ᠭᠤᠷᠪᠠ᠂ ᠢᠳᠡᠭᠡᠯ ᠵᠤᠷᠢᠬ ᠢᠶᠠᠨ ᠭᠥᠪᠴᠢᠯᠠᠨ ᠵᠠᠮ ᠨᠡᠭᠡᠭᠡᠨ ᠣᠷᠤᠬᠰᠢᠯᠠᠵᠤ᠂ ᠡᠯ᠎ᠠ ᠲᠠᠯ᠎ᠠ ᠶᠢᠨ ᠠᠵᠢᠯ | ᠦᠢᠯᠡᠰ ᠤᠨ ᠭᠥᠭᠵᠢᠯᠳᠡ ᠶᠢᠨ ᠰᠢᠨ᠎ᠠ ᠱᠠᠳᠤᠨ ᠳᠤ ᠳᠠᠪᠰᠢᠬᠤ ᠶᠢ ᠪᠥᠭᠦ ᠭᠥᠴᠤᠨ ᠢᠶᠠᠷ ᠠᠭᠢᠭᠤᠯᠬᠤ ᠭᠡᠷᠡᠭᠳᠡᠢ | ᠳᠠᠮᠠᠴᠡᠭᠦ ᠬᠠᠷᠠᠯᠳᠡ ᠶᠢ ᠪᠡᠶᠡᠯᠡᠭᠦᠯᠭᠦ ᠪᠤᠯ ᠪᠤᠳᠡᠳᠡᠢ ᠠᠵᠢᠯᠯᠠᠬᠤ ᠳᠤ ᠳᠥᠰᠢᠭᠯᠡᠭᠦ ᠶᠤᠮ᠃ ᠴᠢᠨᠠᠷ ᠰᠠᠶᠢᠳᠠᠢ | ᠳᠠᠪᠠᠯᠳᠠᠳᠤ ᠬᠦᠭᠵᠢᠯᠳᠠ ᠶᠢ ᠪᠡᠶᠡᠯᠡᠬᠦᠯᠤᠨ᠂ ᠪᠦᠬᠦ ᠤᠯᠤᠰ ᠪᠦᠬᠦ ᠤᠷᠤᠨ ᠲᠠᠢ ᠠᠯᠬᠤᠮ ᠨᠢᠭᠡᠳᠠᠢ ᠪᠠᠷ ᠴᠢᠨᠡᠭᠡᠯᠢᠭ | ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠳᠤ ᠵᠠᠪᠠᠯ ᠨᠠᠮ ᠤᠨ ᠲᠦᠪ ᠬᠤᠷᠢᠶ᠎ᠠ ᠶᠢᠨ ᠲᠦᠪᠯᠡᠷᠡᠩᠭᠦᠢ ᠨᠢᠭᠡᠳᠦᠯᠳᠡᠢ | ᠤᠳᠤᠷᠢᠳᠤᠯᠭ᠎ᠠ ᠶᠢ ᠪᠠᠷᠢᠮᠳᠡᠯᠡᠬᠤ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠵᠢᠯ ᠤᠨ | ᠱᠠᠭᠠᠷᠳᠠᠯᠭ᠎ᠠ ᠶᠢ ᠡᠷᠡᠰ ᠪᠠᠷᠢᠮᠳᠠᠯᠠᠨ᠂ ᠡᠷᠡᠰ ᠭᠤᠶᠢᠪᠢᠰᠢ ᠦᠭᠡᠢ ᠪᠠᠷ ᠵᠥᠢ ᠵᠤᠬᠢᠰᠳᠠᠢ ᠬᠦᠭᠵᠢᠯᠳᠠ ᠶᠢᠨ | ᠰᠡᠳᠬᠢᠴᠠ ᠶᠢ ᠪᠠᠷᠢᠮᠳᠠᠯᠠᠨ᠂ ᠠᠵᠢᠯ ᠤᠨ ᠦᠷᠬᠦᠯᠵᠢᠯᠡᠬᠦ᠋ᠢᠴᠡ ᠴᠢᠨᠠᠷ᠂ ᠳᠤᠬᠳᠠᠭᠤᠨ ᠴᠢᠨᠠᠷ᠂ ᠰᠢᠨ᠎ᠠ ᠶᠢ ᠡᠬᠦᠳᠬᠦ | ᠴᠢᠨᠠᠷ ᠢ ᠪᠠᠷᠢᠮᠳᠠᠯᠠᠨ᠂ ᠠᠵᠢᠯ ᠤᠨ ᠭᠤᠤᠯᠳᠠᠯᠭ᠎ᠠ ᠶᠢ ᠠᠳᠬᠤᠨ᠂ ᠬᠦᠴᠢᠷ ᠪᠡᠷᠭᠡ ᠶᠢ ᠢᠯᠡᠨ ᠲᠠᠪᠠᠵᠤ᠂ ᠬᠢᠯᠠᠰ | ᠴᠡᠭ ᠢ ᠪᠤᠢ ᠪᠤᠯᠭᠠᠨ᠂ ᠪᠦᠬᠦ ᠠᠶᠢᠮᠠᠬ ᠤᠨ ᠠᠵᠦ ᠠᠬᠤᠢ ᠨᠡᠶᠢᠭᠡᠮ ᠤᠨ ᠬᠦᠭᠵᠢᠯᠳᠠ ᠪᠤᠯᠤᠨ ᠨᠠᠮ ᠤᠨ | ᠪᠠᠶᠢᠭᠤᠯᠤᠯᠳᠠ ᠶᠢᠨ ᠡᠯ᠎ᠠ ᠳᠠᠯ᠎ᠠ ᠶᠢᠨ ᠠᠵᠢᠯ ᠦᠢᠯᠡᠰ ᠢ ᠳᠠᠰᠤᠷᠠᠯᠳᠠ ᠦᠭᠡᠢ ᠲᠦᠯᠬᠢᠨ ᠠᠬᠢᠭᠤᠯᠬᠤ ᠭᠡᠷᠡᠭᠳᠡᠢ᠃ | ︵ᠨᠢᠭᠡ︶ ᠪᠦᠬᠦ ᠬᠦᠴᠦᠨ ᠢᠶᠠᠷ ᠠᠮᠢ ᠠᠬᠤᠢ ᠶᠢᠨ ᠪᠤᠯᠪᠠᠰᠤᠨ ᠤ ᠵᠢᠱᠢᠶ᠎ᠠ ᠦᠵᠡᠭᠦᠯᠬᠦ ᠤᠷᠤᠨ ᠢ ᠪᠦᠳᠦᠭᠡᠨ | ᠪᠠᠶᠢᠭᠤᠯᠵᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠪᠤᠯᠤᠨ ᠤᠷᠴᠢᠨ ᠳᠤᠭᠤᠷᠢᠨ ᠤ ᠬᠠᠮᠠᠭᠠᠯᠠᠯᠳᠠ ᠶᠢ | ᠯᠠᠪᠳᠠᠭᠤᠨ ᠪᠠᠳᠤᠳᠡᠢ ᠴᠢᠩᠭᠠᠳᠬᠠᠬᠤ ᠭᠡᠷᠡᠭᠳᠡᠢ᠃ ᠰᠢ ᠶᠢᠨ ᠫᠢᠡᠭ ᠶᠡᠷᠦᠩᠭᠡᠢ ᠱᠦᠵᠢ ᠵᠢᠭᠠᠵᠦ ᠭᠠᠷᠭᠠᠬᠰᠠᠨ ᠨᠢ᠂ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯ ᠳᠤᠮᠳᠠᠳᠤ ᠶᠢᠨ ᠦᠨᠳᠦᠰᠦᠳᠡᠨ ᠤ ᠡᠬᠦᠷᠢᠳᠡ ᠶᠢᠨ | ᠬᠦᠭᠵᠢᠯᠳᠡ ᠳᠤ ᠬᠤᠯᠪᠤᠬᠳᠠᠬᠤ ᠦᠨᠳᠦᠰᠤᠨ ᠶᠡᠭᠡ ᠪᠤᠳᠤᠯᠭ᠎ᠠ ᠮᠦᠨ᠃ ᠪᠢᠳᠡ ᠡᠷᠬᠡᠪᠰᠢ ᠰᠢ ᠶᠢᠨ ᠫᠢᠡᠭ ᠶᠡᠷᠦᠩᠭᠡᠢ | ᠱᠦᠵᠢ ᠶᠢᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠦᠢᠯᠡᠳᠤᠯᠭᠡᠵᠢᠬᠦᠯᠵᠦ᠂ ᠬᠦᠭᠡᠮᠳᠦᠭ | ᠨᠤᠭᠤᠭᠠᠨ ᠠᠭᠤᠯᠠ ᠤᠰᠦ ᠪᠤᠯ ᠠᠯᠳᠠ ᠮᠦᠡᠭᠬᠦᠨ ᠠᠭᠤᠯᠠ ᠭᠡᠬᠦ ᠤᠨᠤᠯᠵᠢᠬᠤᠠ ᠢ ᠪᠠᠳᠤᠳᠡᠢ ᠪᠤᠢ ᠪᠤᠯᠭᠠᠨ᠂ | ᠤᠯᠤᠰ ᠤᠨ ᠠᠮᠢ ᠠᠬᠤᠢ ᠶᠢᠨ ᠪᠤᠯᠪᠠᠰᠤᠨ ᠤ ᠵᠢᠱᠢᠶ᠎ᠠ ᠦᠵᠡᠭᠦᠯᠬᠦ ᠤᠷᠤᠨ ᠢ ᠡᠬᠦᠳᠤᠨ ᠪᠠᠶᠢᠭᠤᠯᠬᠤ ᠱᠠᠭᠠᠷᠳᠠᠯᠭ᠎ᠠ | ᠶᠤᠰᠤᠭᠠᠷ᠂ ᠠᠮᠢ ᠠᠬᠤᠢ ᠶᠢᠨ ᠪᠠᠶᠢᠭᠤᠯᠤᠯᠳᠠ ᠪᠤᠯᠤᠨ ᠤᠷᠴᠢᠨ ᠳᠤᠭᠤᠷᠢᠨ ᠤ ᠬᠠᠮᠠᠭᠠᠯᠠᠯᠳᠠ ᠶᠢ ᠪᠦᠬᠦ ᠳᠠᠯ᠎ᠠ ᠪᠠᠷ | ᠴᠢᠩᠭᠠᠳᠬᠠᠵᠦ᠂ ᠪᠦᠬᠦ ᠬᠦᠴᠦᠨ ᠢᠶᠠᠷ ᠠᠮᠢ ᠠᠬᠤᠢ ᠶᠢᠨ ᠪᠤᠯᠪᠠᠰᠤᠨ ᠤ ᠵᠢᠱᠢᠶᠡᠴᠢ ᠤᠷᠤᠨ ᠢ ᠪᠦᠳᠦᠭᠡᠨ | ᠪᠠᠶᠢᠭᠤᠯᠤᠨ᠂ ᠡᠭᠡ ᠤᠯᠤᠰ ᠤᠨ ᠤᠮᠠᠷᠠᠳᠦ ᠶᠢᠨ ᠲᠦᠮᠡᠨ ᠭᠠᠵᠠᠷ ᠤᠨ ᠨᠤᠭᠤᠭᠠᠨ ᠦᠡᠭᠭᠡᠳᠦ ᠤᠷᠳᠦ ᠴᠠᠭᠠᠨ | ᠭᠡᠷᠡᠮ ᠤᠨ ᠪᠠᠶᠢᠭᠤᠯᠤᠯᠳᠠ ᠳᠤ ᠨᠠᠩ ᠶᠡᠭᠡ ᠨᠡᠮᠡᠷᠢ ᠦᠵᠡᠬᠦᠯᠬᠦ ᠬᠡᠷᠡᠭᠳᠡᠢ᠃ | ᠨᠢᠭᠡ ᠳᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠡᠷᠡᠰ ᠪᠠᠳᠦ | ᠰᠠᠶᠢᠳᠤᠷ ᠬᠢᠭᠦ ᠭᠡᠷᠡᠭᠳᠡᠢ᠃ ᠡᠨᠡ ᠪᠤᠯ ᠨᠢᠭᠡᠨ ᠤᠳᠠᠭᠠᠨ ᠤ ᠳᠠᠭᠠᠭᠠᠮᠠᠭᠠᠢ ᠳᠠᠶᠢᠯᠠᠯᠳᠤᠭᠠᠨ ᠮᠦᠨ᠂ ᠵᠠᠪᠠᠯ | ᠪᠠᠬᠢᠯᠡᠯᠳᠠ ᠶᠢᠨ ᠭᠠᠵᠠᠷ ᠢᠶᠠᠨ ᠴᠢᠩᠭ᠎ᠠ ᠰᠠᠬᠢᠵᠦ᠂ ᠦᠷ᠎ᠠ ᠪᠦᠳᠦᠭᠡᠯ ᠢᠶᠠᠨ ᠪᠠᠳᠤᠳᠬᠠᠨ᠂ ᠶᠠᠰᠤ ᠴᠢᠨᠡᠷ ᠢᠶᠠᠨ | ᠳᠡᠭᠡᠭᠰᠢᠯᠡᠬᠦᠯᠬᠦ ᠭᠡᠷᠡᠭᠳᠠᠢ᠃ ᠠᠮᠢ ᠠᠬᠤᠢ ᠶᠢᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠴᠢᠬᠤᠯᠠ ᠬᠦᠷᠢᠶ᠎ᠠ | ᠴᠠᠷᠠᠭ᠎ᠠ᠂ ᠭᠤᠤᠯᠳᠠᠯᠭ᠎ᠠ ᠲᠠᠢ ᠠᠰᠠᠭᠤᠳᠠᠯ᠂ ᠪᠠᠭᠤᠷᠠᠢ ᠭᠤᠬᠴᠤᠭ᠎ᠠ ᠳᠤ ᠠᠩᠬᠠᠷᠤᠯ ᠢᠶᠠᠨ ᠲᠦᠪᠯᠡᠷᠡᠬᠦᠯᠤᠨ | ᠪᠡᠯᠭᠡᠳᠡᠯ ᠤᠨ ᠴᠢᠨᠠᠷᠳᠠᠢ ᠴᠢᠬᠤᠯᠠ ᠶᠡᠭᠡ ᠳᠠᠶᠢᠯᠠᠯᠳᠤᠭᠠᠨ ᠢ ᠰᠠᠶᠢᠳᠤᠷ ᠬᠢᠨ᠎ᠠ᠃ ᠬᠦᠭᠡ ᠤᠬᠳᠠᠷᠭᠤᠢ ᠶᠢᠨ | ᠬᠠᠮᠠᠭᠠᠯᠠᠯᠳᠠ ᠶᠢᠨ ᠳᠠᠶᠢᠯᠠᠯᠳᠤᠭᠠᠨ ᠢ ᠡᠷᠡᠰ ᠪᠠᠳᠦ ᠰᠠᠶᠢᠳᠤᠷ ᠬᠢᠵᠦ᠂ ᠵᠠᠩᠬᠢᠯᠠᠭ᠎ᠠ ᠶᠢᠨ ᠬᠤᠭᠤᠴᠠᠭ᠎ᠠ ᠪᠤᠯᠤᠨ | ᠭᠤᠤᠯᠳᠠᠯᠭᠠᠳᠦ ᠠᠵᠢᠯ ᠳᠥᠷᠥᠯ ᠤᠨ ᠠᠭᠠᠷ ᠮᠠᠨᠳᠤᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭ᠎ᠠ ᠠᠳᠬᠤᠨ᠂ | ᠠᠵᠦ ᠦᠢᠯᠡᠳᠪᠦᠷᠢ ᠶᠢᠨ ᠪᠤᠬᠢᠷᠳᠤᠯ ᠤᠨ ᠡᠬᠢ ᠡᠭᠦᠰᠦᠯ ᠢ ᠪᠠᠷᠢᠮᠵᠢᠶᠠᠯᠠᠨ ᠵᠠᠰᠠᠬᠤ᠂ ︽ᠰᠤᠯᠠ ᠵᠠᠳᠠᠭᠠᠢ ᠡᠷᠤᠢ | ᠬᠤᠷᠤᠢ ᠦᠭᠡᠢ ᠪᠤᠬᠢᠷᠳᠤᠯ ᠶᠡᠭᠡ ᠲᠠᠢ︾ ᠠᠵᠦ ᠠᠬᠤᠢᠢᠯᠠᠯ ᠢ ᠴᠡᠭᠴᠡᠯᠡᠨ ᠵᠠᠰᠠᠬᠤ᠂ ᠨᠡᠬᠦᠷᠡᠰᠦ ᠶᠢ ᠲᠤᠷ᠎ᠠ ᠪᠠᠷ | ᠰᠢᠳᠠᠭᠠᠬᠤ ᠶᠢ ᠵᠠᠰᠠᠬᠤ ᠵᠡᠷᠭᠡ ᠳᠤᠰᠬᠠᠢ ᠲᠦᠷᠦᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠦ᠂ | ᠡᠪᠤᠯ ᠤᠨ ᠤᠯᠠᠷᠢᠯ ᠳᠤ ᠠᠷᠢᠭᠤᠨ ᠴᠡᠪᠡᠷ ᠢᠯᠴᠢ ᠬᠠᠨᠭ᠍ᠭᠠᠬᠤ ᠶᠢ ᠪᠥᠭᠦ ᠳᠠᠯ᠎ᠠ ᠪᠠᠷ ᠠᠬᠢᠭᠤᠯᠤᠨ᠂ ᠠᠷᠠᠳ | ᠤᠯᠠᠨ ᠳᠤ ᠬᠦᠭᠡ ᠤᠬᠳᠠᠷᠭᠤᠢ ᠬᠦᠪᠤᠡᠭ ᠡᠭᠦᠯᠡ᠂ ᠤᠬᠳᠠᠷᠭᠤᠢ ᠲᠦᠭᠦᠷᠡᠩ ᠤᠳᠤᠨ ᠮᠡᠴᠢᠳ ᠢ ᠪᠤᠴᠠᠭᠠᠨ ᠦᠭᠬᠦ | ᠬᠡᠷᠡᠭᠳᠡᠢ᠃ ᠴᠡᠩᠭᠡᠭ ᠤᠰᠦ ᠶᠢ ᠬᠠᠮᠠᠭᠠᠯᠠᠬᠤ ᠳᠠᠶᠢᠯᠠᠯᠳᠤᠭᠠᠨ ᠢ ᠡᠷᠡᠰ ᠪᠠᠳᠤ ᠰᠠᠶᠢᠳᠤᠷ ᠬᠢᠵᠦ᠂ ᠤᠰᠤᠨ ᠤ | ᠪᠤᠬᠢᠷᠳᠤᠯ ᠢ ᠵᠠᠰᠠᠬᠤ᠂ ᠤᠰᠤᠨ ᠤ ᠠᠮᠢ ᠠᠬᠤᠢ ᠶᠢ ᠬᠠᠮᠠᠭᠠᠯᠠᠬᠤ᠂ ᠤᠰᠤᠨ ᠤ ᠡᠭᠢ ᠪᠠᠶᠠᠯᠢᠭ ᠤᠨ | ᠬᠠᠮᠢᠶᠠᠷᠤᠯᠳᠠ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ ᠭᠤᠤᠯ ᠮᠦᠷᠡᠨ ᠨᠠᠭᠤᠷ ᠴᠦᠬᠦᠷᠦᠮ ᠤᠨ | ᠳᠠᠷᠤᠭ᠎ᠠ ᠶᠢᠨ ᠲᠦᠷᠢᠮ ᠢ ᠪᠥᠭᠦ ᠳᠠᠯ᠎ᠠ ᠪᠠᠷ ᠪᠤᠳᠠᠳᠠᠢ ᠳᠤ ᠨᠠᠶᠢᠳᠠᠪᠤᠷᠢᠵᠢᠭᠤᠯᠵᠤ᠂ ᠬᠤᠳᠠ ᠪᠠᠯᠭᠠᠰᠦ ᠪᠠ ᠠᠵᠦ | ᠦᠢᠯᠡᠳᠪᠦᠷᠢ ᠶᠢᠨ ᠳᠤᠭᠤᠷᠢᠬ ᠤᠨ ᠪᠤᠬᠢᠷ ᠤᠰᠤ ᠶᠢ ᠵᠤᠬᠢᠰᠳᠠᠢ ᠭᠠᠳᠠᠬᠰᠢᠯᠠᠭᠤᠯᠬᠤ ᠳᠤᠨᠤᠬ ᠲᠦᠬᠦᠭᠡᠷᠤᠮᠵᠢ ᠶᠢᠨ | ᠪᠠᠶᠢᠭᠤᠯᠤᠯᠳᠠ ᠶᠢ ᠬᠤᠷᠳᠤᠳᠬᠠᠵᠦ᠂ ᠤᠰᠤᠨ ᠤ ᠤᠷᠴᠢᠨ ᠳᠤᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ ᠢ | ᠡᠷᠠᠰ ᠰᠠᠬᠢᠨ᠎ᠠ᠃ ᠪᠤᠬᠢᠷᠳᠤᠯ ᠦᠭᠡᠢ ᠬᠦᠷᠦᠰᠦ ᠰᠢᠷᠤᠢ ᠶᠢᠨ ᠬᠠᠮᠠᠭᠠᠯᠠᠯᠳᠠ ᠶᠢᠨ ᠳᠠᠶᠢᠯᠠᠯᠳᠤᠭᠠᠨ ᠢ ᠭᠤᠶᠢᠪᠢᠰᠢ | ᠦᠭᠡᠢ ᠰᠠᠶᠢᠳᠤᠷ ᠬᠢᠵᠦ᠂ ᠬᠦᠷᠦᠰᠦ ᠰᠢᠷᠤᠢ ᠶᠢᠨ ᠪᠤᠬᠢᠷᠳᠤᠯ ᠢ ᠡᠵᠡᠮᠳᠡᠨ ᠬᠠᠮᠢᠶᠠᠷᠬᠤ ᠪᠤᠯᠤᠨ ᠬᠠᠮᠠᠭᠠᠯᠠᠬᠤ ᠶᠢ | ᠴᠢᠩᠭᠠᠳᠬᠠᠵᠦ᠂ ᠳᠠᠷᠢᠶᠠᠨ ᠭᠠᠵᠠᠷ ᠤᠨ ᠬᠦᠷᠦᠰᠦ ᠰᠢᠷᠤᠢ ᠶᠢᠨ ᠤᠷᠴᠢᠨ ᠳᠤᠭᠤᠷᠢᠨ ᠢ ᠵᠠᠰᠠᠵᠤ ᠬᠠᠮᠠᠭᠠᠯᠠᠬᠤ | ᠢᠨᠵᠧᠨᠧᠷᠢᠩ ᠢ ᠭᠡᠷᠡᠭᠵᠢᠬᠦᠯᠤᠨ᠂ ᠬᠠᠳᠠᠭᠤ ᠪᠡᠶᠡᠳᠦ ᠬᠠᠶᠠᠬᠳᠠᠮᠠᠯ ᠪᠤᠳᠠᠰ ᠪᠤᠯᠤᠨ ᠬᠤᠬ ᠨᠤᠪᠰᠢ ᠶᠢ ᠵᠤᠬᠢᠰᠳᠠᠢ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠬᠦᠯᠵᠦ᠂ ᠰᠢᠨ᠎ᠠ ᠪᠠᠷ ᠨᠡᠮᠡᠭᠳᠡᠬᠦ ᠬᠦᠷᠦᠰᠦ ᠰᠢᠷᠤᠢ ᠶᠢᠨ ᠪᠤᠬᠢᠷᠳᠤᠯ ᠢ | ᠴᠢᠩᠭ᠎ᠠ ᠨᠢᠮᠪᠠᠢ ᠰᠡᠷᠭᠡᠶᠢᠯᠡᠨ ᠵᠠᠰᠠᠵᠤ᠂ ᠡᠷᠬᠡᠪᠰᠢ ᠬᠦᠷᠦᠰᠦ ᠰᠢᠷᠤᠢ ᠶᠢᠨ ᠤᠷᠴᠢᠨ ᠳᠤᠭᠤᠷᠢᠨ ᠤ ᠶᠠᠰᠤ ᠴᠢᠨᠠᠷ ᠢ | ᠵᠠᠪᠠᠯ ᠳᠡᠭᠡᠭᠰᠢᠯᠡᠬᠦᠯᠭᠦ ᠶᠢ ᠪᠠᠷᠢᠮᠳᠠᠯᠠᠵᠦ᠂ ᠬᠦᠷᠦᠰᠦ ᠰᠢᠷᠤᠢ ᠶᠢᠨ ᠡᠬᠢ ᠪᠠᠶᠠᠯᠢᠬ ᠤᠨ ᠦᠨᠢ ᠡᠬᠦᠷᠢᠳᠡ | ᠦᠷᠬᠦᠯᠵᠢᠯᠡᠨ ᠠᠰᠢᠬᠯᠠᠬᠤ ᠶᠢ ᠪᠡᠶᠡᠯᠡᠬᠦᠯᠭᠦ ᠭᠡᠷᠡᠭᠳᠡᠢ᠃ | ᠬᠤᠶᠠᠷ ᠲᠤ᠂ ᠠᠮᠢ ᠠᠬᠤᠢ ᠶᠢᠨ ᠪᠠᠶᠢᠭᠤᠯᠤᠯᠳᠠ ᠪᠤᠯᠤᠨ ᠬᠠᠮᠠᠭᠠᠯᠠᠨ ᠰᠡᠷᠬᠦᠭᠡᠬᠦ ᠶᠢ ᠡᠬᠦᠷᠢᠳᠡ ᠴᠢᠩᠭᠠᠳᠬᠠᠬᠤ | ᠭᠡᠷᠡᠭᠳᠡᠢ᠃ ᠤᠷᠴᠢᠨ ᠳᠤᠭᠤᠷᠢᠨ ᠢ ᠬᠠᠮᠠᠭᠠᠯᠠᠬᠤ ᠪᠤᠯ ᠳᠠᠷᠤᠢ ᠦᠢᠯᠡᠳᠪᠦᠷᠢᠯᠡᠯ ᠤᠨ ᠬᠦᠴᠦᠨ ᠢ ᠬᠠᠮᠠᠭᠠᠯᠠᠬᠤ | ᠶᠠᠪᠤᠳᠠᠯ ᠪᠤᠯᠤᠨ᠎ᠠ᠂ ᠤᠷᠴᠢᠨ ᠳᠤᠭᠤᠷᠢᠨ ᠢ ᠰᠢᠯᠢᠳᠡᠭᠵᠢᠬᠦᠯᠬᠦ ᠪᠤᠯ ᠳᠠᠷᠤᠢ ᠦᠢᠯᠡᠳᠪᠦᠷᠢᠯᠡᠯ ᠤᠨ ᠬᠦᠴᠦᠨ ᠢ | ᠬᠦᠭᠵᠢᠭᠦᠯᠵᠦ ᠪᠠᠶᠢᠭ᠎ᠠ ᠶᠠᠪᠤᠳᠠᠯ ᠪᠤᠯᠤᠨ᠎ᠠ᠃ ᠬᠠᠮᠠᠭᠠᠯᠠᠯᠳᠠ ᠶᠢ ᠳᠠᠷᠢᠬᠦᠨ ᠪᠠᠶᠢᠷᠢᠨ ᠳᠤ ᠳᠠᠯᠪᠢᠬᠤ ᠶᠢ ᠪᠠᠷᠢᠮᠳᠠᠯᠠᠵᠦ᠂ | ᠠᠮᠢ ᠠᠬᠤᠢ ᠶᠢᠨ ᠪᠠᠶᠢᠭᠤᠯᠤᠯᠳᠠ ᠪᠤᠯᠤᠨ ᠰᠡᠷᠬᠦᠭᠡᠯᠳᠡ ᠶᠢᠨ ᠬᠦᠴᠦᠯᠡᠴᠡ ᠶᠢ ᠴᠢᠩᠭᠠᠷᠠᠭᠤᠯᠵᠤ᠂ ᠤᠷᠭᠤᠮᠠᠯ ᠤᠨ | ᠪᠦᠷᠬᠦᠴᠡ ᠶᠢᠨ ᠪᠤᠬᠢᠷᠳᠤᠯ ᠦᠭᠡᠢ ᠬᠦᠭᠵᠢᠯᠳᠡ ᠶᠢᠨ ᠳᠠᠪᠠᠭᠤᠯᠢᠬ ᠢ ᠳᠠᠰᠤᠷᠠᠯᠳᠠ ᠦᠭᠡᠢ ᠬᠦᠭᠵᠢᠬᠦᠯᠤᠨ᠎ᠠ᠃ | ᠠᠭᠤᠯᠠ ᠤᠰᠦ᠂ ᠤᠢ ᠰᠢᠭᠤᠢ᠂ ᠳᠠᠷᠢᠶᠠᠨ ᠭᠠᠵᠠᠷ᠂ ᠨᠠᠭᠤᠷ ᠴᠦᠬᠦᠷᠤᠮ᠂ ᠨᠤᠳᠤᠭ ᠪᠡᠯᠴᠢᠭᠡᠷ ᠤᠨ ᠠᠮᠢ | ᠠᠬᠤᠢ ᠶᠢᠨ ᠬᠠᠮᠠᠭᠠᠯᠠᠯᠳᠠ ᠪᠤᠯᠤᠨ ᠰᠡᠷᠬᠦᠭᠡᠯᠳᠡ ᠶᠢᠨ ᠢᠨᠵᠧᠨᠧᠷᠢᠩ ᠢ ᠶᠠᠪᠤᠬᠳᠠᠭᠤᠯᠵᠦ᠂ ᠳᠠᠯ᠎ᠠ ᠨᠤᠳᠤᠬ ᠤᠨ ᠠᠮᠢ | ᠠᠬᠤᠢ ᠶᠢᠨ ᠱᠠᠩᠨᠠᠨ ᠨᠦᠬᠦᠪᠦᠷᠢᠯᠡᠬᠦ ᠲᠦᠷᠦ ᠶᠢᠨ ᠪᠤᠳᠤᠯᠭ᠎ᠠ ᠶᠢ ᠨᠠᠷᠢᠨ ᠭᠢᠨᠠᠮᠠᠭᠠᠢ ᠪᠠᠷ ᠳᠤᠭᠤᠰᠢᠯᠠᠭᠤᠯᠤᠨ᠂ ︽ | ᠭᠤᠷᠪᠠᠨ ᠤᠮᠠᠷᠠᠳᠦ︾ ᠶᠢᠨ ᠬᠠᠯᠬᠠᠪᠴᠢ ᠤᠢ᠂ ᠪᠠᠶᠢᠭᠠᠯᠢᠯᠢᠬ ᠤᠢ ᠰᠢᠭᠤᠢ ᠶᠢᠨ ᠬᠠᠮᠠᠭᠠᠯᠠᠯᠳᠠ᠂ ᠳᠠᠷᠢᠶᠠᠯᠠᠬᠤ ᠶᠢ | ᠵᠤᠬᠰᠤᠭᠠᠵᠦ ᠤᠢ ᠮᠤᠳᠦ ᠡᠪᠡᠰᠦ ᠪᠡᠯᠴᠢᠭᠡᠷ ᠢ ᠰᠡᠷᠬᠦᠭᠡᠬᠦ᠂ ᠬᠦᠷᠦᠰᠤ ᠰᠢᠷᠥᠢ ᠶᠢᠨ ᠢᠳᠡᠭᠳᠡᠯ ᠢ ᠵᠠᠰᠠᠬᠤ᠂ ᠨᠤᠭᠤ | ᠭᠠᠵᠠᠷ ᠢ ᠬᠠᠮᠠᠭᠠᠯᠠᠨ ᠰᠡᠷᠬᠦᠭᠡᠬᠦ᠂ ᠬᠤᠷᠴᠢᠨ ᠤ ᠡᠯᠡᠰᠦᠷᠭᠡᠭ ᠭᠠᠵᠠᠷ ᠢ ᠵᠠᠰᠠᠬᠤ᠂ ᠭᠤᠤᠯ ᠨᠠᠭᠤᠷ ᠢ ᠬᠤᠯᠪᠤᠨ | ᠨᠡᠪᠳᠡᠷᠡᠬᠦᠯᠬᠦ ᠵᠡᠷᠭᠡ ᠭᠤᠤᠯᠳᠠᠯᠭᠠᠳᠦ ᠠᠮᠢ ᠠᠬᠤᠢ ᠶᠢᠨ ᠢᠨᠵᠧᠨᠧᠷᠢᠩ ᠢ ᠬᠦᠨᠵᠡᠭᠡᠶᠢᠷᠡᠬᠦᠯᠤᠨ ᠶᠠᠪᠤᠬᠳᠠᠭᠤᠯᠵᠦ᠂ | ᠪᠦᠬᠦ ᠳᠠᠯ᠎ᠠ ᠪᠠᠷ ᠪᠠᠶᠢᠭᠠᠯᠢ ᠶᠢᠨ ᠠᠮᠢ ᠠᠬᠤᠢ ᠶᠢᠨ ᠰᠢᠰᠲᠧᠮ ᠤᠨ ᠳᠤᠬᠳᠠᠭᠤᠨ ᠴᠢᠨᠠᠷ ᠪᠠ ᠠᠮᠢ ᠠᠬᠤᠢ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠬᠦᠯᠤᠨ᠎ᠠ᠃ ᠠᠮᠢ ᠠᠬᠤᠢ ᠶᠢᠨ ᠪᠤᠯᠪᠠᠰᠤᠨ ᠤ ᠬᠤᠷᠢᠭ᠎ᠠ ᠱᠤᠭᠤᠮ ᠢ | ᠴᠢᠩᠭ᠎ᠠ ᠰᠠᠬᠢᠵᠤ᠂ ᠭᠤᠤᠯ ᠴᠤᠬᠴᠠ ᠶᠢᠨ ᠴᠢᠳᠠᠪᠤᠷᠢ ᠶᠢᠨ ᠪᠠᠶᠢᠷᠢᠯᠠᠭᠤᠯᠤᠯᠳᠠ ᠶᠢ ᠪᠦᠷᠢᠨᠰᠢᠬᠦᠯᠵᠦ᠂ ᠠᠮᠢ | ᠠᠬᠤᠢ ᠶᠢᠨ ᠬᠠᠮᠠᠭᠠᠯᠠᠯᠳᠠ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠶᠢ ᠠᠬᠢᠭᠤᠯᠵᠤ᠂ ᠤᠢ ᠶᠢ ᠡᠪᠳᠡᠨ ᠠᠳᠠᠷ | ᠬᠠᠭᠠᠯᠪᠤᠷᠢᠯᠠᠬᠤ᠂ ᠨᠤᠳᠤᠬ ᠪᠡᠯᠴᠢᠭᠡᠷ ᠢ ᠡᠪᠳᠡᠬᠦ ᠵᠡᠷᠭᠡ ᠠᠵᠢᠯᠠᠯᠭ᠎ᠠ ᠶᠢ ᠴᠢᠩᠭ᠎ᠠ ᠨᠢᠮᠪᠠᠢ ᠴᠡᠭᠴᠡᠯᠡᠨ ᠵᠠᠰᠠᠨ᠎ᠠ᠃ | ᠲᠡᠮᠡᠭᠡᠴᠢ ᠵᠡᠷᠭᠡ ᠡᠯ᠎ᠠ ᠳᠡᠰ ᠤᠨ ᠡᠯ᠎ᠠ ᠲᠦᠷᠦᠯ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠪᠠᠶᠢᠭᠤᠯᠤᠯᠳᠠ | ᠪᠤᠯᠤᠨ ᠬᠠᠮᠢᠶᠠᠷᠤᠯᠳᠠ ᠶᠢ ᠴᠢᠩᠭᠠᠳᠬᠠᠵᠦ᠂ ᠬᠠᠮᠠᠭᠠᠯᠠᠯᠳᠠ ᠶᠢᠨ ᠤᠷᠤᠨ ᠤ ᠪᠠᠶᠢᠷᠢᠯᠠᠭᠤᠯᠤᠯᠳᠠ ᠶᠢ | ᠰᠢᠯᠢᠳᠡᠭᠵᠢᠬᠦᠯᠤᠨ᠂ ᠴᠢᠳᠠᠪᠬᠢ ᠶᠢᠨ ᠪᠠᠶᠢᠷᠢᠯᠠᠯ ᠢ ᠳᠤᠳᠤᠳᠬᠠᠵᠦ᠂ ᠬᠢᠨᠠᠨ ᠬᠠᠮᠢᠶᠠᠷᠤᠯᠳᠠ ᠪᠠᠨ ᠴᠢᠩᠭᠠᠳᠬᠠᠨ᠂ | ᠬᠠᠤᠯᠢ ᠲᠦᠷᠢᠮ ᠠᠴᠠ ᠵᠦᠷᠢᠴᠡᠭᠰᠡᠨ ᠠᠵᠢᠯᠯᠠᠭ᠎ᠠ ᠶᠢᠨ ᠪᠠᠶᠢᠴᠠᠭᠠᠯᠳᠠ ᠪᠤᠯᠤᠨ ᠵᠠᠰᠠᠨ ᠴᠡᠭᠴᠡᠯᠡᠯᠳᠡ ᠶᠢᠨ | ᠬᠦᠴᠦᠯᠡᠴᠡ ᠶᠢ ᠴᠢᠩᠭᠠᠷᠠᠭᠤᠯᠵᠤ᠂ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠬᠠᠮᠠᠭᠠᠯᠠᠯᠳᠠ ᠶᠢᠨ | ᠲᠦᠪᠰᠢᠨ ᠢᠶᠠᠨ ᠳᠡᠭᠡᠭᠰᠢᠯᠡᠬᠦᠯᠤᠨ᠎ᠠ᠃ ᠶᠡᠭᠡ ᠭᠡᠪᠴᠢᠶᠡᠨ ᠤ ᠤᠯᠤᠰ ᠤᠨ ᠭᠠᠵᠠᠷ ᠰᠢᠷᠤᠢ ᠶᠢᠨ | ᠨᠤᠭᠤᠭᠠᠷᠠᠭᠤᠯᠤᠯᠳᠠ ᠶᠢᠨ ᠠᠵᠢᠯᠯᠠᠭ᠎ᠠ ᠶᠢ ᠦᠷᠨᠢᠬᠦᠯᠤᠨ᠂ ᠦᠷᠬᠦᠯᠵᠢᠯᠡᠨ ᠨᠤᠭᠤᠭᠠᠷᠠᠭᠤᠯᠤᠯᠳᠠ ᠶᠢᠨ ᠭᠡᠮᠵᠢᠶ᠎ᠠ ᠶᠢ | ᠨᠡᠮᠡᠭᠳᠡᠬᠦᠯᠤᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠵᠦ᠂ ᠠᠷᠠᠳ ᠲᠦᠮᠡᠨ ᠤ ᠡᠳᠦᠷ ᠢᠷᠡᠬᠦᠶ᠎ᠠ ᠨᠡᠮᠡᠭᠳᠡᠵᠦ ᠪᠠᠶᠢᠭ᠎ᠠ | ᠦᠵᠡᠰᠬᠦᠯᠠᠩᠳᠦ ᠰᠠᠶᠢᠬᠠᠨ ᠠᠮᠢ ᠠᠬᠤᠢ ᠶᠢᠨ ᠤᠷᠴᠢᠨ ᠳᠤᠭᠤᠷᠢᠨ ᠤ ᠱᠠᠭᠠᠷᠳᠠᠯᠭ᠎ᠠ ᠶᠢ ᠳᠠᠰᠤᠷᠠᠯᠳᠠ ᠦᠭᠡᠢ | ᠬᠠᠨᠭ᠍ᠭᠠᠨ᠂ ᠰᠢᠯᠢᠳᠡᠭ ᠰᠠᠶᠢᠬᠠᠨ ᠠᠮᠢ ᠠᠬᠤᠢ ᠶᠢᠨ ᠤᠷᠴᠢᠨ ᠳᠤᠭᠤᠷᠢᠨ ᠲᠠᠢ ᠵᠢᠷᠭᠠᠯᠠᠩᠳᠦ ᠠᠮᠢᠳᠤᠷᠠᠯ ᠤᠨ | ᠤᠷᠴᠢᠨ ᠢ ᠪᠤᠢ ᠪᠤᠯᠭᠠᠬᠤ ᠭᠡᠷᠡᠭᠳᠡᠢ᠃ | ᠭᠤᠷᠪᠠ ᠳᠤ᠂ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠰᠢᠰᠲᠧᠮ ᠢ ᠪᠦᠷᠢᠨᠰᠢᠬᠦᠯᠤᠨ ᠰᠠᠶᠢᠵᠢᠷᠠᠭᠤᠯᠬᠤ | ᠭᠡᠷᠡᠭᠳᠡᠢ᠃ ᠲᠦᠷᠢᠮ ᠤᠨ ᠪᠠᠶᠢᠭᠤᠯᠤᠯᠳᠠ ᠪᠤᠯ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠯᠬᠢᠨ | ᠠᠬᠢᠭᠤᠯᠬᠤ ᠭᠤᠤᠯ ᠴᠦᠮ᠎ᠠ ᠮᠦᠨ᠃ ᠲᠦᠷᠢᠮ ᠤᠨ ᠰᠢᠨ᠎ᠠ ᠶᠢ ᠡᠬᠦᠳᠬᠦ ᠶᠢ ᠬᠦᠨᠵᠡᠭᠡᠶᠢᠷᠡᠬᠦᠯᠤᠨ ᠦᠷᠨᠢᠬᠦᠯᠵᠦ᠂ | ᠨᠢᠭᠡ ᠪᠦᠯᠦᠭ ᠰᠤᠷᠤᠯᠴᠠᠵᠤ ᠲᠡᠯᠭᠡᠷᠡᠭᠦᠯᠵᠦ ᠪᠤᠯᠬᠤᠢᠢᠴᠠ ᠴᠢᠬᠤᠯᠠ ᠶᠡᠭᠡ ᠲᠦᠷᠢᠮ ᠤᠨ ᠦᠷ᠎ᠠ ᠪᠦᠳᠦᠭᠡᠯ ᠢ | ᠰᠦᠪᠡᠭᠴᠢᠯᠡᠨ᠂ ᠬᠢᠨᠭ᠍ᠭᠠᠨ ᠠᠶᠢᠮᠠᠬ ᠤᠨ ᠤᠨᠴᠠᠯᠢᠬ ᠲᠠᠢ᠂ ᠳᠤᠬᠳᠠᠴᠠ ᠪᠦᠷᠢᠨ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠶᠢᠨ ᠲᠦᠷᠢᠮ ᠤᠨ ᠰᠢᠰᠲᠧᠮ ᠢ ᠴᠤᠬᠴᠠᠯᠠᠨ᠎ᠠ᠃ ᠡᠬᠢ ᠪᠠᠶᠠᠯᠢᠬ ᠢ ᠲᠦᠯᠤᠪᠦᠷᠢ ᠲᠠᠢ ᠭᠡᠷᠡᠭᠯᠡᠬᠦ | ᠪᠤᠯᠤᠨ ᠠᠮᠢ ᠠᠬᠤᠢ ᠶᠢᠨ ᠨᠦᠬᠦᠪᠦᠷᠢ ᠶᠢᠨ ᠳᠤᠬᠳᠠᠴᠠ ᠶᠢ ᠪᠦᠷᠢᠨᠰᠢᠬᠦᠯᠤᠨ᠂ ᠪᠤᠬᠢᠷᠳᠤᠯ ᠦᠭᠡᠢ ᠵᠠᠬ᠎ᠠ | ᠳᠡᠯᠭᠡᠬᠦᠷ ᠤᠨ ᠬᠦᠭᠵᠢᠯᠳᠡ ᠶᠢᠨ ᠲᠦᠷᠢᠮ ᠪᠤᠯᠤᠨ ᠬᠢᠨᠠᠨ ᠬᠠᠮᠢᠶᠠᠷᠤᠯᠳᠠ ᠶᠢᠨ ᠳᠤᠬᠳᠠᠴᠠ ᠶᠢ ᠰᠦᠪᠡᠭᠴᠢᠯᠡᠨ | ᠪᠠᠶᠢᠭᠤᠯᠤᠨ᠎ᠠ᠃ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠬᠢᠨᠠᠨ ᠪᠠᠶᠢᠴᠠᠭᠠᠯᠳᠡ ᠪᠠ ᠦᠨᠡᠯᠡᠯᠳᠡ ᠶᠢ | ᠴᠢᠩᠭᠠᠳᠬᠠᠨ᠂ ᠤᠳᠤᠷᠢᠳᠬᠤ ᠺᠠᠳ᠋ᠷᠴᠤᠳ ᠤᠨ ᠳᠤᠰᠢᠶᠠᠯ ᠠᠴᠠ ᠰᠠᠯᠬᠤ ᠦᠶ᠎ᠡ ᠶᠢᠨ ︵ᠳᠤᠰᠢᠶᠠᠯ ᠳᠤ ᠪᠠᠶᠢᠬᠤ︶ | ᠪᠠᠶᠢᠭᠠᠯᠢ ᠶᠢᠨ ᠡᠬᠢ ᠪᠠᠶᠠᠯᠢᠬ ᠡᠳ᠋ ᠬᠦᠷᠦᠩᠭᠡ ᠶᠢᠨ ᠬᠢᠨᠠᠨ ᠪᠤᠳᠤᠬᠤ ᠲᠦᠷᠢᠮ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠦ᠂ ᠠᠮᠢ ᠠᠬᠤᠢ ᠶᠢᠨ ᠤᠷᠴᠢᠨ ᠳᠤᠭᠤᠷᠢᠨ ᠢ ᠡᠪᠳᠡᠭᠰᠡᠨ ᠬᠠᠷᠢᠭᠤᠴᠠᠯᠭ᠎ᠠ ᠶᠢ ᠨᠠᠰᠤᠨ | ᠳᠤᠷᠰᠢᠳᠠ ᠨᠡᠭᠡᠮᠵᠢᠯᠡᠬᠦ ᠲᠦᠷᠢᠮ ᠢ ᠬᠡᠷᠡᠭᠵᠢᠬᠦᠯᠤᠨ᠎ᠠ᠃ ᠤᠷᠴᠢᠨ ᠳᠤᠭᠤᠷᠢᠨ ᠤ ᠬᠠᠮᠠᠭᠠᠯᠠᠯᠳᠠ ᠶᠢᠨ | ᠳᠤᠤᠷᠵᠢᠭᠤᠯᠤᠯᠳᠠ ᠶᠢᠨ ᠬᠢᠨᠠᠨ ᠬᠠᠮᠢᠶᠠᠷᠤᠯᠳᠠ ᠶᠢᠨ ᠰᠢᠰᠲᠧᠮ ᠢ ᠳᠡᠬᠦᠯᠳᠡᠷᠵᠢᠬᠦᠯᠤᠨ᠂ ᠠᠮᠢ ᠠᠬᠤᠢ ᠶᠢᠨ | ᠬᠠᠮᠠᠭᠠᠯᠠᠯᠳᠠ ᠶᠢᠨ ᠨᠦᠬᠦᠪᠤᠷᠢ ᠶᠢᠨ ᠵᠠᠷᠭᠤ ᠵᠠᠭᠠᠯᠳᠤᠯᠭ᠎ᠠ ᠶᠢᠨ ᠠᠵᠢᠯ ᠢ ᠬᠦᠨᠵᠡᠭᠡᠶᠢᠷᠡᠬᠦᠯᠤᠨ ᠲᠦᠯᠬᠢᠨ ᠠᠬᠢᠭᠤᠯᠵᠦ | ᠂ ᠠᠮᠢ ᠠᠬᠤᠢ ᠶᠢᠨ ᠤᠷᠴᠢᠨ ᠳᠤᠭᠤᠷᠢᠨ ᠤ ᠬᠠᠤᠯᠢ ᠭᠡᠷᠡᠭᠵᠢᠬᠦᠯᠬᠦ ᠬᠠᠤᠯᠢ ᠴᠠᠭᠠᠵᠠ ᠶᠢᠨ ᠬᠦᠴᠦᠯᠡᠴᠡ ᠶᠢ | ᠴᠢᠩᠭᠠᠷᠠᠭᠤᠯᠤᠨ᠂ ᠠᠮᠢ ᠠᠬᠤᠢ ᠶᠢᠨ ᠤᠷᠴᠢᠨ ᠳᠤᠭᠤᠷᠢᠨ ᠤ ᠬᠠᠮᠠᠭᠠᠯᠠᠯᠳᠠ ᠶᠢ ᠬᠦᠴᠦᠯᠡᠨ ᠠᠳᠬᠤᠵᠤ᠂ ᠪᠤᠬᠢᠷᠳᠤᠯ | ᠦᠭᠡᠢ ᠬᠦᠭᠵᠢᠯᠳᠡ ᠶᠢᠨ ᠲᠦᠷᠢᠮ ᠤᠨ ︽ᠬᠠᠯᠬᠠᠪᠴᠢ︾ ᠶᠢ ᠲᠦᠯᠬᠢᠨ ᠠᠬᠢᠭᠤᠯᠤᠨ᠎ᠠ᠃ ᠶᠡᠭᠡ ᠬᠦᠴᠦᠨ ᠢᠶᠠᠷ | ᠠᠷᠪᠢᠯᠠᠨ ᠭᠠᠮᠨᠠᠬᠤ᠂ ᠳᠤᠬᠢᠷᠠᠮᠵᠢᠳᠠᠢ᠂ ᠪᠤᠬᠢᠷᠳᠤᠯ ᠦᠭᠡᠢ ᠳᠤᠤᠷ᠎ᠠ ᠨᠡᠬᠦᠷᠡᠰᠦᠳᠦ᠋ᠷᠦᠭᠴᠢᠳᠤ᠂ ᠪᠤᠯᠪᠠᠰᠤᠨ ᠡᠷᠡᠬᠦᠯ | ᠴᠢᠬᠢᠷᠠᠬ ᠠᠮᠢᠳᠤᠷᠠᠯ ᠤᠨ ᠭᠡᠪ ᠮᠠᠶ᠋ᠢᠬ ᠪᠤᠯᠤᠨ ᠭᠡᠷᠡᠭᠯᠡᠭᠡᠨ ᠤ ᠭᠡᠯᠪᠡᠷᠢ ᠶᠢ ᠰᠤᠷᠳᠠᠯᠴᠢᠯᠠᠵᠦ ᠠᠷᠪᠢᠯᠠᠡ ᠭᠠᠮᠨᠠᠬᠤ | ᠭᠡᠯᠪᠡᠷᠢ ᠶᠢᠨ ᠪᠠᠶᠢᠭᠤᠯᠤᠯᠭ᠎ᠠ ᠨᠢᠭᠡᠴᠨ᠂ ᠪᠤᠬᠢᠷᠳᠤᠯ ᠦᠭᠡᠢ ᠭᠡᠷ ᠪᠦᠯᠢ᠂ ᠪᠣᠬᠢᠷᠳᠣᠯ ᠦᠬᠡᠢ ᠰᠣᠷᠭᠠᠭᠤᠯᠢ᠂ | ᠪᠣᠬᠢᠷᠳᠣᠯ ᠦᠬᠡᠢ ᠨᠠᠶᠢᠬᠡᠮ ᠲᠣᠭᠤᠷᠢᠭ ᠢ ᠡᠬᠦᠳᠣᠨ ᠪᠠᠶᠢᠭᠤᠯᠬᠤ ᠪᠠ ᠪᠠᠶᠢᠭᠠᠯᠢ ᠶᠢ ᠬᠦᠠᠳᠣᠳᠬᠡᠨ᠂ ᠪᠠᠶᠢᠭᠠᠯᠢ ᠶᠢᠨ | ᠵᠢᠮ᠎ᠡ ᠶᠤᠰᠦ ᠶᠢ ᠵᠢᠷᠤᠮᠯᠡᠬᠤ᠂ ᠪᠠᠶᠢᠭᠠᠯᠢ ᠶᠢ ᠬᠠᠮᠠᠭᠠᠯᠠᠬᠤ ᠠᠮᠢ ᠠᠬᠤᠢ ᠶᠢᠨ ᠪᠣᠯᠪᠠᠰᠣᠨ ᠣᠨᠣᠯᠵᠢᠬᠤᠨ ᠢ ᠠᠷᠠᠳ | ᠣᠯᠠᠨ ᠤ ᠡᠳᠣᠷ ᠲᠣᠳᠣᠮ ᠤᠨ ᠠᠵᠣ ᠠᠮᠢᠳᠣᠷᠠᠯ ᠲᠤᠮᠳᠡᠬᠢ ᠰᠠᠨᠠᠭᠠᠴᠢᠯᠠᠭ᠎ᠠ ᠲᠠᠢ ᠠᠵᠢᠯᠯᠠᠭ᠎ᠠ ᠪᠣᠯᠭᠠᠬᠤ ᠭᠡᠷᠡᠭᠳᠡᠢ᠃ | ︵ᠬᠤᠶᠠᠷ︶ ᠪᠣᠬᠢᠷᠳᠣᠯ ᠦᠬᠡᠢ ᠬᠦᠭᠵᠢᠯᠳᠠ ᠶᠢᠨ ᠲᠠᠭᠠᠭᠤᠯᠤᠬᠴᠢ ᠤᠷᠤᠨ ᠳᠤᠭᠤᠷᠢᠬ ᠢ ᠪᠦᠬᠦ | ᠬᠦᠴᠣᠨ ᠢᠶᠠᠷ ᠪᠠᠶᠢᠭᠤᠯᠵᠣ᠂ ᠠᠵᠣ ᠠᠬᠤᠢ ᠶᠢᠨ ᠴᠢᠨᠠᠷ ᠰᠠᠶᠢᠳᠠᠢ ᠳᠠᠪᠠᠯᠳᠠᠳᠤ ᠬᠦᠭᠵᠢᠯᠳᠡ ᠶᠢ ᠯᠠᠪᠳᠠᠭᠤᠨ | ᠠᠬᠢᠭᠤᠯᠬᠤ ᠭᠡᠷᠡᠭᠳᠡᠢ᠃ ᠶᠠᠷᠣᠩᠬᠡᠢ ᠱᠦᠵᠢ ᠰᠢ ᠶᠢᠨ ᠫᠢᠡᠭ ᠤᠨ ᠮᠠᠨ ᠤ ᠦᠪᠠᠷᠳᠡᠬᠡᠨ ᠵᠠᠰᠠᠬᠤ ᠣᠷᠣᠨ ᠳᠤ | ᠲᠣᠷᠠᠳᠣᠭᠰᠠᠨ᠄ ︽ᠠᠵᠣ ᠠᠬᠤᠢ ᠶᠢᠨ ᠴᠢᠨᠠᠷ ᠰᠠᠶᠢᠳᠠᠢ ᠳᠠᠪᠠᠯᠳᠠᠳᠤ ᠬᠦᠭᠵᠢᠯᠳᠡ ᠶᠢ ᠯᠠᠪᠳᠠᠭᠤᠨ ᠠᠬᠢᠭᠤᠯᠬᠤ︾ | ᠱᠠᠭᠠᠷᠳᠠᠯᠭ᠎ᠠ ᠪᠠᠷ᠂ ︽ᠭᠤᠣᠯᠳᠠᠯᠭ᠎ᠠ ᠪᠠᠨ ᠠᠵᠣ ᠣᠢᠢᠯᠡᠰ ᠤᠨ ᠪᠦᠳᠣᠴᠨ ᠶᠢ ᠬᠤᠪᠢᠷᠠᠭᠤᠯᠵᠤ ᠲᠡᠰ ᠲᠡᠪᠰᠢᠭᠦᠯᠬᠦ | ᠲᠡᠬᠡᠷ᠎ᠠ ᠲᠠᠯᠪᠢᠵᠣ᠂ ᠪᠣᠳᠠᠳᠣ ᠴᠣᠭᠴᠠᠳᠣ ᠠᠵᠣ ᠠᠬᠤᠢ ᠶᠢ ᠦᠨᠡᠨᠬᠦ ᠬᠦᠴᠣᠷᠬᠡᠭ ᠰᠢᠯᠢᠳᠡᠭ ᠪᠤᠯᠭᠠᠬᠤ︾ ᠶᠢ | ᠴᠢᠩᠭᠠᠳᠬᠠᠨ᠎ᠠ᠃ ᠪᠢᠳᠠ ᠡᠨᠠ ᠨᠢᠬᠡ ᠬᠦᠭᠵᠢᠯᠳᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ | ᠪᠦᠬᠦ ᠲᠠᠯ᠎ᠠ ᠪᠠᠷ ᠪᠣᠬᠢᠷᠳᠣᠯ ᠦᠬᠡᠢ ᠬᠦᠭᠵᠢᠯᠳᠠ ᠶᠢᠨ ᠣᠨᠣᠯᠵᠢᠬᠤᠨ ᠢ ᠣᠢᠢᠯᠡᠳᠣᠯᠬᠡᠵᠢᠬᠦᠯᠵᠣ᠂ ᠰᠢᠨ᠎ᠠ | ᠬᠡᠯᠪᠠᠷᠢ ᠶᠢᠨ ᠠᠵᠤ ᠣᠢᠢᠯᠡᠳᠪᠣᠷᠢᠵᠢᠯᠳᠠ᠂ ᠰᠣᠷᠠᠭ ᠵᠠᠩᠬᠢᠵᠢᠯᠳᠠ᠂ ᠬᠤᠳᠠ ᠪᠠᠯᠭᠠᠰᠣᠵᠢᠯᠳᠠ᠂ ᠳᠠᠷᠢᠶᠠᠯᠠᠩ ᠮᠠᠯ | ᠠᠵᠤ ᠠᠬᠤᠢ ᠶᠢᠨ ᠣᠳᠣᠬᠢᠴᠢᠯᠠᠯᠳᠠ ᠪᠠ ᠪᠣᠬᠢᠷᠳᠣᠯ ᠦᠬᠡᠢ ᠬᠦᠭᠵᠢᠯᠳᠡ ᠶᠢ ᠬᠦᠠᠵᠡᠬᠡᠢ ᠠᠭᠤᠰᠣᠯᠴᠠᠭᠤᠯᠬᠤ ᠶᠢ | ᠶᠡᠭᠡ ᠬᠦᠴᠣᠨ ᠢᠶᠠᠷ ᠠᠬᠢᠭᠤᠯᠵᠣ᠂ ᠪᠣᠬᠢᠷᠳᠣᠯ ᠦᠬᠡᠢ ᠬᠦᠭᠵᠢᠯᠳᠠ ᠶᠢᠨ ᠣᠢᠢᠯᠡᠳᠣᠯᠬᠡ ᠶᠢ ᠪᠦᠳᠣᠬᠡᠯᠴᠢ ᠪᠠᠷ ᠬᠢᠬᠦ᠂ | ᠪᠣᠬᠢᠷᠳᠣᠯ ᠦᠬᠡᠢ ᠬᠦᠭᠵᠢᠯᠳᠠ ᠶᠢᠨ ᠲᠠᠭᠠᠭᠤᠯᠤᠬᠴᠢ ᠤᠷᠤᠨ ᠢ ᠪᠦᠬᠦ ᠬᠦᠴᠣᠨ ᠢᠶᠠᠷ ᠪᠠᠶᠢᠭᠤᠯᠵᠣ᠂ ᠮᠠᠨ ᠤ | ᠠᠶᠢᠮᠠᠭ ᠢ ᠦᠪᠠᠷᠳᠡᠬᠡᠨ ᠵᠠᠰᠠᠬᠤ ᠣᠷᠣᠨ ᠴᠢᠨᠠᠭᠰᠢᠯᠠᠪᠠᠯ ᠪᠦᠬᠦ ᠣᠯᠣᠰ ᠤᠨ ᠪᠣᠬᠢᠷᠳᠣᠯ ᠦᠬᠡᠢ ᠬᠦᠭᠵᠢᠯᠳᠠ ᠶᠢᠨ | ᠬᠡᠪ ᠲᠠᠭᠤᠷᠢᠶᠠᠯ ᠪᠣᠯᠭᠠᠬᠤ ᠪᠠᠷ ᠴᠢᠷᠮᠠᠶᠢᠬᠤ ᠭᠡᠷᠡᠭᠳᠡᠢ᠃ | ᠨᠢᠬᠡ᠂ ᠪᠣᠬᠢᠷᠳᠣᠯ ᠦᠬᠡᠢ ᠠᠵᠣ ᠣᠢᠢᠯᠡᠰ ᠢ ᠶᠡᠭᠡ ᠪᠠᠷ ᠬᠦᠭᠵᠢᠬᠦᠯᠭᠦ ᠭᠡᠷᠡᠭᠳᠡᠢ᠃ ᠠᠵᠣ ᠣᠢᠢᠯᠡᠰ ᠤᠨ ᠠᠮᠢ | ᠠᠬᠤᠢᠢᠴᠢᠯᠠᠭᠰᠠᠨ᠂ ᠠᠮᠢ ᠠᠬᠤᠢ ᠶᠢᠨ ᠠᠵᠦ ᠣᠢᠢᠯᠡᠰᠵᠢᠯᠳᠠ ᠶᠢᠨ ᠬᠦᠭᠵᠢᠯᠳᠠ ᠶᠢᠨ ᠣᠨᠣᠯᠵᠢᠬᠤᠨ ᠢ ᠪᠠᠷᠢᠮᠳᠠᠯᠠᠵᠣ | ᠂ ᠭᠤᠣᠯᠳᠠᠯᠭ᠎ᠠ ᠶᠢ ᠠᠳᠬᠤᠵᠣ᠂ ᠵᠠᠩᠬᠢᠯᠠᠭ᠎ᠠ ᠶᠢ ᠠᠳᠬᠤᠵᠣ᠂ ᠪᠣᠳᠠᠳᠠᠢ ᠶᠢ ᠠᠳᠬᠤᠵᠣ᠂ ᠴᠡᠭ ᠢᠶᠠᠷ ᠨᠠᠶᠢᠳᠠᠮ ᠢ | ᠲᠠᠶᠢᠴᠢᠯᠠᠵᠣ ᠪᠣᠬᠢᠷᠳᠣᠯ ᠦᠬᠡᠢ ᠲᠣᠣᠷ᠎ᠠ ᠨᠡᠬᠦᠷᠠᠰᠣᠳᠦ᠋ᠷᠦᠭᠴᠢᠳᠤ ᠣᠷᠴᠢᠯ ᠬᠦᠭᠵᠢᠯᠳᠠ ᠶᠢᠨ ᠠᠵᠣ ᠣᠢᠢᠯᠡᠰ ᠤᠨ | ᠰᠢᠰᠲᠧᠮ ᠢ ᠲᠦᠷᠬᠡᠨ ᠪᠠᠶᠢᠭᠤᠯᠣᠨ᠎ᠠ᠃ ᠲᠠᠪᠠᠭᠤᠯᠢᠭ ᠣᠠᠴᠠᠯᠢᠭ ᠲᠠᠢ ᠠᠵᠣ ᠣᠢᠢᠯᠡᠰ ᠢ ᠪᠣᠵᠠᠭᠠᠢᠢᠷᠠᠭᠤᠯᠣᠨ | ᠶᠡᠬᠡᠰᠬᠡᠨᠠ᠃ ︽ᠤᠰᠤᠨ ᠲᠤᠳᠤᠷᠭ᠎ᠠ ᠡᠷᠳᠡᠨᠢ ᠰᠢᠰᠢ︾᠂ ︽ᠠᠯᠠᠰᠢᠨ ᠦᠬᠡᠷ ᠰᠠᠭᠠᠯᠢ ᠶᠢᠨ ᠦᠨᠢᠶ᠎ᠡ︾ ᠶᠢᠨ | ᠤᠢᠢᠯᠡᠰ ᠪᠤᠯᠤᠨ ᠪᠦᠬᠦ᠋ᠢᠯᠡ ᠤᠷᠣᠨ ᠪᠦᠰᠨ ᠶᠢᠨ ᠵᠣᠭᠠᠴᠠᠯ ᠢᠶᠠᠷ ᠰᠢᠪᠳᠣᠯᠣᠯᠳᠠ ᠪᠣᠯᠭᠠᠵᠣ᠂ ᠲᠠᠷᠢᠶᠠᠯᠠᠩ ᠮᠠᠯ | ᠠᠵᠣ ᠠᠬᠤᠢ ᠶᠢᠨ ᠪᠦᠳᠣᠬᠡᠭᠳᠡᠬᠦᠨ ᠤ ᠣᠢᠢᠯᠡᠳᠪᠣᠷᠢᠯᠠᠨ ᠪᠣᠯᠪᠠᠰᠣᠷᠠᠭᠤᠯᠬᠤ ᠪᠠ ᠰᠣᠶᠣᠯ ᠵᠣᠭᠠᠴᠠᠯ ᠵᠡᠷᠬᠡ | ᠲᠠᠪᠠᠭᠤᠯᠢᠭ ᠣᠠᠴᠠᠯᠢᠭ ᠲᠠᠢ ᠠᠵᠣ ᠣᠢᠢᠯᠡᠰ ᠢ ᠦᠷᠭᠡᠳᠭᠡᠨ᠂ ᠮᠠᠨ ᠤ ᠠᠶᠢᠮᠠᠭ ᠢ ᠣᠯᠣᠰ ᠤᠨ ᠪᠣᠬᠢᠷᠳᠣᠯ ᠦᠬᠡᠢ | ᠣᠷᠭᠠᠨᠢᠭ ᠲᠠᠷᠢᠶᠠᠯᠠᠩ ᠮᠠᠯ ᠠᠵᠣ ᠠᠬᠤᠢ ᠶᠢᠨ ᠪᠦᠳᠣᠬᠡᠭᠳᠡᠬᠦᠨ ᠤ ᠣᠢᠢᠯᠡᠳᠪᠣᠷᠢᠯᠠᠨ ᠪᠣᠯᠪᠠᠰᠣᠷᠠᠭᠤᠯᠬᠤ | ᠭᠠᠳᠠᠭᠠᠳᠣ ᠳᠤ ᠭᠠᠷᠭᠠᠬᠤ ᠰᠠᠭᠤᠷᠢᠨ ᠭᠠᠵᠠᠷ ᠪᠠ ᠣᠯᠣᠰ ᠤᠨ ᠪᠦᠬᠦ᠋ᠢᠯᠡ ᠣᠷᠣᠨ ᠪᠦᠰᠨ ᠶᠢᠨ ᠵᠣᠭᠠᠴᠠᠯ ᠤᠨ | ᠵᠢᠱᠢᠶ᠎ᠠ ᠦᠵᠡᠬᠦᠯᠬᠦ ᠣᠷᠣᠨ ᠪᠣᠯᠭᠠᠬᠤ ᠪᠠᠷ ᠴᠢᠷᠮᠠᠶᠢᠨ᠎ᠠ᠃ ᠣᠰᠣᠨ ᠲᠣᠳᠣᠷᠭ᠎ᠠ᠂ ᠡᠷᠳᠠᠨᠢ ᠰᠢᠰᠢ ᠶᠢᠨ ᠠᠵᠣ | ᠣᠢᠢᠯᠡᠰ ᠤᠨ ᠲᠠᠯ᠎ᠠ ᠪᠠᠷ᠂ ︽ᠬᠤᠣᠰ ᠵᠠᠭᠤᠨ ᠬᠤᠣᠰ ᠮᠢᠩᠭᠠᠨ︾ ᠤ ᠢᠠᠵᠧᠨᠧᠷᠢᠩ ᠢ ᠡᠬᠢᠯᠠᠨ ᠬᠡᠷᠡᠭᠵᠢᠬᠦᠯᠵᠣ᠂ | ᠪᠣᠬᠢᠷᠳᠣᠯ ᠦᠬᠡᠢ ᠣᠷᠭᠠᠨᠢᠭ ᠣᠰᠣᠨ ᠲᠣᠳᠣᠷᠭ᠎ᠠ ᠶᠢᠨ ᠵᠢᠱᠢᠶ᠎ᠠ ᠦᠵᠡᠬᠦᠯᠬᠦ ᠰᠠᠭᠤᠷᠢᠨ ᠭᠠᠵᠠᠷ ᠤᠨ | ᠪᠠᠶᠢᠭᠤᠯᠤᠯᠳᠡ ᠶᠢ ᠲᠦᠷᠬᠡᠳᠬᠡᠵᠣ᠂ ᠦᠨᠳᠤᠷ ᠪᠠᠷᠢᠮᠵᠢᠶᠠᠳᠤ ᠬᠢᠨᠠᠨ ᠬᠠᠮᠢᠶᠠᠷᠣᠯᠳᠠ ᠪᠠᠨ ᠴᠢᠩᠭᠠᠳᠬᠠᠵᠤ᠂ | ᠲᠣᠷᠰᠢᠯᠳᠠ ᠶᠢᠨ ᠴᠡᠭ ᠢ ᠰᠠᠶᠢᠳᠤᠷ ᠠᠳᠬᠤᠵᠣ᠂ ᠵᠢᠯ ᠲᠠᠷᠠᠭᠠᠯᠠᠨ ᠦᠷᠬᠡᠳᠬᠡᠨ ︽ᠬᠢᠨᠭ᠍ᠭᠠᠨ ᠣᠰᠣᠨ ᠲᠣᠳᠣᠷᠭ᠎ᠠ︾ | ᠶᠢᠨ ᠨᠠᠷᠡᠳᠦ ᠲᠡᠮᠳᠡᠭ ᠢ ᠰᠠᠶᠢᠳᠤᠷ ᠬᠠᠮᠠᠭᠠᠯᠠᠨ᠎ᠠ︔ ᠡᠬᠦᠨ ᠤ ᠬᠠᠮᠳᠣ ᠣᠰᠣᠨ ᠲᠣᠳᠣᠷᠭ᠎ᠠ ᠶᠢ ᠲᠡᠷᠢᠵᠤ | ᠤᠷᠭᠤᠭᠤᠯᠬᠤ᠂ ᠲᠣᠭᠤᠷᠢᠨ ᠦᠵᠡᠬᠦᠯᠬᠦ ᠲᠠᠷᠢᠶᠠᠯᠠᠩ᠂ ᠰᠡᠯᠡᠭᠦᠴᠡᠯ ᠤᠨ ᠲᠠᠷᠢᠶᠠᠯᠠᠩ᠂ ᠲᠡᠵᠢᠬᠡᠨ ᠠᠷᠠᠴᠢᠯᠠᠬᠤ | ᠲᠠᠷᠢᠶᠠᠯᠠᠩ ᠵᠡᠷᠬᠡ ᠰᠢᠨ᠎ᠠ ᠠᠵᠣ ᠣᠢᠢᠯᠡᠰ ᠢ ᠢᠳᠡᠪᠬᠢᠳᠠᠢ ᠬᠦᠭᠵᠢᠬᠦᠯᠵᠣ᠂ ᠠᠷᠭ᠎ᠠ ᠪᠦᠬᠦᠨ ᠢ ᠰᠦᠪᠡᠭᠴᠢᠯᠡᠨ | ᠣᠰᠣᠨ ᠲᠣᠳᠣᠷᠭ᠎ᠠ ᠶᠢᠨ ᠣᠢᠢᠯᠡᠰ ᠤᠨ ᠶᠠᠷᠣᠩᠬᠡᠢ ᠦᠷ᠎ᠡ ᠠᠰᠢᠭ ᠢ ᠲᠡᠬᠡᠭᠰᠢᠯᠡᠬᠦᠯᠣᠨᠠ︔ ᠡᠷᠳᠠᠨᠢ ᠰᠢᠰᠢ ᠶᠢᠨ | ᠣᠢᠢᠯᠡᠰ ᠢ ᠶᠡᠬᠡᠪᠡᠷ ᠬᠢᠵᠦ᠂ ᠰᠢᠠᠵᠢᠯᠡᠬᠦ ᠣᠬᠠᠭᠠᠠᠴᠢ ᠪᠠᠷ ᠪᠠᠶᠢᠷᠢᠯᠠᠭᠤᠯᠤᠨ᠂ ᠪᠦᠳᠣᠴᠨ ᠪᠠᠨ ᠰᠢᠯᠢᠳᠡᠭᠵᠢᠬᠦᠯᠵᠦ᠂ | ᠲᠣᠰ ᠭᠠᠵᠠᠷ ᠲᠤᠨᠢ ᠪᠦᠳᠦᠭᠡᠭᠳᠡᠭᠦᠨ ᠪᠤᠯᠭᠠᠨ ᠬᠤᠪᠢᠷᠠᠭᠤᠯᠵᠤ ᠪᠤᠷᠤᠯᠠᠭᠤᠯᠬᠤ ᠵᠡᠷᠭᠡ ᠬᠡᠯᠬᠢᠶᠡᠵᠢᠯ ᠢ ᠪᠤᠢ ᠪᠤᠯᠭᠠᠨ | ᠮᠠᠨ ᠤ ᠠᠶᠢᠮᠠᠭ ᠢ ᠣᠯᠣᠰ ᠤᠨ ᠲᠡᠰ ᠤᠨ ᠡᠷᠳᠡᠨᠢ ᠰᠢᠰᠢ ᠲᠠᠷᠢᠵᠤ ᠤᠷᠭᠤᠭᠤᠯᠬᠤ᠂ ᠪᠦᠳᠦᠭᠡᠭᠳᠡᠭᠦᠨ ᠪᠤᠯᠭᠠᠨ | ᠪᠤᠯᠪᠠᠰᠤᠷᠠᠭᠤᠯᠬᠤ ᠵᠡᠷᠭᠡ ᠰᠢᠨ᠎ᠠ ᠶᠢ ᠡᠬᠦᠳᠬᠦ ᠠᠵᠣ ᠣᠢᠢᠯᠡᠰ ᠤᠨ ᠰᠠᠭᠤᠷᠢᠨ ᠭᠠᠵᠠᠷ ᠪᠣᠯᠭᠠᠨ ᠪᠠᠶᠢᠭᠤᠯᠣᠨ᠎ᠠ᠃ | ᠠᠯᠠᠰᠢᠨ ᠦᠬᠡᠷ᠂ ᠰᠠᠭᠠᠯᠢ ᠶᠢᠨ ᠦᠨᠢᠶ᠎ᠠ ᠶᠢᠨ ᠠᠵᠣ ᠣᠢᠢᠯᠡᠰ ᠤᠨ ᠲᠠᠯ᠎ᠠ ᠪᠠᠷ᠂ ︽ᠬᠤᠣᠰ ᠵᠠᠭᠤᠨ ᠮᠢᠩᠭᠠᠨ | ᠳ᠋ᠥ᠋ᠩᠰᠢᠭᠤᠷ︾ ᠤᠨ ᠢᠠᠵᠧᠨᠧᠷᠢᠩ ᠢ ᠡᠬᠢᠯᠠᠭᠦᠯᠦᠨ᠂ ᠵᠠᠭᠤᠨ ᠲᠦᠮᠡᠨ ᠰᠢᠯᠢᠳᠡᠭ ᠠᠯᠠᠰᠢᠨ ᠦᠬᠡᠷ ᠤᠨ | ᠬᠡᠪᠴᠢᠶᠠᠵᠢᠯ ᠲᠠᠢ ᠲᠡᠵᠢᠬᠡᠨ ᠦᠷᠡᠵᠢᠬᠦᠯᠬᠦ ᠵᠢᠱᠢᠶᠠᠴᠢ ᠤᠷᠤᠨ ᠪᠦᠰᠨ ᠶᠢ ᠭᠠᠷᠭᠠᠵᠤ᠂ ᠦᠷᠡᠵᠢᠬᠦᠯᠬᠦ᠂ ᠲᠡᠵᠢᠬᠡᠬᠦ᠂ | ᠠᠷᠠᠯᠵᠢᠶᠠᠯᠠᠬᠤ᠂ ᠪᠣᠯᠪᠠᠰᠣᠷᠠᠭᠤᠯᠬᠤ᠂ ᠪᠣᠷᠣᠯᠠᠭᠤᠯᠬᠤ ᠨᠢᠬᠡ ᠴᠣᠭᠴᠨ ᠶᠢᠨ ᠠᠯᠠᠰᠢᠨ ᠦᠬᠡᠷ ᠤᠨ ᠠᠵᠣ | ᠣᠢᠢᠯᠡᠰ ᠤᠨ ᠪᠦᠬᠦ ᠬᠡᠯᠬᠢᠶᠡᠵᠢᠯ ᠢ ᠲᠦᠪᠯᠡᠷᠡᠬᠦᠯᠣᠨ ᠪᠠᠶᠢᠭᠤᠯᠵᠣ᠂ ᠰᠢᠯᠢᠳᠡᠭ ᠠᠯᠠᠰᠢᠨ ᠦᠬᠡᠷ ᠤᠨ ᠠᠵᠣ | ᠣᠢᠢᠯᠡᠰ ᠤᠨ ᠪᠦᠯᠦᠭᠯᠠᠯ ᠢ ᠪᠠᠶᠢᠭᠤᠯᠤᠨ ︽ᠬᠢᠨᠭ᠍ᠭᠠᠨ ᠠᠯᠠᠰᠢᠨ ᠦᠬᠡᠷ︾ ᠤᠨ ᠨᠠᠷᠠᠳᠣ ᠲᠡᠮᠳᠡᠭ ᠤᠨ ᠠᠩᠬᠠᠨ ᠤ | ᠠᠮᠵᠢᠯᠳᠠ ᠶᠢ ᠣᠯᠣᠨ᠎ᠠ︔ ᠣᠯᠣᠰ ᠤᠨ ᠰᠦᠨ ᠤ ᠣᠢᠢᠯᠡᠰ ᠢ ᠬᠦᠭᠵᠢᠬᠦᠯᠬᠦ ᠠᠵᠠ ᠲᠣᠬᠢᠶᠠᠯ ᠢ ᠡᠵᠡᠮᠳᠡᠵᠦ᠂ | ᠰᠢᠯᠢᠳᠡᠭ᠂ ᠦᠠᠳᠣᠷ ᠭᠠᠷᠤᠯᠳᠠ ᠲᠠᠢ᠂ ᠠᠮᠣᠷ ᠲᠦᠪᠰᠢᠨ᠂ ᠪᠣᠬᠢᠷᠳᠣᠯ ᠦᠬᠡᠢ ᠬᠦᠭᠵᠢᠯᠳᠠ ᠪᠠᠷ ᠬᠠᠷᠠᠯᠳᠠ ᠪᠣᠯᠭᠠᠨ | ᠂ ᠰᠠᠶᠢᠨ ᠡᠬᠦᠯᠳᠠᠷ ᠤᠨ ᠦᠷᠡᠵᠢᠬᠦᠯᠣᠨ ᠪᠤᠶᠢᠵᠢᠭᠤᠯᠬᠤ ᠰᠢᠰᠲᠧᠮ ᠢ ᠲᠡᠬᠦᠯᠳᠡᠷᠵᠢᠬᠦᠯᠵᠣ᠂ ᠰᠠᠭᠠᠯᠢ ᠶᠢᠨ | ᠦᠨᠢᠶ᠎ᠠ ᠶᠢᠨ ᠲᠡᠵᠢᠬᠡᠨ ᠦᠷᠡᠵᠢᠬᠦᠯᠬᠦ ᠬᠡᠪᠴᠢᠶ᠎ᠠ ᠶᠢ ᠦᠷᠬᠡᠳᠭᠡᠵᠣ᠂ ᠰᠦᠨ ᠤ ᠲᠠᠭᠠᠭᠤᠯᠣᠭᠴᠢ ᠠᠵᠣ | ᠠᠬᠤᠢᠢᠯᠠᠯ ᠤᠨ ᠣᠢᠢᠯᠡᠳᠣᠯ ᠢ ᠪᠠᠳᠠᠷᠠᠭᠤᠯᠵᠣ᠂ ᠴᠠᠭᠠᠨ ᠢᠳᠡᠬᠡᠨ ᠤ ᠶᠠᠰᠣ ᠴᠢᠨᠠᠷ ᠠᠮᠣᠷ ᠲᠦᠪᠰᠢᠨ ᠢ ᠪᠠᠳᠣᠯᠠᠵᠣ᠂ | ᠮᠠᠨ ᠤ ᠠᠶᠢᠮᠠᠭ ᠢᠶᠠᠨ ᠦᠠᠳᠣᠷ ᠲᠡᠰ ᠤᠨ ᠰᠦᠨ ᠤ ᠣᠢᠢᠯᠡᠰ ᠤᠨ ᠣᠢᠢᠯᠡᠳᠪᠣᠷᠢᠯᠡᠯ ᠤᠨ ᠰᠠᠭᠤᠷᠢ ᠭᠠᠵᠠᠷ ᠪᠣᠯᠭᠠᠨ | ᠪᠠᠶᠢᠭᠤᠯᠣᠨ᠎ᠠ᠃ ᠲᠠᠷᠢᠶᠠᠯᠠᠩ ᠮᠠᠯᠵᠢᠯ ᠤᠨ ᠣᠢᠢᠯᠡᠰ ᠤᠨ ᠣᠢᠢᠯᠡᠳᠪᠣᠷᠢᠯᠡᠯ ᠤᠨ ᠪᠠᠷᠢᠮᠵᠢᠶᠠᠯᠠᠭᠰᠠᠨ ᠲᠦᠯᠣᠪᠯᠡᠭᠡ᠂ | ᠲᠠᠷᠢᠶᠠᠯᠠᠩ ᠮᠠᠯ ᠠᠵᠦ ᠠᠬᠤᠢ ᠶᠢᠨ ᠣᠢᠢᠯᠡᠰ ᠤᠨ ᠨᠠᠷᠠᠳᠣ ᠲᠡᠮᠳᠡᠭ ᠢ ᠲᠡᠬᠡᠭᠰᠢᠯᠡᠬᠦᠯᠬᠦ ᠲᠦᠯᠣᠪᠯᠡᠭᠡ ᠶᠢ | ᠬᠡᠷᠡᠭᠵᠢᠬᠦᠯᠵᠣ᠂ ᠲᠠᠷᠢᠶᠠᠯᠠᠩ ᠮᠠᠯ ᠠᠵᠣ ᠠᠬᠤᠢ ᠶᠢᠨ ᠪᠦᠳᠣᠬᠡᠭᠳᠡᠬᠦᠨ ᠤ ᠶᠠᠰᠣ ᠴᠢᠨᠠᠷ ᠠᠮᠣᠷ ᠲᠦᠪᠰᠢᠨ ᠤ | ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠵᠣ᠂ ᠬᠢᠮᠢ ᠶᠢᠨ ᠪᠣᠷᠳᠣᠭᠤᠷ ᠪᠤᠷᠳᠤᠭ᠎ᠠ ᠶᠢ ᠬᠢᠵᠠᠭᠠᠷᠯᠠᠵᠤ ᠦᠷ᠎ᠠ | ᠠᠰᠢᠭ ᠢ ᠨᠡᠮᠡᠭᠳᠡᠬᠦᠯᠬᠦ᠂ ᠡᠮ ᠢ ᠪᠠᠭᠠᠰᠬᠠᠵᠤ ᠬᠤᠣᠷ ᠬᠦᠨᠣᠬᠡᠯ ᠢ ᠪᠠᠭᠤᠷᠠᠭᠤᠯᠬᠤ᠂ ᠣᠰᠣ ᠠᠷᠪᠢᠯᠠᠵᠤ ᠬᠤᠷᠣᠭᠳᠠᠯ ᠢ | ᠪᠠᠭᠠᠰᠬᠠᠬᠤ᠂ ᠰᠦᠯᠢᠶᠣᠣ ᠪᠦᠷᠬᠦᠪᠴᠢ ᠶᠢ ᠬᠢᠵᠠᠭᠠᠷᠯᠠᠵᠣ ᠦᠷ᠎ᠠ ᠠᠰᠢᠭ ᠢ ᠲᠡᠬᠡᠭᠰᠢᠯᠡᠬᠦᠯᠬᠦ ︽ᠲᠦᠷᠪᠠ ᠶᠢ | ᠬᠢᠵᠠᠭᠠᠷᠯᠠᠬᠤ︾ ᠶᠢ ᠪᠦᠬᠦ ᠲᠠᠯ᠎ᠠ ᠪᠠᠷ ᠦᠷᠨᠢᠬᠦᠯᠵᠣ᠂ ᠬᠢᠮᠢ ᠶᠢᠨ ᠪᠣᠷᠳᠣᠭᠤᠷ ᠪᠠ ᠲᠠᠷᠢᠶᠠᠨ ᠡᠮ ᠢ ᠬᠡᠷᠡᠭᠯᠡᠬᠦ | ᠬᠡᠮᠵᠢᠶ᠎ᠠ ᠶᠢ ᠠᠭᠠᠵᠢᠮ ᠢᠶᠠᠷ ᠪᠠᠭᠠᠰᠬᠠᠵᠤ ᠦᠪᠡᠷᠳᠡᠬᠡᠨ ᠵᠠᠰᠠᠬᠤ ᠣᠷᠣᠨ ᠤ ᠬᠢᠷᠢ ᠲᠦᠪᠰᠢᠨ ᠠᠴᠠ ᠲᠣᠣᠷ᠎ᠠ | ᠪᠠᠶᠢᠯᠭᠠᠨ᠂ ᠨᠠᠷᠠ ᠨᠢᠳᠡᠷ ᠲᠡᠭᠡᠨ ᠨᠠᠶᠢᠴᠡᠭᠰᠠᠨ ᠪᠣᠬᠢᠷᠳᠣᠯ ᠦᠬᠡᠢ ᠬᠢᠨᠭ᠍ᠭᠠᠨ ᠤ ᠨᠠᠷᠡᠳᠣ ᠲᠡᠮᠳᠡᠭ ᠢ ᠪᠤᠢ ᠪᠤᠯᠭᠠᠨ᠎ᠠ᠃ | ᠣᠷᠣᠨ ᠪᠦᠰᠨ ᠶᠢᠨ ᠵᠣᠭᠠᠴᠠᠯ ᠤᠨ ᠲᠠᠯ᠎ᠠ ᠪᠠᠷ᠂ ᠣᠢ ᠰᠢᠭᠤᠢ ᠨᠤᠳᠤᠭ ᠪᠠᠯᠴᠢᠬᠡᠷ ᠤᠨ ᠡᠬᠢ ᠪᠠᠶᠠᠯᠢᠭ ᠢ ᠰᠠᠶᠢᠳᠣᠷ | ᠠᠰᠢᠬᠯᠠᠵᠤ᠂ ᠠᠭᠤᠯᠨ ᠣᠰᠣ ᠶᠢ ᠬᠠᠮᠠᠭᠠᠯᠠᠬᠤ ᠠᠵᠢᠯ ᠢ ᠰᠠᠶᠢᠳᠤᠷ ᠬᠢᠵᠣ᠂ ᠮᠦᠰᠣ ᠴᠠᠰᠣᠨ ᠤ ᠡᠬᠢ ᠪᠠᠶᠠᠯᠢᠭ ᠢ | ᠰᠠᠶᠢᠳᠤᠷ ᠨᠡᠭᠡᠭᠡᠨ ᠠᠰᠢᠬᠯᠠᠵᠤ᠂ ᠣᠠᠴᠠᠯᠢᠬᠳᠤ ᠰᠣᠶᠣᠯ ᠢᠶᠠᠨ ᠠᠮᠢᠳᠣᠯᠢᠬ ᠪᠤᠯᠭᠠᠵᠤ᠂ ᠪᠣᠬᠢᠷᠳᠣᠯ ᠦᠬᠡᠢ ᠠᠵᠣ | ᠣᠢᠢᠯᠡᠰ ᠢ ᠶᠡᠭᠡᠪᠡᠷ ᠭᠥᠭᠵᠢᠭᠦᠯᠵᠤ᠂ ᠦᠵᠡᠰᠭᠦᠯᠡᠩᠳᠦ ᠰᠠᠶᠢᠬᠠᠨ ᠬᠦᠳᠡᠭᠡ ᠲᠣᠰᠬᠤᠨ ᠂ ᠣᠷᠣᠨ ᠪᠦᠰᠡ ᠶᠢᠨ | ᠵᠣᠭᠠᠴᠠᠯ ᠤᠨ ᠡᠬᠢ ᠪᠠᠶᠠᠯᠢᠭ ᠢ ᠨᠢᠬᠡᠳᠬᠡᠵᠣ᠂ ᠷᠠᠰᠢᠶᠠᠨ ᠤ ᠵᠣᠭᠠᠴᠠᠯ ᠤᠨ ᠲᠠᠭᠠᠭᠤᠯᠣᠭᠴᠢ ᠪᠠᠶᠢᠷᠢ ᠰᠠᠭᠤᠷᠢ ᠶᠢ | ᠪᠠᠳᠣᠳᠬᠠᠨ ᠲᠡᠬᠡᠭᠰᠢᠯᠡᠬᠦᠯᠵᠣ᠂ ᠣᠯᠠᠭᠠᠠᠬᠤᠳᠠ ᠶᠢᠨ ᠵᠣᠭᠠᠴᠠᠯ ᠤᠨ ᠦᠢᠯᠡᠰ ᠤᠨ ᠪᠠᠶᠢᠭᠤᠯᠣᠯᠳᠠ ᠶᠢ ᠲᠦᠷᠬᠡᠳᠬᠡᠨ᠂ | ᠣᠠᠴᠠᠯᠢᠬᠳᠤ ᠵᠤᠭᠠᠴᠠᠯ ᠤᠨ ᠦᠢᠯᠡᠰ ᠢ ᠶᠡᠬᠡᠪᠡᠷ ᠬᠦᠭᠵᠢᠭᠦᠯᠦᠨ᠂ ᠬᠢᠨᠭ᠍ᠭᠠᠨ ᠤ ᠬᠤᠪᠢᠰᠬᠠᠯᠳᠤ ᠰᠣᠶᠣᠯ ᠤᠨ | ᠵᠣᠭᠠᠴᠠᠯ ᠤᠨ ᠡᠨᠡᠬᠦ ᠨᠠᠷᠠᠳᠣ ᠲᠡᠮᠳᠡᠭ ᠢ ᠰᠠᠶᠢᠳᠤᠷ ᠠᠳᠬᠤᠵᠤ᠂ ᠪᠤᠰᠤᠳ ᠲᠤ ᠤᠬᠠᠭᠤᠯᠤᠨ ᠲᠠᠨᠢᠭᠤᠯᠬᠤ᠂ | ᠴᠡᠭ ᠢᠶᠠᠷ ᠨᠠᠶᠢᠳᠠᠮ ᠢ ᠲᠠᠶᠢᠴᠢᠯᠠᠵᠣ᠂ ᠣᠠᠴᠠᠯᠢᠭ ᠲᠠᠢ᠂ ᠲᠠᠪᠠᠭᠤᠯᠢᠭ ᠲᠠᠯ᠎ᠠ ᠲᠠᠢ᠂ ᠲᠠᠳᠠᠬᠤ ᠬᠦᠴᠣᠨ ᠲᠠᠢ ᠪᠦᠬᠦ | ᠣᠷᠣᠨ ᠪᠦᠰᠨ ᠶᠢᠨ ᠵᠣᠭᠠᠴᠠᠯ ᠢ ᠬᠦᠭᠵᠢᠬᠦᠯᠬᠦ ᠰᠢᠨ᠎ᠠ ᠪᠠᠶᠢᠳᠠᠯ ᠢ ᠪᠣᠢ ᠪᠣᠯᠭᠠᠨ᠎ᠠ᠃ 5 ᠵᠢᠯ ᠤᠨ ᠲᠤᠳᠤᠷ᠎ᠠ ︽ | ᠬᠤᠣᠰ ᠵᠠᠭᠤᠨ ᠬᠤᠣᠰ ᠮᠢᠩᠭᠠᠨ︾ ᠤ ᠬᠠᠷᠠᠯᠳᠠ ᠶᠢ ᠴᠢᠷᠮᠠᠶᠢᠨ ᠪᠠᠶᠠᠯᠡᠬᠦᠯᠵᠣ᠂ ᠵᠣᠭᠠᠴᠠᠯ ᠤᠨ ᠣᠢᠢᠯᠡᠰ ᠢ ᠪᠦᠬᠦ | ᠠᠶᠢᠮᠠᠭ ᠤᠨ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠲᠣᠯᠭᠠᠭᠤᠷᠢ ᠠᠵᠣ ᠣᠢᠢᠯᠡᠰ ᠪᠣᠯᠭᠠᠨ ᠪᠠᠶᠢᠭᠤᠯᠣᠨ᠎ᠠ᠃ | ᠣᠯᠠᠮᠵᠢᠯᠠᠯᠳᠤ ᠠᠵᠣ ᠣᠢᠢᠯᠡᠰ ᠢ ᠪᠦᠬᠦ ᠬᠦᠴᠣᠨ ᠢᠶᠠᠷ ᠦᠬᠡᠷᠡᠴᠢᠯᠠᠨ ᠲᠡᠬᠡᠭᠰᠢᠯᠡᠬᠦᠯᠣᠨᠠ᠃ ᠲᠡᠬᠡᠳᠣ ᠰᠢᠨ᠎ᠠ | ᠮᠡᠷᠬᠡᠵᠢᠯ ᠪᠠ ᠲᠡᠷᠢᠬᠦᠨ ᠤ ᠮᠡᠷᠬᠡᠵᠢᠯ ᠢᠶᠠᠷ ᠨᠠᠪᠴᠢᠨ ᠲᠠᠮᠠᠬᠢ᠂ ᠲᠡᠮᠦᠷᠯᠢᠭ ᠪᠣᠯᠪᠠᠰᠣᠷᠠᠭᠤᠯᠬᠤ᠂ ᠱᠦᠢᠨᠢ᠂ | ᠪᠠᠷᠢᠯᠭ᠎ᠠ ᠶᠢᠨ ᠮᠠᠲᠧᠷᠢᠶᠠᠯ᠂ ᠡᠨᠧᠷᠬᠢ᠂ ᠮᠣᠩᠭᠤᠯ ᠬᠢᠳᠠᠳ ᠡᠮ ᠡᠮᠨᠡᠯᠬᠡ ᠵᠡᠷᠬᠡ ᠣᠯᠠᠮᠵᠢᠯᠠᠯᠳᠤ ᠠᠵᠣ ᠣᠢᠢᠯᠡᠰ ᠢ | ᠦᠬᠡᠷᠡᠴᠢᠯᠡᠨ ᠰᠢᠨᠡᠳᠬᠡᠵᠣ᠂ ᠪᠦᠳᠣᠬᠡᠭᠳᠡᠬᠦᠨ ᠤ ᠮᠡᠷᠬᠡᠵᠢᠯ᠂ ᠭᠠᠷ ᠣᠷᠠᠯᠠᠯ ᠤᠨ ᠲᠣᠨᠣᠭᠯᠠᠯ᠂ ᠴᠢᠳᠠᠮᠵᠢ ᠦᠷ᠎ᠠ | ᠠᠰᠢᠭ ᠣᠷᠴᠢᠨ ᠲᠣᠭᠤᠷᠢᠨ ᠤ ᠬᠠᠮᠠᠭᠠᠯᠠᠯᠳᠠ ᠵᠡᠷᠬᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠬᠡᠭᠰᠢᠯᠡᠬᠦᠯᠵᠣ᠂ | ᠴᠢᠭᠯᠡᠯᠳᠣ ᠴᠢᠨᠠᠷ ᠲᠠᠢ ᠬᠡᠯᠬᠢᠶᠡᠵᠢᠯ ᠢ ᠪᠠᠶᠢᠭᠤᠯᠬᠤ᠂ ᠬᠡᠯᠬᠢᠶᠡᠵᠢᠯ ᠢ ᠣᠷᠳᠣᠳᠬᠠᠬᠤ᠂ ᠬᠡᠯᠬᠢᠶᠡᠵᠢᠯ ᠢ ᠨᠦᠬᠦᠪᠣᠷᠢᠯᠡᠬᠦ᠂ | ᠬᠡᠯᠬᠢᠶᠡᠵᠢᠯ ᠢ ᠴᠢᠩᠭᠠᠳᠬᠠᠬᠤ ᠵᠡᠷᠭᠡ ᠪᠠᠷ ᠠᠵᠣ ᠣᠢᠢᠯᠡᠰ ᠤᠨ ᠪᠦᠳᠣᠬᠡᠭᠳᠡᠬᠦᠨ ᠤ ᠦᠠᠳᠣᠷ ᠲᠡᠰ ᠤᠨ᠂ ᠣᠶᠣᠨ | ᠴᠢᠳᠠᠪᠬᠢᠳᠣ᠂ ᠪᠣᠬᠢᠷᠳᠣᠯ ᠦᠬᠡᠢ ᠬᠦᠭᠵᠢᠯᠳᠡ ᠶᠢ ᠠᠬᠢᠭᠤᠯᠣᠨ᠎ᠠ᠃ ᠨᠠᠪᠴᠢᠨ ᠲᠠᠮᠡᠬᠢᠨ ᠤ ᠣᠢᠢᠯᠡᠳᠪᠣᠷᠢ ᠪᠣᠯ | ᠮᠠᠨ ᠤ ᠠᠶᠢᠮᠠᠭ ᠤᠨ ᠲᠣᠯᠭᠠᠭᠤᠷᠢ ᠠᠵᠣ ᠠᠬᠤᠢᠢᠯᠠᠯ᠂ ᠪᠦᠳᠣᠬᠡᠭᠳᠡᠬᠦᠨ ᠤ ᠪᠦᠳᠣᠴᠨ ᠶᠢ ᠲᠣᠬᠢᠷᠠᠭᠤᠯᠬᠤ | ᠬᠦᠴᠣᠯᠠᠴᠨ ᠪᠠᠨ ᠴᠢᠩᠭᠠᠷᠠᠭᠤᠯᠵᠤ᠂ 5 ᠵᠢᠯ ᠤᠨ ᠬᠤᠭᠤᠴᠠᠭ᠎ᠠ ᠳᠤ ᠠᠰᠢᠭ ᠭᠠᠶᠢᠯᠢ ᠶᠢ ᠲᠠᠬᠢᠨ ᠪᠠᠷ | ᠨᠡᠮᠡᠭᠳᠡᠬᠦᠯᠬᠦ ᠶᠢ ᠴᠢᠷᠮᠠᠶᠢᠨ ᠪᠠᠶᠠᠯᠡᠬᠦᠯᠵᠣ᠂ ᠪᠦᠬᠦ ᠠᠶᠢᠮᠠᠭ ᠤᠨ ᠠᠵᠣ ᠠᠬᠤᠢ ᠶᠢᠨ ᠴᠢᠨᠠᠷ ᠰᠠᠶᠢᠳᠠᠢ | ᠬᠦᠭᠵᠢᠯᠳᠡ ᠶᠢᠨ ᠵᠢᠱᠢᠶᠡᠴᠢ᠂ ᠪᠦᠬᠦ ᠣᠯᠣᠰ ᠤᠨ ᠨᠠᠪᠴᠢᠨ ᠲᠠᠮᠡᠬᠢ ᠶᠢᠨ ᠠᠵᠣ ᠣᠢᠢᠯᠡᠳᠪᠣᠷᠢ ᠶᠢᠨ ᠲᠠᠭᠤᠷᠢᠶᠠᠯ | ᠪᠤᠯᠭᠠᠨ᠎ᠠ᠃ ᠰᠢᠨ᠎ᠠ ᠪᠠᠷ ᠬᠦᠭᠵᠢᠭᠰᠡᠨ ᠠᠵᠣ ᠣᠢᠢᠯᠡᠰ ᠢ ᠶᠡᠭᠡ ᠬᠦᠴᠣᠨ ᠢᠶᠠᠷ ᠬᠦᠭᠵᠢᠬᠦᠯᠣᠨ᠎ᠠ᠃ ᠰᠢᠨ᠎ᠠ ᠡᠨᠧᠷᠬᠢ᠂ | ᠰᠢᠨ᠎ᠠ ᠮᠠᠲᠧᠷᠢᠶᠠᠯ᠂ ᠡᠨᠧᠷᠬᠢ ᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ᠂ ᠦᠠᠳᠣᠷ ᠲᠡᠰ ᠤᠨ ᠲᠣᠨᠤᠭ | ᠲᠦᠭᠦᠭᠡᠷᠦᠮᠵᠢ᠂ ᠲᠣᠮᠣ ᠳ᠋ᠠᠶᠢᠳ᠋ᠨ ᠡᠬᠦᠯᠠᠨ ᠪᠣᠳᠣᠯᠳᠠ᠂ ᠠᠮᠢᠳᠣ ᠪᠣᠳᠠᠰ ᠰᠢᠠᠵᠢᠯᠡᠭᠡ ᠮᠡᠷᠬᠡᠵᠢᠯ᠂ ᠤᠶᠤᠨ | ᠴᠢᠳᠡᠪᠬᠢᠳᠦ ᠵᠡᠷᠬᠡ ᠰᠢᠨ᠎ᠠ ᠠᠵᠣ ᠣᠢᠢᠯᠡᠰ ᠢ ᠶᠡᠭᠡ ᠬᠦᠴᠣᠨ ᠢᠶᠠᠷ ᠬᠦᠭᠵᠢᠬᠦᠯᠵᠣ᠂ ᠮᠦᠡᠭᠬᠦᠨ ᠬᠦᠢᠯᠬᠡᠬᠡᠨ᠂ | ᠪᠣᠳᠠᠰ ᠤᠨ ᠬᠦᠢᠯᠬᠡᠬᠡᠨ᠂ ᠡᠯᠧᠺᠲᠷᠤᠨ ᠬᠤᠳᠠᠯᠳᠤᠭ᠎ᠠ ᠵᠡᠷᠬᠡ ᠣᠳᠣᠬᠢᠴᠢᠯᠠᠭᠰᠠᠨ ᠣᠢᠢᠯᠡᠴᠢᠯᠡᠬᠡᠨ ᠤ ᠣᠢᠢᠯᠡᠰ ᠢ | ᠶᠡᠭᠡ ᠬᠦᠴᠣᠨ ᠢᠶᠠᠷ ᠬᠦᠭᠵᠢᠬᠦᠯᠵᠣ᠂ ᠴᠡᠷᠢᠭ ᠠᠷᠠᠳ ᠤᠨ ᠠᠭᠤᠰᠣᠯᠴᠠᠯ ᠲᠠᠢ ᠠᠵᠣ ᠣᠢᠢᠯᠡᠰ ᠢ ᠬᠦᠭᠵᠢᠬᠦᠯᠬᠦ ᠶᠢ | ᠰᠦᠪᠡᠭᠴᠢᠯᠡᠵᠣ᠂ ᠨᠢᠬᠡ ᠪᠦᠯᠦᠭ ᠠᠮᠢᠵᠢᠷᠠᠯ ᠤᠨ ᠬᠦᠴᠣᠨ ᠲᠠᠢ ᠪᠦᠭᠡᠳ ᠦᠷᠢᠰᠣᠯᠳᠣᠬᠦ ᠬᠦᠴᠣᠨ ᠲᠠᠢ ᠰᠢᠨ᠎ᠠ | ᠠᠵᠣ ᠠᠬᠤᠢ ᠶᠢᠨ ᠨᠡᠮᠡᠭᠳᠡᠯ ᠴᠡᠭ ᠢ ᠪᠣᠢ ᠪᠣᠯᠭᠠᠵᠣ᠂ ᠣᠯᠠᠨ ᠡᠰᠢᠳᠣ ᠬᠦᠭᠵᠢᠯᠳᠠ᠂ ᠣᠯᠠᠨ ᠲᠡᠰ ᠤᠨ | ᠳᠠᠭᠠᠭᠤᠯᠤᠬᠴᠢ ᠴᠢᠨᠡᠷᠳᠡᠢ ᠣᠳᠣᠬᠢᠴᠢᠯᠠᠯᠳᠠ ᠶᠢᠨ ᠠᠵᠣ ᠣᠢᠢᠯᠡᠰ ᠤᠨ ᠰᠢᠨ᠎ᠠ ᠰᠢᠰᠲᠧᠮ ᠢ ᠲᠦᠷᠬᠡᠳᠬᠡᠨ ᠪᠣᠢ | ᠪᠣᠯᠭᠠᠨ᠎ᠠ᠃ ᠲᠣᠮᠳᠠᠳᠣ ᠣᠯᠣᠰ ᠤᠨ ᠠᠮᠣ ᠪᠣᠳᠠᠭ᠎ᠠ ᠶᠢᠨ ᠪᠦᠯᠦᠭᠯᠡᠯ᠂ ᠲᠣᠮᠳᠠᠳᠣ ᠣᠯᠣᠰ ᠤᠨ ᠭᠤᠸᠠᠩ ᠡᠾᠧ | ᠪᠦᠯᠦᠭᠯᠡᠯ᠂ ᠬᠠᠨ ᠸᠠ ᠣᠯᠠᠨ ᠣᠯᠣᠰ ᠤᠨ ᠪᠦᠯᠦᠭᠯᠡᠯ᠂ ᠰᠠᠨ ᠵᠢᠣᠢ ᠣᠷᠴᠢᠨ ᠲᠣᠭᠤᠷᠢᠨ ᠤ ᠬᠠᠮᠠᠭᠠᠯᠠᠯᠳᠠ ᠵᠡᠷᠬᠡ | ᠭᠤᠣᠯᠳᠠᠯᠭ᠎ᠠ ᠲᠠᠢ ᠲᠦᠷᠣᠯ ᠵᠦᠢᠯ ᠤᠨ ᠪᠠᠶᠢᠭᠤᠯᠤᠯᠳᠠ ᠶᠢ ᠴᠢᠩᠭᠠᠳᠬᠠᠨ ᠪᠠᠷᠢᠯᠭ᠎ᠠ ᠶᠢ ᠡᠷᠳᠠ ᠡᠬᠢᠯᠡᠭᠦᠯᠦᠨ᠂ | ᠡᠷᠳᠠ ᠪᠠᠶᠢᠭᠤᠯᠬᠤ᠂ ᠡᠷᠳᠠ ᠬᠡᠷᠡᠭᠯᠡᠯᠳᠡ ᠳᠤ ᠤᠷᠤᠭᠤᠯᠬᠤ᠂ ᠡᠷᠳᠠ ᠦᠷ᠎ᠠ ᠠᠰᠢᠭ ᠤᠯᠬᠤ ᠶᠢ ᠪᠠᠳᠤᠯᠠᠵᠤ᠂ 5 | ᠵᠢᠯ ᠤᠨ ᠬᠤᠭᠤᠴᠠᠭᠠᠨ ᠳᠤ ᠪᠦᠬᠦ ᠠᠶᠢᠮᠠᠭ ᠤᠨ ᠠᠵᠣ ᠣᠢᠢᠯᠡᠳᠪᠣᠷᠢ ᠶᠢᠨ ᠶᠠᠷᠦᠩᠬᠡᠢ ᠦᠷᠳᠡᠭ ᠢ ᠲᠠᠬᠢᠨ ᠢᠶᠠᠷ | ᠨᠡᠮᠡᠭᠳᠡᠬᠦᠯᠵᠣ᠂ ᠠᠵᠣ ᠣᠢᠢᠯᠡᠳᠪᠣᠷᠢ ᠪᠠᠷ ᠬᠢᠨᠭ᠍ᠭᠠᠨ ᠢᠶᠠᠨ ᠮᠠᠨᠳᠤᠭᠤᠯᠬᠤ ᠬᠠᠷᠠᠯᠳᠠ ᠶᠢ ᠪᠠᠶᠠᠯᠡᠬᠦᠯᠭᠦ ᠭᠡᠷᠡᠭᠳᠡᠢ᠃ | ᠬᠤᠶᠠᠷ᠂ ᠪᠡᠯᠡ ᠤᠷᠤᠭᠤᠯᠤᠯᠳᠠ ᠶᠢᠨ ᠲᠦᠷᠤᠯ ᠵᠦᠢᠯ ᠢ ᠰᠢᠨᠳᠠᠷᠠᠰᠢ ᠦᠭᠡᠢ ᠠᠳᠬᠤᠬᠤ ᠶᠢ ᠪᠠᠷᠢᠮᠳᠠᠯᠠᠨ᠎ᠠ᠃ | ᠬᠢᠩᠭᠠᠨ ᠠᠶᠢᠮᠠᠭ ᠰᠢᠨ᠎ᠡ ᠨᠢᠭᠡᠨ ᠢᠯᠠᠯᠳᠠ ᠶᠢ ᠤᠯᠵᠤ᠂ ᠴᠢᠨᠠᠷ ᠰᠠᠶᠢᠳᠠᠢ ᠳᠠᠪᠠᠯᠳᠠᠳᠤ ᠬᠦᠭᠵᠢᠯᠳᠠ ᠶᠢ | ᠪᠡᠶᠡᠯᠡᠬᠦᠯᠬᠦ ᠳᠤ᠂ ᠪᠡᠯᠡ ᠤᠷᠤᠭᠤᠯᠤᠯᠳᠠ ᠶᠢᠨ ᠲᠦᠷᠤᠯ ᠵᠦᠢᠯ ᠢ ᠵᠠᠪᠠᠯ ᠭᠤᠥᠯᠳᠠᠯᠭ᠎ᠠ ᠪᠤᠯᠭᠠᠨ ᠠᠳᠬᠤᠵᠤ᠂ | ᠴᠦᠬᠦᠷᠠᠯ ᠦᠭᠡᠢ᠂ ᠦᠷᠬᠦᠯᠵᠢᠯᠠᠨ ᠴᠢᠩᠭ᠎ᠠ ᠠᠳᠬᠤᠬᠤ ᠬᠡᠷᠡᠭᠳᠡᠢ᠃ ᠤᠯᠤᠰ ᠤᠨ ᠢᠳᠡᠪᠬᠢᠳᠠᠢ ᠡᠳ᠋ ᠤᠨ | ᠵᠠᠰᠠᠭ ᠤᠨ ᠲᠦᠷᠤ ᠶᠢᠨ ᠪᠤᠳᠤᠯᠭ᠎ᠠ ᠳᠤ ᠲᠦᠰᠢᠭᠯᠡᠨ᠂ ᠤᠷᠤᠨ ᠨᠤᠳᠤᠬ ᠤᠨ ᠵᠠᠰᠠᠭ ᠤᠨ ᠤᠷᠳᠤᠨ ᠤ ᠲᠤᠰᠬᠠᠢ | ᠲᠦᠷᠤᠯ ᠤᠨ ᠠᠯᠪᠠᠨ ᠵᠢᠭᠡᠯᠡᠯᠭᠡ ᠶᠢᠨ ᠲᠡᠮᠳᠡᠭ ᠢ ᠨᠡᠮᠡᠭᠳᠡᠬᠦᠯᠤᠨ᠂ ᠤᠯᠤᠰ ᠤᠨ ᠲᠤᠳᠤᠭᠠᠳᠤ ᠶᠢᠨ ᠵᠠᠬ᠎ᠠ ᠲᠡᠯᠭᠡᠬᠦᠷ ᠢ | ᠬᠦᠴᠦᠷᠭᠡᠭᠵᠢᠬᠦᠯᠬᠦ ᠠᠵᠠ ᠲᠤᠬᠢᠶᠠᠯ ᠲᠠᠢ ᠪᠠᠶᠢᠯᠭᠠᠬᠤ ᠶᠢ ᠠᠬᠢᠭᠤᠯᠵᠤ᠂ ᠪᠡᠯᠡ ᠤᠷᠤᠭᠤᠯᠬᠤ ᠲᠦᠷᠢᠮ ᠤᠨ | ᠦᠭᠡᠷᠡᠴᠢᠯᠡᠯᠳᠠ ᠶᠢ ᠬᠦᠨᠵᠭᠡᠶᠢᠷᠡᠬᠦᠯᠤᠨ᠂ ᠵᠠᠰᠠᠭ ᠤᠨ ᠤᠷᠳᠤᠨ ᠤ ᠪᠡᠯᠡ ᠤᠷᠤᠭᠤᠯᠬᠤ ᠬᠦᠰᠢᠬᠦᠷᠭᠡ ᠶᠢᠨ | ᠦᠢᠯᠡᠳᠤᠯ ᠢ ᠰᠠᠶᠢᠳᠤᠷ ᠪᠠᠳᠠᠷᠠᠭᠤᠯᠵᠤ᠂ ᠵᠦᠢ ᠵᠤᠬᠢᠰᠳᠠᠢ ᠪᠦᠳᠤᠮᠵᠢᠳᠠᠢ ᠪᠡᠯᠡ ᠤᠷᠤᠭᠤᠯᠤᠯᠳᠠ ᠶᠢ | ᠢᠳᠡᠪᠬᠢᠳᠠᠢ ᠪᠠᠷ ᠦᠷᠭᠡᠳᠭᠡᠨ᠂ ᠰᠠᠭᠤᠷᠢ ᠲᠦᠬᠦᠭᠡᠷᠤᠮᠵᠢ ᠶᠢᠨ ᠲᠤᠳᠠᠭᠤᠳᠠᠯ᠂ ᠠᠵᠤ ᠦᠢᠯᠡᠰ ᠤᠨ | ᠬᠦᠭᠵᠢᠯᠳᠠ ᠶᠢᠨ ᠲᠤᠳᠠᠭᠤᠳᠠᠯ᠂ ᠲᠧᠭᠨᠢᠭ ᠮᠡᠷᠭᠡᠵᠢᠯ ᠤᠨ ᠰᠢᠨ᠎ᠠ ᠶᠢ ᠡᠬᠦᠳᠬᠦ ᠲᠠᠯ᠎ᠠ ᠪᠠᠷ ᠬᠢ ᠲᠤᠳᠠᠭᠤᠳᠠᠯ᠂ | ᠨᠡᠶᠢᠳᠠ ᠶᠢᠨ ᠦᠢᠯᠡᠴᠢᠯᠡᠭᠡ ᠶᠢᠨ ᠲᠤᠳᠠᠭᠤᠳᠠᠯ ᠢᠶᠠᠨ ᠬᠦᠴᠤᠯᠠᠨ ᠨᠦᠬᠦᠪᠤᠷᠢᠯᠡᠨ᠎ᠠ᠃ ᠠᠷᠠᠯᠵᠢᠶᠠᠴᠢᠨ ᠤᠷᠢᠵᠤ ᠪᠡᠯᠡ | ᠤᠷᠤᠭᠤᠯᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠲᠤᠰᠬᠠᠢᠢᠵᠢᠭᠰᠠᠨ ᠠᠷᠠᠯᠵᠢᠶᠠᠴᠢᠨ ᠤᠷᠢᠬᠤ | ᠪᠦᠯᠬᠦᠮ ᠢ ᠵᠤᠬᠢᠶᠠᠨ ᠪᠠᠶᠢᠭᠤᠯᠵᠤ᠂ ᠠᠷᠠᠯᠵᠢᠶᠠᠴᠢᠨ ᠤᠷᠢᠵᠤ ᠰᠢᠯᠭᠠᠨ ᠬᠢᠨᠠᠬᠤ ᠲᠤᠭᠳᠠᠴᠠ ᠶᠢ ᠪᠠᠶᠢᠭᠤᠯᠤᠨ᠂ | ᠲᠦᠪ ᠤᠨ ᠪᠠ ᠤᠯᠤᠰ ᠤᠨ ᠶᠠᠮᠤᠨ ᠵᠦᠪᠯᠡᠯ ᠵᠢᠴᠢ ᠦᠪᠠᠷᠳᠡᠭᠡᠨ ᠵᠠᠰᠠᠬᠤ ᠤᠷᠤᠨ ᠤ ᠲᠢᠩᠬᠢᠮ ᠲᠤᠪᠴᠢᠶ᠎ᠠ ᠶᠢᠨ | ᠬᠠᠪᠰᠤᠷᠤᠨ ᠲᠡᠳᠬᠦᠬᠦ ᠪᠤᠯᠤᠨ ᠪᠡᠭᠡᠵᠢᠩ ᠠᠴᠠ ᠦᠪᠤᠷ ᠮᠤᠩᠭᠤᠯ ᠢ ᠠᠵᠢᠯ ᠲᠦᠷᠤᠯ ᠢᠶᠠᠷ ᠬᠠᠮᠵᠢᠬᠤ ᠵᠡᠷᠭᠡ | ᠬᠠᠪᠰᠤᠷᠤᠨ ᠲᠡᠳᠬᠦᠬᠦ ᠬᠦᠴᠤᠨ ᠢ ᠰᠠᠶᠢᠳᠤᠷ ᠠᠰᠢᠬᠯᠠᠨ᠂ ᠤᠨᠢᠨ ᠲᠡᠭᠡᠷ᠎ᠠ ᠨᠢ ᠠᠷᠠᠯᠵᠢᠶᠠᠴᠢᠨ ᠤᠷᠢᠬᠤ᠂ | ᠬᠠᠨᠳᠤᠯᠭᠠᠳᠤ ᠴᠢᠨᠠᠷᠳᠡᠢ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ | ᠦᠢᠯᠡᠳᠪᠤᠷᠢ ᠶᠢᠨ ᠬᠡᠯᠬᠢᠶ᠎ᠠ ᠶᠢᠨ ᠠᠷᠠᠯᠵᠢᠶᠡᠴᠢᠨ ᠤᠷᠢᠬᠤ ᠶᠢ ᠦᠷᠨᠢᠬᠦᠯᠵᠤ᠂ ᠨᠢᠭᠡ ᠪᠦᠯᠥᠭ ᠬᠡᠯᠬᠢᠶᠡᠰᠤ | ᠪᠠᠶᠢᠭᠤᠯᠤᠨ ᠬᠡᠯᠬᠢᠶᠡᠰᠤ ᠶᠢ ᠨᠦᠬᠦᠪᠤᠷᠢᠯᠡᠬᠦ᠂ ᠬᠡᠯᠬᠢᠶᠡᠰᠤ ᠶᠢ ᠴᠢᠩᠭᠠᠳᠬᠠᠨ ᠬᠡᠯᠬᠢᠶᠡᠰᠤ ᠶᠢ ᠦᠷᠭᠡᠳᠭᠡᠬᠦ | ᠲᠠᠭᠠᠭᠤᠯᠤᠭᠴᠢ ᠬᠡᠯᠪᠡᠷᠢ᠂ ᠢᠵᠢ ᠪᠦᠷᠢᠳᠤᠬᠦᠯᠬᠦ ᠬᠡᠯᠪᠡᠷᠢ᠂ ᠴᠢᠨᠠᠷ ᠰᠠᠶᠢᠳᠠᠢ ᠳᠠᠪᠠᠯᠳᠠᠳᠤ ᠬᠦᠭᠵᠢᠯᠳᠠ ᠶᠢᠨ | ᠬᠡᠯᠪᠡᠷᠢ ᠲᠠᠢ ᠲᠦᠷᠤᠯ ᠵᠦᠢᠯ ᠢ ᠬᠦᠴᠤᠯᠡᠨ ᠲᠠᠳᠠᠨ ᠤᠷᠤᠭᠤᠯᠵᠤ᠂ ᠪᠦᠬᠦ ᠠᠶᠢᠮᠠᠭ ᠤᠨ ᠠᠵᠤ ᠠᠬᠤᠢ ᠶᠢᠨ ᠴᠢᠨᠠᠷ | ᠰᠠᠶᠢᠳᠠᠢ ᠳᠠᠪᠠᠯᠳᠠᠳᠤ ᠬᠦᠭᠵᠢᠯᠳᠠ ᠳᠤ ᠰᠠᠭᠤᠷᠢ ᠲᠠᠯᠪᠢᠨ ᠬᠦᠴᠤᠨ ᠨᠡᠮᠡᠷᠢᠯᠡᠨ᠎ᠠ᠃ ᠡᠯ᠎ᠠ ᠬᠤᠰᠢᠭᠤ ᠰᠢᠶᠠᠨ ᠤ | ᠭᠤᠥᠯ ᠬᠠᠷᠢᠭᠤᠴᠠᠯᠭᠠᠳᠠᠨ ᠪᠤᠯ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠪᠠ ᠲᠦᠷᠤᠯ ᠵᠦᠢᠯ ᠤᠨ ᠪᠡᠯᠡ | ᠤᠷᠤᠭᠤᠯᠬᠤ ᠪᠦᠳᠤᠭᠡᠨ ᠪᠠᠶᠢᠭᠤᠯᠤᠯᠳᠠ ᠶᠢᠨ ᠨᠢᠭᠡᠳᠤᠭᠡᠷ ᠬᠠᠷᠢᠭᠤᠴᠠᠯᠭᠠᠳᠠᠨ ᠪᠤᠯᠤᠨ᠎ᠠ᠂ ᠡᠷᠭᠡᠪᠰᠢ ᠴᠢᠩᠭ᠎ᠠ | ᠤᠨᠢᠯᠠᠵᠤ᠂ ᠪᠡᠶ᠎ᠠ ᠪᠠᠷ ᠢᠶᠠᠨ ᠴᠢᠩᠭ᠎ᠠ ᠠᠳᠬᠤᠨ᠂ ᠰᠠᠨᠠᠭᠠᠴᠢᠯᠠᠭ᠎ᠠ ᠠᠴᠠ ᠪᠠᠨ ᠬᠦᠨᠵᠡᠭᠡᠶᠢᠷᠡᠨ᠂ ᠭᠠᠳᠠᠭᠰᠢ | ᠭᠠᠷᠬᠤ ᠶᠢ ᠲᠠᠶᠢᠴᠢᠯᠡᠵᠤ᠂ ᠲᠦᠯᠤᠪᠵᠢᠬᠦᠯᠭᠡ ᠶᠢᠨ ᠲᠦᠷᠤᠯ ᠵᠦᠢᠯ ᠤᠨ ᠬᠠᠳᠠᠭᠠᠯᠠᠯᠳᠠ ᠶᠢ ᠠᠳᠬᠤᠨ᠂ ᠰᠢᠨ᠎ᠠ ᠪᠠᠷ | ᠪᠠᠶᠢᠭᠤᠯᠤᠭᠰᠠᠨ ᠲᠦᠷᠤᠯ ᠵᠦᠢᠯ ᠤᠨ ᠪᠠᠷᠢᠯᠭ᠎ᠠ ᠶᠢ ᠲᠦᠷᠭᠡᠨ ᠡᠬᠢᠯᠡᠬᠦᠯᠵᠤ᠂ ᠲᠦᠷᠤᠯ ᠵᠦᠢᠯ ᠤᠨ ᠪᠦᠳᠤᠭᠡᠨ | ᠪᠠᠶᠢᠭᠤᠯᠤᠯᠳᠠ ᠶᠢᠨ ᠠᠬᠢᠴᠠ ᠶᠢ ᠠᠳᠬᠤᠨ᠂ ᠲᠦᠷᠤᠯ ᠵᠦᠢᠯ ᠢ ᠪᠠᠶᠢᠭᠤᠯᠤᠭᠰᠠᠨ ᠤ ᠲᠠᠷᠠᠭ᠎ᠠ ᠠᠵᠢᠯᠯᠠᠬᠤ ᠶᠢ | ᠠᠳᠬᠤᠨ᠂ ᠪᠤᠰᠤᠤᠨ ᠠᠴᠠ ᠲᠡᠷᠢᠬᠦᠯᠡᠬᠦ ᠪᠠᠷ ᠬᠦᠴᠤᠯᠡᠨ ᠴᠢᠷᠮᠠᠶᠢᠬᠤ ᠲᠦᠷᠤᠯ ᠵᠦᠢᠯ ᠢ ᠪᠦᠳᠤᠭᠡᠨ ᠪᠠᠶᠢᠭᠤᠯᠬᠤ | ᠪᠠᠶᠢᠳᠠᠯ ᠢ ᠪᠤᠢ ᠪᠤᠯᠭᠠᠨ ᠠᠬᠢᠭᠤᠯᠤᠨ᠎ᠠ᠃ ᠤᠯᠤᠰ᠂ ᠦᠪᠠᠷᠳᠡᠭᠡᠨ ᠵᠠᠰᠠᠬᠤ ᠤᠷᠤᠨ ᠤ ᠲᠦᠷᠥ ᠶᠢᠨ ᠪᠤᠳᠤᠯᠭ᠎ᠠ ᠶᠢᠨ | ᠤᠳᠤᠷᠢᠳᠤᠮᠵᠢ ᠪᠠ ᠪᠡᠯᠡ ᠤᠷᠤᠭᠤᠯᠬᠤ ᠴᠢᠭᠯᠡᠯ ᠢ ᠨᠠᠷᠢᠨ ᠬᠢᠨᠠᠮᠠᠭᠠᠢ ᠰᠤᠳᠤᠯᠤᠨ᠂ ︽ᠠᠷᠪᠠᠨ ᠲᠦᠷᠪᠡᠳᠤᠭᠡᠷ | ᠲᠠᠪᠤᠨ ᠵᠢᠯ︾ ᠤᠨ ᠲᠦᠯᠤᠪᠵᠢᠬᠦᠯᠭᠡ ᠶᠢᠨ ᠡᠮᠤᠨᠡᠬᠢ ᠬᠤᠭᠤᠴᠠᠭᠠᠨ ᠤ ᠠᠵᠢᠯ ᠢ ᠡᠷᠳᠠ ᠰᠠᠶᠢᠳᠤᠷ ᠬᠢᠵᠤ᠂ ᠨᠢᠭᠡ | ᠪᠦᠯᠥᠭ ᠤᠳᠤᠬᠠᠨ ᠪᠠ ᠤᠷᠳᠤ ᠬᠤᠭᠤᠴᠠᠭᠠᠨ ᠤ ᠬᠦᠭᠵᠢᠯᠳᠠ ᠲᠠᠢ ᠬᠤᠯᠪᠤᠭᠳᠠᠬᠤ ᠭᠤᠥᠯᠳᠠᠯᠭ᠎ᠠ ᠲᠠᠢ ᠲᠦᠷᠤᠯ | ᠵᠦᠢᠯ ᠤᠨ ᠲᠦᠯᠦᠪᠯᠡᠭᠡ ᠪᠡ ᠠᠬᠢᠭᠤᠯᠤᠯᠳᠠ ᠶᠢ ᠲᠦᠷᠭᠡᠳᠭᠡᠨ᠂ ᠲᠦᠷᠤᠯ ᠵᠦᠢᠯ ᠤᠨ ᠪᠡᠯᠡ ᠤᠷᠤᠭᠤᠯᠤᠯᠳᠠ ᠶᠢᠨ | ᠲᠤᠳᠠᠭᠤᠳᠠᠯ ᠢ ᠨᠦᠬᠦᠪᠤᠷᠢᠯᠡᠬᠦ᠂ ᠪᠦᠳᠤᠴᠠ ᠶᠢ ᠲᠤᠬᠢᠷᠠᠭᠤᠯᠬᠤ᠂ ᠴᠢᠳᠠᠪᠬᠢ ᠶᠢ ᠬᠤᠪᠢᠷᠠᠭᠤᠯᠬᠤ ᠲᠤᠮᠳᠠᠬᠢ | ᠤᠨᠤᠪᠴᠢᠳᠤ ᠦᠢᠯᠡᠳᠤᠯ ᠢ ᠦᠨᠡᠩᠬᠦ ᠪᠠᠳᠠᠷᠠᠭᠤᠯᠬᠤ ᠭᠡᠷᠡᠭᠳᠡᠢ᠃ ᠪᠡᠯᠡ ᠤᠷᠤᠭᠤᠯᠬᠤ ᠶᠢ ᠠᠳᠬᠤᠬᠤ ᠪᠤᠶᠤ ᠲᠦᠷᠤᠯ | ᠵᠦᠢᠯ ᠢ ᠠᠳᠬᠤᠬᠤ ᠭᠡᠰᠡᠨ ᠦᠭᠡᠢ ᠪᠦᠷ ᠬᠦᠯᠢᠶᠡᠵᠤ ᠪᠤᠯᠬᠤ ᠦᠭᠡᠢ᠂ ᠤᠳᠠᠭᠠᠰᠢᠷᠠᠭᠤᠯᠵᠤ ᠪᠤᠯᠬᠤ ᠦᠭᠡᠢ᠃ | ᠤᠨᠴᠠᠭᠠᠢᠢᠯᠠᠨ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠲᠦᠰᠤᠪ ᠤᠨ ᠳᠤᠳᠤᠷᠡᠬᠢ ᠪᠡᠯᠡ ᠤᠷᠤᠭᠤᠯᠤᠯᠳᠠ᠂ | ᠭᠤᠤᠯᠳᠠᠯᠭ᠎ᠠ ᠲᠠᠢ ᠲᠦᠷᠤᠯ ᠵᠦᠢᠯ ᠤᠨ ᠪᠠᠶᠢᠷᠢᠯᠠᠭᠤᠯᠤᠯᠳᠠ᠂ ᠭᠠᠵᠠᠷ ᠤᠷᠤᠨ ᠤ ᠵᠢᠭᠡᠯᠡᠯᠭᠡ ᠶᠢᠨ ᠲᠡᠮᠳᠡᠭᠳᠤ ᠶᠢᠨ | ᠲᠠᠷᠬᠠᠭᠠᠬᠤ ᠬᠡᠪᠴᠢᠶ᠎ᠠ ᠶᠢ ᠨᠢᠭᠡᠳᠤᠭᠡᠷ ᠤᠯᠠᠷᠢᠯ ᠳᠤ ᠪᠦᠷ ᠤᠷᠤᠨ ᠪᠠᠶᠢᠷᠢ ᠳᠤ ᠨᠢ ᠬᠦᠷᠭᠡᠬᠦ ᠭᠡᠷᠡᠭᠳᠡᠢ᠃ ᠬᠡᠷᠪᠡ | ᠠᠩᠬᠠᠷᠬᠤ ᠦᠭᠡᠢ᠂ ᠠᠳᠬᠤᠵᠤ ᠲᠡᠶᠢᠯᠬᠦ ᠦᠭᠡᠢ ᠪᠤᠯ ᠤᠬᠢ ᠰᠠᠶᠢᠨ ᠠᠵᠠ ᠲᠤᠬᠢᠶᠠᠯ ᠢ ᠠᠯᠳᠠᠬᠤ ᠪᠤᠯᠤᠨ᠎ᠠ᠃ ᠡᠯ᠎ᠠ | ᠭᠠᠵᠠᠷ ᠤᠷᠤᠨ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠳᠤᠬᠠᠨ ᠠᠴᠠ ᠡᠬᠢᠯᠡᠨ ᠪᠠᠴᠢᠮ ᠴᠢᠩᠭ᠎ᠠ ᠪᠠᠶᠢᠳᠠᠯ ᠳᠤ | ᠤᠷᠤᠵᠤ᠂ ᠡᠬᠢᠯᠡᠨ ᠠᠵᠢᠯᠯᠠᠬᠤ ᠬᠡᠷᠡᠭᠳᠠᠢ᠂ ᠭᠤᠶᠤᠴᠢᠯᠠᠨ ᠮᠡᠳᠡᠬᠦᠯᠬᠦ ᠶᠢ ᠱᠠᠯᠠᠪᠳᠠᠭᠤᠯᠤᠨ ᠬᠢᠵᠤ᠂ ᠪᠦᠬᠦ | ᠬᠦᠴᠤᠨ ᠢᠶᠠᠷ ᠲᠡᠮᠡᠴᠡᠨ ᠤᠯᠵᠤ᠂ ᠡᠯ᠎ᠠ ᠲᠦᠷᠤᠯ ᠤᠨ ᠠᠵᠢᠯ ᠢᠶᠠᠨ ᠵᠤᠭᠰᠤᠯ ᠦᠭᠡᠢ ᠪᠠᠷ ᠪᠤᠳᠠᠳᠠᠢ ᠳᠤ | ᠨᠠᠶᠢᠳᠠᠪᠤᠷᠢᠵᠢᠭᠤᠯᠵᠤ᠂ ᠨᠢᠭᠡᠳᠤᠭᠡᠷ ᠤᠯᠠᠷᠢᠯ ᠳᠤ ᠦᠷ᠎ᠠ ᠪᠦᠳᠦᠮᠵᠢ ᠭᠠᠷᠭᠠᠬᠤ ᠶᠢ ᠪᠠᠳᠤᠯᠠᠬᠤ ᠬᠡᠷᠡᠭᠳᠡᠢ᠃ | ᠭᠤᠷᠪᠠ᠂ ᠰᠢᠨ᠎ᠠ ᠬᠦᠳᠡᠯᠭᠡᠬᠦ ᠬᠦᠴᠤᠨ ᠤ ᠰᠢᠨ᠎ᠠ ᠬᠦᠭᠵᠢᠯᠳᠡ ᠶᠢᠨ ᠴᠡᠭ ᠢ ᠢᠳᠡᠪᠬᠢᠳᠡᠢ ᠪᠤᠶᠢᠵᠢᠭᠤᠯᠤᠨ᠎ᠠ᠃ | ᠤᠯᠤᠰ ᠪᠠ ᠦᠪᠠᠷᠳᠡᠭᠡᠨ ᠵᠠᠰᠠᠬᠤ ᠤᠷᠤᠨ ᠤ ᠵᠡᠬᠦᠨ ᠬᠤᠶᠢᠳᠤ ᠶᠢ ᠮᠠᠨᠳᠤᠭᠤᠯᠳ᠂ ᠤᠷᠤᠨ ᠪᠦᠰᠡ ᠶᠢᠨ | ᠵᠤᠬᠢᠴᠠᠩᠭᠤᠢ ᠬᠦᠭᠵᠢᠯᠳᠠ ᠶᠢ ᠠᠬᠢᠭᠤᠯᠬᠤ ᠠᠰᠢᠭᠳᠠᠢ ᠲᠤᠬᠢᠶᠠᠯ ᠢ ᠠᠳᠬᠤᠨ᠂ ᠡᠯ᠎ᠠ ᠭᠠᠵᠠᠷ ᠤᠷᠤᠨ ᠤ | ᠬᠠᠷᠢᠴᠠᠩᠭᠤᠢ ᠲᠠᠪᠠᠭᠤᠯᠢᠭ ᠢᠶᠠᠨ ᠬᠦᠢᠴᠡᠳ ᠪᠠᠳᠠᠷᠠᠭᠤᠯᠤᠨ᠂ ᠲᠦᠪᠯᠡᠷᠡᠬᠦᠯᠵᠤ ᠨᠢᠭᠳᠠᠷᠠᠭᠤᠯᠬᠤ ᠡᠷᠴᠢᠮᠵᠢᠬᠦᠯᠥᠭᠰᠡᠨ | ᠵᠠᠮ ᠢ ᠰᠤᠩᠭᠤᠵᠤ᠂ ᠴᠢᠳᠠᠪᠬᠢ ᠶᠢᠨ ᠪᠠᠶᠢᠷᠢᠰᠢᠭᠤᠯᠤᠯᠳᠠ ᠲᠤᠬᠢᠷᠠᠮᠵᠢᠳᠠᠢ᠂ ᠤᠨᠴᠠᠯᠢᠭᠳᠤ ᠲᠠᠪᠠᠭᠤᠯᠢᠭ ᠨᠢ | ᠮᠡᠳᠡᠭᠳᠠᠮ᠎ᠠ᠂ ᠤᠯᠠᠨ ᠴᠡᠭ ᠤᠯᠠᠨ ᠲᠠᠯ᠎ᠠ ᠶᠢᠨ ᠬᠦᠴᠤᠳᠠᠢ ᠳᠤᠯᠭᠠᠭᠤᠷᠢᠯᠠᠯ᠂ ᠲᠠᠯᠳᠠ ᠬᠦᠴᠤᠨ ᠲᠠᠢ ᠴᠢᠳᠠᠪᠬᠢ ᠶᠢ | ᠬᠦᠢᠴᠡᠳ ᠢᠯᠭᠠᠷᠠᠭᠤᠯᠤᠭᠰᠠᠨ ᠤᠷᠤᠨ ᠪᠦᠰᠡ ᠶᠢᠨ ᠬᠦᠭᠵᠢᠯᠳᠠ ᠶᠢᠨ ᠰᠢᠨ᠎ᠠ ᠪᠠᠶᠢᠳᠠᠯ ᠶᠢ ᠪᠤᠢ ᠪᠤᠯᠭᠠᠨ᠎ᠠ᠃ | ᠤᠯᠠᠭᠠᠨᠬᠤᠳᠠ ᠪᠤᠯ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠲᠤᠯᠤᠭᠠᠢᠢᠯᠠᠭᠴᠢ ᠭᠠᠵᠠᠷ | ᠤᠷᠤᠨ ᠪᠤᠯᠤᠨ᠎ᠠ᠂ ᠤᠯᠠᠭᠠᠨᠬᠤᠳᠠ ᠪᠠ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤ ᠶᠢ ᠨᠢᠭᠡᠳᠤᠯᠳᠠᠢ | ᠲᠦᠯᠤᠪᠵᠢᠬᠦᠯᠬᠦ᠂ ᠨᠢᠭᠡ ᠴᠤᠭᠴᠠᠵᠢᠭᠤᠯᠤᠨ ᠲᠦᠯᠬᠢᠨ ᠠᠬᠢᠭᠤᠯᠬᠤ ᠶᠢ ᠪᠠᠷᠢᠮᠳᠠᠯᠠᠨ᠂ ᠡᠬᠢ ᠪᠠᠶᠠᠯᠢᠭ᠂ ᠴᠢᠬᠤᠯᠠ | ᠡᠯᠧᠮᠧᠨ᠋ᠲ᠂ ᠠᠵᠤ ᠦᠢᠯᠡᠰ ᠪᠠ ᠬᠤᠳᠠ ᠶᠢᠨ ᠴᠢᠳᠠᠪᠬᠢ ᠶᠢᠨ ᠬᠦᠨᠵᠡᠭᠡᠢ ᠠᠭᠤᠰᠤᠯᠴᠠᠬᠤ ᠶᠢ ᠶᠡᠭᠡ ᠬᠦᠴᠤᠨ ᠢᠶᠠᠷ | ᠲᠦᠯᠬᠢᠨ ᠠᠬᠢᠭᠤᠯᠵᠤ᠂ ᠰᠠᠭᠤᠷᠢ ᠲᠦᠬᠦᠭᠡᠷᠤᠮᠵᠢ ᠶᠢ ᠰᠢᠯᠢᠳᠡᠭᠵᠢᠬᠦᠯᠵᠤ᠂ ᠦᠢᠯᠡᠴᠢᠯᠡᠭᠡ ᠶᠢᠨ ᠴᠢᠳᠠᠪᠬᠢ ᠪᠠᠨ | ᠴᠢᠩᠭᠠᠳᠬᠠᠨ᠂ ᠲᠠᠭᠠᠭᠠᠴᠢᠯᠠᠯᠳᠠ ᠶᠢᠨ ᠴᠢᠳᠠᠪᠤᠷᠢ ᠪᠠᠨ ᠲᠡᠭᠡᠭᠰᠢᠯᠡᠬᠦᠯᠤᠨ᠂ ᠬᠤᠳᠠ ᠪᠠᠯᠭᠠᠰᠤ ᠶᠢᠨ ᠡᠷᠤᠬᠡ | ᠠᠮᠠ ᠶᠢᠨ ᠲᠠᠩᠰᠠ ᠤᠷᠤᠭᠤᠯᠬᠤ ᠬᠢᠵᠠᠭᠠᠷᠯᠠᠯ ᠢ ᠴᠢᠯᠦᠭᠡᠳᠡᠢ ᠪᠤᠯᠭᠠᠨ᠂ ᠬᠦᠮᠤᠨ ᠠᠮᠠ ᠶᠢᠨ ᠰᠢᠯᠵᠢᠯᠳᠠ ᠶᠢ | ᠲᠠᠭᠠᠭᠠᠴᠢᠯᠠᠨ ᠬᠦᠯᠢᠶᠡᠨ ᠠᠪᠴᠤ᠂ ᠬᠤᠳᠠ ᠪᠠᠯᠭᠠᠰᠤᠵᠢᠯᠳᠠ ᠶᠢᠨ ᠨᠤᠷᠮ᠎ᠠ ᠶᠢ ᠲᠡᠭᠡᠭᠰᠢᠯᠡᠬᠦᠯᠵᠤ᠂ ᠴᠢᠬᠤᠯᠠ | ᠨᠦᠯᠤᠭᠡᠯᠡᠬᠦ ᠬᠦᠴᠤᠨ᠂ ᠦᠷᠢᠰᠤᠯᠳᠤᠬᠦ ᠬᠦᠴᠤᠨ ᠪᠠ ᠲᠠᠭᠠᠭᠤᠯᠬᠤ ᠬᠦᠴᠤᠨ ᠲᠠᠢ ᠤᠷᠤᠨ ᠪᠦᠰᠡ ᠶᠢᠨ ᠴᠢᠨᠠᠷᠳᠠᠢ | ᠲᠦᠪ ᠬᠤᠳᠠ ᠶᠢ ᠡᠬᠦᠳᠤᠨ᠎ᠠ᠃ ᠡᠯ᠎ᠠ ᠬᠤᠰᠢᠭᠤ ᠰᠢᠶᠠᠨ ᠬᠤᠳᠠ ᠡᠬᠢ ᠪᠡᠶᠠᠯᠢᠭ ᠤᠨ ᠲᠦᠷᠤᠯᠬᠢ ᠠᠪᠢᠶᠠᠰ᠂ ᠠᠵᠤ | ᠦᠢᠯᠡᠰ ᠤᠨ ᠰᠠᠭᠤᠷᠢ᠂ ᠰᠤᠶᠤᠯ ᠤᠨ ᠤᠨᠴᠠᠯᠢᠭ᠂ ᠰᠢᠨ᠎ᠠ ᠶᠢ ᠡᠬᠦᠳᠬᠦ ᠴᠢᠬᠤᠯᠠ ᠡᠯᠧᠮᠧᠨ᠋ᠲ ᠵᠡᠷᠭᠡ ᠪᠤᠳᠠᠳᠠᠢ ᠳᠤ | ᠰᠠᠭᠤᠷᠢᠯᠠᠨ᠂ ᠬᠤᠳᠠ ᠶᠢᠨ ᠳᠡᠭᠦᠷᠭᠡ ᠶᠢᠨ ᠪᠠᠯᠭᠠᠰᠤ ᠪᠠ ᠳᠦᠪ ᠪᠠᠯᠭᠠᠰᠤ ᠶᠢᠨ ᠪᠦᠳᠤᠭᠡᠨ ᠪᠠᠶᠢᠭᠤᠯᠤᠯᠳᠠ ᠶᠢ | ᠲᠦᠯᠬᠢᠨ ᠠᠬᠢᠭᠤᠯᠵᠤ᠂ ᠨᠢᠭᠡ ᠪᠦᠯᠥᠭ ᠤᠨᠴᠠᠯᠢᠭ ᠲᠠᠢ᠂ ᠠᠮᠢᠵᠢᠷᠠᠯ ᠤᠨ ᠬᠦᠴᠤᠨ ᠲᠠᠢ ᠤᠨᠴᠠᠯᠢᠭᠳᠤ ᠵᠢᠵᠢᠭ | ᠪᠠᠯᠭᠠᠰᠤ ᠶᠢ ᠬᠦᠴᠤᠯᠠᠨ ᠡᠬᠦᠳᠤᠨ᠎ᠠ︔ ᠠᠷᠠᠳ ᠠᠴᠠ ᠡᠷᠬᠢᠯᠡᠭᠰᠡᠨ ᠠᠵᠤ ᠠᠬᠤᠢ ᠶᠢ ᠬᠦᠴᠤᠯᠠᠨ ᠬᠦᠭᠵᠢᠬᠦᠯᠵᠤ᠂ | ᠰᠢᠶᠠᠨ ᠤ ᠲᠤᠭᠤᠷᠢᠭ ᠤᠨ ᠠᠵᠤ ᠠᠬᠤᠢ ᠶᠢᠨ ᠬᠦᠭᠵᠢᠯᠳᠠ ᠶᠢ ᠲᠦᠯᠬᠢᠨ ᠠᠬᠢᠭᠤᠯᠬᠤ ᠶᠢ ᠲᠦᠷᠭᠡᠳᠭᠡᠨ᠂ ᠨᠡᠩ | ᠤᠯᠠᠨ ᠠᠵᠤ ᠠᠬᠤᠢ ᠶᠢᠨ ᠬᠦᠭᠵᠢᠯᠳᠠ ᠶᠢᠨ ᠴᠡᠭ ᠢ ᠴᠢᠷᠮᠠᠶᠢᠨ ᠨᠡᠮᠡᠭᠳᠡᠬᠦᠯᠤᠨ᠎ᠠ᠃ ᠠᠶᠢᠮᠠᠭ ᠤᠨ ᠠᠵᠤ ᠠᠬᠤᠢ | ᠮᠡᠷᠭᠡᠵᠢᠯ ᠤᠨ ᠨᠡᠭᠡᠭᠡᠯᠳᠠ ᠶᠢᠨ ᠳᠤᠭᠤᠷᠢᠬ ᠨᠢ ᠮᠠᠨ ᠤ ᠠᠶᠢᠮᠠᠭ ᠤᠨ ᠠᠵᠤ ᠠᠬᠤᠢ ᠶᠢᠨ ᠬᠡᠯᠪᠡᠷᠢ ᠪᠠᠨ | ᠬᠤᠪᠢᠷᠠᠭᠤᠯᠬᠤ ᠶᠢ ᠲᠡᠰ ᠲᠡᠪᠰᠢᠬᠦᠯᠬᠦ᠂ ᠴᠢᠨᠠᠷ ᠰᠠᠶᠢᠳᠠᠢ ᠳᠠᠪᠠᠯᠳᠠᠳᠤ ᠬᠦᠭᠵᠢᠯᠳᠠ ᠶᠢᠨ ᠲᠤᠮᠳᠠ ᠲᠦᠢᠯ ᠤᠨ ᠶᠡᠭᠡ | ᠲᠠᠪᠠᠭᠤᠯᠢᠭ ᠪᠠ ᠲᠠᠯᠳᠠ ᠬᠦᠴᠤᠨ ᠲᠠᠢ ᠶᠤᠮ᠂ ᠪᠡᠯᠡ ᠤᠷᠤᠭᠤᠯᠤᠯᠳᠠ ᠪᠠᠨ ᠨᠡᠮᠡᠭᠳᠡᠬᠦᠯᠤᠨ᠂ ᠤᠰᠤ᠂ ᠴᠠᠬᠢᠯᠭᠠᠨ᠂ | ᠵᠠᠮ᠂ ᠴᠢᠮᠡᠭᠡ ᠨᠡᠪᠳᠡᠷᠡᠯᠭᠡ ᠵᠡᠷᠭᠡ ᠢᠵᠢ ᠪᠦᠷᠢᠳᠥᠬᠦᠯᠥᠭᠰᠡᠨ ᠲᠦᠬᠦᠭᠡᠷᠤᠮᠵᠢ ᠶᠢ ᠪᠦᠷᠢᠨᠰᠢᠬᠦᠯᠤᠨ᠂ ᠰᠠᠭᠠᠳ ᠢ | ᠳᠠᠪᠠᠵᠤ᠂ ᠲᠤᠳᠠᠭᠤᠳᠠᠯ ᠢ ᠨᠦᠬᠦᠪᠤᠷᠢᠯᠠᠨ᠂ ᠠᠵᠤ ᠦᠢᠯᠡᠰ ᠶᠢᠨ ᠴᠤᠭᠯᠠᠷᠠᠯ ᠤᠨ ᠴᠢᠳᠠᠪᠬᠢ ᠶᠢ ᠨᠡᠮᠡᠭᠳᠡᠬᠦᠯᠤᠨ᠂ | ᠶᠡᠭᠡ ᠬᠦᠴᠤᠨ ᠢᠶᠠᠷ ᠨᠡᠭᠡᠭᠡᠯᠳᠠ ᠬᠢᠵᠤ ᠴᠢᠯᠦᠭᠡᠳᠡᠢ ᠪᠤᠯᠭᠠᠬᠤ ᠪᠠ ᠠᠵᠤ ᠦᠢᠯᠡᠰ ᠤᠨ ᠬᠦᠭᠵᠢᠯᠳᠡ ᠶᠢᠨ ᠰᠢᠨ᠎ᠠ | ᠦᠨᠳᠤᠷᠴᠠ ᠶᠢ ᠡᠬᠦᠳᠤᠨ᠎ᠠ᠃ ᠠᠶᠢᠮᠠᠭ ᠤᠨ ᠲᠠᠷᠢᠶᠠᠯᠠᠩ ᠤᠨ ᠠᠳᠠᠷ ᠬᠠᠭᠠᠯᠪᠤᠷᠢᠯᠠᠯᠳᠠ ᠶᠢᠨ ᠪᠦᠯᠦᠭᠯᠡᠯ ᠤᠨ ᠭᠠᠵᠠᠷ | ᠰᠢᠷᠤᠢ ᠶᠢᠨ ᠡᠬᠢ ᠪᠠᠶᠠᠯᠢᠭ ᠡᠯᠪᠡᠭ ᠪᠠᠶᠢᠵᠤ᠂ ᠵᠤᠬᠢᠶᠠᠨ ᠪᠠᠶᠢᠭᠤᠯᠤᠯᠵᠢᠯᠳᠡ ᠶᠢᠨ ᠬᠡᠮᠵᠢᠶ᠎ᠠ ᠦᠨᠳᠤᠷ᠂ | ᠬᠡᠪᠴᠢᠶᠡᠵᠢᠯᠳᠡ ᠶᠢᠨ ᠤᠨᠴᠠᠯᠢᠭ ᠲᠤᠪᠤᠶᠢᠮ᠎ᠠ ᠪᠠᠶᠢᠵᠤ᠂ ᠤᠳᠤᠬᠢᠴᠢᠯᠠᠭᠰᠠᠨ ᠲᠤᠮᠤ ᠲᠠᠷᠢᠶᠠᠯᠠᠩ ᠢ ᠬᠦᠭᠵᠢᠬᠦᠯᠬᠦ ᠳᠤ | ᠲᠠᠪᠠᠭᠤᠯᠢᠭ ᠳᠠᠯ᠎ᠠ ᠲᠠᠢ ᠪᠠᠶᠢᠳᠠᠭ᠃ ᠵᠠᠬ᠎ᠠ ᠲᠡᠯᠭᠡᠬᠦᠷᠵᠢᠯᠳᠠ᠂ ᠠᠵᠤ ᠠᠬᠤᠢᠢᠯᠠᠯᠵᠢᠯᠳᠠ ᠶᠢᠨ ᠱᠠᠭᠠᠷᠳᠠᠯᠭ᠎ᠠ | ᠶᠤᠰᠤᠭᠠᠷ᠂ ᠲᠠᠷᠢᠶᠠᠯᠠᠩ ᠤᠨ ᠠᠳᠠᠷ ᠬᠠᠭᠠᠯᠪᠤᠷᠢᠯᠠᠯᠳᠠ ᠶᠢᠨ ᠪᠦᠯᠦᠭᠯᠡᠯ ᠤᠨ ᠦᠭᠡᠷᠡᠴᠢᠯᠡᠯᠳᠠ ᠶᠢ ᠲᠦᠷᠭᠡᠳᠭᠡᠨ᠂ | ᠤᠳᠤ ᠦᠶ᠎ᠠ ᠶᠢᠨ ᠠᠵᠤ ᠠᠠᠬᠤᠢᠢᠯᠠᠯ ᠤᠨ ᠲᠦᠷᠢᠮ ᠢ ᠪᠠᠶᠢᠭᠤᠯᠵᠤ᠂ ᠭᠠᠵᠠᠷ ᠰᠢᠷᠤᠢ ᠶᠢᠨ ᠬᠡᠪᠴᠢᠶᠡᠵᠢᠯᠳᠠ᠂ | ᠡᠷᠴᠢᠮᠵᠢᠯᠳᠡ ᠶᠢᠨ ᠲᠠᠪᠠᠭᠤᠯᠢᠭ ᠢ ᠬᠦᠢᠴᠡᠳ ᠪᠠᠳᠠᠷᠠᠭᠤᠯᠤᠨ᠂ ᠤᠳᠤ ᠦᠶ᠎ᠠ ᠶᠢᠨ ᠲᠠᠷᠢᠶᠠᠯᠠᠩ ᠮᠠᠯ ᠠᠵᠤ | ᠠᠬᠤᠢ ᠶᠢᠨ ᠳᠤᠮᠤ ᠰᠠᠭᠤᠷᠢᠨ ᠭᠠᠵᠠᠷ᠂ ᠲᠤᠮᠤ ᠠᠵᠤ ᠠᠬᠤᠢᠢᠯᠠᠯ᠂ ᠲᠤᠮᠤ ᠠᠵᠤ ᠦᠢᠯᠡᠰ ᠢ ᠲᠦᠷᠭᠡᠳᠭᠡᠨ | ᠪᠠᠶᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ | ᠵᠠᠮ ᠢᠶᠠᠷ ᠶᠠᠪᠤᠵᠤ᠂ ᠲᠠᠷᠢᠶᠠᠯᠠᠩ ᠤᠨ ᠠᠳᠠᠷ ᠬᠠᠭᠠᠯᠪᠤᠷᠢᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠤᠳᠤ | ᠦᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠪᠤᠬᠢᠷᠳᠤᠯ ᠦᠭᠡᠢ ᠬᠦᠭᠵᠢᠯᠳᠠ ᠶᠢᠨ ᠵᠢᠱᠢᠶ᠎ᠠ ᠦᠵᠡᠬᠦᠯᠬᠦ ᠰᠠᠭᠤᠷᠢᠨ | ᠭᠠᠵᠠᠷ ᠪᠤᠯᠭᠠᠨ ᠪᠦᠳᠤᠭᠡᠨ ᠪᠠᠶᠢᠭᠤᠯᠵᠤ᠂ ᠪᠦᠬᠦ ᠠᠶᠢᠮᠠᠭ ᠤᠨ ᠴᠢᠨᠠᠷ ᠰᠠᠶᠢᠳᠠᠢ ᠳᠠᠪᠠᠯᠳᠠᠳᠤ ᠬᠦᠭᠵᠢᠯᠳᠠ ᠶᠢᠨ | ᠰᠢᠨ᠎ᠠ ᠬᠡᠪ ᠲᠦᠷᠢᠮ ᠢ ᠪᠤᠢ ᠪᠤᠯᠭᠠᠨ᠎ᠠ᠃ | ᠲᠦᠷᠪᠡ᠂ ᠦᠭᠡᠷᠡᠴᠢᠯᠡᠯᠳᠠ ᠬᠢᠵᠤ ᠴᠢᠯᠤᠭᠡᠳᠠᠢ ᠶᠠᠪᠤᠯᠴᠠᠬᠤ ᠶᠢ ᠭᠤᠶᠢᠪᠢᠰᠢ ᠦᠭᠡᠢ ᠲᠦᠯᠬᠢᠨ ᠠᠬᠢᠭᠤᠯᠤᠨ᠎ᠠ᠃ | ︽ᠦᠭᠡᠶᠢᠰᠭᠡᠬᠦ ᠪᠠᠭᠤᠷᠠᠭᠤᠯᠬᠤ ᠨᠦᠬᠦᠪᠤᠷᠢᠯᠡᠬᠦ︾ ᠦᠷ᠎ᠠ ᠪᠦᠳᠤᠮᠵᠢ ᠪᠠᠨ ᠪᠠᠬᠢᠵᠢᠬᠦᠯᠬᠦ ᠶᠢ ᠴᠢᠩᠭ᠎ᠠ ᠠᠳᠬᠤᠨ᠂ | ᠬᠤᠮᠠᠬᠢ ᠭᠤᠥᠯ ᠴᠤᠬᠴᠠ ᠶᠢᠨ ᠠᠮᠢᠵᠢᠷᠠᠯ ᠤᠨ ᠬᠦᠴᠤᠨ ᠢ ᠨᠡᠮᠡᠭᠳᠡᠬᠦᠯᠬᠦ᠂ ᠠᠵᠤ ᠦᠢᠯᠡᠰ ᠤᠨ ᠬᠡᠯᠬᠢᠶ᠎ᠠ ᠶᠢᠨ ᠬᠢᠷᠢ | ᠲᠦᠪᠰᠢᠨ ᠢ ᠲᠡᠰ ᠳᠡᠪᠰᠢᠬᠦᠯᠬᠦ᠂ ᠠᠵᠤ ᠠᠬᠤᠢ ᠶᠢᠨ ᠡᠷᠬᠢᠯᠳᠠ ᠶᠢᠨ ᠲᠤᠮᠳᠠ ᠤᠷᠤᠰᠢᠵᠤ ᠪᠠᠶᠢᠭ᠎ᠠ ᠲᠤᠪᠤᠶᠢᠮ᠎ᠠ | ᠠᠰᠠᠭᠤᠳᠠᠯ ᠢ ᠰᠠᠭᠠᠳ ᠦᠭᠡᠢ ᠪᠤᠯᠭᠠᠨ᠂ ᠵᠠᠩᠬᠢᠯᠠᠭ᠎ᠠ ᠶᠢᠨ ᠭᠤᠭᠴᠤᠭ᠎ᠠ ᠶᠢ ᠠᠳᠬᠤᠵᠤ᠂ ᠪᠦᠬᠦ ᠬᠦᠴᠤᠨ ᠢᠶᠠᠷ | ᠪᠡᠯᠡ ᠴᠤᠭᠯᠠᠭᠤᠯᠬᠤ ᠪᠠᠶᠢᠭᠤᠯᠤᠮᠵᠢ᠂ ᠴᠠᠬᠢᠯᠭᠠᠨ ᠬᠦᠴᠤ᠂ ᠤᠰᠤᠨ ᠠᠰᠢᠭᠯᠠᠯᠳᠠ᠂ ᠲᠠᠷᠢᠶᠠᠯᠠᠨᠩ ᠤᠨ ᠠᠳᠠᠷ | ᠬᠠᠭᠠᠯᠪᠤᠷᠢᠯᠠᠯᠳᠠ᠂ ᠤᠢ ᠰᠢᠭᠤᠢ ᠵᠡᠷᠭᠡ ᠤᠷᠤᠨ ᠬᠡᠪᠴᠢᠶ᠎ᠠ ᠶᠢᠨ ᠦᠭᠡᠷᠡᠴᠢᠯᠡᠯᠳᠠ ᠶᠢ ᠲᠦᠯᠬᠢᠨ ᠠᠬᠢᠭᠤᠯᠵᠤ᠂ | ᠴᠢᠨᠠᠷ ᠰᠠᠶᠢᠳᠠᠢ ᠳᠠᠪᠠᠯᠳᠠᠳᠤ ᠬᠦᠭᠵᠢᠯᠳᠠ ᠶᠢ ᠨᠦᠯᠦᠭᠡᠯᠡᠵᠤ ᠪᠠᠶᠢᠭ᠎ᠠ ᠰᠠᠭᠠᠳ ᠲᠤᠤᠠᠬᠠᠷ ᠢ ᠦᠭᠡᠶᠢᠰᠭᠡᠵᠤ᠂ | ᠦᠭᠡᠷᠡᠴᠢᠯᠡᠯᠳᠠ ᠶᠢᠨ ᠪᠤᠭᠤᠮᠳᠠ ᠪᠠᠷᠳᠠᠭ᠎ᠠ ᠶᠢᠨ ᠬᠠᠷᠰᠢ ᠰᠠᠭᠠᠳ ᠢ ᠲᠠᠪᠠᠵᠤ ᠬᠦᠭᠵᠢᠯᠳᠠ ᠶᠢᠨ ᠬᠤᠷᠳᠤᠴᠠ ᠶᠢ | ᠲᠡᠭᠡᠭᠰᠢᠯᠡᠬᠦᠯᠤᠨ ᠦᠷ᠎ᠠ ᠠᠰᠢᠭ ᠢ ᠨᠡᠮᠡᠭᠳᠡᠬᠦᠯᠤᠨ᠎ᠠ᠃ ᠪᠦᠬᠦ ᠲᠠᠯ᠎ᠠ ᠪᠠᠷ ᠠᠷᠠᠯᠵᠢᠶ᠎ᠠ ᠡᠵᠡᠩᠨᠡᠬᠦ ᠤᠷᠴᠢᠨ | ᠲᠤᠭᠤᠷᠢᠨ ᠢ ᠰᠢᠯᠢᠳᠡᠭᠵᠢᠬᠦᠯᠵᠤ᠂ ᠦᠷᠬᠦᠯᠵᠢᠯᠡᠨ ᠵᠠᠰᠠᠭ ᠢ ᠴᠤᠮᠬᠠᠳᠬᠠᠵᠤ ᠡᠷᠭᠡ ᠶᠢ ᠲᠠᠯᠪᠢᠬᠤ᠂ ᠡᠷᠭᠡ ᠶᠢ | ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠪᠠᠨ ᠰᠢᠯᠢᠳᠡᠭᠵᠢᠬᠦᠯᠬᠦ ᠦᠭᠡᠷᠡᠴᠢᠯᠡᠯᠳᠠ ᠪᠠ | ᠬᠠᠷᠢᠴᠠᠩᠭᠤᠢ ᠪᠠᠷ ᠲᠦᠪᠯᠡᠷᠡᠭᠰᠡᠨ ᠵᠠᠰᠠᠭ ᠵᠠᠬᠢᠷᠭᠠᠨ ᠤ ᠵᠦᠪᠰᠢᠶᠡᠷᠡᠯ ᠤᠨ ᠡᠷᠭᠡ ᠶᠢᠨ ᠲᠦᠷᠢᠮ ᠢ ᠬᠦᠨᠵᠡᠭᠡᠶᠢᠷᠡᠬᠦᠯᠵᠤ | ᠂ ︽ᠲᠠᠷᠤᠢ ᠲᠦᠷᠭᠡᠨ ᠬᠦᠢᠴᠡᠳᠭᠡᠬᠦ᠂ ᠰᠦᠯᠵᠢᠶᠡᠨ ᠲᠡᠭᠡᠷ᠎ᠠ ᠬᠦᠢᠴᠡᠳᠭᠡᠬᠦ᠂ ᠤᠢᠢᠷ᠎ᠠ ᠤᠷᠴᠢᠮ ᠳᠤ ᠬᠦᠢᠴᠡᠳᠭᠡᠬᠦ᠂ | ᠨᠢᠭᠡ ᠯᠠ ᠤᠳᠠᠭ᠎ᠠ ᠳᠤ ᠬᠦᠢᠴᠡᠳᠭᠡᠬᠦ︾ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠶᠢ ᠬᠦᠴᠤᠯᠠᠨ ᠲᠦᠯᠬᠢᠨ | ᠠᠬᠢᠭᠤᠯᠤᠨ᠎ᠠ᠃ ᠶᠡᠭᠡ ᠬᠡᠮᠵᠢᠶ᠎ᠠ ᠪᠠᠷ ᠢᠨᠵᠧᠨᠧᠷᠢᠩ ᠤᠨ ᠪᠦᠳᠤᠭᠡᠨ ᠪᠠᠶᠢᠭᠤᠯᠤᠯᠳᠠ ᠶᠢᠨ ᠲᠦᠷᠤᠯ ᠵᠦᠢᠯ ᠤᠨ ᠬᠢᠨᠠᠨ | ᠵᠦᠪᠰᠢᠶᠡᠷᠡᠬᠦ᠂ ᠠᠵᠤ ᠠᠬᠤᠢᠢᠯᠠᠯ ᠤᠨ ᠨᠡᠭᠡᠭᠡᠨ ᠡᠵᠡᠩᠨᠡᠬᠦ᠂ ᠲᠠᠸᠠᠷ ᠤᠨ ᠲᠡᠮᠳᠡᠭ ᠤᠨ ᠲᠠᠩᠰᠠᠨ ᠳᠤ ᠲᠡᠮᠳᠡᠭᠯᠡᠬᠦ | ᠴᠠᠭ ᠢ ᠪᠠᠭᠠᠰᠬᠠᠨ᠂ ᠦᠪᠠᠷ ᠤᠨ ᠦᠷᠳᠡᠭ ᠢ ᠶᠡᠬᠡᠪᠠᠷ ᠪᠠᠭᠤᠷᠠᠭᠤᠯᠬᠤ ᠠᠷᠭ᠎ᠠ ᠠᠪᠴᠠᠯ ᠢ ᠬᠡᠷᠡᠭᠵᠢᠬᠦᠯᠵᠤ᠂ | ᠠᠷᠠᠯᠵᠢᠶ᠎ᠠ ᠡᠵᠡᠩᠨᠡᠬᠦ ᠤᠷᠴᠢᠨ ᠲᠤᠭᠤᠷᠢᠨ ᠳᠤ ᠬᠤᠬᠢᠷᠠᠯ ᠤᠴᠠᠷᠠᠭᠤᠯᠤᠬᠰᠠᠨ ᠦᠵᠡᠭᠳᠡᠯ ᠢ ᠴᠢᠩᠭ᠎ᠠ ᠵᠠᠰᠠᠨ | ᠴᠡᠭᠴᠡᠯᠡᠵᠤ᠂ ᠮᠠᠨ ᠤ ᠠᠶᠢᠮᠠᠭ ᠢᠶᠠᠨ ᠪᠡᠯᠡ ᠤᠷᠤᠭᠤᠯᠤᠨ ᠠᠵᠤ ᠦᠢᠯᠡᠰ ᠬᠦᠭᠵᠢᠨ ᠮᠠᠨᠳᠤᠭᠰᠠᠨ᠂ ᠰᠢᠨ᠎ᠠ ᠶᠢ | ᠡᠬᠦᠳᠬᠦ ᠦᠢᠯᠡᠰ ᠪᠤᠰᠬᠠᠬᠤ ᠬᠠᠯᠠᠭᠤᠨ ᠬᠦᠷᠦᠰᠦ ᠶᠢ ᠪᠤᠢ ᠪᠤᠯᠭᠠᠨ᠎ᠠ᠃ ᠨᠡᠭᠡᠭᠡᠯᠳᠡᠳᠤ ᠴᠢᠨᠠᠷᠳᠠᠢ ᠠᠵᠤ ᠠᠬᠤᠢ ᠶᠢᠨ | ᠰᠢᠨ᠎ᠠ ᠲᠠᠪᠠᠭᠤᠯᠢᠭ ᠢ ᠬᠦᠴᠤᠯᠠᠨ ᠡᠬᠦᠳᠴᠤ᠂ ᠷᠠᠰᠢᠶᠠᠨ ᠤ ᠶᠠᠷᠢᠶᠠᠨ ᠤ ᠲᠠᠪᠴᠠᠩ᠂ ᠲᠤᠮᠳᠠᠳᠤ ᠮᠤᠩᠭᠤᠯ ᠤᠷᠤᠰ | ᠤᠯᠠᠨ ᠤᠯᠤᠰ ᠤᠨ ᠪᠤᠬᠢᠷᠳᠤᠯ ᠦᠭᠡᠢ ᠦᠢᠯᠡᠳᠬᠦᠨ ᠤ ᠦᠵᠡᠰᠬᠦᠯᠡᠩ ᠵᠡᠷᠭᠡ ᠤᠯᠠᠨ ᠤᠯᠤᠰ ᠤᠨ ᠰᠤᠯᠢᠯᠴᠠᠭᠠᠨ ᠤ | ᠠᠵᠢᠯᠯᠠᠭ᠎ᠠ ᠶᠢ ᠦᠷᠭᠦᠯᠵᠢᠯᠡᠨ ᠰᠠᠶᠢᠳᠤᠷ ᠬᠢᠵᠤ᠂ ᠤᠢᠢᠷ᠎ᠠ ᠬᠠᠪᠢ ᠶᠢᠨ ᠮᠤᠵᠢ ᠤᠷᠤᠨ᠂ ᠠᠶᠢᠮᠠᠭ ᠬᠤᠳᠠ ᠵᠢᠴᠢ | ᠪᠡᠭᠡᠵᠢᠩ ᠲᠢᠶᠠᠨᠵᠢᠨ ᠡᡁᠧᠪᠸᠢ᠂ ᠬᠦᠬᠡ ᠮᠦᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ | ᠬᠤᠶᠢᠭ ᠵᠡᠷᠭᠡ ᠠᠵᠤ ᠠᠬᠤᠢ ᠬᠦᠭᠵᠢᠭᠰᠡᠨ ᠭᠠᠵᠠᠷ ᠤᠷᠤᠨ ᠲᠠᠢ ᠴᠢᠯᠤᠭᠡᠳᠠᠢ ᠬᠠᠮᠵᠢᠯᠴᠠᠭ᠎ᠠ ᠪᠠᠨ | ᠬᠦᠨᠵᠡᠭᠡᠶᠢᠷᠡᠬᠦᠯᠤᠨ᠂ ︽ᠤᠯᠠᠭᠠᠨᠬᠤᠳᠠ ᠷᠠᠰᠢᠶᠠᠨ ᠬᠠᠶᠢᠯᠠᠷ ᠮᠠᠨᠵᠥᠤᠷ︾ ᠪᠠ ︽ᠬᠢᠩᠭᠠᠨ ᠠᠶᠢᠮᠠᠭ ᠪᠠᠶᠢᠴᠧᠩ | ᠴᠢᠴᠢᠬᠠᠷ︾ ᠤᠨ ᠠᠵᠤ ᠠᠬᠤᠢ ᠮᠤᠵᠢ ᠠᠯᠤᠰᠯᠠᠭᠰᠠᠨ ᠬᠤᠷᠰᠢᠶᠠᠵᠢᠯ ᠤᠨ ᠤᠷᠤᠨ ᠤ ᠪᠦᠳᠤᠭᠡᠨ ᠪᠠᠶᠢᠭᠤᠯᠤᠯᠳᠠ ᠶᠢ | ᠲᠦᠯᠬᠢᠨ ᠠᠬᠢᠭᠤᠯᠵᠤ᠂ ᠪᠤᠭᠤᠮᠳᠠ ᠶᠢᠨ ᠠᠵᠤ ᠠᠬᠤᠢ ᠶᠢᠨ ᠬᠦᠭᠵᠢᠯᠳᠠ ᠶᠢ ᠬᠦᠴᠤᠯᠠᠨ ᠬᠦᠭᠵᠢᠬᠦᠯᠵᠤ᠂ | ᠨᠡᠭᠡᠭᠡᠯᠳᠡᠳᠤ ᠴᠢᠨᠠᠷᠳᠠᠢ ᠠᠵᠤ ᠠᠬᠤᠢ ᠶᠢᠨ ᠬᠦᠭᠵᠢᠯᠳᠡ ᠶᠢᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠳᠠ | ᠦᠭᠡᠢ ᠲᠡᠭᠡᠭᠰᠢᠯᠡᠬᠦᠯᠤᠨ᠎ᠠ᠃ ᠰᠢᠨ᠎ᠠ ᠶᠢ ᠡᠬᠦᠳᠬᠦ ᠬᠦᠳᠡᠯᠭᠡᠭᠴᠢ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ | ᠬᠡᠷᠡᠭᠵᠢᠬᠦᠯᠵᠤ᠂ ᠰᠢᠨ᠎ᠠ ᠶᠢ ᠡᠬᠦᠳᠬᠦ ᠶᠢ ᠵᠤᠷᠢᠭᠵᠢᠭᠤᠯᠤᠨ ᠲᠡᠮᠵᠢᠬᠦ ᠠᠷᠭ᠎ᠠ ᠠᠪᠴᠠᠯ ᠢ ᠰᠤᠳᠤᠯᠤᠨ ᠲᠤᠭᠳᠠᠭᠠᠵᠤ᠂ | ᠰᠢᠨ᠎ᠠ ᠶᠢ ᠡᠬᠦᠳᠬᠦ ᠴᠢᠳᠠᠪᠤᠷᠢᠳᠠᠨ ᠢ ᠬᠦᠮᠤᠵᠢᠬᠦᠯᠤᠨ ᠲᠠᠳᠠᠨ ᠤᠷᠤᠭᠤᠯᠬᠤ ᠶᠢ ᠴᠢᠩᠭᠠᠳᠬᠠᠨ᠂ ᠰᠢᠨ᠎ᠠ ᠶᠢ ᠡᠬᠦᠳᠬᠦ | ᠲᠠᠪᠴᠠᠩ ᠤᠨ ᠪᠦᠳᠤᠭᠡᠨ ᠪᠠᠶᠢᠭᠤᠯᠤᠯᠳᠠ ᠶᠢ ᠬᠦᠨᠵᠡᠭᠡᠢ ᠬᠡᠷᠡᠭᠵᠢᠬᠦᠯᠵᠤ᠂ ᠬᠡᠷᠡᠭᠯᠡᠭᠡᠨ ᠤ ᠦᠨᠳᠤᠷ ᠰᠢᠨ᠎ᠠ | ᠮᠡᠷᠭᠡᠵᠢᠯ ᠤᠨ ᠦᠷ᠎ᠠ ᠪᠦᠮᠳᠤᠵᠢ ᠶᠢ ᠬᠤᠪᠢᠷᠠᠭᠤᠯᠬᠤ᠂ ᠭᠤᠥᠯᠳᠠᠯᠭ᠎ᠠ ᠲᠠᠢ ᠬᠦᠷᠢᠶ᠎ᠠ ᠬᠡᠪᠴᠢᠶ᠎ᠠ ᠶᠢᠨ ᠴᠢᠬᠤᠯᠠ | ᠬᠠᠮᠳᠤ ᠶᠢᠨ ᠴᠢᠨᠠᠷᠳᠠᠢ ᠮᠡᠷᠭᠡᠵᠢᠯ ᠤᠨ ᠪᠤᠭᠤᠮᠳᠠ ᠰᠢᠪᠳᠤᠯᠬᠤ ︽ᠭᠤᠷᠪᠠᠨ ᠶᠡᠭᠡ ᠢᠨᠵᠧᠨᠧᠷᠢᠩ︾ ᠢ ᠬᠦᠨᠵᠡᠭᠡᠢ | ᠬᠡᠷᠡᠭᠵᠢᠬᠦᠯᠵᠤ᠂ ᠤᠯᠤᠰ ᠪᠠ ᠦᠪᠠᠷᠳᠡᠭᠡᠨ ᠵᠠᠰᠠᠬᠤ ᠤᠷᠤᠨ ᠤ ᠰᠢᠨ᠎ᠠ ᠶᠢ ᠡᠬᠦᠳᠬᠦ ᠲᠠᠪᠴᠠᠩ ᠪᠠ ᠴᠢᠬᠤᠯᠠ ᠶᠡᠭᠡ | ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠲᠦᠬᠦᠭᠡᠷᠤᠮᠵᠢ ᠶᠢ ᠮᠠᠨ ᠤ ᠠᠶᠢᠮᠠᠭ ᠲᠤ ᠨᠤᠳᠤᠬᠰᠢᠭᠤᠯᠬᠤ ᠪᠠᠷ | ᠢᠳᠡᠪᠬᠢᠳᠠᠢ ᠴᠢᠷᠮᠠᠶᠢᠵᠤ᠂ ᠶᠤᠸᠠᠨ ᠯᠦᠩ ᠫᠢᠩ ᠤᠨ ᠤᠰᠤᠨ ᠲᠤᠳᠤᠷᠭ᠎ᠠ ᠶᠢᠨ ᠠᠺᠠᠳᠧᠮᠢᠴᠢ ᠲᠤᠰᠬᠠᠢ | ᠮᠡᠷᠭᠡᠵᠢᠯᠳᠠᠨ ᠤ ᠠᠵᠢᠯᠠᠬᠤ ᠦᠷᠳᠡᠭᠡ ᠶᠢᠨ ᠦᠢᠯᠡᠳᠤᠯ ᠢ ᠬᠦᠢᠴᠡᠳ ᠪᠠᠳᠠᠷᠠᠭᠤᠯᠵᠤ᠂ ᠬᠦᠭᠵᠢᠯᠳᠠ ᠶᠢᠨ ᠬᠠᠮᠤᠬ | ᠦᠨᠳᠤᠷ ᠴᠡᠭ ᠢ ᠡᠵᠡᠯᠡᠨ᠂ ᠵᠠᠬ᠎ᠠ ᠲᠡᠯᠭᠡᠬᠦᠷ ᠤᠨ ᠶᠠᠷᠢᠬᠤ ᠡᠷᠭᠡ᠂ ᠠᠵᠤ ᠦᠢᠯᠡᠰ ᠢ ᠳᠡᠰ ᠳᠡᠪᠰᠢᠬᠦᠯᠬᠦ | ᠦᠷᠢᠰᠤᠯᠳᠤᠬᠦ ᠬᠦᠴᠤᠨ ᠢ ᠨᠡᠮᠡᠭᠳᠡᠬᠦᠯᠬᠦ ᠬᠡᠷᠡᠭᠳᠡᠢ᠃ | ᠠᠵᠦ ᠠᠬᠤᠢ ᠶᠢᠨ ᠴᠢᠨᠠᠷ ᠰᠠᠶᠢᠳᠠᠢ ᠳᠠᠪᠠᠯᠳᠠᠳᠤ ᠬᠦᠭᠵᠢᠯᠲᠠ ᠶᠢ ᠲᠦᠯᠬᠢᠨ ᠠᠬᠢᠭᠤᠯᠵᠦ᠂ ᠬᠦᠨᠲᠦ ᠶᠡᠭᠡ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠳᠦᠷ ᠬᠢᠨ᠎ᠠ᠃ ᠡᠯ᠎ᠠ ᠱᠠᠲᠦ ᠪᠠᠷ ᠢᠶᠠᠨ ᠡᠷᠬᠡᠪᠰᠢ | ᠰᠡᠷᠭᠡᠭ ᠲᠠᠨᠢᠯᠲᠠ ᠲᠠᠢ ᠪᠠᠶᠢᠵᠤ᠂ ᠳᠡᠭᠡᠲᠦ ᠬᠡᠮᠵᠢᠶ᠎ᠠ ᠪᠠᠷ ᠬᠦᠨᠳᠦᠳᠭᠡᠵᠦ᠂ ᠢᠳᠡᠪᠬᠢᠲᠠᠢ ᠰᠢᠢᠳᠪᠦᠷᠢᠯᠡᠬᠦ ᠮᠦᠷᠳᠡᠭᠡᠨ | ᠬᠡᠲᠦᠷᠬᠡᠢ ᠶᠡᠭᠡᠰᠭᠡᠵᠦ᠂ ᠨᠢᠭᠡ ᠯᠡ ᠴᠠᠬ ᠢᠶᠠᠷ ᠪᠦᠳᠦᠭᠡᠬᠦ ᠶᠢ ᠶᠠᠭᠠᠷᠠᠵᠤ ᠪᠤᠯᠬᠤ ᠦᠭᠡᠢ᠃ ᠦᠷᠢ ᠦᠭᠴᠡᠭᠡ ᠪᠤᠯᠤᠨ | ᠬᠦᠭᠵᠢᠯᠲᠠ ᠶᠢᠨ ᠬᠠᠷᠢᠴᠠᠭ᠎ᠠ ᠶᠢ ᠵᠦᠪ ᠤᠨᠤᠪᠴᠢᠲᠠᠢ ᠰᠢᠢᠳᠪᠦᠷᠢᠯᠡᠵᠦ᠂ ᠠᠵᠢᠯ ᠤᠨ ᠬᠦᠳᠡᠯᠦᠩᠭᠦᠢ ᠴᠢᠨᠠᠷ ᠢ | ᠴᠢᠩᠭᠠᠳᠬᠠᠨ᠂ ᠦᠷᠢ ᠦᠭᠴᠡᠭᠡ ᠶᠢ ᠠᠷᠢᠯᠭᠠᠬᠤ ᠪᠤᠯᠤᠨ ᠬᠦᠴᠦᠯᠡᠴᠡ ᠶᠢ ᠲᠤᠬᠢᠷᠠᠮᠵᠢᠲᠠᠢ ᠡᠵᠡᠮᠰᠢᠵᠦ᠂ ᠤᠯᠠᠨ | ᠲᠠᠯ᠎ᠠ ᠪᠠᠷ ᠪᠤᠳᠤᠯᠬᠢᠯᠠᠵᠤ᠂ ᠬᠤᠭᠤᠴᠠᠭᠠᠨ ᠨᠢ ᠲᠤᠯᠤᠬᠰᠠᠨ ᠦᠭᠴᠡᠭᠡ ᠶᠢ ᠴᠠᠬ ᠲᠤᠬᠠᠢ ᠳᠤᠨᠢ ᠠᠷᠢᠯᠭᠠᠵᠦ᠂ | ᠡᠭᠦᠨ ᠤ ᠬᠠᠮᠲᠦ ᠲᠦᠪ ᠭᠤᠤᠯᠴᠢ ᠶᠢ ᠪᠠᠷᠢᠮᠳᠠᠯᠠᠨ᠂ ᠡᠩ ᠤᠨ ᠵᠢᠭᠡᠯᠡᠯᠭᠡ ᠶᠢᠨ ᠲᠡᠮᠳᠡᠭᠲᠦ ᠪᠠ ᠲᠤᠰᠬᠠᠢ | ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠦᠡᠭᠬᠦ ᠶᠢ ᠰᠠᠶᠢᠳᠦᠷ ᠬᠡᠷᠡᠭᠯᠡᠵᠦ᠂ ᠤᠯᠠᠨ ᠲᠠᠪᠬᠤᠷᠭ᠎ᠠ ᠶᠢᠨ ᠬᠦᠷᠦᠩᠬᠡ ᠶᠢᠨ | ᠵᠠᠬ᠎ᠠ ᠳᠡᠯᠭᠡᠭᠦᠷ ᠢ ᠰᠠᠶᠢᠳᠦᠷ ᠠᠰᠢᠬᠯᠠᠵᠤ᠂ ᠡᠯ᠎ᠠ ᠲᠦᠷᠦᠯ ᠤᠨ ᠮᠦᠡᠭᠭᠦᠨ ᠭᠦᠢᠯᠭᠡᠭᠡᠨ ᠤ ᠬᠠᠤᠯᠢ ᠶᠢ ᠵᠦᠷᠢᠴᠡᠭᠰᠡᠨ | ᠤᠢᠢᠯᠡ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ ᠰᠢᠰᠲᠧᠮᠲᠦ ᠴᠢᠨᠠᠷ ᠪᠤᠯᠤᠨ ᠭᠠᠵᠠᠷ ᠤᠷᠤᠨᠴᠢ ᠴᠢᠨᠠᠷᠲᠠᠢ | ᠮᠦᠡᠭᠭᠦᠨ ᠭᠦᠢᠯᠭᠡᠭᠡᠨ ᠤ ᠠᠶᠤᠯ ᠲᠦᠭᠰᠢᠭᠦᠷᠢ ᠡᠭᠦᠰᠬᠦ ᠦᠬᠡᠢ ᠪᠠᠶᠢᠬᠤ ᠶᠢ ᠪᠠᠳᠤᠯᠠᠬᠤ ᠭᠡᠷᠡᠭᠳᠡᠢ᠃ | ︵ᠭᠤᠷᠪᠠ︶ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠦᠯᠢᠭᠡᠷ ᠬᠡᠪ ᠤᠨ ᠤᠷᠤᠨ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠵᠦ᠂ ᠲᠠᠷᠢᠶᠠᠯᠠᠩ ᠮᠠᠯ ᠠᠵᠦ ᠠᠬᠤᠢ ᠪᠤᠯᠤᠨ ᠬᠦᠳᠡᠭᠡ ᠲᠤᠰᠬᠤᠨ ᠮᠠᠯᠵᠢᠬᠤ | ᠤᠷᠤᠨ ᠤ ᠤᠳᠤᠬᠢᠴᠢᠯᠡᠯᠲᠡ ᠶᠢᠨ ᠠᠯᠬᠤᠮ ᠢ ᠲᠦᠷᠭᠡᠳᠭᠡᠨ᠎ᠠ᠃ ︽ᠬᠦᠳᠡᠭᠡ ᠲᠤᠰᠬᠤᠨ ᠢ ᠬᠦᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠪᠤᠯ ᠰᠢᠨ᠎ᠠ ᠴᠠᠬ ᠦᠶ᠎ᠠ ᠶᠢᠨ ︿ᠬᠦᠳᠡᠭᠡ ᠲᠤᠰᠬᠤᠨ ᠬᠦᠳᠡᠭᠡ ᠠᠵᠦ ᠠᠬᠤᠢ | ᠮᠠᠯᠴᠢᠨ ᠲᠠᠷᠢᠶᠠᠴᠢᠨ﹀ ᠤ ᠠᠵᠢᠯ ᠤᠨ ᠶᠡᠷᠦᠩᠬᠡᠢ ᠭᠠᠷᠳᠠᠴᠠ ᠮᠦᠨ︾ ᠭᠡᠵᠦ ᠰᠢ ᠶᠢᠨ ᠫᠢᠡᠭ ᠶᠡᠷᠦᠩᠬᠡᠢ ᠱᠦᠵᠢ | ᠵᠢᠭᠠᠵᠦ ᠭᠠᠷᠭᠠᠵᠠᠢ᠂ ᠮᠦᠨ ᠴᠤ ︽ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠢ | ᠰᠠᠶᠢᠳᠦᠷ ᠬᠢᠬᠦ ᠪᠤᠯ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠲᠤᠤᠱᠯᠠᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠦᠨ︾ ᠭᠡᠵᠦ ᠴᠢᠩᠭᠠᠳᠬᠠᠵᠠᠢ᠃ ᠪᠢᠳᠡ ᠡᠷᠭᠡᠪᠰᠢ ᠠᠵᠦ | ᠤᠢᠢᠯᠡᠰ ᠬᠦᠭᠵᠢᠩᠬᠦᠢ᠂ ᠰᠠᠭᠤᠷᠢᠰᠢᠨ ᠠᠮᠢᠳᠤᠷᠠᠬᠤ᠋ ᠳᠤ ᠲᠤᠬᠢᠷᠠᠮᠵᠢᠲᠢ᠂ ᠬᠦᠳᠡᠭᠡ ᠲᠤᠰᠬᠤᠨ ᠤ ᠪᠤᠯᠪᠠᠰᠦᠨ ᠵᠠᠩ | ᠳᠠᠳᠬᠠᠯ ᠲᠠᠢ᠂ ᠵᠠᠰᠠᠨ ᠴᠡᠭᠴᠡᠯᠡᠯᠳᠡ ᠦᠷ᠎ᠠ ᠪᠦᠳᠦᠮᠵᠢᠳᠡᠢ᠂ ᠠᠮᠢᠳᠦᠷᠠᠯ ᠪᠠᠶᠠᠨ ᠴᠢᠨᠡᠭᠡᠯᠢᠭ ᠪᠠᠶᠢᠬᠤ ᠱᠠᠭᠠᠷᠳᠠᠯᠭ᠎ᠠ | ᠶᠤᠰᠤᠭᠠᠷ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠰᠢᠢᠳᠪᠦᠷᠢᠲᠦ ᠳᠠᠶᠢᠯᠠᠯᠳᠤᠭᠠᠨ ᠤ | ᠡᠴᠦᠰ ᠤᠨ ᠢᠯᠠᠯᠲᠠ ᠶᠢ ᠤᠯᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠭᠦᠨᠵᠡᠭᠡᠢ ᠲᠦᠯᠬᠢᠨ ᠠᠬᠢᠭᠤᠯᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠦᠯᠢᠭᠡᠷ ᠬᠡᠪ ᠤᠨ | ᠤᠷᠤᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠦ᠂ ᠲᠠᠷᠢᠶᠠᠯᠠᠩ ᠮᠠᠯ ᠠᠵᠦ ᠠᠬᠤᠢ ᠶᠢᠨ ᠪᠦᠬᠦ ᠲᠠᠯ᠎ᠠ ᠪᠠᠷ ᠳᠡᠰ | ᠳᠡᠪᠰᠢᠬᠦ᠂ ᠬᠦᠳᠡᠭᠡ ᠲᠤᠰᠬᠤᠨ ᠮᠠᠯᠵᠢᠬᠤ ᠤᠷᠤᠨ ᠤ ᠪᠦᠬᠦ ᠲᠠᠯ᠎ᠠ ᠪᠠᠷ ᠤᠷᠤᠬᠰᠢᠯᠡᠨ ᠲᠠᠪᠰᠢᠬᠤ᠂ ᠲᠠᠷᠢᠶᠠᠴᠢᠨ | ᠮᠠᠯᠴᠢᠨ ᠤ ᠪᠦᠬᠦ ᠲᠠᠯ᠎ᠠ ᠪᠠᠷ ᠬᠦᠭᠵᠢᠬᠦ ᠶᠢ ᠲᠦᠯᠬᠢᠨ ᠠᠬᠢᠭᠤᠯᠬᠤ ᠭᠡᠷᠡᠭᠳᠡᠢ᠃ | ᠨᠢᠭᠡ ᠳᠤ᠂ ᠤᠨᠢᠨ ᠳᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠤᠯᠬᠤ ᠲᠠᠶᠢᠯᠠᠯᠳᠤᠭᠠᠨ ᠢ | ᠡᠷᠡᠰ ᠰᠠᠶᠢᠳᠦᠷ ᠬᠢᠬᠦ ᠭᠡᠷᠡᠭᠳᠡᠢ᠃ ᠬᠠᠷᠠᠯᠲᠠ ᠪᠠᠨ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠳᠠᠯᠠᠵᠦ᠂ ᠳᠦᠷᠪᠡᠨ | ᠱᠠᠳᠤᠨ ᠤ ᠱᠦᠵᠢ ᠶᠠᠳᠠᠭᠤ ᠶᠢ ᠳᠡᠳᠬᠦᠬᠦ ᠠᠵᠢᠯ ᠢ ᠠᠳᠬᠤᠵᠤ᠂ ᠶᠠᠳᠠᠭᠤ ᠬᠦᠴᠢᠷᠳᠡᠯᠲᠠᠢ ᠡᠷᠦᠭᠡ ᠪᠠᠷ | ᠭᠦᠨᠵᠡᠭᠡᠶᠢᠷᠡᠬᠦ ᠱᠠᠭᠠᠷᠳᠠᠯᠭ᠎ᠠ ᠶᠢ ᠨᠠᠶᠢᠳᠠᠪᠦᠷᠢᠵᠢᠭᠤᠯᠵᠦ᠂ ᠪᠤᠭᠤᠮᠳᠠ ᠰᠢᠪᠳᠤᠯᠬᠤ ᠬᠦᠴᠦᠯᠡᠴᠠ ᠪᠠᠨ ᠨᠡᠮᠡᠭᠳᠡᠭᠦᠯᠵᠦ᠂ | ᠨᠢᠭᠡ ᠯᠡ ᠠᠮᠢᠰᠬᠤᠭ᠎ᠠ ᠪᠠᠷ ᠰᠢᠢᠳᠪᠦᠷᠢᠲᠦ ᠲᠠᠶᠢᠨ ᠤ ᠡᠴᠦᠰ ᠤᠨ ᠢᠯᠡᠯᠲᠡ ᠶᠢ ᠤᠯᠤᠨ᠎ᠠ᠃ ︽ᠢᠳᠡᠬᠦ | ᠡᠮᠤᠰᠬᠦ ᠳᠡᠭᠡᠨ ᠵᠤᠪᠠᠭ᠋ᠤ ᠦᠭᠡᠢ᠂ ᠠᠯᠪᠠᠨ ᠵᠢᠷᠦᠮ ᠤᠨ ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠭᠡ᠂ | ᠰᠠᠭᠤᠬᠤ ᠭᠡᠷ ᠤᠨ ᠠᠮᠤᠷ ᠲᠦᠪᠰᠢᠨ ᠢ ᠪᠠᠳᠤᠯᠠᠬᠤ︾ ᠶᠢᠨ ᠳᠤᠮᠳᠠ ᠤᠷᠤᠰᠢᠵᠦ ᠪᠠᠶᠢᠭ᠎ᠠ ᠲᠤᠪᠤᠶᠢᠮ᠎ᠠ ᠠᠰᠠᠭᠤᠳᠠᠯ ᠢ | ᠭᠤᠤᠯᠳᠠᠯᠭ᠎ᠠ ᠲᠠᠢ ᠰᠢᠢᠳᠪᠦᠷᠢᠯᠡᠵᠤ᠂ ᠠᠵᠦ ᠤᠢᠢᠯᠡᠰ᠂ ᠰᠤᠷᠭᠠᠨ ᠬᠦᠮᠦᠵᠢᠯ᠂ ᠡᠷᠡᠭᠦᠯ ᠴᠢᠬᠢᠷᠠᠬ᠂ ᠨᠠᠶᠢᠭᠡᠮ ᠤᠨ | ᠪᠠᠲᠦᠯᠠᠭ᠎ᠠ ᠵᠡᠷᠭᠡ ᠶᠠᠳᠠᠭᠤ ᠶᠢ ᠲᠡᠳᠬᠦᠬᠦ ᠠᠷᠭ᠎ᠠ ᠠᠪᠴᠠᠯ ᠢ ᠴᠢᠩᠭᠠᠳᠬᠠᠵᠦ᠂ ᠶᠠᠳᠠᠭᠤ ᠶᠢ ᠲᠡᠳᠬᠦᠬᠦ ᠪᠡᠯᠡ | ᠮᠦᠡᠭᠬᠦ ᠶᠢ ᠬᠡᠷᠡᠭᠯᠡᠬᠦ ᠦᠷ᠎ᠠ ᠠᠰᠢᠬ ᠢ ᠲᠡᠭᠡᠭᠰᠢᠯᠡᠬᠦᠯᠵᠤ᠂ ᠶᠠᠳᠠᠭᠤ ᠬᠦᠴᠢᠷᠲᠠᠯᠲᠠᠢ ᠤᠯᠠᠨ ᠲᠦᠮᠡᠨ ᠤ ᠳᠤᠳᠤᠭᠠᠲᠦ | ᠬᠦᠳᠡᠯᠭᠡᠬᠦ ᠬᠦᠴᠦᠨ ᠪᠤᠯᠤᠨ ᠦᠪᠡᠷ ᠢᠶᠠᠨ ᠬᠦᠭᠵᠢᠬᠦ ᠴᠢᠳᠠᠪᠦᠷᠢ ᠶᠢ ᠴᠢᠩᠭᠠᠳᠬᠠᠨ᠂ ᠬᠤᠷᠴᠢᠨ ᠪᠠᠷᠠᠭᠤᠨ ᠭᠠᠷᠦᠨ | ᠡᠮᠤᠨᠡᠲᠦ ᠬᠤᠰᠢᠭᠤ ᠪᠤᠯᠦᠨ ᠲᠦᠴᠢᠤᠸᠠᠨ ᠰᠢᠶᠠᠨ ᠤ ᠴᠢᠨᠠᠷ ᠰᠠᠶᠢᠳᠠᠢ ᠪᠠᠷ ᠶᠠᠳᠠᠭᠤ ᠶᠢᠨ ᠮᠠᠯᠠᠭᠠᠢ ᠶᠢ ᠠᠪᠬᠤ | ᠡᠭᠦᠷᠭᠡ ᠶᠢ ᠲᠤᠰ ᠵᠢᠯ ᠤᠨ ᠲᠤᠬᠳᠠᠬᠰᠠᠨ ᠴᠠᠬ ᠲᠠᠭᠠᠨ ᠪᠡᠶᠡᠯᠡᠬᠦᠯᠬᠦ ᠶᠢ ᠪᠠᠲᠦᠯᠠᠨ᠎ᠠ᠃ ᠶᠠᠳᠠᠭᠤ ᠠᠴᠠ | ᠠᠩᠬᠢᠵᠢᠷᠠᠬᠰᠠᠨ ᠭᠠᠵᠠᠷ ᠤᠷᠤᠨ ᠳᠤ᠂ ᠪᠤᠭᠤᠮᠳᠠ ᠰᠢᠪᠳᠤᠯᠬᠤ ᠬᠤᠭᠤᠴᠠᠭᠠᠨ ᠳᠠᠬᠢ ᠶᠠᠳᠠᠭᠤ ᠶᠢ ᠲᠡᠳᠬᠦᠬᠦ | ᠬᠦᠴᠦᠯᠡᠴᠡ ᠪᠠᠨ ᠪᠠᠭᠤᠷᠠᠭᠤᠯᠬᠤ ᠦᠭᠡᠢ᠂ ᠲᠦᠷᠦ ᠶᠢᠨ ᠪᠤᠳᠤᠯᠭ᠎ᠠ ᠪᠠᠨ ᠬᠤᠪᠢᠷᠠᠭᠤᠯᠬᠤ ᠦᠭᠡᠢ᠂ | ᠬᠠᠷᠢᠭᠤᠴᠠᠯᠭ᠎ᠠ ᠪᠠᠨ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠳᠠᠯᠠᠵᠦ᠂ ᠶᠠᠳᠠᠭᠤ ᠠᠴᠠ ᠠᠩᠬᠢᠵᠢᠷᠠᠭᠤᠯᠬᠤ ᠦᠷ᠎ᠠ | ᠪᠦᠲᠦᠭᠡᠯ ᠢ ᠦᠷᠬᠦᠯᠵᠢᠯᠡᠨ ᠪᠠᠬᠢᠵᠢᠭᠦᠯᠵᠦ᠂ ᠶᠠᠳᠠᠭᠤ ᠠᠴᠠ ᠠᠩᠬᠢᠵᠢᠷᠠᠭᠤᠯᠬᠤ ᠴᠢᠨᠠᠷ ᠴᠢᠨᠰᠠᠭ᠎ᠠ ᠶᠢ ᠲᠠᠰᠦᠷᠠᠯᠲᠠ | ᠦᠭᠡᠢ ᠳᠡᠰ ᠳᠡᠪᠰᠢᠭᠦᠯᠦᠨ᠎ᠠ᠃ ᠲᠦᠪ ᠤᠨ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠤᠯᠬᠤ ᠲᠤᠰᠬᠠᠢ | ᠲᠤᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠬᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ | ᠠᠳᠬᠤᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠤᠯᠤᠨ ᠶᠠᠳᠠᠭᠤ ᠠᠴᠠ ᠠᠩᠬᠢᠵᠢᠷᠠᠭᠤᠯᠤᠨ | ᠪᠤᠭᠤᠮᠳᠠ ᠰᠢᠪᠳᠤᠯᠬᠤ ᠶᠢ ᠰᠠᠶᠢᠳᠦᠷ ᠲᠦᠯᠦᠪᠵᠢᠭᠦᠯᠦᠨ᠂ ᠲᠠᠩᠰᠠ ᠺᠠᠷᠲ ᠲᠠᠢ ᠶᠠᠳᠠᠭᠤ ᠬᠦᠴᠢᠷᠲᠠᠯᠳᠠᠢ ᠡᠷᠦᠭᠡ | ᠪᠤᠯᠤᠨ ᠶᠠᠳᠠᠭᠤ ᠶᠢᠨ ︽ᠨᠠᠭᠠᠨ᠎ᠠ ᠴᠠᠭᠠᠨ᠎ᠠ ᠶᠢᠨ ᠡᠷᠦᠭᠡ︾ ᠶᠢᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ | ᠰᠠᠶᠢᠳᠦᠷ ᠵᠤᠬᠢᠴᠠᠭᠤᠯᠵᠦ᠂ ᠳᠠᠬᠢᠵᠦ ᠶᠠᠳᠠᠭᠤᠷᠠᠬᠤ ᠪᠠ ᠶᠠᠳᠠᠭᠤ ᠬᠦᠴᠢᠳᠠᠯᠲᠠᠢ ᠡᠷᠦᠭᠡ ᠰᠢᠨ᠎ᠠ ᠪᠠᠷ ᠪᠤᠢ ᠪᠤᠯᠬᠤ ᠶᠢ | ᠰᠡᠷᠭᠡᠶᠢᠯᠡᠨ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠪᠠᠷ ᠬᠦᠳᠡᠭᠡ ᠲᠤᠰᠬᠤᠨ ᠢ | ᠬᠦᠭᠵᠢᠬᠦᠯᠬᠦ ᠶᠢ ᠠᠬᠢᠭᠤᠯᠵᠦ᠂ ᠬᠦᠳᠡᠭᠡ ᠲᠤᠰᠬᠤᠨ ᠤ ᠬᠦᠭᠵᠢᠨ ᠮᠠᠨᠳᠤᠯᠳᠠ ᠪᠠᠷ ᠶᠠᠳᠠᠭᠤ ᠠᠴᠠ ᠠᠩᠬᠢᠵᠢᠷᠠᠭᠤᠯᠬᠤ | ᠦᠷ᠎ᠠ ᠪᠦᠲᠦᠭᠡᠯ ᠢ ᠪᠠᠬᠢᠵᠢᠭᠦᠯᠦᠨ᠎ᠠ᠃ | ᠬᠤᠶᠠᠷ ᠲᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠦᠯᠢᠭᠡᠷ ᠬᠡᠪ ᠤᠨ ᠤᠷᠤᠨ ᠢ ᠪᠦᠲᠦᠭᠡᠨ | ᠪᠠᠶᠢᠭᠤᠯᠬᠤ ᠶᠢ ᠪᠦᠬᠦ ᠬᠦᠴᠦᠨ ᠢᠶᠠᠷ ᠰᠠᠶᠢᠳᠦᠷ ᠠᠳᠬᠤᠬᠤ ᠭᠡᠷᠡᠭᠳᠡᠢ᠃ ᠤᠢᠢᠷ᠎ᠠ ᠶᠢᠨ ᠬᠤᠭᠤᠴᠠᠭᠠᠨ ᠳᠤ᠂ | ᠠᠶᠢᠮᠠᠭ ᠤᠨ ᠨᠠᠮ ᠤᠨ ᠬᠤᠷᠢᠶ᠎ᠠ ᠠᠴᠠ ︽ᠬᠢᠨᠭ᠍ᠭᠠᠨ ᠠᠶᠢᠮᠠᠭ ᠤᠨ ᠬᠦᠳᠡᠭᠡ ᠲᠤᠰᠬᠤᠨ ᠢ ᠬᠦᠭᠵᠢᠭᠦᠯᠦᠨ | ᠮᠠᠨᠳᠤᠭᠤᠯᠬᠤ ᠦᠯᠢᠭᠡᠷ ᠬᠡᠪ ᠤᠨ ᠤᠷᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢᠨ ᠲᠦᠰᠦᠪ︾ ᠢ ᠨᠠᠶᠢᠲᠡᠯᠡᠵᠦ᠂ | ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠤᠰᠬᠤᠨ ᠢ ᠪᠦᠲᠦᠭᠡᠨ | ᠪᠠᠶᠢᠭᠤᠯᠬᠤ ᠪᠠᠷ ᠤᠳᠤᠷᠢᠳᠤᠮᠵᠢ ᠪᠤᠯᠭᠠᠵᠦ᠂ ᠴᠡᠭ ᠢᠶᠠᠷ ᠪᠦᠬᠦ ᠲᠠᠯ᠎ᠠ ᠶᠢ ᠳᠠᠶᠢᠴᠢᠯᠠᠵᠦ᠂ ᠴᠡᠭ ᠪᠠ ᠪᠦᠬᠦ ᠲᠠᠯ᠎ᠠ ᠶᠢ | ᠤᠶᠠᠯᠳᠤᠭᠤᠯᠦᠨ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠦᠯᠢᠭᠡᠷ ᠬᠡᠪ ᠤᠨ ᠤᠷᠤᠨ ᠤ ᠪᠦᠲᠦᠭᠡᠨ | ᠪᠠᠶᠢᠭᠤᠯᠤᠯᠲᠠ ᠶᠢ ᠲᠤᠬᠳᠠᠭᠤᠨ ᠢᠶᠠᠷ ᠲᠦᠯᠬᠢᠨ ᠠᠬᠢᠭᠤᠯᠤᠨ᠎ᠠ᠃ ᠠᠵᠦ ᠤᠢᠢᠯᠡᠰ ᠤᠨ ᠬᠦᠭᠵᠢᠯᠲᠠ ᠶᠢᠨ | ᠰᠠᠭᠤᠷᠢ ᠶᠢ ᠤᠯᠠᠮ ᠨᠢᠭᠡ ᠠᠯᠬᠤᠮ ᠪᠠᠲᠦᠳᠬᠠᠵᠦ᠂ ᠳᠠᠪᠠᠭᠤᠯᠢᠬ ᠤᠨᠴᠠᠯᠢᠬᠲᠦ ᠠᠵᠦ ᠤᠢᠢᠯᠡᠰ ᠢ ᠴᠤᠬᠴᠠᠯᠠᠵᠦ᠂ | ᠲᠠᠷᠢᠶᠠᠯᠠᠩ ᠮᠠᠯ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠲᠠ ᠪᠠᠷ ᠬᠠᠷᠠᠯᠳᠠ ᠪᠤᠯᠭᠠᠵᠤ᠂ ᠲᠠᠷᠢᠶᠠᠯᠠᠩ ᠮᠠᠯ | ᠠᠵᠦ ᠠᠬᠤᠢ ᠶᠢᠨ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠨ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠢ | ᠲᠦᠯᠬᠢᠨ ᠠᠬᠢᠭᠤᠯᠵᠦ᠂ ᠤᠳᠤ ᠦᠶ᠎ᠠ ᠶᠢᠨ ᠲᠠᠷᠢᠶᠠᠯᠠᠩ ᠮᠠᠯ ᠠᠵᠦ ᠠᠬᠤᠢ ᠶᠢᠨ ᠠᠵᠦ ᠤᠢᠢᠯᠡᠰ ᠤᠨ ᠰᠢᠰᠲᠧᠮ᠂ | ᠤᠢᠢᠯᠡᠳᠪᠦᠷᠢᠯᠡᠯ ᠤᠨ ᠰᠢᠰᠲᠧᠮ᠂ ᠡᠵᠡᠩᠨᠡᠯᠲᠡ ᠶᠢᠨ ᠰᠢᠰᠲᠧᠮ ᠢ ᠪᠠᠶᠢᠭᠤᠯᠬᠤ ᠶᠢ ᠲᠦᠷᠭᠡᠳᠭᠡᠨ᠎ᠠ᠃ ᠠᠮᠤ | ᠪᠤᠳᠠᠭᠠᠨ ᠤ ᠬᠠᠨᠭ᠍ᠭᠠᠯᠭ᠎ᠠ ᠶᠢ ᠪᠠᠲᠦᠯᠠᠬᠤ ᠳᠤ ᠲᠠᠷᠢᠶᠠᠨ ᠭᠠᠵᠠᠷ ᠢ ᠬᠠᠮᠠᠭᠠᠯᠠᠬᠤ᠂ ᠤᠨᠠᠯᠲᠠ ᠶᠢ ᠳᠡᠭᠡᠭᠰᠢᠯᠡᠬᠦᠯᠬᠦ ᠳᠤ | ᠮᠡᠷᠭᠡᠵᠢᠯ ᠢ ᠪᠠᠳᠤᠯᠠᠬᠤ ᠪᠠᠶᠢᠯᠳᠤᠬᠤ ᠪᠤᠳᠤᠯᠭ᠎ᠠ ᠶᠢ ᠨᠠᠷᠢᠨ ᠬᠢᠨᠠᠮᠠᠭᠠᠢ ᠭᠡᠷᠡᠭᠵᠢᠬᠦᠯᠵᠤ᠂ ᠲᠠᠷᠢᠶᠠᠨ ᠭᠠᠵᠠᠷ ᠤᠨ ᠴᠢᠨᠠᠷ | ᠴᠢᠨᠰᠠᠭ᠎ᠠ ᠶᠢ ᠬᠠᠮᠠᠭᠠᠯᠠᠬᠤ ᠪᠤᠯᠤᠨ ᠳᠡᠭᠡᠭᠰᠢᠯᠡᠬᠦᠯᠬᠦ ᠠᠵᠢᠯᠯᠠᠭ᠎ᠠ ᠶᠢ ᠦᠷᠨᠢᠭᠦᠯᠵᠦ᠂ ᠦᠨᠳᠦᠷ ᠪᠠᠷᠢᠮᠵᠢᠶᠠᠲᠦ | ᠲᠠᠷᠢᠶᠠᠯᠠᠩ ᠪᠤᠯᠤᠨ ᠮᠠᠯ ᠠᠵᠦ ᠠᠬᠤᠢ ᠶᠢᠨ ᠦᠨᠳᠦᠰᠦᠨ ᠰᠠᠭᠤᠷᠢ ᠲᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠦ᠂ ᠲᠠᠷᠢᠶᠠᠯᠠᠩ ᠮᠠᠯ ᠠᠵᠦ ᠠᠬᠤᠢ ᠶᠢᠨ ᠡᠭᠦᠯᠳᠡᠷ ᠰᠠᠶᠢᠵᠢᠷᠠᠭᠤᠯᠤᠯᠲᠠ᠂ | ᠮᠠᠰᠢᠨᠴᠢᠯᠠᠯᠲᠠ᠂ ᠪᠠᠷᠢᠮᠵᠢᠶᠠᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠳᠤ ᠬᠦᠴᠦ ᠨᠠᠮᠠᠷᠢ ᠦᠵᠡᠭᠦᠯᠬᠦ ᠭᠡᠷᠡᠭᠳᠡᠢ᠃ ᠰᠠᠶᠢᠨ ᠦᠷ᠎ᠠ ᠪᠤᠶᠢᠵᠢᠭᠤᠯᠬᠤ᠂ ᠪᠤᠬᠢᠷᠲᠦᠯ ᠦᠭᠡᠢ | ᠲᠠᠷᠢᠵᠦ ᠲᠡᠵᠢᠭᠡᠬᠦ᠂ ᠲᠠᠷᠢᠶᠠᠯᠠᠩ ᠮᠠᠯ ᠠᠵᠦ ᠠᠬᠤᠢ ᠶᠢᠨ ᠤᠷᠴᠢᠯ ᠠᠰᠢᠬᠯᠠᠯᠲᠠ᠂ ᠲᠠᠷᠢᠶᠠᠯᠠᠩ ᠮᠠᠯ ᠠᠵᠦ | ᠠᠬᠤᠢ ᠶᠢᠨ ᠤᠢᠢᠯᠡᠳᠪᠦᠷᠢᠯᠡᠯ ᠤᠨ ᠪᠦᠬᠦ ᠶᠠᠪᠤᠴᠠ ᠶᠢᠨ ᠮᠠᠰᠢᠨᠴᠢᠯᠠᠯᠲᠠ ᠪᠤᠯᠤᠨ ᠳᠤᠤᠷ ᠰᠦᠯᠵᠢᠶ᠎ᠠ + ᠲᠠᠷᠢᠶᠠᠯᠠᠩ | ᠮᠠᠯ ᠠᠵᠦ ᠠᠬᠤᠢ ᠶᠢ ᠬᠦᠭᠵᠢᠬᠦᠯᠬᠦ ᠲᠤᠭᠤᠷᠢᠨ ᠳᠤ᠂ ᠰᠠᠶᠢᠨ ᠡᠭᠦᠯᠳᠡᠷ ᠤᠨ ᠦᠷ᠎ᠠ ᠶᠢ ᠤᠷᠤᠭᠤᠯᠤᠨ | ᠪᠤᠶᠢᠵᠢᠭᠤᠯᠵᠤ᠂ ᠨᠢᠭᠡ ᠪᠦᠯᠦᠭ ᠴᠢᠨᠠᠷ ᠴᠢᠨᠰᠠᠭ᠎ᠠ ᠨᠢ ᠦᠨᠳᠦᠷ᠂ ᠠᠮᠤᠷ ᠲᠦᠪᠰᠢᠨ ᠢ ᠪᠠᠲᠦᠯᠠᠬᠰᠠᠨ ᠲᠠᠷᠢᠶᠠᠯᠠᠩ | ᠮᠠᠯ ᠠᠵᠦ ᠠᠬᠤᠢ ᠶᠢᠨ ᠤᠢᠢᠯᠡᠳᠪᠦᠷᠢᠯᠡᠯ ᠤᠨ ᠰᠢᠨ᠎ᠠ ᠮᠡᠷᠭᠡᠵᠢᠯ᠂ ᠰᠢᠨ᠎ᠠ ᠬᠡᠪ ᠵᠠᠬᠪᠦᠷ ᠢ ᠰᠤᠳᠤᠯᠤᠨ ᠨᠡᠭᠡᠭᠡᠵᠤ | ᠳᠡᠯᠭᠡᠷᠡᠭᠦᠯᠦᠨ᠂ ᠰᠠᠶᠢᠨ ᠡᠭᠦᠯᠳᠡᠷ ᠢ ᠪᠤᠶᠢᠵᠢᠭᠤᠯᠬᠤ ᠰᠢᠰᠲᠧᠮ᠂ ᠮᠠᠯ ᠠᠵᠦ ᠠᠬᠤᠢ ᠶᠢᠨ ᠰᠢᠨᠵᠢᠯᠡᠭᠡ ᠮᠡᠷᠭᠡᠵᠢᠯ ᠳᠤ | ᠰᠢᠨ᠎ᠠ ᠶᠢ ᠡᠭᠦᠳᠦᠭᠰᠡᠨ ᠪᠤᠯᠤᠨ ᠤᠢᠢᠯᠡᠴᠢᠯᠡᠭᠡ ᠶᠢ ᠳᠡᠯᠭᠡᠷᠡᠭᠦᠯᠦᠭᠰᠡᠨ ᠰᠢᠰᠲᠧᠮ ᠢ ᠪᠠᠶᠢᠭᠤᠯᠤᠨ ᠲᠡᠭᠦᠯᠳᠡᠷᠵᠢᠭᠦᠯᠵᠦ᠂ | ᠲᠠᠷᠢᠶᠠᠯᠠᠩ ᠮᠠᠯ ᠠᠵᠦ ᠠᠬᠤᠢ ᠶᠢᠨ ᠲᠤᠮᠤ ᠳ᠋ᠠᠶᠢᠲ᠋ᠠ ᠶᠢᠨ ᠲᠠᠪᠴᠠᠩ ᠢ ᠪᠠᠶᠢᠭᠤᠯᠵᠦ᠂ ᠰᠢᠨᠵᠢᠯᠡᠭᠡ ᠮᠡᠷᠭᠡᠵᠢᠯ ᠤᠨ | ᠲᠠᠷᠢᠶᠠᠯᠠᠩ ᠮᠠᠯ ᠠᠵᠦ ᠠᠬᠤᠢ ᠳᠠᠬᠢ ᠬᠦᠭᠵᠢᠯᠲᠠ ᠶᠢᠨ ᠲᠤᠯᠭᠠᠭᠤᠷᠢᠯᠠᠯ ᠪᠠᠲᠦᠯᠠᠭ᠎ᠠ ᠶᠢᠨ ᠴᠢᠳᠠᠪᠦᠷᠢ ᠶᠢ | ᠳᠡᠭᠡᠭᠰᠢᠯᠡᠭᠦᠯᠬᠦ ᠭᠡᠷᠡᠭᠳᠡᠢ᠃ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠦ ᠤᠢᠢᠯᠡᠰ ᠠᠭᠤᠰᠤᠯᠴᠠᠬᠰᠠᠨ ᠬᠦᠭᠵᠢᠯᠲᠠ ᠶᠢ ᠭᠦᠨᠵᠡᠭᠡᠢ | ᠲᠦᠯᠬᠢᠨ ᠠᠬᠢᠭᠤᠯᠵᠦ᠂ ᠤᠨᠴᠠᠯᠢᠬ ᠪᠦᠬᠦᠢ ᠲᠠᠷᠢᠵᠦ ᠲᠡᠵᠢᠭᠡᠬᠦ᠂ ᠰᠡᠯᠡᠭᠦᠴᠡᠨ ᠠᠮᠠᠷᠠᠬᠤ᠂ ᠠᠶᠢᠯ ᠲᠤᠰᠬᠤᠨ ᠤ | ᠵᠤᠭᠠᠴᠠᠯ᠂ ᠬᠦᠳᠡᠭᠡ ᠲᠤᠰᠬᠤᠨ ᠤ ᠡᠯᠧᠺᠲᠷᠤᠨ ᠬᠤᠳᠠᠯᠳᠤᠭ᠎ᠠ᠂ ᠠᠮᠢ ᠠᠬᠤᠢ ᠶᠢᠨ ᠵᠤᠭᠠᠴᠠᠯ᠂ ᠡᠷᠡᠭᠦᠯ ᠮᠡᠨᠲᠦ | ᠰᠤᠪᠢᠯᠠᠯᠲᠠ ᠵᠡᠷᠭᠡ ᠰᠢᠨ᠎ᠠ ᠠᠵᠦ ᠤᠢᠢᠯᠡᠰ ᠤᠨ ᠰᠢᠨ᠎ᠠ ᠡᠵᠡᠩᠨᠡᠯᠲᠠ ᠶᠢᠨ ᠬᠡᠯᠪᠡᠷᠢ ᠪᠠᠶᠢᠳᠠᠯ ᠢ ᠬᠦᠭᠵᠢᠭᠦᠯᠵᠦ᠂ | ᠠᠵᠦ ᠤᠢᠢᠯᠡᠰ ᠤᠨ ᠠᠭᠤᠰᠤᠯᠴᠠᠯ ᠤᠨ ᠵᠢᠱᠢᠶ᠎ᠡ ᠦᠵᠡᠬᠦᠯᠬᠦ ᠬᠦᠷᠢᠶᠠᠯᠠᠩ ᠤᠨ ᠪᠦᠲᠦᠭᠡᠨ ᠪᠠᠶᠢᠭᠤᠯᠤᠯᠲᠠ ᠶᠢ | ᠢᠳᠡᠪᠬᠢᠲᠠᠢ ᠲᠦᠯᠬᠢᠨ ᠠᠬᠢᠭᠤᠯᠵᠦ᠂ ᠨᠢᠭᠡ ᠪᠦᠯᠦᠭ ᠤᠨᠴᠠᠯᠢᠬ ᠢᠯᠡ ᠲᠤᠲᠦ ᠬᠦᠳᠡᠭᠡ ᠨᠤᠲᠤᠭ ᠤᠨ | ᠶᠡᠷᠦᠩᠬᠡᠶᠢᠯᠡᠭᠰᠡᠨ ᠰᠢᠰᠲᠧᠮ ᠢ ᠪᠦᠲᠦᠭᠡᠨ ᠪᠠᠶᠢᠭᠤᠯᠵᠦ᠂ ᠮᠠᠯ ᠠᠵᠦ ᠠᠬᠤᠢ ᠶᠢᠨ ᠤᠯᠠᠨ ᠲᠦᠷᠦᠯ ᠤᠨ ᠴᠢᠳᠠᠮᠵᠢ ᠶᠢ | ᠦᠷᠭᠡᠳᠭᠡᠵᠦ᠂ ᠤᠯᠠᠨ ᠳᠠᠪᠬᠤᠷᠯᠢᠬ ᠦᠷᠳᠡᠭ ᠢ ᠨᠡᠭᠡᠭᠡᠨ ᠬᠦᠭᠵᠢᠭᠦᠯᠵᠦ᠂ ᠲᠠᠷᠢᠵᠦ ᠲᠡᠵᠢᠭᠡᠬᠦ ᠤᠶᠠᠯᠳᠤᠬᠰᠠᠨ᠂ | ᠠᠮᠢ ᠠᠬᠤᠢ ᠰᠠᠶᠢᠵᠢᠷᠠᠬᠰᠠᠨ ᠤᠷᠴᠢᠨ ᠲᠤᠭᠤᠷᠢᠨ ᠭᠤᠶᠢᠳᠠ ᠰᠠᠶᠢᠬᠠᠨ ᠬᠦᠳᠡᠭᠡ ᠨᠤᠲᠤᠭ ᠤᠨ ᠠᠮᠢ ᠠᠬᠤᠢ ᠶᠢᠨ | ᠰᠢᠰᠲᠧᠮ ᠢ ᠪᠦᠬᠦ ᠬᠦᠴᠦᠨ ᠢᠶᠠᠷ ᠴᠤᠬᠴᠠᠯᠠᠨ᠎ᠠ᠃ ᠤᠯᠠᠨ ᠲᠦᠷᠦᠯ ᠤᠨ ᠬᠡᠯᠪᠡᠷᠢ ᠶᠢᠨ ᠬᠡᠪᠴᠢᠶᠡᠨ ᠳᠤ ᠵᠤᠬᠢᠴᠠᠬᠤ | ᠡᠵᠡᠭᠨᠡᠯᠲᠡ ᠶᠢ ᠬᠦᠭᠵᠢᠭᠦᠯᠵᠦ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠡᠷᠢᠵᠦ ᠲᠡᠵᠢᠭᠡᠬᠦ ᠲᠤᠮᠤ ᠡᠷᠦᠭᠡ᠂ | ᠲᠤᠰᠬᠠᠢ ᠬᠤᠷᠰᠢᠶᠠᠵᠢᠯᠲᠠ᠂ ᠲᠤᠯᠤᠭᠠᠢᠢᠯᠠᠬᠴᠢ ᠠᠵᠦ ᠠᠬᠤᠢᠢᠯᠡᠯ ᠵᠡᠷᠭᠡ ᠰᠢᠨ᠎ᠠ ᠮᠠᠶ᠋ᠢᠬ ᠤᠨ ᠡᠵᠡᠩᠨᠡᠯᠲᠡ ᠶᠢᠨ | ᠭᠤᠤᠯ ᠴᠤᠬᠴᠠ ᠶᠢ ᠶᠡᠭᠡ ᠬᠦᠴᠦᠨ ᠢᠶᠠᠷ ᠬᠦᠭᠵᠢᠭᠦᠯᠵᠦ᠂ ᠲᠠᠷᠢᠶᠠᠯᠠᠩ ᠮᠠᠯ ᠠᠵᠦ ᠠᠬᠤᠢ ᠶᠢᠨ ᠦᠷ᠎ᠠ ᠠᠰᠢᠬ ᠢ | ᠳᠡᠭᠡᠭᠰᠢᠯᠡᠬᠦᠯᠬᠦ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠶᠢ ᠲᠦᠯᠬᠢᠨ ᠠᠬᠢᠭᠤᠯᠬᠤ ᠭᠡᠷᠡᠭᠳᠡᠢ᠃ | ᠬᠦᠳᠡᠭᠡ ᠲᠤᠰᠬᠤᠨ ᠮᠠᠯᠵᠢᠬᠤ ᠤᠷᠤᠨ ᠤ ᠬᠦᠮᠦᠨ ᠰᠠᠭᠤᠷᠢᠰᠢᠬᠤ ᠤᠷᠴᠢᠨ ᠲᠤᠭᠤᠷᠢᠨ ᠤ ᠬᠠᠯᠠᠨ | ᠰᠠᠶᠢᠵᠢᠷᠠᠯᠲᠠ ᠶᠢ ᠰᠠᠶᠢᠳᠦᠷ ᠬᠢᠵᠦ᠂ ᠵᠧᠵᠢᠶᠠᠩ ᠤᠨ ︽ᠮᠢᠩᠭᠠᠨ ᠲᠤᠰᠬᠤᠨ ᠢᠶᠠᠷ ᠵᠢᠱᠢᠶ᠎ᠠ ᠪᠤᠯᠭᠠᠨ ᠲᠦᠮᠡᠨ | ᠲᠤᠰᠬᠤᠨ ᠬᠠᠯᠠᠨ ᠰᠠᠶᠢᠵᠢᠷᠠᠭᠤᠯᠤᠬᠰᠨ︾ ᠲᠤᠷᠰᠢᠯᠭ᠎ᠠ ᠶᠢᠨ ᠠᠷᠭ᠎ᠠ ᠠᠪᠴᠠᠯ ᠢ ᠰᠤᠷᠤᠯᠴᠠᠵᠦ᠂ ᠬᠤᠬ ᠨᠤᠪᠰᠢ | ᠪᠤᠬᠢᠷᠲᠦᠯ ᠤᠰᠤ ᠶᠢ ᠰᠢᠢᠳᠪᠦᠷᠢᠯᠡᠬᠦ᠂ ︽ᠵᠤᠷᠯᠤᠩ ᠤᠨ ᠬᠤᠪᠢᠰᠬᠠᠯ︾᠂ ᠲᠤᠰᠬᠤᠨ ᠤ ᠲᠦᠷᠢ ᠲᠦᠷᠬᠦ ᠶᠢ ᠳᠡᠰ | ᠳᠡᠪᠰᠢᠬᠦᠯᠬᠦ ᠪᠤᠯᠤᠨ ︽ᠨᠤᠷᠠᠬᠤ ᠠᠶᠤᠯᠳᠠᠢ ᠭᠡᠷ ᠪᠠᠶᠢᠰᠢᠩ︾ ᠤᠨ ᠠᠰᠠᠭᠤᠳᠠᠯ ᠢ ᠴᠡᠭᠴᠡᠯᠡᠨ ᠵᠠᠰᠠᠬᠤ ᠶᠢ | ᠲᠤᠪᠤᠶᠢᠯᠭᠠᠨ ᠠᠳᠬᠤᠵᠦ᠂ ᠠᠮᠢᠳᠦᠷᠠᠯ ᠢ ᠦᠭᠡᠷᠡᠴᠢᠯᠡᠬᠦ ᠳᠤ ᠬᠦᠷᠢᠶ᠎ᠠ ᠬᠠᠰᠢᠶ᠎ᠠ ᠠᠴᠠ ᠡᠬᠢᠯᠡᠵᠦ ᠬᠢᠬᠦ ᠠᠵᠢᠯᠯᠠᠭ᠎ᠠ ᠶᠢ | ᠲᠠᠰᠦᠷᠠᠯᠲᠠ ᠦᠭᠡᠢ ᠦᠷᠨᠢᠭᠦᠯᠵᠦ᠂ ᠮᠠᠯᠴᠢᠨ ᠲᠠᠷᠢᠶᠠᠴᠢᠳ ᠠᠴᠠ ᠦᠪᠡᠷ ᠢᠶᠠᠨ ᠭᠠᠷ ᠬᠦᠳᠡᠯᠤᠨ ᠴᠡᠪᠡᠷᠯᠡᠭᠡ ᠬᠢᠬᠦ᠂ | ᠨᠤᠭᠤᠭᠠᠷᠠᠭᠤᠯᠤᠯᠲᠠ ᠬᠢᠬᠦ᠂ ᠪᠦᠲᠦᠭᠡᠨ ᠪᠠᠶᠢᠭᠤᠯᠤᠯᠲᠠ ᠬᠢᠬᠦ᠂ ᠬᠠᠮᠢᠶᠠᠷᠦᠨ ᠬᠠᠮᠠᠭᠠᠯᠠᠯᠲᠠ ᠬᠢᠬᠦ ᠶᠢ ᠵᠢᠯᠤᠭᠤᠳᠴᠤ᠂ | ᠬᠦᠳᠡᠭᠡ ᠲᠤᠰᠬᠤᠨ ᠮᠠᠯᠵᠢᠬᠤ ᠤᠷᠤᠨ ᠤ ᠪᠤᠳᠠᠲᠦ ᠪᠠᠶᠢᠳᠠᠯ ᠳᠤ ᠵᠤᠬᠢᠴᠠᠬᠤ ᠤᠷᠴᠢᠨ ᠲᠤᠭᠤᠷᠢᠨ ᠤ | ᠬᠠᠮᠢᠶᠠᠷᠦᠯᠲᠠ ᠶᠢᠨ ᠦᠷ᠎ᠠ ᠠᠰᠢᠬᠲᠦ ᠲᠤᠬᠳᠠᠴᠠ ᠶᠢ ᠪᠠᠶᠢᠭᠤᠯᠬᠤ ᠶᠢ ᠡᠷᠢᠨ ᠰᠦᠪᠡᠭᠴᠢᠯᠡᠨ᠎ᠠ᠃ ᠲᠠᠷᠢᠮᠡᠯ ᠤᠨ ᠡᠰᠢ | ᠰᠦᠷᠡᠯ᠂ ᠮᠠᠯ ᠤᠨ ᠲᠡᠵᠢᠭᠡᠪᠦᠷᠢ᠂ ᠬᠠᠶᠠᠬᠳᠠᠮᠠᠯ ᠰᠦᠯᠢᠶᠤᠤ ᠪᠦᠷᠬᠦᠬᠦᠯ ᠵᠡᠷᠭᠡ ᠲᠠᠷᠢᠶᠠᠯᠠᠩ ᠮᠠᠯ ᠠᠵᠦ ᠠᠬᠤᠢ ᠶᠢᠨ | ᠬᠠᠶᠠᠬᠳᠠᠮᠠᠯ ᠡᠬᠢ ᠪᠠᠶᠠᠯᠢᠭ ᠤᠨ ᠠᠰᠢᠬᠯᠠᠯᠲᠠ ᠪᠤᠯᠤᠨ ᠬᠤᠤᠷ ᠦᠭᠡᠢ ᠰᠢᠢᠳᠪᠦᠷᠢᠯᠡᠯᠲᠡ ᠶᠢ ᠲᠦᠯᠬᠢᠨ ᠠᠬᠢᠭᠤᠯᠵᠦ᠂ | ᠠᠵᠦ ᠤᠢᠢᠯᠡᠳᠪᠦᠷᠢ ᠪᠤᠯᠤᠨ ᠬᠤᠲᠠ ᠪᠠᠯᠭᠠᠰᠦ ᠶᠢᠨ ᠪᠤᠬᠢᠷᠲᠦᠯ ᠤᠨ ᠬᠦᠳᠡᠭᠡ ᠲᠤᠰᠬᠤᠨ ᠮᠠᠯᠵᠢᠬᠤ ᠤᠷᠤᠨ ᠲᠠᠰᠢ | ᠰᠢᠯᠵᠢᠬᠦ ᠶᠢ ᠡᠷᠡᠰ ᠴᠠᠭᠠᠵᠠᠯᠠᠵᠦ᠂ ᠬᠦᠳᠡᠭᠡ ᠲᠤᠰᠬᠤᠨ ᠮᠠᠯᠵᠢᠬᠤ ᠤᠷᠤᠨ ᠤ ᠰᠠᠭᠤᠷᠢᠰᠢᠬᠤ ᠤᠷᠴᠢᠨ ᠲᠤᠭᠤᠷᠢᠨ ᠤ | ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠰ ᠳᠡᠪᠰᠢᠭᠦᠯᠬᠦ ᠭᠡᠷᠡᠭᠳᠡᠢ᠃ | ᠭᠤᠷᠪᠡ ᠳᠤ᠂ ᠬᠦᠳᠡᠭᠡ ᠲᠤᠰᠬᠤᠨ ᠮᠠᠯᠵᠢᠬᠤ ᠤᠷᠤᠨ ᠤ ᠦᠭᠡᠷᠡᠴᠢᠯᠠᠯᠳᠠ ᠶᠢ ᠪᠠᠳᠤᠳᠠᠢ ᠠᠬᠢᠭᠤᠯᠤᠨ᠎ᠠ᠃ ︽ | ᠬᠦᠳᠡᠭᠡ ᠠᠵᠤ ᠠᠬᠤᠢ ᠬᠦᠳᠡᠭᠡ ᠲᠤᠰᠬᠤᠨ ᠮᠠᠯᠴᠢᠨ ᠲᠠᠷᠢᠶᠠᠴᠢᠨ︾ ᠤ ᠨᠢᠳᠤᠨ ᠡᠮᠤᠨᠡᠬᠢ ᠬᠦᠴᠢᠷᠳᠠᠢ | ᠠᠰᠠᠭᠤᠳᠠᠯ ᠢ ᠰᠢᠢᠳᠪᠤᠷᠢᠯᠠᠬᠦ ᠳᠤ ᠦᠨᠳᠤᠰᠤᠨ ᠳᠡᠭᠡᠨ ᠦᠭᠡᠷᠡᠴᠢᠯᠠᠯᠳᠠ ᠶᠢ ᠬᠦᠨᠵᠡᠭᠡᠶᠢᠷᠡᠬᠦᠯᠬᠦ ᠳᠤ ᠲᠦᠰᠢᠭᠯᠡᠨ᠎ᠠ᠃ | ᠬᠦᠳᠡᠭᠡ ᠲᠤᠰᠬᠤᠨ ᠮᠠᠯᠵᠢᠬᠤ ᠤᠷᠤᠨ ᠤ ᠭᠠᠵᠠᠷ ᠰᠢᠷᠤᠢ ᠶᠢᠨ ᠲᠦᠷᠢᠮ ᠤᠨ ᠦᠭᠡᠷᠡᠴᠢᠯᠠᠯᠳᠠ ᠶᠢ | ᠬᠦᠨᠵᠡᠭᠡᠶᠢᠷᠡᠬᠦᠯᠬᠦ ᠳᠤ᠂ ᠡᠪᠡᠰᠤ ᠪᠡᠯᠴᠢᠭᠡᠷ ᠮᠠᠯᠵᠢᠯ ᠤᠨ ᠲᠠᠯᠠᠪᠠᠢ ᠶᠢᠨ ᠡᠷᠭᠡ ᠶᠢ ᠲᠤᠳᠤᠯᠠᠵᠤ ᠭᠡᠷᠡᠴᠢ ᠤᠯᠭᠤᠵᠤ | ᠲᠡᠩᠰᠠᠯᠠᠬᠤ ᠠᠵᠢᠯ ᠢ ᠴᠠᠭ ᠲᠤᠬᠠᠢ ᠳᠤᠨᠢ ᠪᠠᠶᠠᠯᠠᠬᠦᠯᠵᠤ᠂ ᠦᠮᠴᠢᠯᠡᠬᠦ᠂ ᠲᠠᠭᠠᠭᠠᠴᠢᠯᠠᠬᠤ᠂ ᠡᠵᠡᠩᠨᠡᠬᠦ ᠵᠡᠷᠭᠡ ︽ | ᠭᠤᠷᠪᠠᠨ ᠡᠷᠭᠡ ᠶᠢᠨ ᠬᠤᠪᠢᠶᠠᠷᠢᠯᠠᠯᠳᠠ︾ ᠶᠢ ᠤᠯᠠᠨ ᠵᠦᠢᠯ ᠢᠶᠠᠷ ᠪᠠᠶᠠᠯᠠᠬᠦᠯᠬᠦ ᠭᠡᠯᠪᠡᠷᠢ ᠶᠢ ᠡᠷᠢᠯᠬᠢᠯᠠᠨ | ᠰᠦᠪᠡᠭᠴᠢᠯᠠᠵᠤ᠂ ᠮᠠᠯᠴᠢᠨ ᠲᠠᠷᠢᠶᠠᠴᠢᠨ ᠡᠷᠦᠭᠡ ᠶᠢᠨ ᠲᠠᠭᠠᠭᠠᠴᠢᠯᠠᠯᠳᠠ ᠶᠢᠨ ᠡᠷᠭᠡ ᠶᠢ ᠦᠨᠠᠨᠬᠦ | ᠲᠤᠭᠳᠠᠪᠤᠷᠢᠵᠢᠭᠤᠯᠵᠤ᠂ ᠡᠵᠡᠩᠨᠡᠯᠳᠠ ᠶᠢᠨ ᠡᠷᠭᠡ ᠶᠢ ᠠᠮᠢᠳᠤᠯᠢᠭ ᠪᠤᠯᠭᠠᠨ᠎ᠠ᠃ ᠬᠦᠳᠡᠭᠡ ᠲᠤᠰᠬᠤᠨ ᠮᠠᠯᠵᠢᠬᠤ | ᠤᠷᠤᠨ ᠤ ᠨᠠᠶᠢᠳᠠ ᠶᠢᠨ ᠦᠮᠴᠢᠯᠠᠯ ᠤᠨ ᠲᠦᠷᠢᠮ᠂ ᠲᠠᠷᠢᠶᠠᠯᠠᠬᠤ ᠮᠠᠯᠵᠢᠬᠤ ᠶᠢ ᠲᠠᠮᠵᠢᠵᠤ ᠬᠠᠮᠠᠭᠠᠯᠠᠬᠤ ᠲᠦᠷᠢᠮ᠂ | ᠬᠦᠳᠡᠭᠡ ᠲᠤᠰᠬᠤᠨ ᠢ ᠴᠡᠭᠴᠡᠯᠠᠨ ᠵᠠᠰᠠᠬᠤ ᠰᠢᠰᠲ᠋ᠧᠮ ᠵᠡᠷᠭᠡ ᠦᠭᠡᠷᠡᠴᠢᠯᠠᠯᠳᠠ ᠶᠢᠨ ᠠᠷᠭ᠎ᠠ ᠮᠠᠶ᠋ᠢᠭ ᠢ ᠨᠢᠭᠡᠳᠤᠯᠳᠠᠢ | ᠲᠦᠯᠦᠪᠯᠡᠨ ᠠᠬᠢᠭᠤᠯᠵᠤ᠂ ᠨᠠᠶᠢᠳᠠ ᠶᠢᠨ ᠠᠵᠤ ᠠᠬᠤᠢ ᠶᠢ ᠤᠯᠠᠨ ᠠᠷᠭ᠎ᠠ ᠵᠠᠮ ᠢᠶᠠᠷ ᠬᠦᠭᠵᠢᠬᠦᠯᠤᠨ | ᠪᠤᠵᠠᠭᠠᠢᠢᠷᠠᠭᠤᠯᠵᠤ᠂ ᠮᠠᠯᠴᠢᠨ ᠲᠠᠷᠢᠶᠠᠴᠢᠨ ᠤ ᠡᠳ᠋ ᠬᠦᠷᠦᠩᠭᠡ ᠡᠷᠭᠡ ᠠᠰᠢᠭ ᠢ ᠪᠠᠳᠤᠯᠠᠭ᠎ᠠ ᠲᠠᠢ ᠪᠠᠶᠢᠯᠭᠠᠨ᠂ | ᠬᠦᠳᠡᠭᠡ ᠲᠤᠰᠬᠤᠨ ᠮᠠᠯᠵᠢᠬᠤ ᠤᠷᠤᠨ ᠤ ᠡᠶ᠎ᠡ ᠨᠠᠶᠢᠷᠠᠮᠳᠠᠭᠤ ᠲᠤᠭᠳᠠᠭᠤᠨ ᠢ ᠬᠠᠮᠠᠭᠠᠯᠠᠵᠤ᠂ ᠮᠠᠯᠴᠢᠨ | ᠲᠠᠷᠢᠶᠠᠴᠢᠳ ᠢ ᠡᠳ᠋ ᠪᠤᠳᠠᠰ ᠤᠨ ᠲᠠᠯ᠎ᠠ ᠪᠠᠷ᠂ ᠤᠶᠤᠨ ᠰᠠᠨᠠᠭᠠᠨ ᠤ ᠲᠠᠯ᠎ᠠ ᠪᠠᠷ ᠠᠮᠢᠳᠤᠷᠠᠯ ᠢ ᠨᠢ ᠨᠡᠩ ᠢᠯᠠᠬᠦᠤ | ᠬᠦᠭᠵᠢᠶᠠᠨ ᠲᠠᠢ ᠪᠤᠯᠭᠠᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ᠴᠢᠳᠠᠪᠤᠷᠢᠳᠠᠨ ᠢᠶᠠᠷ ᠲᠤᠯᠭᠠᠭᠤᠷᠢᠯᠠᠬᠤ ᠶᠢ | ᠬᠦᠴᠤᠷᠭᠡᠭᠵᠢᠬᠦᠯᠵᠤ᠂ ︽ᠬᠦᠳᠡᠭᠡ ᠠᠵᠤ ᠠᠬᠤᠢ ᠬᠦᠳᠡᠭᠡ ᠲᠤᠰᠬᠤᠨ ᠮᠠᠯᠴᠢᠨ ᠲᠠᠷᠢᠶᠠᠴᠢᠨ︾ ᠤ ᠡᠩᠨᠡᠭᠡᠨ ᠤ | ᠪᠠᠶᠢᠭᠤᠯᠤᠯᠳᠠ ᠶᠢ ᠴᠢᠩᠭᠠᠳᠬᠠᠵᠤ᠂ ᠰᠢᠨ᠎ᠠ ᠴᠠᠭ ᠦᠶ᠎ᠠ ᠶᠢᠨ ᠮᠠᠯᠴᠢᠨ ᠲᠠᠷᠢᠶᠠᠴᠢᠳ ᠤᠨ ᠭᠡᠪ ᠪᠤᠯᠪᠠᠰᠤᠷᠠᠯ ᠤᠨ | ᠲᠡᠭᠡᠭᠰᠢᠯᠠᠯᠳᠠ ᠶᠢᠨ ᠢᠨᠵᠧᠨᠧᠷᠢᠩ ᠢ ᠰᠠᠶᠢᠳᠤᠷ ᠠᠳᠬᠤᠨ᠂ ᠠᠵᠢᠯᠴᠢᠨ ᠲᠠᠷᠢᠶᠠᠴᠢᠨ᠂ ᠴᠡᠷᠢᠭ ᠠᠴᠠ | ᠬᠠᠯᠠᠭᠳᠠᠭᠰᠠᠳ ᠬᠢᠭᠡᠳ ᠶᠡᠭᠡ ᠲᠤᠮᠳᠠ ᠵᠠᠷᠭᠡ ᠶᠢᠨ ᠲᠤᠰᠬᠠᠢ ᠮᠠᠷᠭᠡᠵᠢᠯ ᠤᠨ ᠰᠤᠷᠭᠠᠭᠤᠯᠢ ᠲᠠᠬᠦᠰᠦᠭᠰᠡᠳ ᠤᠨ ᠪᠠᠯᠠ | ᠮᠦᠩᠬᠦ ᠴᠤᠭᠯᠠᠭᠤᠯᠵᠤ᠂ ᠮᠠᠷᠭᠡᠵᠢᠯ ᠰᠤᠷᠴᠤ ᠨᠤᠳᠤᠭ ᠲᠠᠭᠠᠨ ᠪᠤᠴᠠᠵᠤ ᠦᠢᠯᠠᠰ ᠪᠤᠰᠬᠠᠬᠤ ᠶᠢ ᠲᠠᠮᠵᠢᠵᠤ᠂ ᠡᠯ᠎ᠠ | ᠲᠦᠷᠦᠯ ᠤᠨ ᠴᠢᠳᠠᠪᠤᠷᠢᠳᠠᠨ ᠤ ᠬᠦᠳᠡᠭᠡ ᠲᠤᠰᠬᠤᠨ ᠤ ᠬᠦᠭᠵᠢᠯᠳᠠ ᠳᠤ ᠬᠦᠴᠤ ᠨᠠᠮᠠᠷᠢ ᠪᠠᠨ ᠡᠷᠬᠦᠬᠦ ᠶᠢ | ᠵᠤᠷᠢᠭᠵᠢᠭᠤᠯᠬᠤ ᠭᠡᠷᠡᠭᠳᠡᠢ᠃ | | |