ᠬᠤᠶᠠᠷ᠂ ᠴᠢᠭᠯᠡᠯ ᠢ ᠵᠦᠪ ᠡᠵᠡᠮᠳᠡᠵᠤ ᠪᠠᠶᠢᠳᠠᠯ ᠢ ᠳᠤᠳᠤᠷᠬᠠᠢ ᠲᠠᠨᠢᠵᠤ ᠬᠢᠨᠭ᠍ᠭᠠᠨ ᠠᠶᠢᠮᠠᠭ ᠤᠨ ᠴᠢᠨᠠᠷ | ᠰᠠᠶᠢᠳᠠᠢ ᠬᠦᠭᠵᠢᠯᠳᠡ ᠶᠢᠨ ᠬᠠᠷᠠᠯᠳᠠ ᠪᠠ ᠡᠬᠦᠷᠭᠡ ᠶᠢ ᠰᠢᠨᠵᠢᠯᠡᠬᠦ ᠤᠬᠠᠭᠠᠨᠴᠢ ᠪᠠᠷ ᠲᠦᠯᠥᠪᠵᠢᠬᠦᠯᠬᠦ ᠬᠡᠷᠡᠭᠳᠡᠢ | ᠠᠵᠢᠯ ᠥᠢᠯᠡᠰ ᠦᠭᠡᠳᠡᠯᠡᠯ ᠬᠦᠭᠵᠢᠯᠳᠡ ᠲᠠᠢ ᠪᠤᠯᠬᠤ ᠳᠤ ᠴᠢᠭᠯᠡᠯ ᠢ ᠵᠦᠪ ᠡᠵᠡᠮᠳᠡᠬᠦ ᠨᠢ ᠲᠤᠩ ᠴᠢᠬᠤᠯᠠ᠃ | ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠥ ᠤᠯᠤᠰ ᠤᠨ ᠤᠨᠴᠠᠯᠢᠬ ᠲᠠᠢ ᠨᠡᠶᠢᠭᠡᠮ ᠵᠢᠷᠥᠮ ᠤᠨ ᠦᠵᠡᠯ | ᠰᠠᠨᠠᠭ᠎ᠠ ᠪᠤᠯ ᠪᠦᠬᠦ ᠨᠠᠮ ᠪᠦᠬᠦ ᠤᠯᠤᠰ ᠤᠨ ᠠᠷᠠᠳ ᠲᠦᠮᠡᠨ ᠳᠤᠮᠳᠠᠳᠥ ᠶᠢᠨ ᠦᠨᠳᠥᠰᠥᠳᠡᠨ ᠤ ᠰᠡᠷᠬᠦᠨ | ᠮᠠᠨᠳᠥᠯᠳᠡ ᠶᠢᠨ ᠲᠦᠯᠥᠭᠡ ᠳᠡᠮᠡᠴᠡᠬᠦ ᠵᠦᠭᠯᠡᠭᠦᠷ ᠪᠤᠯᠤᠨ᠎ᠠ᠂ ᠨᠠᠮ ᠪᠠ ᠤᠯᠤᠰ ᠤᠨ ᠤᠷᠳᠥ ᠬᠤᠭᠤᠴᠠᠭ᠎ᠠ ᠪᠠᠷ | ᠪᠠᠷᠢᠮᠳᠠᠯᠠᠬᠤ ᠵᠢᠯᠤᠭᠤᠳᠬᠤ ᠦᠵᠡᠯ ᠰᠠᠨᠠᠭ᠎ᠠ᠂ ᠡᠷᠬᠡᠪᠰᠢ ᠴᠢᠩᠭ᠎ᠠ ᠡᠵᠡᠮᠳᠡᠬᠦ ᠬᠡᠷᠡᠭᠳᠡᠢ᠃ ᠰᠢ ᠶᠢᠨ ᠫᠢᠩ ᠶᠡᠷᠥᠩᠬᠡᠢ | ᠱᠦᠵᠢ ᠦᠪᠤᠷ ᠮᠤᠩᠭᠤᠯ ᠤᠨ ᠠᠵᠢᠯ ᠳᠤ ︽ᠭᠤᠷᠪᠠᠨ ᠯᠠᠪᠳᠠᠭᠤᠨ ᠪᠠᠳᠤᠳᠠᠢ︾ ︽ᠲᠦᠷᠪᠡᠨ ᠲᠠᠯ᠎ᠠ ᠪᠠᠷ | ᠬᠦᠴᠦᠯᠡᠬᠦ︾ ︽ᠳᠠᠪᠤ ᠶᠢ ᠤᠶᠠᠯᠳᠤᠭᠤᠯᠬᠤ︾ ᠵᠡᠷᠭᠡ ᠴᠢᠬᠤᠯᠠ ᠱᠠᠭᠠᠷᠳᠠᠯᠭ᠎ᠠ ᠲᠠᠯᠪᠢᠭᠰᠠᠨ ᠨᠢ ᠮᠠᠨᠥᠰ ᠲᠤ | ᠳᠤᠷᠠᠳᠤᠭᠰᠠᠨ ᠠᠵᠢᠯ ᠤᠨ ᠬᠦᠳᠥᠯᠪᠤᠷᠢ ᠪᠤᠯᠤᠨ᠎ᠠ᠂ ᠦᠪᠤᠷ ᠮᠤᠩᠭᠤᠯ ᠤᠨ ᠬᠦᠭᠵᠢᠯᠳᠡ ᠳᠤ ᠤᠷᠤᠭᠰᠢᠯᠠᠬᠤ | ᠴᠢᠭᠯᠡᠯ ᠢ ᠵᠢᠭᠠᠵᠤ ᠦᠭᠴᠡᠢ᠃ ᠪᠢᠳᠡ ᠡᠷᠬᠡᠪᠰᠢ ᠨᠠᠷᠢᠨ ᠬᠢᠨᠠᠮᠠᠭᠠᠢ ᠰᠤᠷᠤᠯᠴᠠᠵᠤ᠂ ᠬᠦᠨᠵᠡᠬᠡᠢ ᠡᠵᠡᠮᠰᠢᠵᠤ᠂ ᠪᠦᠬᠦ | ᠳᠠᠯ᠎ᠠ ᠪᠠᠷ ᠲᠤᠭᠤᠰᠢᠯᠠᠭᠤᠯᠥᠨ᠂ ᠡᠷᠡᠰ ᠬᠡᠷᠡᠭᠵᠢᠬᠦᠯᠥᠨ᠂ ᠪᠦᠬᠦ ᠠᠶᠢᠮᠠᠭ ᠤᠨ ᠦᠭᠡᠷᠡᠴᠢᠯᠡᠯᠳᠡ ᠨᠡᠭᠡᠭᠡᠯᠳᠡ ᠪᠠ | ᠤᠳᠤᠬᠢᠴᠢᠯᠠᠯᠳᠠ ᠶᠢᠨ ᠪᠦᠳᠥᠭᠡᠨ ᠪᠠᠶᠢᠭᠤᠯᠤᠯᠳᠠ ᠶᠢᠨ ᠥᠢᠯᠡᠰ ᠢ ᠵᠦᠪ ᠴᠢᠭᠯᠡᠯ ᠢᠶᠠᠷ ᠤᠷᠤᠭᠰᠢᠯᠠᠭᠤᠯᠬᠤ ᠶᠢ | ᠪᠠᠳᠤᠯᠠᠬᠤ ᠬᠡᠷᠡᠭᠳᠡᠢ᠃ | 2019 ᠤᠨ ᠪᠤᠯ ᠰᠢᠨ᠎ᠡ ᠳᠤᠮᠳᠠᠳᠥ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠤᠯᠤᠨ᠎ᠠ᠂ | ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠵᠠᠩᠬᠢᠯᠠᠭ᠎ᠠ ᠶᠢᠨ ᠨᠢᠭᠡ ᠵᠢᠯ ᠪᠤᠯᠤᠨ᠎ᠠ᠃ ᠨᠢᠳᠥᠨᠥᠨ ᠵᠢᠯ ᠤᠨ | ᠡᠴᠥᠰ ᠲᠤ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠭᠤᠯᠥᠨ᠂ ᠤᠯᠤᠰ ᠤᠨ ᠳᠤᠳᠤᠭᠠᠳᠥᠬᠢ | ᠳᠡᠯᠡᠬᠡᠢ ᠶᠢᠨ ᠠᠵᠤ ᠠᠬᠤᠢ ᠶᠢᠨ ᠬᠠᠨᠳᠥᠰᠢ ᠶᠢ ᠪᠦᠬᠦ ᠳᠠᠯ᠎ᠠ ᠪᠠᠷ ᠵᠠᠳᠠᠯᠵᠦ᠂ ᠰᠢᠨ᠎ᠠ ᠪᠠᠶᠢᠳᠠᠯ ᠳᠤᠤᠷᠠᠬᠢ ᠠᠵᠤ | ᠠᠬᠤᠢ ᠶᠢᠨ ᠠᠵᠢᠯ ᠢ ᠰᠠᠶᠢᠳᠥᠷ ᠬᠢᠬᠦ ᠳᠤᠬᠠᠢ ᠵᠢᠮ᠎ᠡ ᠶᠤᠰᠥᠴᠢ ᠴᠢᠨᠠᠷᠳᠠᠢ ᠲᠠᠨᠢᠯᠳᠠ ᠶᠢ ᠬᠦᠨᠵᠡᠬᠡᠢ ᠳ᠋ᠦᠡᠭᠨᠡᠵᠤ᠂ | ᠰᠢᠨ᠎ᠡ ᠴᠠᠭ ᠦᠶ᠎ᠠ ᠶᠢᠨ ᠮᠠᠨ ᠤ ᠤᠯᠤᠰ ᠤᠨ ᠬᠦᠭᠵᠢᠯᠳᠡ ᠶᠢᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ | ᠳᠤᠬᠢᠶᠠᠯᠳᠥ ᠴᠠᠭ ᠦᠶ᠎ᠠ ᠶᠢ ᠰᠢᠰᠲᠧᠮ ᠲᠠᠢ ᠵᠠᠳᠠᠯᠥᠨ᠂ ᠡ᠊ᠨᠡ ᠵᠢᠯ ᠤᠨ ᠠᠵᠤ ᠠᠬᠤᠢ ᠶᠢᠨ ᠠᠵᠢᠯ ᠤᠨ ᠶᠡᠷᠥᠩᠬᠡᠢ | ᠱᠠᠭᠠᠷᠳᠠᠯᠭ᠎ᠠ᠂ ᠭᠤᠤᠯ ᠬᠠᠷᠠᠯᠳᠠ᠂ ᠲᠦᠷᠥ ᠶᠢᠨ ᠪᠤᠳᠤᠯᠭ᠎ᠠ ᠶᠢᠨ ᠴᠢᠭᠯᠡᠯ᠂ ᠭᠤᠤᠯ ᠡᠬᠦᠷᠭᠡ ᠪᠠ ᠴᠢᠬᠤᠯᠠ | ᠪᠠᠳᠤᠯᠠᠭ᠎ᠠ ᠵᠡᠷᠭᠡ ᠶᠢ ᠳᠤᠳᠤᠷᠬᠠᠢ ᠳᠤᠷᠠᠳᠴᠥ᠂ ᠪᠢᠳᠡᠨ ᠤ ᠬᠦᠭᠵᠢᠯᠳᠡ ᠶᠢᠨ ᠬᠠᠨᠳᠥᠰᠢ ᠶᠢ ᠳᠤᠳᠤᠷᠬᠠᠢ ᠲᠠᠨᠢᠵᠤ᠂ | ᠣᠷᠤᠬᠰᠢᠯᠠᠨ ᠳᠡᠮᠡᠤᠯᠭᠦ ᠬᠦᠴᠥᠨ ᠢᠶᠠᠨ ᠨᠢᠬᠳᠠᠷᠠᠭᠤᠯᠵᠤ᠂ ᠠᠵᠤ ᠠᠬᠤᠢ ᠶᠢᠨ ᠠᠵᠢᠯ ᠢ ᠰᠠᠶᠢᠳᠥᠷ ᠬᠢᠬᠦ ᠳᠤ | ᠴᠢᠬᠤᠯᠠ ᠵᠢᠷᠥᠮᠯᠡᠯ ᠬᠠᠨᠭ᠍ᠭᠠᠵᠤ ᠦᠭᠴᠠᠢ᠃ ᠡᠮᠥᠨᠡᠭᠡᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ | ᠠᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠠ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ | ᠬᠤᠷᠠᠯ ᠬᠤᠷᠠᠯᠳᠤᠭᠤᠯᠥᠨ᠂ ᠪᠢᠳᠡᠨ ᠤ ᠤᠳᠤᠬᠠᠨ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠠᠵᠤ | ᠠᠬᠤᠢ ᠶᠢᠨ ᠠᠵᠢᠯ ᠢ ᠰᠠᠶᠢᠳᠥᠷ ᠬᠢᠬᠦ ᠳᠤ ᠪᠤᠳᠠᠳᠠᠢ ᠪᠠᠶᠢᠷᠢᠯᠠᠭᠤᠯᠤᠯᠳᠠ ᠬᠢᠵᠡᠢ᠃ ᠪᠦᠬᠦ ᠠᠶᠢᠮᠠᠭ ᠢᠶᠠᠷ ᠢᠶᠠᠨ | ᠡᠷᠬᠡᠪᠰᠢ ︽ᠲᠦᠷᠪᠡᠨ ᠤᠬᠠᠮᠰᠠᠷ︾ ᠢ ᠪᠠᠳᠤ ᠪᠤᠢ ᠪᠤᠯᠭᠠᠵᠤ᠂ ︽ᠲᠦᠷᠪᠡᠨ ᠢᠳᠡᠭᠡᠯ︾ ᠢ ᠪᠠᠳᠤᠳᠬᠠᠵᠤ᠂ ︽ | ᠬᠤᠶᠠᠷ ᠢ ᠬᠦᠷᠢᠶᠡᠯᠡᠬᠦ︾ ᠶᠢ ᠪᠡᠶᠡᠯᠡᠬᠦᠯᠵᠤ᠂ ᠦᠵᠡᠯ ᠰᠠᠨᠠᠭ᠎ᠠ ᠪᠠ ᠥᠢᠯᠡ ᠠᠵᠢᠯᠯᠠᠭ᠎ᠠ ᠪᠠᠨ ᠨᠠᠮ ᠤᠨ ᠲᠦᠪ | ᠬᠤᠷᠢᠶᠠᠨ ᠤ ᠰᠢᠢᠳᠪᠤᠷᠢᠳᠥ ᠪᠠᠶᠢᠷᠢᠯᠠᠭᠤᠯᠤᠯᠳᠠ ᠪᠠ ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠠᠵᠢᠯ ᠤᠨ ᠱᠠᠭᠠᠷᠳᠠᠯᠭ᠎ᠠ ᠲᠠᠢ ᠨᠢᠭᠡᠳᠥᠯᠳᠡᠢ ᠪᠠᠶᠢᠯᠭᠠᠵᠤ᠂ ᠰᠢᠨ᠎ᠠ ᠪᠠᠶᠢᠳᠠᠯ ᠳᠤᠤᠷ᠎ᠠ ᠠᠵᠤ ᠠᠬᠤᠢ ᠶᠢᠨ ᠠᠵᠢᠯ ᠢ | ᠰᠠᠶᠢᠳᠥᠷ ᠬᠢᠬᠦ ᠵᠢᠮ᠎ᠡ ᠶᠤᠰᠥᠴᠢ ᠴᠢᠨᠠᠷᠳᠠᠢ ᠲᠠᠨᠢᠯᠳᠠ ᠶᠢ ᠬᠦᠨᠵᠡᠬᠡᠢ ᠤᠢᠢᠯᠠᠭᠠᠵᠤ ᠵᠦᠪ ᠡᠵᠡᠮᠰᠢᠵᠤ᠂ ᠮᠠᠨ ᠤ | ᠤᠯᠤᠰ ᠤᠨ ᠬᠦᠭᠵᠢᠯᠳᠡ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠳᠤᠬᠢᠶᠠᠯᠳᠥ ᠬᠤᠭᠤᠴᠠᠭᠠᠨ ᠳᠤ ᠤᠷᠤᠰᠢᠵᠤ | ᠪᠠᠶᠢᠭ᠎ᠠ ᠨᠤᠳᠠᠯᠠᠯᠳᠠ ᠶᠢ ᠬᠦᠨᠵᠡᠬᠡᠢ ᠤᠢᠢᠯᠠᠭᠠᠵᠤ ᠵᠦᠪ ᠡᠵᠡᠮᠰᠢᠵᠤ᠂ ᠠᠵᠤ ᠠᠬᠤᠢ ᠶᠢᠨ ᠠᠵᠢᠯ ᠤᠨ ᠶᠡᠷᠥᠩᠬᠡᠢ | ᠱᠠᠭᠠᠷᠳᠠᠯᠭ᠎ᠠ ᠪᠠ ᠲᠦᠷᠥ ᠶᠢᠨ ᠪᠤᠳᠤᠯᠭ᠎ᠠ ᠶᠢᠨ ᠴᠢᠭᠯᠡᠯ ᠢ ᠬᠦᠨᠵᠡᠬᠡᠢ ᠤᠢᠢᠯᠠᠭᠠᠵᠤ ᠵᠦᠪ ᠡᠵᠡᠮᠰᠢᠵᠤ᠂ ᠡ᠊ᠨᠡ | ᠵᠢᠯ ᠤᠨ ᠦᠭᠡᠷᠡᠴᠢᠯᠡᠯᠳᠡ ᠬᠦᠭᠵᠢᠯᠳᠡ ᠶᠢᠨ ᠴᠢᠬᠤᠯᠠ ᠡᠬᠦᠷᠭᠡ ᠶᠢ ᠬᠦᠨᠵᠡᠬᠡᠢ ᠤᠢᠢᠯᠠᠭᠠᠵᠤ ᠵᠦᠪ ᠡᠵᠡᠮᠰᠢᠵᠤ᠂ | ᠨᠠᠮ ᠠᠴᠠ ᠠᠵᠤ ᠠᠬᠤᠢ ᠶᠢᠨ ᠠᠵᠢᠯ ᠢ ᠤᠳᠤᠷᠢᠳᠬᠤ ᠴᠢᠳᠠᠪᠤᠷᠢ ᠪᠠ ᠬᠢᠷᠢ ᠲᠦᠪᠰᠢᠨ ᠤ ᠴᠢᠬᠤᠯᠠ | ᠱᠠᠭᠠᠷᠳᠠᠯᠭ᠎ᠠ ᠶᠢ ᠬᠦᠨᠵᠡᠬᠡᠢ ᠤᠢᠢᠯᠠᠭᠠᠡ ᠵᠦᠪ ᠡᠵᠡᠮᠰᠢᠵᠤ᠂ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠳᠠ ᠪᠠᠨ | ᠴᠢᠩᠭᠠᠳᠬᠠᠵᠤ᠂ ᠬᠦᠭᠵᠢᠯᠳᠡ ᠶᠢᠨ ᠰᠡᠳᠬᠢᠴᠡ ᠪᠠᠨ ᠳᠠᠰᠤᠷᠠᠯᠳᠠ ᠦᠬᠡᠢ ᠪᠠᠶᠠᠯᠢᠬᠵᠢᠭᠤᠯᠥᠨ ᠳᠡᠬᠦᠯᠳᠡᠷᠵᠢᠬᠦᠯᠵᠤ᠂ | ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠡᠯ᠎ᠡ ᠲᠦᠷᠥᠯ ᠵᠥᠢᠯ ᠤᠨ | ᠰᠢᠢᠳᠪᠤᠷᠢᠳᠥ ᠪᠠᠶᠢᠷᠢᠯᠠᠭᠤᠯᠤᠯᠳᠠ ᠨᠢ ᠮᠠᠨ ᠤ ᠠᠶᠢᠮᠠᠭ ᠲᠤ ᠦᠨᠡᠨ ᠮᠦᠨ ᠢᠶᠠᠷ ᠬᠡᠷᠡᠭᠵᠢᠬᠦᠯᠥᠭᠳᠡᠬᠦ ᠶᠢ ᠪᠠᠳᠤᠯᠠᠵᠠᠢ᠃ | | ᠤᠳᠤᠬᠠᠨ᠎ᠠ᠂ ᠬᠢᠨᠭ᠍ᠭᠠᠨ ᠠᠶᠢᠮᠠᠭ ᠤᠨ ᠬᠦᠭᠵᠢᠯᠳᠡ ᠳᠡᠥᠭᠡ ᠶᠢᠨ ᠰᠢᠨ᠎ᠡ ᠡᠬᠢᠯᠡᠯᠳᠡ ᠶᠢᠨ ᠴᠡᠭ ᠲᠤ ᠵᠤᠭᠰᠤᠵᠤ᠂ | ᠤᠷᠢᠳ ᠡᠮᠥᠨ᠎ᠡ ᠭᠠᠷᠤᠭ᠎ᠠ ᠦᠬᠡᠢ ᠭᠥᠭᠵᠢᠯᠳᠡ ᠶᠢᠨ ᠰᠠᠶᠢᠨ ᠠᠵᠠ ᠳᠤᠬᠢᠶᠠᠯ ᠲᠠᠢ ᠪᠤᠯᠵᠤ᠂ ᠢᠷᠡᠭᠡᠳᠤᠢ ᠪᠤᠯ ᠭᠡᠭᠡᠨ | ᠰᠠᠷᠠᠭᠤᠯ ᠶᠤᠮ᠃ ᠲᠦᠪ ᠤᠨ ᠠᠵᠤ ᠠᠬᠤᠢ ᠶᠢᠨ ᠬᠤᠷᠠᠯ ᠳᠡᠭᠡᠷ᠎ᠡ᠂ ᠰᠢ ᠶᠢᠨ ᠫᠢᠩ ᠶᠡᠷᠥᠩᠬᠡᠢ ᠱᠦᠵᠢ ᠮᠠᠨ ᠤ | ᠤᠯᠤᠰ ᠤᠨ ᠬᠦᠭᠵᠢᠯᠳᠡ ᠶᠢᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠳᠤᠬᠢᠶᠠᠯᠳᠥ ᠬᠤᠭᠤᠴᠠᠭᠠᠨ ᠤ ᠳᠤᠬᠠᠢ | ᠵᠦᠪ ᠲᠠᠨᠢᠬᠤ ᠳᠤᠭᠤᠷᠢᠨ ᠳᠤ ᠬᠦᠨᠵᠡᠬᠡᠢ ᠵᠠᠳᠠᠯᠤᠯᠳᠠ ᠬᠢᠵᠤ᠂ ᠮᠠᠨ ᠤ ᠤᠯᠤᠰ ᠤᠨ ᠬᠦᠭᠵᠢᠯᠳᠡ ᠶᠢᠨ ᠴᠢᠬᠤᠯᠠ | ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠰᠠᠶᠢᠳᠥᠷ ᠡᠵᠡᠮᠳᠡᠬᠦ ᠶᠢ ᠱᠠᠭᠠᠷᠳᠠᠵᠠᠢ᠃ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ | ᠤᠷᠤᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠯᠢ ᠵᠢᠢ ᠡᠾᠧᠩ ᠱᠦᠵᠢ ᠠᠴᠠ ᠮᠠᠨ ᠤ ᠤᠷᠤᠨ ᠤ | ᠬᠦᠭᠵᠢᠯᠳᠡ ᠶᠢᠨ ᠳᠤᠮᠳᠠ ᠳᠤᠯᠭᠠᠷᠠᠵᠤ ᠪᠦᠬᠦᠢ ᠬᠤᠪᠤᠷ ᠨᠠᠨᠳᠢᠨ ᠠᠵᠠ ᠳᠤᠬᠢᠶᠠᠯ ᠪᠠ ᠠᠰᠢᠭᠳᠠᠢ ᠡᠯᠧᠮᠧᠨ᠋ᠲ ᠢ | ᠬᠦᠨᠵᠡᠬᠡᠢ ᠵᠠᠳᠠᠯᠵᠤ᠂ ᠭᠤᠤᠯ ᠨᠢ ᠨᠠᠢᠮᠠᠨ ᠳᠠᠯ᠎ᠠ ᠠᠴᠠ ᠬᠦᠭᠵᠢᠯᠳᠡ ᠶᠢ ᠪᠡᠶᠡᠯᠡᠬᠦᠯᠬᠦ ᠳᠤᠬᠠᠢ ᠵᠢᠱᠢᠶ᠎ᠡ ᠳᠠᠳᠠᠭᠰᠠᠨ | ᠪᠠᠶᠢᠨ᠎ᠠ᠃ ᠮᠠᠨ ᠤ ᠤᠯᠤᠰ ᠤᠨ ᠬᠦᠭᠵᠢᠯᠳᠡ ᠶᠢᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠳᠤᠬᠢᠶᠠᠯᠳᠥ | ᠬᠤᠭᠤᠴᠠᠭ᠎ᠠ ᠪᠠ ᠦᠪᠡᠷᠳᠡᠭᠡᠨ ᠵᠠᠰᠠᠬᠤ ᠤᠷᠤᠨ ᠤ ᠬᠦᠭᠵᠢᠯᠳᠡ ᠶᠢᠨ ᠳᠤᠮᠳᠠ ᠲᠤᠯᠭᠠᠷᠠᠵᠤ ᠪᠦᠬᠦᠢ ᠬᠤᠪᠤᠷ ᠨᠠᠨᠳᠢᠨ | ᠠᠵᠠ ᠳᠤᠬᠢᠶᠠᠯ ᠪᠤᠯ ᠳᠠᠷᠤᠢ ᠪᠢᠳᠠᠨ ᠤ ᠬᠠᠮᠤᠭ ᠶᠡᠭᠡ ᠬᠦᠭᠵᠢᠯᠳᠡ ᠶᠢᠨ ᠠᠵᠠ ᠳᠤᠬᠢᠶᠠᠯ ᠪᠤᠯᠤᠨ᠎ᠠ᠃ ᠪᠢᠳᠡ | ᠡᠷᠬᠡᠪᠰᠢ ᠶᠡᠭᠡ ᠳᠠᠯ᠎ᠠ ᠶᠢ ᠪᠤᠳᠤᠯᠬᠢᠯᠠᠵᠤ᠂ ᠦᠨᠳᠥᠷ ᠲᠤ ᠵᠤᠭᠰᠥᠨ ᠠᠯᠤᠰ ᠢ ᠪᠠᠷᠠᠯᠠᠵᠤ᠂ ᠢᠳᠡᠭᠡᠯ ᠵᠤᠷᠢᠭ ᠢᠶᠠᠨ | ᠪᠠᠳᠤᠳᠬᠠᠵᠤ᠂ ᠪᠠᠶᠢᠯᠳᠤᠬᠤ ᠪᠤᠳᠤᠯᠭ᠎ᠠ ᠶᠢᠨ ᠠᠵᠠ ᠳᠤᠬᠢᠶᠠᠯᠳᠥ ᠬᠤᠭᠤᠴᠠᠭ᠎ᠠ ᠶᠢ ᠰᠠᠶᠢᠳᠥᠷ ᠡᠵᠡᠮᠳᠡᠵᠦ᠂ ᠬᠢᠨᠭ᠍ᠭᠠᠨ | ᠠᠶᠢᠮᠠᠭ ᠤᠨ ᠦᠪᠡᠷ ᠤᠨ ᠶᠠᠪᠤᠳᠠᠯ ᠢᠶᠠᠨ ᠨᠠᠷᠢᠨ ᠬᠢᠨᠠᠮᠠᠭᠠᠢ ᠲᠦᠯᠥᠪᠵᠢᠬᠦᠯᠥᠨ ᠬᠢᠬᠦ ᠬᠡᠷᠡᠭᠳᠡᠢ᠃ ᠭᠠᠳᠠᠭᠠᠳᠥ | ᠤᠷᠴᠢᠨ ᠠᠴᠠ ᠦᠵᠡᠪᠡᠯ᠂ ᠲᠦᠪ ᠠᠴᠠ ᠬᠤᠷᠸ᠎ᠠ ᠲᠦᠷᠥ ᠶᠢᠨ ᠪᠤᠳᠤᠯᠭ᠎ᠠ ᠪᠠᠷ ᠦᠶᠡᠯᠡᠯᠳᠦ ᠴᠢᠨᠠᠷ ᠲᠠᠢ ᠪᠠᠷ | ᠲᠤᠬᠢᠷᠠᠭᠤᠯᠭ᠎ᠠ ᠬᠢᠵᠦ᠂ ᠡᠳ᠋ ᠤᠨ ᠵᠠᠰᠠᠭ ᠤᠨ ᠲᠦᠷᠥ ᠶᠢᠨ ᠪᠤᠳᠤᠯᠭ᠎ᠠ ᠪᠠ ᠵᠤᠭᠤᠰ ᠮᠦᠡᠭᠬᠦᠨ ᠬᠥᠢᠯᠭᠡᠭᠡ ᠶᠢᠨ | ᠲᠦᠷᠥ ᠶᠢᠨ ᠪᠤᠳᠤᠯᠭ᠎ᠠ ᠶᠢ ᠦᠷᠬᠦᠯᠵᠢᠯᠡᠨ ᠬᠡᠷᠡᠭᠵᠢᠬᠦᠯᠥᠨ᠂ ᠤᠷᠤᠨ ᠨᠤᠳᠤᠭ ᠤᠨ ᠵᠠᠰᠠᠭ ᠤᠨ ᠤᠷᠳᠥᠨ ᠠᠴᠠ | ᠲᠤᠰᠬᠠᠢ ᠲᠦᠷᠥᠯ ᠤᠨ ᠠᠯᠪᠠᠨ ᠵᠢᠭᠡᠯᠡᠯᠭᠡ ᠶᠢᠨ ᠬᠡᠪᠴᠢᠶ᠎ᠡ ᠶᠢ ᠬᠠᠷᠢᠴᠠᠩᠭᠤᠢ ᠶᠡᠭᠡ ᠬᠡᠮᠵᠢᠶ᠎ᠡ ᠪᠠᠷ ᠨᠡᠮᠡᠭᠳᠡᠬᠦᠯᠥᠨ᠂ | ᠡᠳ᠋ ᠤᠨ ᠵᠠᠰᠠᠭ ᠤᠨ ᠵᠠᠷᠤᠯᠭ᠎ᠠ ᠶᠢᠨ ᠪᠦᠳᠥᠴᠡ ᠶᠢ ᠰᠢᠯᠢᠳᠡᠭᠵᠢᠬᠦᠯᠥᠨ᠂ ᠭᠤᠷᠪᠠᠨ ᠶᠡᠭᠡ ᠪᠤᠭᠤᠮᠳᠠ ᠰᠢᠪᠳᠤᠯᠬᠤ | ᠳᠠᠶᠢᠯᠠᠯᠳᠤᠭᠠᠨ᠂ ᠰᠢᠨᠵᠢᠯᠡᠭᠡ ᠮᠡᠷᠭᠡᠵᠢᠯ ᠢᠶᠠᠷ ᠰᠢᠨ᠎ᠡ ᠶᠢ ᠡᠬᠦᠳᠬᠦ᠂ ᠬᠠᠨᠭ᠍ᠭᠠᠯᠭ᠎ᠠ ᠶᠢᠨ ᠳᠠᠯ᠎ᠠ ᠶᠢᠨ ᠪᠦᠳᠥᠴᠡ ᠶᠢᠨ | ᠴᠢᠨᠠᠷᠳᠠᠢ ᠦᠭᠡᠷᠡᠴᠢᠯᠡᠯᠳᠡ᠂ ︽ᠬᠦᠳᠡᠭᠡ ᠠᠵᠤ ᠠᠬᠤᠢ᠂ ᠬᠦᠳᠡᠭᠡ ᠲᠤᠰᠬᠤᠨ᠂ ᠮᠠᠯᠴᠢᠨ ᠳᠠᠷᠢᠶᠠᠴᠢᠨ︾ ᠤ | ᠠᠵᠢᠯ᠂ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠵᠡᠷᠭᠡ ᠶᠢ ᠭᠤᠤᠯᠳᠠᠯᠭ᠎ᠠ ᠲᠠᠢ ᠳᠡᠮᠵᠢᠵᠤ᠂ | ᠪᠡᠯᠡ ᠤᠷᠤᠭᠤᠯᠤᠯᠳᠠ ᠶᠢᠨ ᠵᠠᠩᠬᠢᠯᠠᠭ᠎ᠠ ᠶᠢᠨ ᠥᠢᠯᠡᠳᠥᠯ ᠢ ᠪᠠᠳᠠᠷᠠᠭᠤᠯᠬᠤ᠂ ᠪᠦᠳᠥᠮᠵᠢᠳᠡᠢ ᠤᠷᠤᠭᠰᠢᠳᠠᠢ ᠪᠡᠯᠡ | ᠤᠷᠤᠭᠤᠯᠤᠯᠳᠠ ᠶᠢᠨ ᠲᠦᠷᠥᠯ ᠵᠥᠢᠯ ᠢ ᠳᠠᠳᠠᠨ ᠠᠪᠴᠢᠷᠠᠬᠤ᠂ ᠨᠢᠭᠡ ᠪᠦᠯᠥᠭ ᠳᠤᠳᠠᠭᠤᠳᠠᠯ ᠢᠶᠠᠨ ᠨᠦᠬᠦᠪᠤᠷᠢᠯᠡᠬᠦ | ᠲᠦᠷᠥᠯ ᠵᠥᠢᠯ ᠢ ᠳᠤᠷᠠᠳᠬᠤ ᠬᠡᠷᠡᠭᠳᠡᠢ᠃ ᠡᠳᠡᠭᠡᠷ ᠲᠦᠷᠥ ᠶᠢᠨ ᠪᠤᠳᠤᠯᠭ᠎ᠠ ᠨᠢ ᠤᠯᠤᠰ ᠤᠨ ᠪᠡᠯᠡ | ᠤᠷᠤᠭᠤᠯᠤᠯᠳᠠ ᠪᠠᠨ ᠨᠡᠮᠡᠭᠳᠡᠬᠦᠯᠬᠦ᠂ ᠳᠤᠳᠤᠭᠠᠳᠥ ᠱᠠᠭᠠᠷᠳᠠᠯᠭ᠎ᠠ ᠶᠢ ᠦᠷᠭᠡᠳᠭᠡᠬᠦ᠂ ᠳᠤᠳᠠᠭᠤᠳᠠᠯ ᠢᠶᠠᠨ | ᠨᠦᠬᠦᠪᠤᠷᠢᠯᠡᠬᠦ ᠶᠢᠨ ᠴᠢᠬᠤᠯᠠ ᠳᠡᠮᠳᠡᠭ ᠢ ᠢᠯᠡᠷᠡᠬᠦᠯᠵᠤ᠂ ᠪᠢᠳᠡᠨ ᠤ ᠭᠤᠤᠯᠳᠠᠯᠭ᠎ᠠ ᠲᠠᠢ ᠶᠡᠭᠡ ᠲᠦᠷᠥᠯ ᠵᠥᠢᠯ ᠤᠨ | ᠪᠠᠶᠢᠭᠤᠯᠤᠯᠳᠠ ᠶᠢ ᠠᠳᠬᠤᠵᠤ᠂ ᠵᠤᠬᠢᠰᠳᠠᠢ ᠪᠦᠳᠥᠮᠵᠢᠳᠡᠢ ᠪᠡᠯᠡ ᠤᠷᠤᠭᠤᠯᠤᠯᠳᠠ ᠶᠢ ᠦᠷᠭᠡᠳᠭᠡᠵᠤ᠂ ᠠᠵᠤ ᠠᠬᠤᠢ | ᠨᠡᠶᠢᠭᠡᠮ ᠤᠨ ᠬᠦᠭᠵᠢᠯᠳᠡ ᠶᠢᠨ ᠬᠡᠪᠴᠢᠶᠡᠨ ᠳᠠᠬᠢ ᠳᠤᠳᠠᠭᠤᠳᠠᠯ ᠢᠶᠠᠨ ᠨᠦᠬᠦᠪᠤᠷᠢᠯᠡᠬᠦ ᠳᠤ ᠮᠠᠰᠢ ᠴᠢᠬᠤᠯᠠ ᠠᠵᠠ | ᠳᠤᠬᠢᠶᠠᠯ ᠪᠤᠯᠥᠨ᠎ᠠ᠃ ᠲᠦᠪ ᠠᠴᠠ ᠦᠷᠬᠦᠯᠵᠢᠯᠡ ᠤᠨᠴᠠᠭᠠᠢ ᠲᠦᠷᠥ ᠶᠢᠨ ᠪᠤᠳᠤᠯᠭ᠎ᠠ ᠪᠠᠷ ᠬᠤᠪᠢᠰᠬᠠᠯᠳᠥ ᠤᠷᠤᠨ᠂ | ᠦᠨᠳᠥᠰᠥᠳᠡᠨ ᠤ ᠭᠠᠵᠠᠷ ᠤᠷᠤᠨ᠂ ᠬᠢᠯᠢ ᠬᠢᠵᠠᠭᠠᠷ ᠤᠷᠤᠨ᠂ ᠶᠠᠳᠠᠭᠤ ᠬᠦᠴᠢᠷᠳᠡᠯᠳᠡᠢ ᠭᠠᠵᠠᠷ ᠤᠷᠤᠨ ᠤ ᠲᠦᠷᠭᠡᠨ | ᠬᠦᠭᠵᠢᠯᠳᠡ ᠶᠢ ᠳᠡᠮᠵᠢᠵᠤ᠂ ᠪᠠᠷᠠᠭᠤᠨ ᠤᠷᠤᠨ ᠢ ᠶᠡᠭᠡ ᠪᠠᠷ ᠨᠡᠭᠡᠭᠡᠨ ᠬᠦᠭᠵᠢᠭᠦᠯᠬᠦ᠂ ᠵᠡᠬᠦᠨ ᠬᠤᠶᠢᠳᠥ ᠤᠷᠤᠨ ᠢ | ᠪᠦᠬᠦ ᠳᠠᠯ᠎ᠠ ᠪᠠᠷ ᠬᠦᠴᠥᠷᠭᠡᠭᠵᠢᠬᠦᠯᠬᠦ ᠶᠢ ᠠᠬᠢᠭᠤᠯᠥᠨ᠂ ᠵᠡᠬᠦᠨ ᠪᠠᠷᠠᠭᠤᠨ ᠤᠷᠤᠨ ᠤ ᠶᠠᠳᠠᠭᠤ ᠶᠢ ᠳᠡᠳᠬᠦᠬᠦ | ᠬᠠᠮᠵᠢᠯᠴᠠᠭ᠎ᠠ ᠶᠢ ᠤᠯᠠᠮ ᠨᠢᠭᠡ ᠠᠯᠬᠤᠮ ᠬᠦᠨᠵᠡᠬᠡᠶᠢᠷᠡᠬᠦᠯᠬᠦ᠂ ᠪᠡᠭᠡᠵᠢᠩ ᠬᠤᠳᠠ ᠶᠢᠨ ᠲᠠᠷᠤᠭᠠᠰᠤ ᠶᠢ ᠬᠦᠡᠭᠭᠡᠷᠡᠭᠦᠯᠬᠦ | ᠂ ᠪᠢᠳᠡᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠥᠷ ᠬᠢᠵᠤ᠂ ᠠᠮᠢ | ᠠᠬᠤᠢ ᠶᠢ ᠬᠠᠮᠠᠭᠠᠯᠠᠨ ᠰᠡᠷᠬᠦᠭᠡᠬᠦ ᠠᠵᠢᠯ ᠢ ᠰᠠᠶᠢᠳᠥᠷ ᠬᠢᠵᠤ᠂ ᠰᠠᠭᠤᠷᠢ ᠲᠦᠬᠦᠭᠡᠷᠥᠮᠵᠢ ᠶᠢᠨ ᠪᠠᠶᠢᠭᠤᠯᠤᠯᠳᠠ ᠶᠢ | ᠴᠢᠩᠭᠠᠳᠬᠠᠵᠤ᠂ ᠤᠨᠴᠠᠯᠢᠬᠳᠥ ᠠᠵᠤ ᠥᠢᠯᠡᠰ ᠢ ᠬᠦᠭᠵᠢᠬᠦᠯᠵᠤ᠂ ᠠᠵᠤ ᠠᠬᠤᠢ ᠶᠢᠨ ᠴᠢᠨᠠᠷ ᠰᠠᠶᠢᠳᠠᠢ | ᠬᠦᠭᠵᠢᠯᠳᠡ ᠶᠢ ᠪᠡᠶᠡᠯᠡᠬᠦᠯᠬᠦ ᠳᠤ ᠲᠦᠷᠥ ᠶᠢᠨ ᠪᠤᠳᠤᠯᠭ᠎ᠠ ᠶᠢᠨ ᠪᠠᠳᠤᠯᠠᠭ᠎ᠠ ᠪᠠ ᠴᠢᠬᠤᠯᠠ ᠶᠡᠭᠡ ᠬᠦᠳᠡᠯᠭᠡᠬᠦ ᠬᠦᠴᠥᠨ | ᠤᠯᠭᠤᠵᠠᠢ᠃ ᠡᠬᠦᠨ ᠠᠴᠠ ᠭᠠᠳᠠᠨ᠎ᠠ᠂ ᠤᠯᠤᠰ ᠪᠠ ᠦᠪᠡᠷᠳᠡᠭᠡᠨ ᠵᠠᠰᠠᠬᠤ ᠤᠷᠤᠨ ᠠᠴᠠ ᠪᠤᠳᠠᠳᠥ ᠴᠤᠭᠴᠠᠳᠥ ᠠᠵᠤ | ᠠᠬᠤᠢ ᠶᠢᠨ ᠬᠦᠭᠵᠢᠯᠳᠡ ᠶᠢ ᠠᠬᠢᠭᠤᠯᠬᠤ᠂ ᠪᠡᠯᠡ ᠤᠷᠤᠭᠤᠯᠤᠯᠳᠠ ᠶᠢ ᠨᠡᠮᠡᠭᠳᠡᠬᠦᠯᠬᠦ ᠶᠢ ᠠᠬᠢᠭᠤᠯᠬᠤ᠂ ᠠᠷᠠᠳ ᠠᠴᠠ | ᠡᠵᠡᠩᠨᠡᠭᠰᠡᠨ ᠠᠵᠤ ᠠᠬᠤᠢᠢᠯᠠᠯ ᠤᠨ ᠬᠦᠭᠵᠢᠯᠳᠡ ᠶᠢ ᠠᠬᠢᠭᠤᠯᠬᠤ᠂ ᠦᠭᠡᠷᠡᠴᠢᠯᠡᠯᠳᠡ ᠨᠡᠭᠡᠭᠡᠯᠳᠡ ᠶᠢ | ᠬᠦᠨᠵᠡᠭᠡᠶᠢᠷᠡᠭᠦᠯᠬᠦ ᠵᠡᠷᠭᠡ ᠰᠢᠷᠢᠰ ᠲᠦᠷᠥ ᠶᠢᠨ ᠪᠤᠳᠤᠯᠭ᠎ᠠ ᠠᠷᠭ᠎ᠠ ᠠᠪᠴᠠᠯ ᠠᠪᠴᠤ᠂ ᠠᠵᠤ ᠠᠬᠤᠢ ᠶᠢᠨ | ᠬᠦᠭᠵᠢᠯᠳᠡ ᠶᠢᠨ ᠠᠮᠢᠯᠠᠯ ᠤᠨ ᠬᠦᠴᠥᠨ ᠢ ᠤᠯᠠᠮ ᠨᠢᠭᠡ ᠠᠯᠬᠤᠮ ᠬᠦᠭᠵᠢᠭᠦᠯᠵᠦ᠂ ᠪᠤᠳᠠᠳᠥ ᠴᠤᠭᠴᠠᠳᠥ ᠠᠵᠤ | ᠠᠬᠤᠢ ᠶᠢᠨ ᠲᠦᠷᠭᠡᠨ ᠬᠦᠭᠵᠢᠯᠳᠡ ᠶᠢ ᠠᠬᠢᠭᠤᠯᠵᠠᠢ᠃ ᠦᠪᠠᠷ ᠤᠨ ᠳᠠᠪᠠᠭᠤᠯᠢᠭ ᠠᠴᠠ ᠦᠵᠡᠪᠡᠯ᠂ ᠮᠠᠨ ᠤ | ᠠᠶᠢᠮᠠᠭ ᠤᠨ ᠠᠮᠢ ᠠᠬᠤᠢ ᠶᠢᠨ ᠤᠷᠴᠢᠨ ᠰᠠᠶᠢᠨ᠂ ᠪᠤᠬᠢᠷᠳᠤᠯ ᠦᠬᠡᠢ ᠡᠬᠢ ᠪᠠᠶᠠᠯᠢᠭ ᠡᠯᠪᠡᠭ ᠪᠠᠶᠢᠵᠤ᠂ ᠮᠠᠨ ᠤ | ᠠᠶᠢᠮᠠᠭ ᠤᠨ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠬᠦᠯᠬᠦ ᠳᠤ ᠬᠠᠮᠤᠭ ᠶᠡᠭᠡ ᠦᠷᠢᠰᠥᠯᠳᠥᠬᠦ ᠬᠦᠴᠥᠨ ᠲᠠᠢ᠃ | ᠮᠠᠨ ᠤ ᠠᠶᠢᠮᠠᠭ ᠤᠨ ᠠᠵᠤ ᠥᠢᠯᠡᠰᠵᠢᠯᠳᠠ᠂ ᠬᠤᠳᠠ ᠪᠠᠯᠭᠠᠰᠥᠵᠢᠯᠳᠠ ᠶᠢᠨ ᠡᠬᠢᠯᠡᠯᠳᠡ ᠤᠷᠤᠢ᠂ ᠠᠵᠤ ᠠᠬᠤᠢ ᠶᠢᠨ | ᠴᠢᠨᠠᠷ ᠰᠠᠶᠢᠳᠠᠢ ᠬᠦᠭᠵᠢᠯᠳᠡ ᠶᠢᠨ ᠤᠷᠤᠨ ᠵᠠᠢ ᠶᠡᠭᠡ᠂ ᠳᠠᠯᠳᠠ ᠬᠦᠴᠥᠨ ᠲᠠᠢ᠂ ᠳᠠᠪᠠᠭᠤᠯᠢᠭ ᠲᠠᠯ᠎ᠠ ᠲᠠᠢ᠃ | ᠤᠨᠴᠠᠭᠠᠢᠢᠯᠠᠨ ᠤᠢᠢᠷ᠎ᠠ ᠶᠢᠨ ᠵᠢᠯ ᠳᠤ᠂ ᠪᠢᠳᠡ ᠰᠠᠭᠤᠷᠢ ᠳᠠᠯᠪᠢᠬᠤ᠂ ᠬᠦᠴᠥᠨ ᠢᠶᠠᠨ ᠬᠠᠮᠳᠤᠳᠬᠠᠬᠤ ᠵᠡᠷᠭᠡ | ᠠᠵᠢᠯ ᠢ ᠶᠡᠭᠡ ᠬᠡᠮᠵᠢᠶ᠎ᠡ ᠪᠠᠷ ᠬᠢᠵᠤ᠂ ᠨᠢᠭᠡ ᠪᠦᠯᠥᠭ ᠪᠤᠬᠢᠷᠳᠤᠯ ᠦᠬᠡᠢ ᠳᠠᠷᠢᠶᠠᠯᠠᠩ ᠤᠨ ᠥᠢᠯᠡᠳᠬᠦᠨ | ᠥᠢᠯᠡᠳᠪᠤᠷᠢᠯᠡᠬᠦ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ ᠡᠨᠧᠷᠬᠢ ᠠᠷᠪᠢᠯᠠᠵᠤ ᠠᠮᠢ ᠠᠬᠤᠢ ᠶᠢ ᠬᠠᠮᠠᠭᠠᠯᠠᠬᠤ᠂ | ᠦᠨᠳᠥᠷ ᠳᠡᠰ ᠤᠨ ᠲᠤᠨᠤᠭ ᠲᠦᠬᠦᠭᠡᠷᠥᠮᠵᠢ ᠥᠢᠯᠡᠳᠪᠤᠷᠢᠯᠡᠬᠦ᠂ ᠤᠳᠤᠬᠢᠴᠢᠯᠠᠭᠰᠠᠨ ᠨᠡᠬᠦᠷᠡᠰᠥ ᠬᠢᠮᠢ ᠶᠢᠨ | ᠥᠢᠯᠡᠳᠪᠤᠷᠢ ᠵᠡᠷᠭᠡ ᠪᠠᠷ ᠭᠤᠤᠯᠳᠠᠯᠭ᠎ᠠ ᠪᠤᠯᠭᠠᠭᠰᠠᠨ ᠲᠦᠷᠥᠯ ᠵᠥᠢᠯ ᠤᠳ ᠢ ᠳᠠᠳᠠᠨ ᠠᠪᠴᠢᠷᠠᠵᠤ᠂ ᠡᠳᠡᠭᠡᠷ | ᠲᠤᠯᠭᠠᠭᠤᠷᠢᠯᠠᠭᠴᠢ ᠬᠦᠴᠥᠨ ᠢᠶᠠᠷ ᠴᠢᠩᠭ᠎ᠠ᠂ ᠳᠠᠭᠠᠭᠤᠯᠤᠭᠴᠢ ᠥᠢᠯᠡᠳᠥᠯ ᠢᠶᠠᠷ ᠶᠡᠭᠡ ᠲᠦᠷᠥᠯ ᠵᠥᠢᠯ ᠳᠤ | ᠬᠡᠯᠡᠯᠴᠡᠭᠡᠷ ᠳᠤᠭᠳᠠᠵᠤ᠂ ᠪᠠᠶᠢᠭᠤᠯᠤᠯᠳᠠ ᠶᠢ ᠲᠦᠷᠭᠡᠳᠭᠡᠬᠦ ᠪᠠᠷ ᠳᠠᠮᠵᠢᠨ᠂ ᠨᠦᠯᠥᠭᠡ ᠪᠠᠷ ᠶᠡᠭᠡ ᠬᠦᠭᠵᠢᠯᠳᠡ ᠶᠢᠨ | ᠬᠦᠳᠡᠯᠭᠡᠬᠦ ᠬᠦᠴᠥᠨ ᠪᠠ ᠨᠦᠯᠥᠭᠡ ᠪᠠᠷ ᠶᠡᠭᠡ ᠳᠠᠭᠠᠭᠤᠯᠤᠭᠴᠢ ᠥᠢᠯᠡᠳᠥᠯ ᠢ ᠪᠠᠳᠠᠷᠠᠭᠤᠯᠵᠤ ᠳᠡᠶᠢᠯᠥᠭᠡᠳ ᠪᠦᠬᠦ | ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠬᠦᠯᠬᠦ ᠳᠤ ᠪᠠᠳᠥ ᠪᠠᠬᠢ ᠰᠠᠭᠤᠷᠢ ᠶᠢ | ᠳᠠᠯᠪᠢᠭᠰᠠᠨ ᠪᠠᠶᠢᠨ᠎ᠠ᠃ ᠬᠦᠭᠵᠢᠯᠳᠡ ᠶᠢᠨ ᠤᠷᠴᠢᠨ ᠠᠴᠠ ᠦᠵᠡᠪᠡᠯ᠂ ᠪᠦᠬᠦ ᠠᠶᠢᠮᠠᠭ ᠢᠶᠠᠷ ᠢᠶᠠᠨ ᠬᠦᠴᠥᠨ ᠢᠶᠠᠨ | ᠬᠠᠮᠳᠤᠳᠬᠠᠵᠤ᠂ ᠰᠡᠳᠬᠢᠯ ᠢᠶᠠᠨ ᠨᠢᠭᠡᠳᠭᠡᠵᠤ᠂ ᠡᠯ᠎ᠡ ᠱᠠᠳᠥᠨ ᠤ ᠺᠠᠳ᠋ᠷᠴᠤᠳ ᠤᠨ ᠶᠠᠪᠤᠳᠠᠯ ᠤᠴᠢᠷ ᠬᠢᠬᠦ | ᠰᠠᠨᠠᠭᠠᠴᠢᠯᠠᠭ᠎ᠠ ᠲᠠᠢ᠂ ᠶᠠᠪᠤᠳᠠᠯ ᠤᠴᠢᠷ ᠬᠢᠵᠤ ᠴᠢᠳᠠᠬᠤ᠂ ᠶᠠᠪᠤᠳᠠᠯ ᠤᠴᠢᠷ ᠪᠦᠳᠥᠭᠡᠵᠤ ᠳᠡᠶᠢᠯᠬᠦ ᠢᠳᠡᠪᠬᠢᠵᠢᠯ | ᠮᠡᠳᠡᠭᠳᠡᠮ᠎ᠡ ᠳᠡᠭᠡᠭᠰᠢᠯᠡᠵᠤ᠂ ᠡᠯ᠎ᠡ ᠦᠨᠳᠥᠰᠥᠳᠡᠨ ᠤ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ | ᠵᠢᠷᠭᠠᠯ ᠤᠨ ᠲᠦᠷᠦᠭᠳᠡᠯ ᠬᠡᠮᠵᠢᠶ᠎ᠡ ᠳᠡᠭᠡᠭᠰᠢᠯᠡᠵᠤ᠂ ᠬᠢᠨᠭ᠍ᠭᠠᠨ ᠤ ᠠᠷᠠᠳ ᠲᠦᠮᠡᠨ ᠤ ᠭᠡᠷ ᠤᠷᠤᠨ ᠢᠶᠠᠨ ᠬᠠᠶᠢᠷᠠᠯᠠᠬᠤ᠂ | ᠭᠡᠷ ᠤᠷᠤᠨ ᠢᠶᠠᠨ ᠳᠡᠮᠵᠢᠬᠦ᠂ ᠭᠡᠷ ᠤᠷᠤᠨ ᠢᠶᠠᠨ ᠪᠦᠳᠥᠭᠡᠨ ᠪᠠᠶᠢᠭᠤᠯᠬᠤ ᠤᠷᠬᠢᠯᠥᠮ᠎ᠠ ᠬᠠᠯᠠᠭᠤᠨ ᠰᠡᠳᠬᠢᠯᠭᠡ ᠨᠡᠩ | ᠦᠨᠳᠥᠷᠵᠢᠵᠤ᠂ ᠢᠳᠡᠭᠡᠯ ᠵᠤᠷᠢᠭ ᠢᠶᠠᠨ ᠬᠠᠮᠳᠤᠳᠬᠠᠨ ᠪᠥᠳᠥᠭᠡᠨ ᠪᠠᠶᠢᠭᠤᠯᠤᠯᠳᠠ ᠶᠢ ᠴᠢᠩᠭ᠎ᠠ ᠠᠳᠬᠤᠵᠤ᠂ ᠪᠦᠬᠦ | ᠰᠡᠳᠬᠢᠯ ᠪᠦᠬᠦ ᠵᠤᠷᠢᠭ ᠢᠶᠠᠷ ᠬᠦᠭᠵᠢᠯᠳᠡ ᠶᠢ ᠠᠬᠢᠭᠤᠯᠥᠨ᠂ ᠰᠡᠳᠬᠢᠯ ᠢᠶᠠᠨ ᠬᠠᠮᠳᠤᠳᠬᠠᠨ᠂ ᠵᠤᠷᠢᠬᠳᠠᠢ ᠳᠡᠮᠡᠴᠡᠵᠤ᠂ | ᠡᠷᠡᠯᠭᠡᠭᠯᠡᠨ ᠤᠷᠤᠭᠰᠢᠯᠠᠵᠤ᠂ ᠦᠨᠡᠨ ᠠᠳᠬᠤᠵᠤ ᠪᠤᠳᠠᠳᠠᠢ ᠠᠵᠢᠯᠯᠠᠬᠤ ᠰᠢᠯᠢᠳᠡᠭ ᠤᠷᠴᠢᠨ ᠢ ᠪᠦᠷᠢᠯᠳᠥᠬᠦᠯᠭᠦ | ᠭᠡᠷᠡᠭᠳᠡᠢ᠃ | ᠬᠢᠨᠭ᠍ᠭᠠᠨ ᠤ ᠠᠷᠠᠳ ᠲᠦᠮᠡᠨ ᠤᠳᠤᠬᠢ ᠶᠠᠳᠠᠭᠤ ᠬᠦᠴᠢᠷᠳᠡᠢ ᠪᠠᠶᠢᠳᠠᠯ ᠠᠴᠠ ᠪᠠᠨ ᠠᠩᠬᠢᠵᠢᠷᠠᠨ᠂ ᠶᠠᠳᠠᠭᠤ | ᠬᠤᠴᠤᠷᠤᠩᠭᠤᠢ ᠲᠦᠷᠢ ᠲᠦᠷᠬᠦ ᠪᠠᠨ ᠰᠠᠶᠢᠵᠢᠷᠠᠭᠤᠯᠥᠨ᠂ ᠰᠠᠶᠢᠨ ᠰᠠᠶᠢᠬᠠᠨ ᠲᠦᠷᠢ ᠪᠠᠶᠢᠳᠠᠯ ᠢ ᠱᠤᠭᠤᠬᠤ ᠳᠤ | ᠢᠳᠡᠭᠡᠯ ᠵᠤᠷᠢᠭ ᠪᠡᠯᠡᠭᠡᠨ ᠪᠠᠶᠢᠨ᠎ᠠ᠃ ᠪᠢᠳᠡ ᠨᠡᠷᠡᠯᠭᠡᠭ ᠵᠠᠩ ᠳᠤ ᠰᠢᠨᠥᠬᠤ ᠦᠬᠡᠢ᠂ ᠠᠯᠳᠠᠷ ᠭᠠᠪᠢᠶ᠎ᠠ ᠳᠤ ᠰᠢᠨᠤᠬᠤ | ᠦᠬᠡᠢ᠂ ᠬᠦᠴᠥᠨ ᠵᠤᠷᠢᠭ ᠢᠶᠠᠨ ᠬᠠᠮᠳᠤᠳᠬᠠᠨ᠂ ᠦᠨᠠᠨᠬᠦ ᠪᠤᠳᠠᠳᠠᠢ ᠠᠵᠢᠯᠯᠠᠪᠠᠯ ᠯᠠᠪᠳᠠᠢ ᠠᠵᠤ ᠠᠬᠤᠢ ᠶᠢᠨ ᠴᠢᠨᠠᠷ | ᠰᠠᠶᠢᠳᠠᠢ ᠬᠦᠭᠵᠢᠯᠳᠡ ᠶᠢ ᠪᠡᠶᠡᠯᠡᠬᠦᠯᠵᠤ ᠴᠢᠳᠠᠨ᠎ᠠ᠂ ᠯᠠᠪᠳᠠᠢ ᠬᠢᠨᠭ᠍ᠭᠠᠨ ᠠᠶᠢᠮᠠᠭ ᠤᠨ ᠡᠯ᠎ᠡ ᠲᠦᠷᠥᠯ ᠤᠨ ᠠᠵᠢᠯ | ᠥᠢᠯᠡᠰ ᠤᠨ ᠬᠦᠭᠵᠢᠯᠳᠡ ᠶᠢᠨ ᠰᠢᠨ᠎ᠡ ᠪᠠᠶᠢᠳᠠᠯ ᠢ ᠡᠬᠦᠳᠴᠥ ᠳᠡᠶᠢᠯᠥᠨᠠ᠂ ᠯᠠᠪᠳᠠᠢ ᠰᠢᠨ᠎ᠠ ᠴᠠᠭ ᠬᠤᠭᠤᠴᠠᠭᠠᠨ ᠳᠤ | ᠰᠢᠯᠢᠳᠡᠭ ᠬᠢᠷᠢ ᠪᠦᠳᠥᠮᠵᠢ ᠡᠬᠦᠳᠴᠥ᠂ ᠢᠷᠠᠭᠤ ᠠᠯᠳᠠᠷ ᠢ ᠠᠪᠴᠢᠷᠠᠵᠤ ᠳᠡᠶᠢᠯᠥᠨᠠ᠃ | 2019 ᠤᠨ ᠤ ᠠᠵᠢᠯ ᠤᠨ ᠶᠡᠷᠦᠩᠭᠡᠢ ᠰᠡᠳᠬᠢᠴᠡ ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠵᠦ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ | ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠤᠨ᠂ ᠲᠦᠪ ᠤᠨ ᠠᠵᠦ | ᠠᠬᠤᠢ ᠶᠢᠨ ᠠᠵᠢᠯ ᠤᠨ ᠬᠤᠷᠠᠯ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠶᠢᠨ ᠰᠢᠢᠳᠪᠦᠷᠢᠳᠦ | ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠭᠡᠢ ᠪᠠᠶᠢᠷᠢᠯᠠᠭᠤᠯᠤᠯᠳᠠ ᠶᠢ ᠨᠢᠭᠡᠳᠦᠯᠳᠡᠢ ᠲᠦᠯᠦᠪᠵᠢᠭᠦᠯᠵᠦ᠂ ︽ᠲᠦᠷᠪᠡᠨ ᠪᠦᠬᠦ ᠲᠠᠯ᠎ᠠ | ︾ ᠶᠢᠨ ᠪᠠᠶᠢᠷᠢᠯᠠᠭᠤᠯᠤᠯᠳᠠ ᠶᠢ ᠵᠤᠬᠢᠴᠠᠩᠭᠤᠢ ᠠᠬᠢᠭᠤᠯᠵᠤ᠂ ᠲᠤᠭᠳᠠᠭᠤᠨ ᠤ ᠲᠤᠮᠳᠠ ᠤᠷᠤᠬᠰᠢᠯᠠᠬᠤ ᠠᠵᠢᠯ ᠤᠨ | ᠶᠡᠷᠦᠩᠭᠡᠢ ᠬᠦᠭ ᠠᠶᠠᠰ ᠢ ᠪᠠᠷᠢᠮᠳᠠᠯᠠᠵᠦ᠂ ᠰᠢᠨ᠎ᠡ ᠬᠦᠭᠵᠢᠯᠳᠡ ᠶᠢᠨ ᠤᠢᠢᠯᠠᠭᠠᠭᠳᠠᠬᠤᠨ ᠢ ᠪᠠᠷᠢᠮᠳᠠᠯᠠᠵᠤ᠂ ᠴᠢᠨᠠᠷ | ᠰᠠᠶᠢᠳᠠᠢ ᠬᠦᠭᠵᠢᠯᠳᠡ ᠶᠢ ᠠᠬᠢᠭᠤᠯᠬᠤ ᠶᠢ ᠪᠠᠷᠢᠮᠳᠠᠯᠠᠵᠦ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ | ᠦᠭᠡᠷᠡᠴᠢᠯᠡᠯᠳᠡ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠵᠤ᠂ ᠵᠠᠬ᠎ᠠ ᠲᠡᠯᠭᠡᠬᠦᠷᠴᠢᠯᠡᠯᠳᠡ ᠶᠢᠨ | ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ᠂ ᠦᠨᠳᠦᠷ ᠲᠦᠪᠰᠢᠨ ᠤ ᠨᠡᠭᠡᠭᠡᠯᠳᠡ ᠶᠢ ᠦᠷᠭᠡᠳᠭᠡᠬᠦ ᠶᠢ ᠪᠠᠷᠢᠮᠳᠠᠯᠠᠵᠦ᠂ | ᠤᠳᠤᠬᠢᠴᠢᠯᠠᠬᠰᠠᠨ ᠠᠵᠤ ᠠᠬᠤᠢ ᠶᠢᠨ ᠰᠢᠰᠲᠧᠮ ᠢ ᠲᠦᠷᠭᠡᠳᠭᠡᠨ ᠪᠠᠶᠢᠭᠤᠯᠵᠤ᠂ ᠭᠤᠷᠪᠠᠨ ᠶᠡᠭᠡ ᠪᠤᠭᠤᠮᠳᠠ | ᠰᠢᠪᠳᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠳᠤᠷ ᠬᠢᠵᠦ᠂ ᠬᠤᠮᠠᠬᠢ ᠭᠤᠤᠯ ᠴᠤᠭᠴᠠ ᠶᠢᠨ ᠠᠮᠢᠵᠢᠷᠠᠯ ᠤᠨ | ᠬᠦᠴᠦᠨ ᠢ ᠬᠦᠭᠵᠢᠭᠡᠵᠦ᠂ ᠬᠤᠷᠸ᠎ᠠ ᠡᠵᠡᠮᠰᠢᠯ ᠲᠤᠬᠢᠷᠠᠭᠤᠯᠭ᠎ᠠ ᠳᠤ ᠰᠢᠨ᠎ᠡ ᠶᠢ ᠡᠬᠦᠳᠦᠭᠦ ᠪᠠ ᠰᠠᠶᠢᠵᠢᠷᠠᠭᠤᠯᠵᠤ᠂ | ᠳᠤᠬᠳᠠᠭᠤᠨ ᠨᠡᠮᠡᠭᠳᠡᠯ ᠢ ᠳᠥᠯᠭᠢᠨ ᠠᠭᠢᠭᠤᠯᠵᠤ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠳᠤ | ᠲᠤᠬᠢᠷᠠᠭᠤᠯᠤᠯᠳᠡ ᠭᠢᠭᠦ᠂ ᠠᠷᠠᠳ ᠲᠤ ᠬᠠᠷᠠᠭᠠᠯᠵᠠᠯ ᠦᠵᠡᠭᠦᠯᠬᠦ᠂ ᠠᠶᠤᠯ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ | ᠵᠡᠷᠭᠡ ᠠᠵᠢᠯ ᠢ ᠨᠢᠭᠡᠳᠦᠯᠳᠡᠢ ᠲᠦᠯᠦᠪᠵᠢᠬᠦᠯᠦᠨ ᠠᠬᠢᠭᠤᠯᠵᠦ᠂ ᠠᠵᠦ ᠠᠬᠤᠢ ᠶᠢᠨ ᠡᠷᠭᠢᠯᠳᠡ ᠶᠢ ᠵᠦᠢ ᠵᠤᠬᠢᠰᠳᠠᠢ | ᠬᠡᠪᠴᠢᠶᠡᠨ ᠳᠤ ᠶᠠᠪᠤᠬᠳᠠᠬᠤ ᠶᠢ ᠪᠠᠳᠤᠯᠠᠵᠦ᠂ ᠠᠵᠢᠯ ᠤᠯᠭᠤᠯᠳᠠ᠂ ᠮᠦᠩᠬᠦᠨ ᠬᠦᠢᠯᠭᠡᠭᠡᠨ ᠂ ᠭᠠᠳᠠᠭᠠᠳᠦ ᠠᠷᠠᠯᠵᠢᠶ᠎ᠠ | ᠂ ᠭᠠᠳᠠᠭᠠᠳᠦ ᠪᠡᠯᠡ᠂ ᠪᠡᠯᠡ ᠤᠷᠤᠭᠤᠯᠤᠯᠳᠠ ᠶᠢ ᠤᠯᠠᠮ ᠨᠢᠭᠡ ᠠᠯᠬᠤᠮ ᠲᠤᠭᠳᠠᠪᠤᠷᠢᠵᠢᠭᠤᠯᠵᠦ᠂ ᠵᠠᠬ᠎ᠠ | ᠲᠡᠯᠭᠡᠬᠦᠷ ᠤᠨ ᠢᠳᠡᠭᠡᠯ ᠢ ᠬᠦᠪᠴᠢᠯᠡᠵᠦ᠂ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯ ᠤᠨ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠴᠢᠩᠭᠠᠷᠠᠭᠤᠯᠵᠦ᠂ ᠠᠵᠦ ᠠᠬᠤᠢ ᠶᠢᠨ ᠡᠷᠡᠬᠦᠯ ᠢᠶᠠᠷ ᠬᠦᠭᠵᠢᠬᠦ | ᠪᠠ ᠨᠡᠶᠢᠭᠡᠮ ᠤᠨ ᠶᠡᠭᠡ ᠲᠠᠯ᠎ᠠ ᠶᠢᠨ ᠲᠤᠭᠳᠠᠭᠤᠨ ᠢ ᠪᠠᠳᠤᠯᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠬᠤ ᠳᠤ ᠰᠢᠢᠳᠪᠦᠷᠢᠳᠦ ᠴᠢᠨᠠᠷᠳᠠᠢ ᠰᠠᠭᠤᠷᠢ ᠶᠢ ᠲᠠᠯᠪᠢᠵᠦ᠂ ᠰᠢᠯᠢᠳᠡᠭ ᠬᠢᠷᠢ ᠪᠦᠳᠦᠮᠵᠢ ᠪᠠᠷ ᠢᠶᠠᠨ ᠪᠦᠭᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠨ᠎ᠡ᠃ | ᠡᠨᠡ ᠵᠢᠯ ᠤᠨ ᠭᠤᠤᠯᠳᠠᠯᠭ᠎ᠠ ᠲᠠᠢ ᠣᠷᠢᠳᠴᠢᠯᠠᠨ ᠲᠦᠯᠦᠪᠯᠡᠭᠰᠡᠨ ᠬᠠᠷᠠᠯᠳᠠ᠄ ᠭᠠᠵᠠᠷ ᠤᠷᠤᠨ ᠤ | ᠦᠢᠯᠡᠳᠪᠦᠷᠢᠯᠡᠯ ᠤᠨ ᠶᠡᠷᠦᠩᠭᠡᠢ ᠦᠷᠳᠡᠭ ᠤᠨ ᠨᠡᠮᠡᠭᠳᠡᠯ ᠢ 6.5% ᠤᠷᠴᠢᠮ ᠪᠤᠯᠭᠠᠵᠤ᠂ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠬᠦᠮᠦᠨ ᠲᠤᠮᠳᠠᠴᠢ ᠳᠡᠭᠰᠢᠳᠭᠡᠭᠰᠡᠨ ᠡᠵᠡᠮᠳᠡᠵᠦ ᠪᠤᠯᠬᠤᠢᠢᠴᠠ ᠤᠷᠤᠯᠭ᠎ᠠ ᠶᠢᠨ ᠨᠡᠮᠡᠭᠳᠡᠯ ᠢ | ᠳᠤᠰ ᠪᠦᠷᠢ 8%᠂ 10% ᠤᠷᠴᠢᠮ ᠪᠤᠯᠭᠠᠨ᠂ ᠬᠤᠳᠠ ᠪᠠᠯᠭᠠᠰᠦᠨ ᠤ ᠰᠢᠨ᠎ᠠ ᠪᠠᠷ ᠨᠡᠮᠡᠭᠳᠡᠭᠰᠡᠨ ᠠᠵᠢᠯ | ᠤᠯᠭᠤᠯᠳᠠ ᠶᠢ 1.5 ᠲᠦᠮᠡᠨ ᠬᠦᠮᠦᠨ ᠤᠷᠴᠢᠮ ᠪᠤᠯᠭᠠᠨ᠎ᠠ᠃ |