ | ᠬᠠᠮᠠᠭᠠᠯᠠᠯ ᠤᠨ ᠰᠢᠰᠲ᠋ᠧᠮ ᠪᠠ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠤᠯᠠᠮ ᠢᠶᠠᠷ | ᠲᠡᠬᠦᠯᠳᠡᠷᠵᠢᠪᠡ᠃ ᠰᠤᠶᠤᠯ ᠤᠨ ᠠᠵᠢᠯ ᠦᠢᠯᠡᠰ ᠢ ᠴᠡᠴᠡᠭᠯᠡᠭᠦᠯᠦᠨ ᠬᠦᠭᠵᠢᠬᠦᠯᠪᠡ᠃ ᠰᠤᠶᠤᠯ ᠢᠶᠠᠷ ᠠᠷᠠᠳ ᠲᠤ | ᠠᠰᠢᠭ ᠬᠦᠷᠳᠡᠭᠡᠬᠦ ᠢᠨᠵᠧᠨᠧᠷᠢᠩ ᠢ ᠬᠦᠨᠵᠡᠭᠡᠢ ᠶᠠᠪᠤᠭᠳᠠᠭᠤᠯᠵᠦ᠂ ᠮᠤᠩᠭᠤᠯ ᠶᠤᠸᠠᠨ ᠤ ᠰᠤᠶᠤᠯ ᠤᠨ ᠠᠵᠦ | ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠠᠶᠢᠭᠤᠯᠤᠯᠳᠠ ᠶᠢ ᠡᠬᠢᠯᠡᠬᠦᠯᠵᠦ᠂ ᠤᠯᠠᠭᠠᠨᠮᠦ᠋ᠴᠢᠷ ᠤᠨ ᠲᠡᠭᠡᠳᠦ | ᠰᠤᠷᠭᠠᠭᠤᠯᠢ ᠪᠠ ᠠᠵᠢᠯ ᠤᠨ ᠴᠢᠯᠦᠭᠡᠨ ᠤ ᠤᠯᠠᠭᠠᠨᠮᠦ᠋ᠴᠢᠷ ᠤᠨ ᠡᠩᠨᠡᠭᠡ ᠶᠢ ᠡᠬᠦᠰᠭᠡᠨ ᠪᠠᠶᠢᠭᠤᠯᠵᠦ᠂ ︽ᠵᠠᠭᠤᠨ | ᠪᠦᠯᠬᠦᠮ ᠮᠢᠩᠭᠠᠨ ᠲᠠᠯᠠᠪᠤᠷ︾ ᠤᠳᠬ᠎ᠠ ᠤᠷᠠᠯᠢᠭ ᠤᠨ ᠲᠤᠭᠯᠠᠯᠳᠠ ᠭᠠᠷᠭᠠᠬᠤ ᠠᠵᠢᠯᠯᠠᠭ᠎ᠠ ᠶᠢ ᠶᠠᠪᠤᠭᠳᠠᠭᠤᠯᠵᠦ᠂ | ᠡᠯ᠎ᠠ ᠦᠨᠳᠦᠰᠦᠳᠡᠨ ᠤ ᠤᠯᠠᠨ ᠲᠦᠮᠡᠨ ᠳᠤ ᠨᠡᠩ ᠪᠠᠶᠠᠯᠢᠭ ᠤᠶᠤᠨ ᠤᠬᠠᠭᠠᠨ ᠤ ᠠᠮᠦ ᠬᠦᠨᠡᠰᠦ ᠶᠢ ᠬᠠᠩᠭᠠᠭᠰᠠᠨ | ᠪᠠᠶᠢᠨ᠎ᠠ᠃ ᠨᠢᠳᠤᠨᠤᠨ ᠵᠢᠯ ᠳᠤ᠂ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤ ᠪᠦᠬᠦ ᠤᠷᠤᠨ ᠤ ᠴᠤᠷᠢ ᠶᠢᠨ | ᠭᠠᠭᠴᠠ ᠪᠦᠬᠦ ᠤᠯᠤᠰ ᠤᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠵᠤ ᠤᠯᠠᠮᠵᠢᠯᠠᠬᠤ ᠠᠵᠢᠭᠯᠠᠯᠳᠠ ᠶᠢᠨ | ᠴᠡᠭ ᠪᠤᠯᠪᠠ᠃ ᠨᠡᠶᠢᠭᠡᠮ ᠤᠨ ᠪᠠᠳᠤᠯᠠᠪᠤᠷᠢ ᠶᠢᠨ ᠴᠢᠳᠠᠪᠬᠢ ᠶᠢ ᠲᠠᠰᠤᠷᠠᠯᠳᠠ ᠦᠭᠡᠢ ᠲᠡᠭᠡᠭᠰᠢᠯᠡᠬᠦᠯᠪᠡ᠃ ᠪᠦᠬᠦ | ᠠᠷᠠᠳ ᠢᠶᠠᠷ ᠢᠶᠠᠨ ᠲᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠶᠠᠪᠤᠭᠳᠠᠭᠤᠯᠵᠦ᠂ ᠦᠨᠳᠦᠰᠦᠨ ᠨᠠᠰᠤᠵᠢᠯ ᠤᠨ | ᠲᠠᠭᠠᠳᠬᠠᠯ᠂ ᠠᠵᠢᠯ ᠠᠯᠳᠠᠬᠤ᠂ ᠠᠵᠢᠯ ᠠᠴᠠ ᠪᠤᠯᠤᠭᠰᠠᠨ ᠭᠡᠮᠳᠦᠯ ᠤᠨ ᠲᠠᠭᠠᠳᠬᠠᠯ ᠳᠤ ᠤᠷᠤᠯᠴᠠᠬᠤ ᠨᠤᠷᠮ᠎ᠠ | 90% ᠠᠴᠠ ᠲᠡᠭᠡᠭᠰᠢ ᠪᠤᠯᠵᠦ᠂ ᠦᠨᠳᠦᠰᠦᠨ ᠡᠮ ᠡᠮᠨᠡᠯᠭᠡ ᠶᠢᠨ ᠲᠠᠭᠠᠳᠬᠠᠯ᠂ ᠬᠤᠳᠠ ᠬᠦᠳᠡᠭᠡ ᠶᠢᠨ ᠬᠠᠮᠤᠭ | ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢ ᠪᠦᠬᠦᠨ ᠢ ᠪᠦᠷᠭᠦᠭᠦᠯᠵᠦ᠂ ᠨᠡᠶᠢᠭᠡᠮ ᠤᠨ ᠪᠠᠳᠤᠯᠠᠪᠤᠷᠢ ᠶᠢᠨ | ᠲᠤᠤᠷ ᠤᠯᠠᠮ ᠨᠢᠭᠡ ᠠᠯᠬᠤᠮ ᠪᠠᠬᠢᠵᠢᠭ᠍ᠰᠡᠨ ᠪᠠᠶᠢᠨ᠎ᠠ᠃ ᠪᠠᠳᠤᠯᠠᠪᠤᠷᠢ ᠶᠢᠨ ᠴᠢᠨᠠᠷᠳᠠᠢ ᠤᠷᠤᠨ ᠰᠠᠭᠤᠴᠠ ᠶᠢᠨ | ᠪᠠᠶᠢᠭᠤᠯᠤᠯᠳᠠ ᠶᠢ ᠲᠦᠷᠭᠡᠳᠭᠡᠵᠦ᠂ ᠬᠤᠳᠠ ᠶᠢᠨ ᠲᠦᠬᠦᠮ ᠪᠦᠳᠦᠴᠡᠳᠦ ᠤᠷᠤᠨ ᠰᠠᠭᠤᠴᠠ ᠶᠢ ᠵᠠᠰᠠᠨ | ᠰᠢᠨᠡᠳᠭᠡᠬᠦ ᠶᠢ ᠬᠦᠴᠦᠳᠡᠢ ᠠᠬᠢᠭᠤᠯᠵᠦ᠂ ᠬᠦᠳᠡᠭᠡ ᠲᠤᠰᠬᠤᠨ ᠤ ᠨᠤᠷᠠᠬᠤ ᠠᠶᠤᠯᠳᠡᠢ ᠭᠡᠷ ᠪᠠᠶᠢᠰᠢᠩ ᠢ ᠪᠦᠬᠦᠨ ᠢ | ᠦᠭᠡᠶᠢᠰᠭᠡᠵᠦ ᠤᠷᠤᠨ ᠰᠠᠭᠤᠴᠠ ᠶᠢᠨ ᠲᠠᠯ᠎ᠠ ᠪᠠᠷ ᠬᠦᠴᠢᠷᠳᠡᠯ ᠲᠠᠢ ᠤᠯᠠᠨ ᠲᠦᠮᠡᠨ ᠠᠮᠤᠭᠤᠯᠠᠩ ᠤᠷᠤᠨ | ᠰᠠᠭᠤᠴᠠ ᠶᠢᠨ ᠬᠦᠰᠡᠯ ᠢᠶᠠᠨ ᠲᠡᠷᠭᠡᠯᠰᠢᠬᠦᠯᠦᠭᠰᠡᠨ ᠪᠠᠶᠢᠨ᠎ᠠ᠃ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ | ᠡᠬᠦᠳᠦᠨ ᠪᠠᠶᠢᠭᠤᠯᠬᠤ ᠦᠷ᠎ᠠ ᠪᠦᠳᠦᠭᠡᠯ ᠢ ᠦᠷᠬᠦᠯᠵᠢᠯᠡᠨ ᠪᠠᠬᠢᠵᠢᠬᠦᠯᠵᠡᠢ᠃ ︽ᠦᠨᠳᠦᠰᠦᠳᠡᠨ ᠤ ᠪᠦᠯᠬᠦᠮᠳᠡᠯ | ᠲᠠᠪᠰᠢᠯᠳᠠ ᠪᠠ ᠬᠢᠯᠢ ᠬᠢᠵᠠᠭᠠᠷ ᠤᠨ ᠲᠤᠭᠳᠠᠭᠤᠨ ᠢ ᠯᠠᠪᠳᠠᠭᠤᠨ ᠪᠠᠳᠤᠳᠠᠢ ᠠᠬᠢᠭᠤᠯᠬᠤ ᠲᠤᠬᠠᠢ ᠬᠡᠷᠡᠭᠵᠢᠬᠦᠯᠬᠦ ᠰᠠᠨᠠᠯ | ︾ ᠢ ᠲᠤᠭᠳᠠᠭᠠᠨ᠂ ᠬᠢᠯᠢ ᠬᠢᠵᠠᠭᠠᠷ ᠤᠷᠤᠨ ᠢ ᠬᠦᠭᠵᠢᠭᠦᠯᠦᠨ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠪᠠ ︽ | ᠲᠠᠪᠤᠨ ᠨᠢᠭᠡ︾ ᠠᠵᠢᠯᠯᠠᠭ᠎ᠠ ᠶᠢᠨ ᠲᠦᠯᠦᠪᠯᠡᠭᠡ ᠶᠢ ᠶᠡᠭᠡ ᠬᠦᠴᠦᠨ ᠢᠶᠠᠷ ᠬᠡᠷᠡᠭᠵᠢᠬᠦᠯᠵᠦ᠂ ︽ᠦᠨᠳᠦᠰᠦᠳᠡᠨ | ᠪᠦᠬᠦᠨ ᠪᠦᠯᠭᠦᠮᠳᠡᠵᠦ ᠨᠢᠭᠡ ᠭᠡᠷ ᠮᠡᠳᠦ ᠲᠤᠳᠤᠨᠤ︾ ᠵᠡᠷᠭᠡ ᠠᠯᠢ ᠤᠯᠠᠨ ᠠᠵᠢᠯᠯᠠᠭ᠎ᠠ ᠶᠢ ᠦᠷᠭᠡᠨ ᠢᠶᠠᠷ | ᠶᠠᠪᠤᠭᠳᠠᠭᠤᠯᠵᠦ᠂ ᠦᠨᠳᠦᠰᠦᠳᠡᠨ ᠤ ᠰᠢᠯᠢᠳᠡᠭ ᠤᠯᠠᠮᠵᠢᠯᠠᠯᠳᠦ ᠰᠤᠶᠤᠯ ᠢ ᠢᠳᠡᠪᠬᠢᠳᠡᠢ ᠪᠠᠷ ᠤᠯᠠᠮᠵᠢᠯᠠᠨ | ᠪᠠᠳᠠᠷᠠᠭᠤᠯᠤᠨ᠂ ︽ᠬᠠᠮᠳᠦᠪᠡᠷ ᠪᠦᠯᠬᠦᠮᠳᠡᠨ ᠲᠡᠮᠡᠴᠡᠵᠦ ᠬᠠᠮᠳᠦᠪᠡᠷ ᠴᠡᠴᠡᠭᠯᠡᠨ ᠬᠦᠭᠵᠢᠬᠦ︾᠂ ︽ᠬᠢᠳᠡᠳ | ᠦᠨᠳᠦᠰᠦᠳᠡᠨ ᠴᠦᠭᠡᠨ ᠲᠤᠭᠠᠳᠦ ᠦᠨᠳᠦᠰᠦᠳᠡᠨ ᠠᠴᠠ ᠰᠠᠯᠵᠦ ᠴᠢᠳᠠᠬᠤ ᠦᠭᠡᠢ᠂ ᠴᠦᠭᠡᠨ ᠲᠤᠭᠠᠳᠦ | ᠦᠨᠳᠦᠰᠦᠳᠡᠨ ᠬᠢᠳᠡᠳ ᠦᠨᠳᠦᠰᠦᠳᠡᠨ ᠠᠴᠠ ᠰᠠᠯᠵᠦ ᠴᠢᠳᠠᠬᠤ ᠦᠭᠡᠢ᠂ ᠴᠦᠭᠡᠨ ᠲᠤᠭᠠᠳᠦ ᠦᠨᠳᠦᠰᠦᠳᠡᠨ | ᠴᠦᠭᠡᠨ ᠲᠤᠭᠠᠳᠦ ᠦᠨᠳᠦᠰᠦᠳᠡᠨ ᠠᠴᠠ ᠰᠠᠯᠵᠦ ᠴᠢᠳᠠᠬᠤ ᠦᠭᠡᠢ︾᠂ ︽ᠲᠠᠪᠤ ᠶᠢ ᠮᠡᠳᠡᠷᠡᠬᠦ︾ ᠦᠵᠡᠯ ᠰᠠᠨᠠᠭ᠎ᠠ ᠶᠢ | ᠬᠦᠮᠦᠰ ᠤᠨ ᠰᠡᠳᠬᠢᠯ ᠳᠤ ᠬᠦᠨ ᠬᠠᠳᠠᠩᠰᠢᠭᠤᠯᠤᠭᠰᠠᠨ ᠪᠠᠶᠢᠨ᠎ᠠ᠃ ᠨᠡᠶᠢᠭᠡᠮ ᠤᠨ ᠲᠤᠭᠳᠠᠭᠤᠨ ᠢ ᠬᠦᠴᠦᠯᠡᠨ | ᠬᠠᠮᠠᠭᠠᠯᠠᠪᠠ᠃ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠦᠷᠬᠦᠯᠵᠢᠯᠡᠨ ᠰᠠᠶᠢᠨ ᠪᠠᠶᠢᠳᠠᠯ ᠲᠠᠢ ᠪᠤᠯᠵᠦ᠂ | ᠨᠡᠶᠢᠭᠡᠮ ᠤᠨ ᠠᠮᠤᠷ ᠢ ᠬᠠᠮᠠᠭᠠᠯᠠᠬᠤ ᠪᠠ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠲᠤᠭᠳᠠᠪᠤᠷᠢᠳᠠᠢ ᠪᠠᠶᠢᠬᠤ ᠶᠢ | ᠪᠠᠳᠤᠯᠠᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠨᠵᠡᠭᠡᠢ ᠠᠬᠢᠭᠤᠯᠵᠦ᠂ | ᠠᠮᠢᠨ ᠬᠡᠷᠡᠭ ᠪᠦᠬᠦᠨ ᠢ ᠲᠠᠩᠨᠠᠨ ᠢᠯᠡᠷᠡᠬᠦᠯᠵᠦ᠂ ᠠᠹᠷᠢᠺᠠ ᠶᠢᠨ ᠭᠠᠭ᠋ᠠᠢ ᠶᠢᠨ ᠬᠢᠵᠢᠭ ᠢ ᠪᠦᠳᠦᠮᠵᠢᠳᠡᠢ ᠰᠡᠷᠭᠡᠶᠢᠯᠡᠨ | ᠡᠵᠡᠮᠳᠡᠵᠦ᠂ ᠪᠦᠬᠦ ᠠᠶᠢᠮᠠᠭ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ᠂ ᠨᠠᠢᠮᠠᠨ ᠲᠦᠷᠦᠯ ᠤᠨ ᠭᠤᠤᠯ | ᠡᠷᠡᠬᠦᠦ ᠶᠢᠨ ᠬᠡᠷᠡᠭ᠂ ︽ᠪᠤᠯᠢᠶᠠᠨ ᠲᠡᠭᠡᠷᠡᠮᠳᠡᠬᠦ ᠬᠤᠯᠠᠭᠠᠢᠢᠯᠠᠬᠤ︾ ᠬᠡᠷᠡᠭ ᠵᠢᠴᠢ ᠵᠠᠬᠢᠳᠠᠯ ᠰᠤᠷᠪᠤᠯᠵᠢᠯᠠᠭ᠎ᠠ ᠬᠢᠬᠦ | ᠪᠠᠶᠢᠳᠡᠯ ᠶᠡᠭᠡᠪᠡᠷ ᠨᠠᠮᠳᠠᠵᠤ᠂ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ᠂ | ᠠᠮᠤᠷ ᠲᠦᠪᠰᠢᠨ ᠤ ᠲᠦᠷᠦᠭᠳᠡᠯ ᠢᠯᠡᠷᠭᠡᠢ ᠴᠢᠩᠭᠠᠷᠠᠵᠠᠢ᠃ | ᠨᠢᠭᠡ ᠵᠢᠯ ᠤᠨ ᠲᠤᠷᠰᠢ᠂ ᠪᠢᠳᠡ ᠦᠭᠡᠷᠡᠴᠢᠯᠡᠯᠳᠡ ᠶᠢ ᠠᠳᠬᠤᠵᠦ ᠨᠡᠭᠡᠭᠡᠯᠳᠡ ᠶᠢ ᠠᠬᠢᠭᠤᠯᠵᠦ᠂ ᠠᠵᠦ ᠠᠬᠤᠢ ᠶᠢᠨ | ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠪᠦᠳᠦᠮᠵᠢᠳᠡᠢ ᠤᠷᠮᠠᠰᠢᠭᠤᠯᠵᠠᠢ᠃ ᠡᠯ᠎ᠠ ᠲᠦᠷᠦᠯ ᠤᠨ | ᠦᠭᠡᠷᠡᠴᠢᠯᠡᠯᠳᠡ ᠶᠢᠨ ᠠᠷᠭ᠎ᠠ ᠠᠪᠴᠠᠯ ᠢ ᠴᠢᠩᠭ᠎ᠠ ᠠᠳᠬᠤᠵᠦ ᠨᠠᠶᠢᠳᠠᠪᠤᠷᠢᠵᠢᠭᠤᠯᠪᠠ᠃ ᠤᠳᠤᠷᠢᠳᠬᠤ ᠺᠠᠳ᠋ᠷ | ᠲᠦᠷᠦᠭᠦᠯᠡᠨ ᠦᠭᠡᠷᠡᠴᠢᠯᠡᠬᠦ ᠲᠤᠭᠳᠠᠴᠠ ᠶᠢ ᠪᠠᠶᠢᠭᠤᠯᠤᠨ ᠲᠡᠬᠦᠯᠳᠡᠷᠵᠢᠬᠦᠯᠵᠦ᠂ ᠭᠤᠤᠯᠳᠠᠯᠭ᠎ᠠ ᠲᠠᠢ | ᠦᠭᠡᠷᠡᠴᠢᠯᠡᠯᠳᠡ ᠶᠢᠨ ᠡᠬᠦᠷᠭᠡ ᠶᠢ ᠲᠦᠷᠦᠯ ᠵᠦᠢᠯᠵᠢᠬᠦᠯᠬᠦ ᠬᠠᠮᠢᠶᠠᠷᠤᠯᠳᠠ ᠶᠢ ᠶᠠᠪᠤᠭᠳᠠᠭᠤᠯᠵᠦ᠂ ᠡᠯ᠎ᠠ ᠬᠦᠷᠢᠶ᠎ᠡ | ᠬᠡᠪᠴᠢᠶᠡᠨ ᠤ ᠦᠭᠡᠷᠡᠴᠢᠯᠡᠯᠳᠡ ᠪᠦᠬᠦ ᠲᠠᠯ᠎ᠠ ᠪᠠᠷ ᠬᠦᠨᠵᠡᠭᠡᠶᠢᠷᠡᠨ᠂ ︽ᠬᠤᠳᠠ ᠶᠢᠨ ᠬᠤᠤᠰ ᠵᠠᠰᠠᠯᠳᠠ︾᠂ ︽ | ᠵᠠᠭᠤᠨ ᠬᠤᠳᠠ ᠲᠦᠮᠡᠨ ᠲᠤᠰᠬᠤᠨ︾ ᠭᠡᠷ ᠤᠨ ᠶᠠᠪᠤᠳᠠᠯ ᠢᠶᠠᠷ ᠶᠠᠳᠠᠭᠤ ᠶᠢ ᠲᠡᠳᠬᠦᠬᠦ᠂ ᠬᠠᠩᠭᠠᠨ ᠪᠤᠷᠤᠯᠠᠭᠤᠯᠬᠤ | ᠲᠤᠰᠬᠠᠢ ᠬᠤᠷᠰᠢᠶᠠᠵᠢᠯ ᠤᠨ ᠶᠡᠷᠦᠩᠭᠡᠶᠢᠯᠡᠭᠰᠡᠨ ᠦᠭᠡᠷᠡᠴᠢᠯᠡᠯᠳᠡ ᠵᠡᠷᠭᠡ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ | ᠦᠭᠡᠷᠡᠴᠢᠯᠡᠯᠳᠡ ᠶᠢᠨ ᠦᠷ᠎ᠠ ᠠᠰᠢᠭ ᠢᠯᠡᠷᠭᠡᠢ ᠪᠤᠯᠵᠦ᠂ ᠠᠯᠪᠠᠨ ᠤ ᠡᠮᠨᠡᠯᠭᠡ ᠶᠢᠨ ᠶᠡᠷᠦᠩᠭᠡᠶᠢᠯᠡᠭᠰᠡᠨ | ᠦᠭᠡᠷᠡᠴᠢᠯᠡᠯᠳᠡ ᠴᠢᠬᠤᠯᠠ ᠠᠬᠢᠴᠠ ᠲᠠᠢ ᠪᠤᠯᠵᠦ ᠪᠦᠬᠦ ᠤᠯᠤᠰ ᠤᠨ ᠡᠮᠦᠨ᠎ᠡ ᠡᠩᠨᠡᠭᠡᠨ ᠳᠤ ᠤᠷᠤᠵᠦ᠂ | ᠦᠭᠡᠷᠡᠴᠢᠯᠡᠯᠳᠡ ᠪᠦᠬᠦ ᠲᠠᠯ᠎ᠠ ᠪᠠᠷ ᠬᠦᠴᠦᠯᠡᠭᠰᠡᠨ᠂ ᠤᠯᠠᠨ ᠲᠠᠯ᠎ᠠ ᠪᠠᠷ ᠰᠢᠪᠳᠤᠯᠤᠯᠳᠠ ᠭᠠᠷᠭᠠᠬᠰᠠᠨ᠂ ᠬᠦᠨᠵᠡᠭᠡᠢ | ᠠᠬᠢᠭᠤᠯᠤᠭᠰᠠᠨ ᠰᠠᠶᠢᠨ ᠰᠠᠶᠢᠬᠠᠨ ᠪᠠᠶᠢᠳᠠᠯ ᠢᠯᠡᠷᠡᠭᠰᠡᠨ ᠪᠠᠶᠢᠨ᠎ᠠ᠃ ᠨᠡᠭᠡᠭᠡᠯᠳᠡ ᠬᠢᠵᠦ ᠬᠠᠮᠳᠤᠷᠠᠨ ᠠᠵᠢᠯᠯᠠᠬᠤ ᠶᠢ | ᠪᠦᠬᠦ ᠲᠠᠯ᠎ᠠ ᠪᠠᠷ ᠦᠷᠭᠡᠳᠭᠡᠪᠡ᠃ ︽ᠨᠢᠭᠡ ᠪᠦᠰᠡ ᠨᠢᠭᠡ ᠵᠠᠮ︾ ᠤᠨ ᠪᠠᠶᠢᠭᠤᠯᠤᠯᠳᠠ ᠳᠤ ᠢᠳᠡᠪᠬᠢᠳᠡᠢ | ᠦᠢᠯᠡᠴᠢᠯᠡᠭᠰᠡᠨ ᠮᠦᠷᠳᠡᠭᠡᠨ ᠤᠷᠤᠯᠴᠠᠵᠦ᠂ ᠷᠠᠰᠢᠶᠠᠨ ᠶᠠᠷᠢᠶᠠᠨ ᠤ ᠲᠠᠪᠴᠠᠩ᠂ ᠠᠷᠪᠠᠨ ᠲᠦᠷᠪᠡᠳᠦᠭᠡᠷ | ᠬᠤᠭᠤᠴᠠᠭᠠᠨ ᠤ ᠲᠤᠮᠳᠠᠳᠦ ᠤᠷᠤᠰ ᠮᠤᠩᠭᠤᠯ ᠤᠨ ᠦᠢᠯᠡᠳᠪᠦᠷᠢ ᠬᠤᠳᠠᠯᠳᠤᠭᠠᠨ ᠤ ᠶᠠᠷᠢᠶᠠᠨ ᠤ ᠲᠠᠪᠴᠠᠩ᠂ | ᠲᠤᠮᠳᠠᠳᠦ ᠮᠤᠩᠭᠤᠯ ᠤᠷᠤᠰ ᠤᠯᠠᠨ ᠤᠯᠤᠰ ᠤᠨ ᠪᠤᠬᠢᠷᠳᠤᠯ ᠦᠭᠡᠢ ᠤᠷᠭᠠᠨᠢᠭ ᠪᠦᠳᠦᠭᠡᠭᠳᠡᠬᠦᠨ ᠤ ᠦᠵᠡᠰᠬᠦᠯᠡᠩ᠂ | ᠲᠤᠮᠳᠠᠳᠦ ᠮᠤᠩᠭᠤᠯ ᠤᠯᠠᠨ ᠤᠯᠤᠰ ᠤᠨ ᠤᠷᠠᠨ ᠪᠢᠴᠢᠯᠭᠡ ᠶᠢᠨ ᠦᠵᠡᠭᠦᠯᠦᠯᠭᠡ ᠵᠡᠷᠭᠡ ᠤᠯᠠᠨ ᠤᠯᠤᠰ ᠤᠨ | ᠰᠤᠯᠢᠯᠴᠠᠭᠠᠨ ᠤ ᠠᠵᠢᠯᠯᠠᠭ᠎ᠠ ᠶᠢ ᠠᠮᠵᠢᠯᠳᠠᠳᠠᠢ ᠪᠠᠷ ᠶᠠᠪᠤᠭᠳᠠᠭᠤᠯᠵᠦ᠂ ᠲᠤᠮᠳᠠᠳᠦ ᠮᠤᠩᠭᠤᠯ ᠤᠷᠤᠰ ᠤᠨ ᠠᠵᠢᠯ | ᠮᠡᠷᠭᠡᠵᠢᠯ ᠤᠨ ᠰᠤᠷᠭᠠᠨ ᠬᠦᠮᠦᠵᠢᠯ ᠤᠨ ᠬᠤᠯᠪᠤᠭ᠎ᠠ᠂ ᠲᠤᠮᠳᠠᠳᠦ ᠮᠤᠩᠭᠤᠯ ᠤᠷᠤᠰ ᠵᠡᠬᠦᠨ ᠬᠤᠶᠢᠳᠦ ᠠᠽᠢᠶ᠎ᠡ ᠶᠢᠨ | ᠤᠯᠠᠨ ᠤᠯᠤᠰ ᠤᠨ ᠵᠤᠭᠠᠴᠠᠯ ᠤᠨ ᠬᠤᠳᠠᠯᠳᠤᠭᠠᠨ ᠤ ᠶᠠᠪᠤᠳᠠᠯ ᠤᠨ ᠲᠡᠭᠡᠳᠦ ᠰᠤᠷᠭᠠᠭᠤᠯᠢ ᠶᠢ ᠪᠠᠶᠢᠭᠤᠯᠵᠦ᠂ | ᠮᠤᠩᠭᠤᠯ ᠤᠷᠤᠰ ᠯᠤᠭ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠲᠠᠰᠤᠷᠠᠯᠳᠠ ᠦᠭᠡᠢ ᠬᠦᠨᠵᠡᠭᠡᠶᠢᠷᠡᠨ ᠦᠷᠭᠡᠵᠢᠭᠰᠡᠨ | ᠪᠠᠶᠢᠨ᠎ᠠ᠃ ᠵᠡᠬᠦᠨ ᠬᠤᠶᠢᠳᠦ ᠶᠢ ᠬᠦᠭᠵᠢᠬᠦᠯᠦᠨ ᠮᠠᠨᠳᠤᠭᠤᠯᠬᠤ ᠪᠠ ᠪᠡᠭᠡᠵᠢᠩ ᠲᠢᠶᠠᠨᠵᠢᠨ ᠾᠧᠪᠸᠢ ᠶᠢᠨ ᠬᠠᠮᠳᠤ ᠶᠢᠨ | ᠬᠦᠭᠵᠢᠯᠳᠡ ᠳᠤ ᠢᠳᠡᠪᠬᠢᠳᠡᠢ ᠪᠠᠷ ᠠᠭᠤᠰᠤᠯᠴᠠᠵᠦ᠂ ᠬᠦᠭᠡ ᠮᠦᠷᠡᠨ ᠤ ᠭᠤᠷᠪᠠᠯᠵᠢᠨ ᠬᠤᠶᠢᠭ᠂ ᠵᠦᠵᠢᠶᠠᠩ | ᠮᠦᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠤᠷᠤᠨ ᠳᠤ ᠬᠦᠷᠴᠦ ᠠᠷᠠᠯᠵᠢᠶᠠᠴᠢᠨ ᠤᠷᠢᠵᠦ ᠪᠡᠯᠡ ᠤᠷᠤᠭᠤᠯᠬᠤ | ᠠᠵᠢᠯᠯᠠᠭ᠎ᠠ ᠶᠢ ᠶᠠᠪᠤᠭᠳᠠᠭᠤᠯᠵᠦ᠂ 13 ᠮᠤᠵᠢ ᠬᠤᠳᠠ ᠳᠤ ᠬᠢᠩᠭᠠᠨ ᠠᠶᠢᠮᠠᠭ ᠤᠨ ᠬᠤᠳᠠᠯᠳᠤᠭᠠᠴᠢᠨ ᠤ ᠡᠪᠯᠡᠯ | ᠪᠠᠶᠢᠭᠤᠯᠵᠦ᠂ ᠲᠦᠷᠪᠡᠨ ᠵᠦᠭ ᠨᠠᠢᠮᠠᠨ ᠵᠤᠪᠬᠢᠰ ᠤᠨ ᠬᠢᠩᠭᠠᠨᠴᠤᠳ ᠤᠨ ᠪᠤᠳᠤᠯ ᠢᠶᠠᠨ ᠲᠡᠯᠭᠡᠯᠴᠡᠬᠦ ᠬᠤᠷᠠᠯ᠂ | ᠤᠯᠠᠭᠠᠨᠬᠤᠳᠠ ᠷᠠᠰᠢᠶᠠᠨ ᠬᠠᠶᠢᠯᠠᠷ ᠮᠠᠨᠵᠤᠤᠷ ᠤᠨ ᠵᠤᠭᠠᠴᠠᠯ ᠤᠨ ᠨᠢᠭᠡ ᠴᠤᠭᠴᠠᠵᠢᠯᠳᠠ ᠶᠢ ᠲᠦᠯᠬᠢᠨ ᠠᠬᠢᠭᠤᠯᠬᠤ | ᠬᠤᠷᠠᠯ ᠢ ᠬᠤᠷᠠᠯᠳᠤᠭᠤᠯᠵᠦ᠂ ᠬᠦᠯᠦᠨ ᠪᠤᠶᠢᠷ᠂ ᠪᠠᠶᠢᠴᠧᠩ ᠵᠡᠷᠭᠡ ᠡᠷᠬᠢᠨ ᠲᠤᠭᠤᠷᠢᠨ ᠤ ᠭᠠᠵᠠᠷ ᠤᠷᠤᠨ ᠲᠠᠢ | ᠤᠷᠤᠨ ᠬᠡᠪᠴᠢᠶᠡᠨ ᠤ ᠬᠠᠮᠵᠢᠯᠴᠠᠨ ᠬᠦᠭᠵᠢᠬᠦ ᠲᠤᠭᠳᠠᠴᠠ ᠶᠢ ᠪᠠᠶᠢᠭᠤᠯᠵᠦ᠂ ᠪᠦᠬᠦ ᠲᠠᠯ᠎ᠠ ᠶᠢᠨ ᠭᠠᠳᠠᠭᠠᠳᠦ | ᠨᠡᠭᠡᠭᠡᠯᠳᠡ ᠶᠢᠨ ᠲᠤᠭᠳᠠᠴᠠ ᠶᠢ ᠪᠦᠷᠢᠯᠳᠦᠬᠦᠯᠬᠦ ᠶᠢ ᠲᠦᠷᠭᠡᠳᠭᠡᠭᠰᠡᠨ ᠪᠠᠶᠢᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠬᠦᠳᠬᠦ ᠶᠢ ᠶᠡᠭᠡ ᠬᠦᠴᠦᠨ ᠢᠶᠠᠷ ᠲᠦᠯᠬᠢᠨ ᠠᠬᠢᠭᠤᠯᠪᠠ᠃ ︽ᠦᠨᠳᠦᠰᠦᠨ ᠱᠠᠳᠤᠨ ᠳᠤ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠬᠦᠯᠬᠦ ᠠᠵᠢᠯᠯᠠᠭ᠎ᠠ ᠶᠢᠨ ᠲᠦᠯᠦᠪᠯᠡᠭᠡ︾ ᠪᠠ ︽ᠵᠠᠭᠤᠨ ᠨᠡᠷᠡᠰ | ᠲᠤᠰᠬᠠᠢ ᠮᠡᠷᠭᠡᠵᠢᠯᠳᠡᠨ ᠬᠤᠰᠢᠭᠤ ᠰᠢᠶᠠᠨ ᠢᠶᠠᠷ ᠬᠦᠨᠵᠡᠭᠡᠶᠢᠷᠡᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠬᠦᠯᠦᠨ | ᠤᠯᠠᠮᠵᠢᠯᠠᠬᠤ ᠠᠵᠢᠯᠯᠠᠭ᠎ᠠ︾ ᠶᠢ ᠢᠳᠡᠪᠬᠢᠳᠡᠢ ᠶᠠᠪᠤᠭᠳᠠᠭᠤᠯᠵᠦ᠂ ᠶᠤᠸᠠᠨ ᠯᠦᠩ ᠫᠢᠩ ᠤᠰᠤᠨ ᠲᠤᠳᠤᠷᠭ᠎ᠠ ᠶᠢᠨ | ᠠᠺᠠᠳᠧᠮᠢᠴᠢ ᠲᠤᠰᠬᠠᠢ ᠮᠡᠷᠭᠡᠵᠢᠯᠳᠡᠨ ᠤ ᠠᠵᠢᠯ ᠤᠨ ᠦᠷᠳᠡᠭᠡ᠂ ᠪᠡᠭᠡᠵᠢᠩ ᠦᠪᠦᠷ ᠮᠤᠩᠭᠤᠯ ᠬᠠᠮᠳᠤᠷᠠᠨ ᠠᠵᠢᠯᠯᠠᠬᠤ | ᠤᠳᠤ ᠦᠶ᠎ᠡ ᠶᠢᠨ ᠲᠠᠷᠢᠶᠠᠯᠠᠩ ᠤᠨ ᠮᠡᠷᠭᠡᠵᠢᠯ ᠤᠨ ᠠᠵᠢᠯ ᠤᠨ ᠦᠷᠳᠡᠭᠡ ᠬᠢᠩᠭᠠᠨ ᠳᠤ ᠨᠤᠳᠤᠭᠰᠢᠵᠦ᠂ ᠪᠠᠢ ᠢ ᠡᠮ | ᠦᠢᠯᠡᠳᠬᠦ ᠺᠤᠮᠫᠠᠨᠢ ᠪᠦᠬᠦ ᠤᠯᠤᠰ ᠤᠨ ᠬᠠᠮᠤᠭ ᠠᠩᠬᠠᠨ ᠤ ᠬᠡᠤᠭᠡᠳ ᠤᠨ ᠡᠷᠬᠡᠪᠰᠢ ᠱᠠᠭᠠᠷᠳᠠᠬᠤ ᠸᠢᠲ᠋ᠠᠮᠢᠨ ᠢ ᠪᠦᠬᠦ | ᠲᠠᠯ᠎ᠠ ᠪᠠᠷ ᠨᠦᠬᠦᠪᠤᠷᠢᠯᠡᠬᠦ ᠨᠠᠮᠵᠢᠭᠤᠨ ᠰᠤᠳᠠᠯ ᠤᠨ ᠨᠠᠶᠢᠷᠠᠯᠳᠠ ᠶᠢ ᠰᠤᠳᠤᠯᠤᠨ ᠪᠦᠳᠦᠭᠡᠵᠦ ᠠᠵᠢᠯ ᠲᠦᠷᠦᠯ ᠤᠨ | ᠬᠤᠭᠤᠰᠤᠨ ᠢ ᠨᠦᠬᠦᠪᠦᠷᠢᠯᠡᠵᠡᠢ᠂ ᠾᠧ ᠹᠧᠩ ᠰᠢᠬᠢᠷ ᠤᠨ ᠦᠢᠯᠡᠰ ᠦᠪᠡᠷᠳᠡᠭᠡᠨ ᠵᠠᠰᠠᠬᠤ ᠤᠷᠤᠨ ᠤ | ᠢᠨᠵᠧᠨᠧᠷᠢᠩ ᠤᠨ ᠮᠡᠷᠭᠡᠵᠢᠯ ᠤᠨ ᠰᠤᠳᠤᠯᠬᠤ ᠲᠦᠪ ᠢ ᠠᠮᠵᠢᠯᠳᠠᠳᠠᠢ ᠪᠠᠷ ᠭᠤᠶᠤᠴᠢᠯᠠᠨ ᠤᠯᠵᠦ᠂ ᠰᠤᠳᠤᠯᠤᠨ | ᠨᠡᠭᠡᠭᠡᠬᠦ ᠦᠷ᠎ᠠ ᠪᠦᠳᠦᠭᠡᠯ ᠢ ᠬᠤᠪᠢᠷᠠᠭᠤᠯᠬᠤ ᠴᠢᠳᠠᠮᠵᠢ ᠲᠤᠭᠳᠠᠭᠤᠨ ᠢᠶᠠᠷ ᠲᠡᠭᠡᠭᠰᠢᠯᠡᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠲᠠᠪᠰᠢᠯᠳᠠ ᠶᠢᠨ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠳᠤ ᠲᠤᠯᠭᠠᠭᠤᠷᠢᠯᠠᠬᠤ ᠦᠢᠯᠡᠳᠦᠯ | ᠢᠯᠡᠷᠭᠡᠢ ᠴᠢᠩᠭᠠᠷᠠᠭᠰᠠᠨ ᠪᠠᠶᠢᠨ᠎ᠠ᠃ | ᠨᠢᠭᠡ ᠵᠢᠯ ᠤᠨ ᠲᠤᠷᠰᠢ᠂ ᠪᠢᠳᠡ ᠨᠠᠮ ᠤᠨ ᠪᠠᠶᠢᠭᠤᠯᠤᠯᠳᠠ ᠶᠢ ᠠᠳᠬᠤᠨ ᠬᠡᠪ ᠪᠤᠯᠪᠠᠰᠤᠷᠠᠯ ᠢ ᠲᠡᠭᠡᠭᠰᠢᠯᠡᠬᠦᠯᠵᠦ | ᠂ ᠬᠦᠭᠵᠢᠯᠳᠡ ᠶᠢ ᠬᠦᠳᠦᠯᠦᠨ ᠵᠢᠯᠤᠭᠤᠳᠬᠤ ᠴᠢᠳᠠᠪᠤᠷᠢ ᠢᠯᠡᠷᠭᠡᠢ ᠲᠡᠭᠡᠭᠰᠢᠯᠡᠪᠡ᠃ ᠨᠠᠮ ᠤᠨ ᠤᠯᠤᠰ ᠲᠦᠷᠦ ᠶᠢᠨ | ᠪᠠᠶᠢᠭᠤᠯᠤᠯᠳᠠ ᠶᠢ ᠲᠡᠷᠢᠬᠦᠨ ᠪᠠᠶᠢᠷᠢᠨ ᠳᠤ ᠲᠠᠯᠪᠢᠬᠤ ᠶᠢ ᠪᠠᠷᠢᠮᠳᠠᠯᠠᠪᠠ᠃ ︽ᠰᠢ ᠶᠢᠨ ᠫᠢᠩ ᠨᠦᠬᠦᠷ ᠢᠶᠠᠷ ᠭᠤᠤᠯ | ᠪᠤᠯᠭᠠᠭᠰᠠᠨ ᠨᠠᠮ ᠤᠨ ᠲᠦᠪ ᠬᠤᠷᠢᠶ᠎ᠡ ᠶᠢᠨ ᠡᠷᠭᠡ ᠰᠦᠷ ᠪᠠ ᠲᠦᠪᠯᠡᠷᠡᠩᠭᠦᠢ ᠨᠢᠭᠡᠳᠦᠯᠳᠡᠢ ᠤᠳᠤᠷᠢᠳᠬᠤ ᠶᠢ ᠡᠷᠡᠰ | ᠬᠠᠮᠠᠭᠠᠯᠠᠬᠤ ᠲᠤᠭᠳᠠᠭᠠᠯ︾ ᠢ ᠲᠤᠭᠳᠠᠭᠠᠵᠦ᠂ ᠦᠷᠭᠡᠨ ᠤᠯᠠᠨ ᠨᠠᠮ ᠤᠨ ᠭᠡᠰᠢᠬᠦᠨ ᠺᠠᠳ᠋ᠷ ᠤᠨ ︽ᠲᠦᠷᠪᠡᠨ | ᠤᠬᠠᠮᠰᠠᠷ︾ ᠢ ᠴᠢᠩᠭᠠᠷᠠᠭᠤᠯᠬᠤ᠂ ︽ᠲᠦᠷᠪᠡᠨ ᠢᠳᠡᠭᠡᠯ︾ ᠢ ᠪᠠᠳᠤᠳᠬᠠᠬᠤ᠂ ︽ᠬᠤᠶᠠᠷ ᠢ ᠬᠦᠷᠢᠶᠡᠯᠡᠬᠦ︾ ᠶᠢ | ᠦᠢᠯᠡᠳᠦᠯᠭᠡᠵᠢᠬᠦᠯᠬᠦ ᠶᠢ ᠬᠦᠮᠦᠵᠢᠭᠦᠯᠦᠨ ᠵᠢᠯᠤᠭᠤᠳᠴᠦ᠂ ᠦᠵᠡᠯ ᠰᠠᠨᠠᠭ᠎ᠠ ᠤᠯᠤᠰ ᠲᠦᠷᠦ ᠦᠢᠯᠡ | ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ | ᠲᠡᠭᠡᠳᠦ ᠬᠡᠮᠵᠢᠶ᠎ᠡ ᠪᠠᠷ ᠨᠢᠭᠡᠳᠦᠯᠳᠡᠢ ᠪᠠᠶᠢᠬᠤ ᠶᠢ ᠡᠬᠦᠷᠢᠳᠡ ᠪᠠᠷᠢᠮᠳᠠᠯᠠᠵᠠᠢ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠶᠢ ᠦᠷᠬᠦᠯᠵᠢᠯᠡᠨ ᠰᠠᠶᠢᠳᠤᠷ ᠠᠳᠬᠤᠪᠠ᠃ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ | ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠤᠨ ᠲᠦᠷᠢᠮᠵᠢᠭᠦᠯᠭᠦ ᠶᠢ ᠯᠠᠪᠳᠠᠭᠤᠨ | ᠪᠠᠳᠤᠳᠠᠢ ᠠᠬᠢᠭᠤᠯᠵᠦ᠂ ᠰᠢ ᠶᠢᠨ ᠫᠢᠩ ᠶᠡᠷᠦᠩᠭᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢ | ᠬᠦᠨᠵᠡᠭᠡᠢ ᠰᠤᠷᠤᠯᠴᠠᠨ ᠲᠤᠤᠱᠯᠠᠭᠤᠯᠬᠤ ᠶᠢ ᠬᠡᠷᠡᠭᠵᠢᠬᠦᠯᠬᠦ ᠰᠠᠨᠠᠯ ᠵᠡᠷᠭᠡ ᠲᠦᠷᠢᠮ ᠪᠢᠴᠢᠭ ᠮᠠᠲ᠋ᠧᠷᠢᠶᠠᠯ ᠢ | ᠲᠤᠭᠳᠠᠭᠠᠨ ᠬᠡᠷᠡᠭᠵᠢᠬᠦᠯᠵᠦ᠂ ᠺᠠᠳ᠋ᠷᠴᠤᠳ ᠤᠨ ᠰᠤᠷᠭᠠᠨ ᠬᠦᠮᠦᠵᠢᠯ ᠪᠤᠯᠪᠠᠰᠤᠷᠠᠯ ᠢ ᠶᠡᠭᠡ ᠭᠡᠪᠴᠢᠶ᠎ᠠ ᠪᠠᠷ᠂ ᠲᠡᠰ | ᠬᠤᠪᠢᠶᠠᠨ ᠦᠷᠨᠢᠭᠦᠯᠵᠦ᠂ ᠲᠡᠭᠡᠷᠡᠬᠢ ᠨᠢ ᠲᠤᠤᠷᠠᠬᠢ ᠪᠠᠨ ᠲᠠᠶᠢᠴᠢᠯᠠᠨ ᠬᠦᠨᠵᠡᠭᠡᠢ ᠪᠠᠶᠢᠴᠠᠭᠠᠨ ᠰᠤᠳᠤᠯᠵᠦ᠂ | ᠰᠤᠷᠤᠯᠴᠠᠨ ᠲᠤᠤᠱᠯᠠᠭᠤᠯᠬᠤ ᠠᠵᠢᠯ ᠢ ᠬᠦᠨᠵᠡᠭᠡᠢ ᠶᠠᠪᠤᠭᠳᠠᠭᠤᠯᠵᠦ ᠪᠤᠳᠠᠳᠠᠢ ᠠᠳᠬᠤᠬᠤ ᠶᠢ ᠠᠬᠢᠭᠤᠯᠵᠠᠢ᠃ | ᠤᠳᠤᠷᠢᠳᠬᠤ ᠪᠠᠭ ᠪᠠ ᠺᠠᠳ᠋ᠷᠴᠤᠳ ᠤᠨ ᠡᠩᠨᠡᠭᠡ ᠶᠢᠨ ᠪᠠᠶᠢᠭᠤᠯᠤᠯᠳᠠ ᠶᠢ ᠶᠡᠭᠡ ᠬᠦᠴᠦᠨ ᠢᠶᠠᠷ ᠴᠢᠩᠭᠠᠳᠬᠠᠪᠠ᠃ | ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠡ ᠶᠢ ᠡᠷᠡᠰ ᠢᠶᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ | ᠬᠦᠮᠦᠨ ᠬᠡᠷᠡᠭᠯᠡᠬᠦ ᠲᠠᠯ᠎ᠠ ᠪᠠᠷ ᠬᠢ ᠬᠢᠷᠢ ᠭᠡᠮ ᠢᠯᠭᠠᠵᠦ ᠦᠶ᠎ᠡ ᠵᠡᠷᠭᠡ ᠲᠤᠭᠳᠠᠭᠠᠬᠤ᠂ ᠲᠡᠩᠴᠡᠬᠦᠷᠢᠳᠡᠢ ᠪᠠᠷ | ᠬᠠᠷᠠᠭᠠᠯᠵᠠᠬᠤ ᠵᠡᠷᠭᠡ ᠰᠠᠶᠢᠨ ᠬᠦᠮᠦᠨ ᠤ ᠦᠵᠡᠯ ᠰᠠᠨᠠᠭ᠎ᠠ ᠶᠢ ᠡᠪᠳᠡᠬᠦ᠂ ᠪᠤᠳᠠᠳᠤ ᠠᠵᠢᠯᠯᠠᠭ᠎ᠠ ᠪᠠᠷ ᠢᠶᠠᠨ ᠰᠠᠶᠢᠰᠢᠶᠠᠯ | ᠬᠦᠷᠳᠡᠬᠦ᠂ ᠠᠵᠢᠯ ᠤᠨ ᠦᠷ᠎ᠠ ᠪᠦᠳᠦᠮᠵᠢ ᠪᠠᠷ ᠪᠠᠭᠠᠳᠤᠷ ᠢ ᠢᠯᠭᠠᠬᠤ᠂ ᠬᠤᠪᠢ ᠨᠡᠮᠡᠷᠢ ᠦᠵᠡᠬᠦᠯᠦᠭᠰᠡᠨ ᠬᠢᠷᠢ | ᠬᠡᠮᠵᠢᠶ᠎ᠡ ᠪᠠᠷ ᠬᠦᠮᠦᠨ ᠬᠡᠷᠡᠭᠯᠡᠬᠦ ᠤᠳᠤᠷᠢᠳᠤᠮᠵᠢ ᠶᠢ ᠪᠤᠢ ᠪᠤᠯᠭᠠᠨ᠂ ᠺᠠᠳ᠋ᠷ ᠢ ᠰᠤᠩᠭᠤᠨ ᠬᠡᠷᠡᠭᠯᠡᠬᠦ ᠠᠵᠢᠯ ᠪᠠ | ᠰᠢᠨ᠎ᠡ ᠪᠠᠷ ᠰᠤᠩᠭᠤᠨ ᠬᠡᠷᠡᠭᠯᠡᠭᠰᠡᠨ ᠺᠠᠳ᠋ᠷᠴᠤᠳ ᠤᠨ ᠰᠡᠳᠬᠢᠯ ᠬᠠᠨᠤᠮᠵᠢ ᠶᠢᠨ ᠬᠡᠮᠵᠢᠶ᠎ᠡ ᠨᠢ ᠬᠤᠶᠠᠷ ᠵᠢᠯ ᠲᠠᠷᠠᠭᠠᠯᠠᠨ | ᠪᠦᠬᠦ ᠤᠷᠤᠨ ᠤ ᠨᠢᠭᠡᠳᠦᠭᠡᠷ ᠲᠤ ᠤᠷᠤᠵᠠᠢ᠃ ︽ᠺᠠᠳ᠋ᠷᠴᠤᠳ ᠬᠠᠷᠢᠭᠤᠴᠠᠯᠭ᠎ᠠ ᠪᠠᠨ ᠡᠬᠦᠷᠭᠡᠯᠡᠨ ᠵᠢᠳᠭᠦᠯ | ᠴᠢᠷᠮᠠᠶᠢᠯᠭ᠎ᠠ ᠭᠠᠷᠭᠠᠵᠦ ᠦᠢᠯᠡᠰ ᠪᠦᠳᠦᠭᠡᠬᠦ ᠶᠢ ᠬᠠᠯᠠᠮᠵᠢᠯᠠᠨ ᠵᠤᠷᠢᠭᠵᠢᠭᠤᠯᠬᠤ ᠠᠯᠢ ᠤᠯᠠᠨ ᠠᠷᠭ᠎ᠠ ᠠᠪᠴᠠᠯ︾ ᠢ | ᠲᠤᠭᠳᠠᠭᠠᠨ ᠬᠡᠷᠡᠭᠵᠢᠬᠦᠯᠵᠦ᠂ ︽ᠴᠢᠭᠡᠴᠢ ᠺᠠᠳ᠋ᠷ︾ ᠢ ᠦᠨᠡᠯᠡᠨ ᠲᠤᠭᠳᠠᠭᠠᠬᠤ ᠠᠵᠢᠯ ᠢ ᠰᠢᠨᠡᠴᠢᠯᠡᠨ ᠶᠠᠪᠤᠭᠳᠠᠭᠤᠯᠵᠦ | ᠂ ᠤᠷᠤᠨ ᠨᠤᠳᠤᠭ ᠤᠨ ᠤᠯᠤᠰ ᠲᠦᠷᠦ ᠶᠢᠨ ᠠᠮᠢ ᠠᠬᠤᠢ ᠶᠢ ᠪᠦᠳᠦᠮᠵᠢᠳᠡᠢ ᠪᠠᠷ ᠴᠡᠪᠡᠷᠰᠢᠭᠦᠯᠵᠦ᠂ ᠺᠠᠳ᠋ᠷᠴᠤᠳ ᠤᠨ | ᠦᠭᠡᠷᠡᠴᠢᠯᠡᠯᠳᠡ ᠬᠢᠵᠦ ᠰᠢᠨ᠎ᠡ ᠶᠢ ᠡᠬᠦᠳᠬᠦ᠂ ᠠᠵᠢᠯ ᠦᠢᠯᠡᠰ ᠪᠦᠳᠦᠭᠡᠬᠦ ᠢᠳᠡᠪᠬᠢᠵᠢᠯ ᠢ ᠤᠷᠮᠠᠰᠢᠭᠤᠯᠤᠭᠰᠠᠨ | ᠪᠠᠶᠢᠨ᠎ᠠ᠃ ᠦᠨᠳᠦᠰᠦᠨ ᠱᠠᠳᠤ ᠶᠢ ᠴᠢᠩᠭ᠎ᠠ ᠠᠳᠬᠤᠬᠤ ᠢᠯᠡ ᠲᠤᠳᠤᠷᠬᠠᠢ ᠤᠳᠤᠷᠢᠳᠤᠮᠵᠢ ᠶᠢ ᠪᠤᠢ ᠪᠤᠯᠭᠠᠪᠠ᠃ ︽ | ᠤᠮᠠᠷᠠᠳᠦ ᠬᠢᠯᠢ ᠶᠢᠨ ᠬᠤᠰᠢᠭᠤᠴᠢ︾ ᠶᠢᠨ ᠢᠨᠵᠧᠨᠧᠷᠢᠩ ᠢ ᠯᠠᠪᠳᠠᠭᠤᠨ ᠪᠠᠳᠤᠳᠠᠢ ᠠᠬᠢᠭᠤᠯᠵᠦ᠂ ︽ᠦᠨᠳᠦᠰᠦᠨ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠲᠦᠷᠢᠮᠵᠢᠬᠦᠯᠦᠨ ᠪᠠᠬᠢᠵᠢᠬᠦᠯᠵᠦ ᠲᠡᠭᠡᠭᠰᠢᠯᠡᠬᠦᠯᠬᠦ ᠤᠨ︾ ᠤ | ᠠᠵᠢᠯᠯᠠᠭ᠎ᠠ ᠶᠢ ᠬᠦᠨᠵᠡᠭᠡᠢ ᠶᠠᠪᠤᠭᠳᠠᠭᠤᠯᠵᠦ᠂ ᠭᠠᠴᠠᠭ᠎ᠠ ᠲᠤᠰᠬᠤᠨ᠂ ᠨᠡᠶᠢᠭᠡᠮ ᠲᠤᠭᠤᠷᠢᠭ ᠤᠨ ︽ᠬᠤᠶᠠᠷ ᠵᠦᠪᠯᠡᠯ︾ | ᠤᠨ ᠬᠤᠭᠤᠴᠠᠭ᠎ᠠ ᠰᠤᠯᠢᠬᠤ ᠠᠵᠢᠯ ᠢ ᠠᠮᠵᠢᠯᠳᠠᠳᠠᠢ ᠪᠠᠷ ᠪᠡᠶᠡᠯᠡᠬᠦᠯᠵᠦ᠂ ᠭᠠᠴᠠᠭ᠎ᠠ ᠲᠤᠰᠬᠤᠨ ᠤ ᠨᠡᠶᠢᠳᠡ ᠶᠢᠨ | ᠠᠵᠦ ᠠᠬᠤᠢ ᠶᠢᠨ ︽ᠶᠠᠰᠦ ᠴᠢᠨᠠᠷ ᠢ ᠲᠡᠭᠡᠭᠰᠢᠯᠡᠬᠦᠯᠦᠨ ᠦᠷ᠎ᠠ ᠠᠰᠢᠭ ᠢ ᠨᠡᠮᠡᠭᠳᠡᠬᠦᠯᠬᠦ︾᠂ ᠨᠡᠶᠢᠳᠡ ᠶᠢᠨ | ᠦᠮᠴᠢᠯᠡᠯ ᠤᠨ ᠪᠤᠰᠦ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠪᠠ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ | ︽ᠬᠤᠶᠠᠷ ᠢ ᠪᠦᠷᠬᠦᠬᠦᠯᠬᠦ︾ ᠲᠤᠰᠬᠠᠢ ᠠᠵᠢᠯᠯᠠᠭ᠎ᠠ ᠶᠢ ᠶᠡᠭᠡ ᠬᠦᠴᠦᠨ ᠢᠶᠠᠷ ᠶᠠᠪᠤᠭᠳᠠᠭᠤᠯᠵᠦ᠂ ᠦᠨᠳᠦᠰᠦᠨ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠨᠢᠬᠳᠠᠷᠠᠭᠤᠯᠬᠤ ᠬᠦᠴᠦᠨ᠂ ᠳᠠᠶᠢᠴᠢᠨ ᠬᠦᠴᠦᠨ ᠢᠯᠡᠷᠭᠡᠢ | ᠴᠢᠩᠭᠠᠷᠠᠵᠠᠢ᠃ ᠦᠩᠭᠡᠷᠡᠭᠰᠡᠨ ᠵᠢᠯ ᠳᠤ ᠲᠦᠪ ᠤᠨ ᠵᠤᠬᠢᠶᠠᠨ ᠪᠠᠶᠢᠭᠤᠯᠬᠤ ᠬᠡᠯᠳᠡᠰ ᠠᠴᠠ ᠤᠯᠠᠭᠠᠨᠬᠤᠳᠠ ᠶᠢ ︽ | ᠪᠦᠬᠦ ᠤᠯᠤᠰ ᠤᠨ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ ᠬᠤᠳᠠ︾ ᠪᠠᠷ | ᠲᠤᠭᠳᠠᠭᠠᠭᠰᠠᠨ ᠪᠠᠶᠢᠨ᠎ᠠ᠃ ᠰᠤᠷᠳᠠᠯ ᠢ ᠴᠡᠭᠴᠡᠯᠡᠨ ᠰᠠᠬᠢᠯᠭ᠎ᠠ ᠪᠠᠳᠦ ᠶᠢ ᠴᠢᠩᠭᠠᠳᠬᠠᠬᠤ᠂ ᠢᠯᠵᠠᠷᠠᠯ ᠢ ᠴᠢᠩᠭ᠎ᠠ | ᠰᠢᠢᠳᠭᠡᠬᠦ ᠠᠵᠢᠯ ᠢ ᠴᠤᠴᠠᠯᠳᠠ ᠦᠭᠡᠢ ᠠᠳᠬᠤᠪᠠ᠃ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠤᠮᠵᠢ ᠶᠢᠨ ᠦᠭᠡᠷᠡᠴᠢᠯᠡᠯᠳᠡ ᠶᠢ ᠯᠠᠪᠳᠠᠭᠤᠨ ᠪᠠᠳᠤᠳᠠᠢ ᠠᠬᠢᠭᠤᠯᠵᠤ᠂ ᠲᠤᠭᠤᠷᠢᠨ ᠪᠠᠶᠢᠴᠠᠭᠠᠬᠤ ᠬᠤᠷᠴᠠ | ᠰᠡᠯᠡᠮ᠎ᠠ ᠶᠢᠨ ᠦᠢᠯᠡᠳᠦᠯ ᠢ ᠰᠠᠶᠢᠳᠤᠷ ᠪᠠᠳᠠᠷᠠᠭᠤᠯᠬᠤ ᠶᠢ ᠴᠢᠬᠤᠯᠠᠴᠢᠯᠠᠵᠦ᠂ ︽ᠦᠩᠭᠡᠷᠡᠬᠦ ᠭᠠᠯᠠᠭᠤ ᠶᠢᠨ | ᠦᠳᠦ ᠶᠢ ᠨᠢ ᠰᠤᠭᠤᠯᠬᠤ︾᠂ ᠶᠠᠳᠠᠭᠤ ᠶᠢ ᠲᠡᠳᠭᠦᠬᠦ ᠬᠦᠷᠢᠶ᠎ᠠ ᠬᠡᠪᠴᠢᠶᠡᠨ ᠳᠠᠬᠢ ᠢᠯᠵᠠᠷᠠᠯ ᠪᠠ ᠤᠪᠤᠷ | ᠰᠤᠷᠳᠡᠯ ᠤᠨ ᠠᠰᠠᠭᠤᠳᠡᠯ ᠵᠡᠷᠭᠡ ᠶᠢᠨ ᠲᠤᠰᠬᠠᠢ ᠴᠡᠭᠴᠡᠯᠡᠯᠳᠡ ᠶᠢ ᠬᠦᠨᠵᠡᠭᠡᠢ ᠦᠷᠨᠢᠭᠦᠯᠵᠦ᠂ ᠬᠢᠨᠠᠯᠳᠠ ᠲᠠᠯᠪᠢᠵᠤ | ᠰᠠᠬᠢᠯᠭ᠎ᠠ ᠪᠠᠳᠤ ᠶᠢ ᠬᠡᠷᠡᠭᠵᠢᠭᠦᠯᠬᠦ ︽ᠲᠦᠷᠪᠡᠨ ᠬᠡᠯᠪᠡᠷᠢ ᠪᠠᠶᠢᠳᠡᠯ︾ ᠢ ᠭᠡᠷᠡᠭᠯᠡᠬᠦ ᠶᠢ ᠬᠦᠨᠵᠡᠭᠡᠶᠢᠷᠡᠭᠦᠯᠵᠤ᠂ ︽ | ᠲᠦᠷᠪᠡᠨ ᠰᠤᠷᠳᠡᠯ︾ ᠤᠨ ᠠᠰᠠᠭᠤᠳᠡᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠤ᠂ ᠢᠯᠵᠠᠷᠠᠯ ᠢ ᠡᠷᠡᠰ ᠭᠤᠶᠢᠪᠢᠰᠢ | ᠦᠭᠡᠢ ᠵᠠᠯᠬᠠᠭᠠᠨ ᠰᠢᠳᠭᠡᠵᠤ᠂ ᠢᠯᠵᠠᠷᠠᠯ ᠢ ᠡᠰᠡᠷᠭᠦᠴᠡᠭᠦ ᠲᠠᠶᠢᠯᠦᠩᠭᠦᠢ ᠪᠠᠶᠢᠳᠠᠯ ᠢ ᠦᠷᠭᠦᠯᠵᠢᠯᠡᠨ ᠪᠠᠳᠤᠯᠠᠵᠠᠢ᠃ | ᠨᠠᠮ ᠠᠴᠠ ᠪᠦᠬᠦ ᠲᠠᠯ᠎ᠠ ᠶᠢ ᠡᠵᠡᠮᠰᠢᠭᠦ᠂ ᠡᠯ᠎ᠠ ᠲᠠᠯ᠎ᠠ ᠶᠢ ᠵᠤᠬᠢᠴᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠠᠢ᠃ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠠᠶᠢᠮᠠᠭ ᠤᠨ ᠵᠠᠬᠢᠷᠭ᠎ᠠ᠂ ᠤᠯᠤᠰ ᠲᠦᠷᠦ ᠶᠢᠨ ᠵᠦᠪᠯᠡᠯᠭᠡᠨ᠂ | ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠪᠠᠶᠢᠭᠤᠯᠤᠮᠵᠢ ᠶᠢᠨ ᠬᠠᠤᠯᠢ ᠲᠦᠷᠢᠮ ᠶᠤᠰᠤᠭᠠᠷ ᠡᠭᠦᠷᠭᠡ | ᠬᠠᠷᠢᠭᠤᠴᠠᠯᠭ᠎ᠠ ᠪᠠᠨ ᠬᠦᠢᠴᠡᠳᠭᠡᠬᠦ ᠶᠢ ᠪᠦᠬᠦ ᠬᠦᠴᠦᠨ ᠢᠶᠠᠷ ᠲᠠᠮᠵᠢᠵᠤ᠂ ᠠᠵᠢᠯᠴᠢᠨ ᠤ ᠡᠪᠯᠡᠯ᠂ ᠡᠪ ᠬᠠᠮᠳᠤ | ᠵᠠᠯᠠᠭᠤᠴᠤᠳ ᠤᠨ ᠡᠪᠯᠡᠯ᠂ ᠡᠮᠡᠭᠳᠠᠶᠢᠴᠤᠳ ᠤᠨ ᠬᠤᠯᠪᠤᠭ᠎ᠠ᠂ ᠵᠡᠮᠳᠡᠭᠴᠤᠳ ᠤᠨ ᠬᠤᠯᠪᠤᠭ᠎ᠠ᠂ ᠤᠯᠠᠭᠠᠨ | ᠵᠠᠭᠠᠯᠮᠠᠶᠢᠳᠡᠨ ᠤ ᠨᠡᠶᠢᠭᠡᠮᠯᠢᠭ ᠵᠡᠷᠭᠡ ᠤᠯᠠᠨ ᠲᠦᠮᠡᠨᠴᠢ ᠵᠤᠬᠢᠶᠠᠨ ᠪᠠᠶᠢᠭᠤᠯᠤᠯᠳᠠ ᠶᠢᠨ ᠬᠦᠭᠦᠷᠭᠡ ᠬᠤᠯᠪᠤᠭᠠᠰᠤ ᠶᠢᠨ | ᠦᠢᠯᠡᠳᠦᠯ ᠢ ᠬᠦᠢᠴᠡᠳ ᠪᠠᠳᠠᠷᠠᠭᠤᠯᠤᠨ᠂ ᠭᠠᠳᠠᠭᠠᠳᠤ ᠶᠠᠪᠤᠳᠡᠯ᠂ ᠱᠠᠰᠢᠨ ᠰᠤᠷᠳᠠᠬᠤᠨ᠂ ᠨᠠᠮ ᠤᠨ ᠲᠡᠤᠬᠡ᠂ | ᠲᠠᠩᠰᠠ ᠡᠪᠬᠡᠮᠡᠯ᠂ ᠠᠬᠠᠮᠠᠳ ᠺᠠᠳ᠋ᠷᠴᠤᠳ᠂ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ᠂ ᠤᠯᠤᠰ ᠤᠨ ᠪᠠᠳᠤᠯᠠᠨ | ᠬᠠᠮᠠᠭᠠᠯᠠᠯᠳᠠ ᠶᠢᠨ ᠲᠠᠶᠢᠴᠢᠯᠠᠯᠳᠠ ᠪᠠ ᠡᠷᠦᠭᠡ ᠶᠢᠨ ᠴᠡᠷᠢᠭ ᠤᠨ ᠪᠡᠯᠡᠳᠭᠡᠯ ᠠᠯᠪᠠ ᠵᠡᠷᠭᠡ ᠠᠵᠢᠯ ᠢ ᠨᠢᠭᠡᠳᠦᠯᠳᠠᠢ | ᠲᠦᠯᠬᠢᠨ ᠠᠬᠢᠭᠤᠯᠵᠤ᠂ ᠠᠷᠠᠳ ᠢ ᠴᠢᠨᠡᠭᠡᠯᠢᠭᠵᠢᠭᠦᠯᠵᠦ ᠠᠶᠢᠮᠠᠭ ᠢᠶᠠᠨ ᠬᠦᠴᠦᠷᠭᠡᠭᠵᠢᠭᠦᠯᠬᠦ᠂ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠤᠷᠢᠳᠦ ᠢᠯᠠᠯᠳᠠ ᠶᠢ ᠤᠯᠬᠤ ᠬᠦᠴᠦᠷᠭᠡᠭ ᠶᠡᠭᠡ ᠢᠳᠡᠪᠬᠢ ᠬᠦᠴᠦᠨ ᠢ | ᠦᠷᠭᠡᠨ ᠢᠶᠠᠷ ᠨᠢᠬᠳᠠᠷᠠᠭᠤᠯᠵᠠᠢ᠃ | ᠦᠩᠭᠡᠷᠡᠭᠰᠡᠨ ᠨᠢᠭᠡ ᠵᠢᠯ᠂ ᠪᠦᠬᠦ ᠠᠶᠢᠮᠠᠭ ᠤᠨ ᠡᠯ᠎ᠠ ᠦᠨᠳᠦᠰᠦᠳᠡᠨ ᠤ ᠺᠠᠳ᠋ᠷ ᠤᠯᠠᠨ ᠲᠦᠮᠡᠨ | ᠬᠠᠷᠠᠯᠳᠠ ᠳᠠᠭᠠᠨ ᠴᠢᠭᠯᠡᠭᠦᠯᠦᠨ ᠠᠵᠢᠯᠯᠠᠵᠦ ᠪᠦᠬᠦ ᠬᠦᠴᠦᠨ ᠢᠶᠠᠨ ᠰᠢᠪᠬᠠᠨ ᠲᠡᠮᠡᠴᠡᠵᠦ᠂ ᠴᠢᠩᠭ᠎ᠠ ᠬᠢᠨᠠᠨ | ᠰᠢᠯᠭᠠᠯᠳᠠ ᠶᠢ ᠬᠦᠯᠢᠶᠡᠨ᠂ ᠡᠯ᠎ᠡ ᠵᠦᠢᠯ ᠤᠨ ᠬᠦᠴᠢᠷ ᠪᠡᠷᠭᠡ ᠶᠢ ᠢᠯᠡᠨ ᠳᠠᠪᠠᠵᠤ᠂ ᠴᠢᠨᠡᠬᠡᠯᠢᠭ ᠨᠡᠶᠢᠭᠡᠮ ᠢ ᠪᠦᠬᠦ | ᠳᠠᠯ᠎ᠠ ᠪᠠᠷ ᠪᠡᠶᠡᠯᠡᠭᠦᠯᠬᠦ ᠬᠠᠷᠠᠯᠳᠠ ᠳᠡᠰᠢ ᠲᠤᠮᠤ ᠠᠯᠬᠤᠮ ᠢᠶᠠᠷ ᠤᠷᠤᠭᠰᠢᠯᠠᠭᠰᠠᠨ ᠪᠠᠶᠢᠨ᠎ᠠ᠃ 2018 ᠤᠨ ᠪᠤᠯ | ᠮᠠᠨ ᠤ ᠠᠶᠢᠮᠠᠭ ᠤᠨ ᠶᠡᠷᠦᠩᠬᠡᠶᠢᠯᠡᠭᠰᠡᠨ ᠪᠤᠳᠠᠳᠤ ᠬᠦᠴᠦᠨ ᠶᠡᠬᠡᠪᠠᠷ ᠳᠡᠰ ᠳᠡᠪᠰᠢᠵᠤ᠂ ᠠᠷᠠᠳ ᠤᠨ ᠠᠮᠢᠳᠤᠷᠠᠯ ᠤᠨ | ᠬᠢᠷᠢ ᠳᠦᠪᠰᠢᠨ ᠢᠯᠡᠳᠳᠡ ᠰᠠᠶᠢᠵᠢᠷᠠᠭᠰᠠᠨ ᠨᠢᠭᠡ ᠵᠢᠯ ᠪᠤᠯᠤᠨ᠎ᠠ᠂ ᠦᠭᠡᠷᠡᠴᠢᠯᠡᠯᠳᠡ ᠨᠡᠭᠡᠭᠡᠯᠳᠡ ᠦᠷᠭᠦᠯᠵᠢᠯᠡᠨ | ᠬᠦᠨᠵᠡᠭᠡᠶᠢᠷᠡᠵᠤ᠂ ᠬᠦᠭᠵᠢᠯᠳᠡ ᠶᠢᠨ ᠠᠮᠢᠵᠢᠷᠠᠯ ᠤᠨ ᠬᠦᠴᠦᠨ ᠬᠦᠳᠡᠯᠭᠡᠬᠦ ᠬᠦᠴᠦᠨ ᠳᠦᠷᠭᠡᠨ ᠭᠦᠭᠵᠢᠭᠰᠡᠨ ᠨᠢᠭᠡ | ᠵᠢᠯ ᠪᠤᠯᠤᠨ᠎ᠡ᠂ ᠨᠠᠮ ᠢ ᠬᠠᠮᠢᠶᠠᠷᠴᠤ ᠨᠠᠮ ᠢ ᠵᠠᠰᠠᠬᠤ ᠶᠢ ᠬᠦᠨᠵᠡᠭᠡᠢ ᠠᠬᠢᠭᠤᠯᠵᠤ᠂ ᠤᠯᠤᠰ ᠳᠦᠷᠦ ᠶᠢᠨ ᠠᠮᠢ ᠠᠬᠤᠢ | ᠳᠠᠰᠤᠷᠠᠯᠳᠠ ᠦᠭᠡᠢ ᠰᠢᠯᠢᠳᠡᠭᠵᠢᠭᠰᠡᠨ ᠨᠢᠭᠡ ᠵᠢᠯ ᠪᠤᠯᠤᠨ᠎ᠠ᠂ ︽ᠳᠠᠪᠤᠨ ᠲᠠᠩᠰᠤᠭ ᠬᠢᠩᠭᠠᠨ︾ ᠤ | ᠪᠠᠶᠢᠭᠤᠯᠤᠯᠳᠠ ᠶᠢᠨ ᠦᠷ᠎ᠡ ᠪᠦᠳᠦᠮᠵᠢ ᠢᠯᠡᠷᠬᠡᠢ᠂ ᠴᠢᠨᠡᠬᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠭᠦ ᠳᠡᠰᠢ | ᠲᠤᠮᠤ ᠠᠯᠬᠤᠮ ᠢᠶᠠᠷ ᠤᠷᠤᠭᠰᠢᠯᠠᠭᠰᠠᠨ ᠨᠢᠭᠡ ᠵᠢᠯ ᠪᠤᠯᠤᠨ᠎ᠠ ᠭᠡᠵᠦ ᠭᠡᠯᠡᠵᠦ ᠪᠤᠯᠤᠨ᠎ᠠ᠃ ᠡᠳᠡᠭᠡᠷ ᠠᠮᠵᠢᠯᠳᠠ | ᠪᠦᠳᠦᠮᠵᠢ ᠶᠢ ᠤᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠦᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠪᠠᠷ ᠵᠢᠯᠤᠭᠤᠳᠤᠭᠰᠠᠨ ᠤ ᠦᠷ᠎ᠡ ᠳ᠋ᠦᠩ᠂ | ᠨᠠᠮ ᠤᠨ ᠳᠦᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ᠂ ᠵᠠᠰᠠᠭ ᠤᠨ ᠤᠷᠳᠤᠨ ᠤ ᠬᠠᠯᠠᠮᠵᠢᠯᠠᠯ ᠳᠡᠮᠵᠢᠯᠭᠡ ᠶᠢᠨ ᠦᠷ᠎ᠡ ᠳ᠋ᠦᠩ ᠪᠤᠯᠤᠨ᠎ᠠ᠂ ᠪᠦᠬᠦ ᠠᠶᠢᠮᠠᠭ ᠤᠨ ᠡᠯ᠎ᠡ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠦᠷᠭᠡᠨ ᠤᠯᠠᠨ ᠺᠠᠳ᠋ᠷ ᠤᠯᠠᠨ ᠳᠦᠮᠡᠨ ᠤ ᠡᠷᠡᠰ ᠵᠤᠷᠢᠭᠯᠠᠨ | ᠵᠢᠳᠭᠦᠨ ᠴᠢᠷᠮᠠᠶᠢᠵᠤ᠂ ᠨᠤᠭᠤᠷᠠᠰᠢ ᠦᠭᠡᠢ ᠳᠡᠮᠡᠴᠡᠭᠰᠡᠨ ᠤ ᠦᠷ᠎ᠡ ᠳ᠋ᠦᠩ ᠪᠤᠯᠤᠨ᠎ᠠ᠃ ᠡ᠊ᠨᠳᠡ ᠪᠢ ᠠᠶᠢᠮᠠᠭ ᠤᠨ | ᠨᠠᠮ ᠤᠨ ᠬᠤᠷᠢᠶ᠎ᠠ ᠶᠢ ᠳᠦᠯᠦᠭᠡᠯᠡᠨ ᠪᠦᠬᠦ ᠠᠶᠢᠮᠠᠭ ᠤᠨ ᠦᠷᠭᠡᠨ ᠤᠯᠠᠨ ᠨᠠᠮ ᠤᠨ ᠭᠡᠰᠢᠭᠦᠨ ᠪᠤᠯᠤᠨ ᠺᠠᠳ᠋ᠷ ᠤᠯᠠᠨ | ᠳᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠬᠦᠮ ᠪᠠ ᠨᠡᠶᠢᠭᠡᠮ ᠤᠨ ᠡᠯ ᠡ | ᠡᠳᠡᠭᠡᠳ ᠤᠨ ᠬᠢᠨ᠂ ᠬᠢᠩᠭᠠᠨ ᠠᠶᠢᠮᠠᠭ ᠲᠤ ᠰᠠᠭᠤᠭ᠎ᠠ ᠴᠢᠯᠦᠭᠡᠯᠡᠬᠦ ᠴᠡᠷᠢᠭ ᠪᠠ ᠵᠡᠪᠰᠡᠭᠳᠤ ᠴᠠᠭᠳᠠᠭᠠᠨ ᠤ ᠳᠠᠷᠤᠭ᠎ᠠ | ᠪᠠᠶᠢᠯᠳᠤᠭᠴᠢ᠂ ᠳᠤᠳᠤᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠬᠢᠩᠭᠠᠨ ᠠᠶᠢᠮᠠᠭ ᠤᠨ ᠬᠦᠭᠵᠢᠯᠳᠡ ᠶᠢ | ᠬᠠᠯᠠᠮᠵᠢᠯᠠᠨ ᠲᠡᠮᠵᠢᠵᠦ ᠪᠠᠶᠢᠭ᠎ᠠ ᠪᠦᠬᠦ ᠨᠦᠬᠦᠳ ᠲᠤ ᠴᠢᠩ ᠰᠡᠳᠬᠢᠯ ᠤᠨ ᠳᠠᠯᠠᠷᠬᠠᠯ᠂ ᠡᠷᠬᠢᠮ ᠬᠦᠨᠳᠦᠳᠭᠡᠯ | ᠲᠡᠪᠰᠢᠭᠦᠯᠵᠦ ᠪᠠᠶᠢᠨ᠎ᠠ︕ | ᠠᠮᠵᠢᠯᠳᠠ ᠪᠦᠳᠦᠮᠵᠢ ᠬᠢᠯᠪᠠᠷ ᠢᠶᠠᠷ ᠢᠷᠡᠭᠰᠡᠨ ᠪᠢᠰᠢ᠂ ᠴᠢᠷᠮᠠᠶᠢᠯᠭ᠎ᠠ ᠮᠠᠰᠢ ᠬᠠᠳᠠᠭᠤᠵᠢᠯᠳᠠᠢ᠂ ᠳᠤᠷᠰᠢᠯᠭ᠎ᠠ | ᠨᠡᠩ ᠡᠷᠬᠢᠮ ᠨᠠᠨᠳᠢᠨ᠃ ᠨᠢᠭᠡ ᠵᠢᠯ ᠤᠨ ᠳᠤᠷᠰᠢᠬᠢ ᠠᠵᠢᠯ ᠢᠶᠠᠨ ᠡᠷᠭᠢᠴᠡᠭᠦᠯᠪᠡᠯ᠂ ᠬᠢᠩᠭᠠᠨ ᠠᠶᠢᠮᠠᠭ ᠤᠨ ᠠᠵᠢᠯ ᠢ | ᠰᠠᠶᠢᠳᠤᠷ ᠬᠢᠬᠦ ᠳᠤ ᠡᠷᠬᠡᠪᠰᠢ ᠨᠠᠮ ᠤᠨ ᠳᠦᠪ ᠬᠤᠷᠢᠶᠠᠨ ᠤ ᠰᠢᠢᠳᠪᠤᠷᠢ ᠪᠠᠶᠢᠷᠢᠯᠠᠭᠤᠯᠤᠯᠳᠠ ᠶᠢ ᠡᠷᠡᠰ ᠭᠤᠶᠢᠪᠢᠰᠢ | ᠦᠭᠡᠢ ᠳᠤᠤᠱᠯᠠᠭᠤᠯᠵᠤ᠂ ᠢᠮᠠᠭᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠳᠦᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠳᠡᠢ ᠪᠠᠶᠢᠬᠤ ᠶᠢ ᠪᠠᠷᠢᠮᠳᠠᠯᠠᠵᠤ᠂ ᠡᠯ᠎ᠡ ᠳᠦᠷᠦᠯ ᠤᠨ ᠠᠵᠢᠯ ᠢ ᠵᠦᠪ | ᠤᠨᠤᠪᠴᠢᠳᠠᠢ ᠴᠢᠭᠯᠡᠯ ᠢᠶᠠᠷ ᠠᠬᠢᠭᠤᠯᠬᠤ ᠶᠢ ᠪᠠᠳᠤᠯᠠᠬᠤ ᠬᠡᠷᠡᠭᠳᠡᠢ︔ ᠡᠷᠬᠡᠪᠰᠢ ᠬᠦᠭᠵᠢᠯᠳᠡ ᠭᠡᠬᠦ ᠡᠨᠡᠬᠦ ᠨᠢᠭᠡᠳᠦᠭᠡᠷ | ᠴᠢᠬᠤᠯᠠ ᠡᠭᠦᠷᠭᠡ ᠶᠢ ᠴᠢᠩᠭ᠎ᠠ ᠠᠳᠬᠤᠵᠦ ᠬᠢᠩᠭᠠᠨ ᠠᠶᠢᠮᠠᠭ ᠤᠨ ᠪᠤᠳᠠᠳᠤ ᠪᠠᠶᠢᠳᠠᠯ ᠠᠴᠠ ᠡᠭᠦᠰᠦᠨ | ᠰᠢᠪᠳᠤᠯᠤᠯᠳᠠ ᠶᠢᠨ ᠴᠡᠭ ᠢᠶᠠᠨ ᠤᠨᠤᠪᠴᠢᠳᠠᠢ ᠡᠷᠢᠵᠤ᠂ ᠬᠦᠭᠵᠢᠯᠳᠡ ᠶᠢᠨ ᠬᠦᠴᠢᠷᠳᠡᠯ ᠢ ᠪᠦᠬᠦ ᠬᠦᠴᠦᠨ ᠢᠶᠠᠷ | ᠰᠢᠪᠳᠤᠯᠤᠨ᠂ ᠨᠢᠭᠡᠨ ᠵᠤᠷᠪᠤᠰ ᠬᠢᠩᠭᠠᠨ ᠤ ᠪᠤᠳᠠᠳᠤ ᠪᠠᠶᠢᠳᠠᠯ ᠲᠠᠢ ᠨᠡᠶᠢᠴᠡᠬᠦ ᠴᠢᠨᠠᠷ ᠰᠠᠶᠢᠳᠠᠢ ᠬᠦᠭᠵᠢᠯᠳᠡ ᠶᠢᠨ | ᠰᠢᠨ᠎ᠡ ᠵᠠᠮ ᠢᠶᠠᠷ ᠵᠠᠮᠨᠠᠬᠤ ᠬᠡᠷᠡᠭᠳᠡᠢ︔ ᠡᠷᠬᠡᠪᠰᠢ ᠦᠵᠡᠯ ᠰᠠᠨᠠᠭ᠎ᠠ ᠪᠠᠨ ᠴᠢᠯᠦᠭᠡᠯᠡᠵᠤ᠂ ᠦᠭᠡᠷᠡᠴᠢᠯᠡᠯᠳᠡ ᠬᠢᠵᠦ | ᠰᠢᠨ᠎ᠡ ᠶᠢ ᠡᠭᠦᠳᠦᠨ᠂ ᠳᠦᠷᠭᠡᠨ ᠬᠦᠭᠵᠢᠯᠳᠡ ᠶᠢ ᠲᠦᠷᠭᠡᠳᠭᠡᠬᠦ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠮᠵᠢ | ᠲᠤᠭᠳᠠᠴᠠ ᠶᠢᠨ ᠬᠠᠷᠰᠢ ᠰᠠᠭᠠᠳ ᠢ ᠡᠷᠡᠰ ᠠᠷᠢᠯᠭᠠᠨ᠂ ᠬᠦᠭᠵᠢᠯᠳᠡ ᠶᠢᠨ ᠤᠷᠤᠨ ᠵᠠᠢ ᠪᠠᠨ ᠳᠠᠰᠤᠷᠠᠯᠳᠠ ᠦᠭᠡᠢ | ᠦᠷᠭᠡᠳᠭᠡᠵᠤ᠂ ᠬᠦᠭᠵᠢᠯᠳᠡ ᠶᠢᠨ ᠰᠢᠨ᠎ᠡ ᠴᠢᠳᠠᠪᠬᠢ ᠶᠢ ᠨᠡᠮᠡᠭᠳᠡᠭᠦᠯᠬᠦ ᠬᠡᠷᠡᠭᠳᠡᠢ︔ ᠡᠷᠬᠡᠪᠰᠢ ᠠᠷᠠᠳ ᠲᠤ ᠪᠤᠶᠠᠨ | ᠦᠢᠯᠡᠳᠬᠦ ᠶᠢ ᠳᠦᠷᠦ ᠪᠠᠷᠢᠬᠤ ᠶᠢᠨ ᠬᠠᠮᠤᠭ ᠦᠨᠳᠦᠷ ᠦᠷᠳᠡᠭ ᠤᠨ ᠬᠦᠭᠡᠭᠡᠴᠡᠯᠳᠦᠯ ᠪᠤᠯᠭᠠᠵᠤ᠂ ᠠᠷᠠᠳ ᠤᠨ | ᠠᠮᠢᠳᠤᠷᠠᠯ ᠤᠨ ᠪᠤᠳᠠᠳᠤ ᠶᠠᠪᠤᠳᠠᠯ ᠢ ᠢᠯᠡᠭᠦᠤ ᠬᠢᠵᠤ᠂ ᠠᠷᠠᠳ ᠢ ᠬᠠᠷᠠᠭᠠᠯᠵᠠᠬᠤ ᠰᠠᠶᠢᠨ ᠶᠠᠪᠤᠳᠠᠯ ᠢ ᠢᠯᠡᠭᠦᠤ ᠬᠢᠵᠤ᠂ | ᠠᠷᠠᠳ ᠤᠯᠠᠨ ᠤ ᠬᠢᠩᠭᠠᠨ ᠢᠶᠠᠨ ᠪᠦᠳᠦᠭᠡᠨ ᠪᠠᠶᠢᠭᠤᠯᠬᠤ ᠤᠷᠬᠢᠯᠤᠮ᠎ᠠ ᠬᠠᠯᠠᠭᠤᠨ ᠰᠡᠳᠭᠢᠯᠭᠡ ᠶᠢ ᠬᠠᠮᠤᠭ ᠶᠡᠭᠡ | ᠬᠡᠮᠵᠢᠶ᠎ᠡ ᠪᠠᠷ ᠤᠷᠮᠠᠰᠢᠭᠤᠯᠬᠤ ᠬᠡᠷᠡᠭᠳᠡᠢ︔ ᠡᠷᠬᠡᠪᠰᠢ ᠦᠨᠡᠨ ᠢ ᠪᠠᠷᠢᠮᠳᠡᠯᠡᠨ ᠪᠤᠳᠠᠳᠠᠢ ᠠᠵᠢᠯᠯᠠᠵᠤ᠂ ᠰᠢᠷᠭᠠᠭᠤ | ᠬᠠᠳᠠᠭᠤᠵᠢᠯᠳᠠᠢ ᠳᠡᠮᠡᠴᠡᠨ᠂ ᠬᠠᠳᠠᠭᠠᠰᠤ ᠬᠠᠳᠠᠬᠤ ᠵᠤᠷᠢᠭ ᠰᠠᠨᠠᠭ᠎ᠠ ᠪᠠᠷ ᠡᠯ᠎ᠡ ᠳᠦᠷᠦᠯ ᠤᠨ ᠠᠵᠢᠯ ᠤᠨ | ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠤ᠂ ᠤᠷᠬᠢᠯᠤᠮ᠎ᠠ ᠰᠡᠳᠭᠢᠯᠭᠡ ᠲᠠᠢ᠂ ᠡᠷᠴᠢ ᠬᠦᠴᠦᠨ ᠲᠠᠢ᠂ ᠡᠷᠴᠢ | ᠵᠤᠷᠢᠭ ᠲᠠᠢ ᠪᠠᠷ ᠳᠡᠤᠬᠡ᠂ ᠦᠢᠯᠡᠳᠦᠯᠭᠡ ᠪᠠ ᠠᠷᠠᠳ ᠳᠦᠮᠡᠨ ᠤ ᠬᠢᠨᠠᠨ ᠰᠢᠯᠭᠠᠯᠳᠠ ᠶᠢ ᠦᠩᠭᠡᠷᠡᠭᠡᠵᠤ ᠳᠡᠶᠢᠯᠬᠦ | ᠠᠵᠢᠯ ᠤᠨ ᠠᠮᠵᠢᠯᠳᠠ ᠶᠢ ᠴᠢᠷᠮᠠᠶᠢᠨ ᠡᠭᠦᠳᠬᠦ ᠬᠡᠷᠡᠭᠳᠡᠢ︔ ᠡᠷᠭᠡᠪᠰᠢ ᠨᠠᠮ ᠠᠴᠠ ᠨᠠᠮ ᠢ ᠬᠠᠮᠢᠶᠠᠷᠬᠤ᠂ ᠪᠦᠬᠦ | ᠳᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠳᠠᠯᠠᠵᠤ᠂ ᠦᠨᠡᠨᠬᠦ ᠴᠢᠩᠭ᠎ᠠ ᠬᠠᠮᠢᠶᠠᠷᠴᠤ᠂ ᠵᠤᠷᠢᠭᠳᠠᠢ ᠪᠠᠷ ᠴᠢᠩᠭ᠎ᠠ | ᠬᠠᠮᠢᠶᠠᠷᠴᠤ᠂ ᠤᠷᠳᠤ ᠬᠤᠭᠤᠴᠠᠭ᠎ᠠ ᠪᠠᠷ ᠴᠢᠩᠭ᠎ᠠ ᠬᠠᠮᠢᠶᠠᠷᠴᠤ᠂ ᠤᠪᠤᠷ ᠰᠤᠷᠳᠠᠯ ᠳᠦᠪ ᠴᠢᠭᠡᠴᠢ ᠰᠢᠯᠢᠳᠡᠭ ᠰᠠᠶᠢᠨ | ᠤᠯᠤᠰ ᠳᠦᠷᠦ ᠶᠢᠨ ᠠᠮᠢ ᠠᠬᠤᠢ ᠶᠢ ᠪᠤᠢ ᠪᠤᠯᠭᠠᠵᠦ᠂ ᠪᠦᠬᠦ ᠠᠶᠢᠮᠠᠭ ᠤᠨ ᠡᠯ᠎ᠡ ᠳᠦᠷᠦᠯ ᠤᠨ ᠠᠵᠢᠯ ᠦᠢᠯᠡᠰ ᠤᠨ | ᠬᠦᠭᠵᠢᠯᠳᠡ ᠳᠤ ᠴᠢᠩᠭ᠎ᠠ ᠪᠠᠳᠤᠯᠠᠭ᠎ᠠ ᠬᠠᠩᠭᠠᠬᠤ ᠬᠡᠷᠡᠭᠳᠡᠢ ᠭᠡᠳᠡᠭ ᠢ ᠬᠦᠨᠵᠡᠭᠡᠢ ᠳᠠᠨᠢᠵᠤ ᠤᠯᠪᠠ᠃ | ᠠᠮᠵᠢᠯᠳᠠ ᠪᠦᠳᠦᠮᠵᠢ ᠪᠠᠨ ᠤᠯᠵᠦ ᠬᠠᠷᠠᠬᠤ ᠶᠢᠨ ᠬᠠᠮᠳᠤ ᠪᠢᠳᠡ ᠪᠠᠰᠠ ᠪᠦᠬᠦ ᠠᠶᠢᠮᠠᠭ ᠤᠨ ᠬᠦᠭᠵᠢᠯᠳᠡ | ᠳᠡᠩᠴᠡᠭᠦᠷᠢ ᠦᠭᠡᠢ ᠬᠦᠢᠴᠡᠳ ᠦᠭᠡᠢ ᠠᠰᠠᠭᠤᠳᠠᠯ ᠨᠡᠯᠢᠶᠡᠳ ᠳᠤᠪᠤᠶᠢᠮ᠎ᠠ ᠪᠠᠶᠢᠵᠤ᠂ ᠴᠢᠨᠠᠷ ᠰᠠᠶᠢᠳᠠᠢ | ᠬᠦᠭᠵᠢᠯᠳᠡ ᠶᠢ ᠨᠦᠯᠦᠭᠡᠯᠡᠬᠦ ᠬᠦᠨ ᠳᠠᠪᠬᠤᠷᠭ᠎ᠠ ᠶᠢᠨ ᠠᠰᠠᠭᠤᠳᠠᠯ ᠪᠠᠰᠠ ᠨᠡᠯᠢᠶᠡᠳ ᠤᠯᠠᠨ ᠪᠠᠶᠢᠬᠤ ᠶᠢ | ᠰᠡᠷᠭᠡᠭ ᠢᠶᠠᠷ ᠳᠠᠨᠢᠵᠤ ᠤᠯᠬᠤ ᠭᠡᠷᠡᠭᠳᠡᠢ᠃ ᠵᠢᠱᠢᠶᠡᠯᠡᠪᠡᠯ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠡᠳ᠋ ᠤᠨ | ᠵᠠᠰᠠᠭ ᠤᠨ ᠬᠦᠴᠦᠨ ᠪᠠᠭᠤᠷᠠᠢ᠂ ᠶᠠᠳᠠᠭᠤ ᠬᠦᠴᠢᠷᠳᠡᠢ ᠬᠦᠮᠦᠨ ᠠᠮᠠ ᠤᠯᠠᠨ᠂ ᠰᠠᠭᠤᠭᠠᠯᠢ ᠠᠷᠠᠳ ᠤᠨ ᠤᠷᠤᠯᠭ᠎ᠠ | ᠪᠠᠭ᠎ᠠ᠂ ᠴᠢᠨᠡᠬᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠭᠦ ᠰᠢᠢᠳᠪᠤᠷᠢᠳᠦ ᠢᠯᠡᠯᠳᠡ ᠶᠢ ᠤᠯᠬᠤ ᠡᠭᠦᠷᠭᠡ ᠮᠦᠨ | ᠬᠦ ᠮᠠᠰᠢ ᠬᠦᠨᠳᠤ ᠪᠠᠶᠢᠭᠰᠠᠭᠠᠷ︔ ᠠᠵᠤ ᠦᠢᠯᠡᠳᠪᠦᠷᠢᠵᠢᠯᠳᠡ ᠪᠠ ᠬᠤᠳᠠ ᠪᠠᠯᠭᠠᠰᠤᠵᠢᠯᠳᠠ ᠬᠤᠴᠤᠷᠤᠩᠭᠤᠢ᠂ | ᠠᠵᠤ ᠠᠬᠤᠢᠢᠯᠠᠯ ᠤᠨ ᠬᠡᠪᠴᠢᠶ᠎ᠡ ᠪᠠᠭ᠎ᠠ᠂ ᠳᠠᠭᠠᠭᠤᠯᠤᠭᠴᠢ ᠠᠵᠤ ᠠᠬᠤᠢᠢᠯᠠᠯ ᠴᠦᠬᠡᠨ᠂ ᠠᠷᠠᠳ ᠤᠨ | ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠡ ᠭᠦᠢᠴᠡᠳ ᠦᠭᠡᠢ᠂ ᠪᠦᠳᠦᠴᠡ ᠶᠢᠨ ᠳᠤᠬᠢᠷᠠᠭᠤᠯᠤᠯᠳᠠ ᠶᠢ | ᠠᠬᠢᠭᠤᠯᠬᠤ᠂ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠭᠦᠯᠬᠦ ᠶᠢ ᠠᠬᠢᠭᠤᠯᠬᠤ ᠡᠭᠦᠷᠭᠡ ᠮᠦᠨ ᠬᠦ ᠮᠠᠰᠢ ᠬᠦᠨᠳᠤ | ᠪᠠᠶᠢᠭᠰᠠᠭᠠᠷ︔ ᠰᠢᠨᠵᠢᠯᠡᠬᠦ ᠤᠬᠠᠭᠠᠨ ᠮᠡᠷᠭᠡᠵᠢᠯ ᠤᠨ ᠳᠤᠯᠭᠠᠭᠤᠷᠢᠯᠠᠯ ᠪᠠ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ | ᠪᠤᠰᠤ᠂ ᠴᠢᠳᠠᠪᠤᠷᠢᠳᠠᠨ ᠤ ᠪᠠᠳᠤᠯᠠᠭ᠎ᠠ ᠭᠦᠢᠴᠡᠳ ᠦᠭᠡᠢ᠂ ᠬᠦᠭᠵᠢᠯᠳᠡ ᠶᠢ ᠬᠢᠵᠠᠭᠠᠷᠯᠠᠬᠤ ᠪᠠᠶᠢᠭᠤᠯᠤᠮᠵᠢ | ᠲᠤᠭᠳᠠᠴᠠ ᠶᠢᠨ ᠰᠠᠭᠠᠳ ᠬᠠᠷᠰᠢ ᠵᠤᠬᠢᠬᠤ ᠬᠡᠮᠵᠢᠶ᠎ᠡ ᠪᠠᠷ ᠤᠷᠤᠰᠢᠵᠤ᠂ ᠦᠭᠡᠷᠡᠴᠢᠯᠡᠯᠳᠡ ᠨᠡᠭᠡᠭᠡᠯᠳᠡ ᠶᠢ | ᠬᠦᠨᠵᠡᠭᠡᠶᠢᠷᠡᠭᠦᠯᠬᠦ᠂ ᠰᠢᠨ᠎ᠡ ᠶᠢ ᠡᠬᠦᠳᠬᠦ ᠬᠦᠭᠵᠢᠯᠳᠡ ᠶᠢ ᠳᠦᠷᠭᠡᠳᠭᠡᠬᠦ ᠡᠭᠦᠷᠭᠡ ᠮᠦᠨ ᠬᠦ ᠬᠦᠨᠳᠤ ᠪᠠᠶᠢᠭᠰᠠᠭᠠᠷ︔ | ᠤᠯᠠᠨ ᠳᠦᠮᠡᠨ ᠤ ᠠᠵᠢᠯ ᠤᠯᠬᠤ᠂ ᠰᠤᠷᠭᠠᠨ ᠬᠦᠮᠦᠵᠢᠯ᠂ ᠡᠮ ᠡᠮᠨᠡᠯᠭᠡ ᠵᠡᠷᠭᠡ ᠳᠠᠯ᠎ᠠ ᠪᠠᠷ ᠪᠠᠰᠠ ᠴᠦᠬᠡᠨ ᠪᠤᠰᠤ | ᠬᠦᠴᠢᠷᠳᠡᠯ ᠲᠠᠢ ᠪᠠᠶᠢᠵᠤ᠂ ᠵᠠᠷᠢᠮ ᠬᠦᠷᠢᠶ᠎ᠡ ᠬᠡᠪᠴᠢᠶᠡᠨ ᠤ ᠠᠶᠤᠯ ᠳᠦᠭᠰᠢᠭᠦᠷᠢ ᠶᠢᠨ ᠭᠡᠮ ᠰᠤᠭᠤᠭ ᠢ | ᠤᠮᠳᠤᠭᠠᠢᠢᠯᠠᠵᠤ ᠪᠤᠯᠬᠤ ᠦᠭᠡᠢ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠪᠠᠳᠤᠯᠬᠠᠤ᠂ ᠨᠡᠶᠢᠭᠡᠮ ᠤᠨ | ᠵᠠᠰᠠᠯᠳᠠ ᠶᠢ ᠴᠢᠩᠭᠠᠳᠬᠠᠬᠤ ᠡᠭᠦᠷᠭᠡ ᠮᠦᠨ ᠬᠦ ᠬᠦᠨᠳᠤ ᠪᠠᠶᠢᠭᠰᠠᠭᠠᠷ︔ ᠵᠠᠷᠢᠮ ᠨᠠᠮ ᠤᠨ ᠭᠡᠰᠢᠭᠦᠨ ᠺᠠᠳ᠋ᠷ ᠦᠵᠡᠯ | ᠰᠠᠨᠠᠭ᠎ᠠ ᠪᠠᠨ ᠭᠦᠢᠴᠡᠳ ᠴᠢᠯᠦᠭᠡᠯᠡᠭᠰᠡᠨ ᠦᠭᠡᠢ᠂ ᠬᠠᠷᠢᠭᠤᠴᠠᠯᠭᠠᠳᠤ ᠤᠬᠠᠮᠰᠠᠷ ᠴᠢᠩᠭ᠎ᠠ ᠪᠤᠰᠤ᠂ ᠬᠠᠤᠯᠢ | ᠰᠠᠬᠢᠯᠭ᠎ᠠ ᠶᠢ ᠵᠦᠷᠢᠴᠡᠭᠰᠡᠨ ᠠᠰᠠᠭᠤᠳᠠᠯ ᠮᠦᠨ ᠬᠦ ᠡᠭᠦᠰᠴᠤ᠂ ᠬᠡᠰᠡᠭ ᠦᠨᠳᠦᠰᠦᠨ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠳᠠ ᠳᠤᠷᠤᠢ ᠪᠠᠭᠤᠷᠠᠢ ᠰᠤᠯᠠ ᠨᠠᠵᠠᠭᠠᠢ ᠪᠠᠶᠢᠵᠤ᠂ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠬᠤ᠂ | ᠪᠦᠬᠦ ᠳᠠᠯ᠎ᠠ ᠪᠠᠷ ᠨᠠᠮ ᠢ ᠴᠢᠩᠭ᠎ᠠ ᠵᠠᠰᠬᠠᠤ ᠶᠢ ᠠᠬᠢᠭᠤᠯᠬᠤ ᠡᠭᠦᠷᠭᠡ ᠮᠦᠨ ᠬᠦ ᠬᠦᠨᠳᠤ ᠪᠠᠶᠢᠭᠰᠠᠭᠠᠷ᠃ ᠪᠢᠳᠡ | ᠡᠷᠬᠡᠪᠰᠢ ᠳᠠᠷᠢᠬᠢ ᠳᠤᠯᠤᠭᠠᠢ ᠪᠠᠨ ᠰᠡᠷᠭᠡᠭ ᠪᠠᠶᠢᠯᠭᠠᠵᠤ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ | ᠵᠤᠪᠠᠨᠢᠬᠤ ᠰᠡᠳᠭᠢᠯ ᠢᠶᠠᠨ ᠨᠡᠮᠡᠭᠳᠡᠭᠦᠯᠵᠤ᠂ ᠬᠤᠷᠢᠭ᠎ᠠ ᠱᠤᠭᠤᠮ ᠤᠨ ᠰᠡᠳᠬᠢᠴᠡ ᠶᠢ ᠪᠤᠢ ᠪᠤᠯᠭᠠᠨ᠂ ᠨᠡᠩ ᠬᠦᠴᠦᠨ | ᠪᠦᠬᠦᠢ ᠪᠦᠳᠦᠮᠵᠢᠳᠡᠢ ᠠᠷᠭ᠎ᠠ ᠪᠤᠳᠤᠯᠭ᠎ᠠ ᠶᠢ ᠬᠡᠷᠡᠭᠯᠡᠨ ᠠᠵᠢᠯ ᠤᠨ ᠳᠤᠮᠳᠠ ᠤᠷᠤᠰᠢᠵᠤ ᠪᠠᠶᠢᠭ᠎ᠠ ᠠᠰᠠᠭᠤᠳᠠᠯ ᠢ | ᠰᠠᠶᠢᠳᠤᠷ ᠰᠢᠢᠳᠪᠦᠷᠢᠯᠡᠵᠤ᠂ ᠪᠦᠯᠬᠦᠮᠳᠡᠬᠦ᠂ ᠴᠢᠷᠮᠠᠶᠢᠨ ᠤᠷᠤᠭᠰᠢᠯᠠᠬᠤ᠂ ᠬᠦᠭᠵᠢᠬᠦ ᠬᠦᠴᠦᠷᠬᠡᠭ ᠶᠡᠭᠡ ᠬᠦᠴᠦᠨ ᠢ | ᠳᠠᠰᠤᠷᠠᠯᠳᠠ ᠦᠭᠡᠢ ᠨᠢᠭᠳᠠᠷᠠᠭᠤᠯᠵᠤ᠂ ᠪᠦᠬᠦ ᠠᠶᠢᠮᠠᠭ ᠤᠨ ᠡᠯ᠎ᠡ ᠳᠦᠷᠦᠯ ᠤᠨ ᠠᠵᠢᠯ ᠦᠢᠯᠡᠰ ᠤᠨ ᠨᠡᠩ ᠦᠨᠳᠦᠷ | ᠬᠠᠷᠠᠯᠳᠠ ᠳᠡᠰᠢ ᠴᠢᠷᠮᠠᠶᠢᠨ ᠤᠷᠤᠭᠰᠢᠯᠠᠬᠤ ᠶᠢ ᠠᠬᠢᠭᠤᠯᠤᠶ᠎ᠠ︕ |