︽ᠬᠢᠮᠳᠠ ᠲᠣᠬᠢᠯᠢᠬ ᠤᠷᠤᠨ ᠰᠠᠭᠤᠴᠠ︾ ᠨᠢ ᠶᠠᠮᠠᠷ ᠶᠠᠮᠠᠷ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠪᠠᠶᠢᠳᠠᠭ ᠪᠤᠢ
ᠨᠡᠶᠢᠲᠡᠯᠡᠭᠰᠡᠨ ᠴᠠᠭ᠄
2019-02-15
     ᠬᠢᠮᠳᠠ ᠲᠣᠬᠢᠯᠢᠬ ᠤᠷᠤᠨ ᠰᠠᠭᠤᠴᠠ ᠪᠠᠶᠢᠭᠤᠯᠬᠤ ᠳᠤ ᠬᠡᠷᠡᠭᠯᠡᠬᠦ ᠭᠠᠵᠠᠷ ᠢ ᠭᠠᠵᠠᠷ ᠰᠢᠷᠤᠢ ᠶᠢ ᠠᠰᠢᠭᠯᠠᠬᠤ ᠶᠡᠷᠦᠩᠬᠡᠢ ᠲᠦᠯᠦᠪᠵᠢᠭᠦᠯᠭᠡ ᠪᠠ ᠬᠤᠲᠠ ᠶᠢᠨ ᠶᠡᠷᠦᠩᠬᠡᠢ ᠲᠦᠯᠦᠪᠵᠢᠭᠦᠯᠭᠡ ᠶᠢᠨ ᠱᠠᠭᠠᠷᠳᠠᠯᠭ᠎ᠠ ᠶᠤᠰᠤᠭᠠᠷ ᠲᠤᠬᠢᠷᠠᠮᠵᠢᠳᠠᠢ ᠪᠠᠶᠢᠷᠢᠰᠢᠭᠤᠯᠤᠨ᠂ ᠵᠠᠰᠠᠭ ᠵᠠᠬᠢᠷᠭᠠᠨ ᠤ ᠬᠤᠪᠢᠶᠠᠷᠢᠯᠠᠨ ᠦᠭᠬᠦ ᠬᠡᠯᠪᠡᠷᠢ ᠶᠢ ᠬᠡᠷᠡᠭᠵᠢᠭᠦᠯᠵᠦ ᠬᠠᠩᠭᠠᠨ᠎ᠠ᠃ ᠬᠢᠮᠳᠠ ᠲᠣᠬᠢᠯᠢᠬ ᠤᠷᠤᠨ ᠰᠠᠭᠤᠴᠠ ᠶᠢᠨ ᠨᠡᠷ᠎ᠡ ᠪᠠᠷ ᠭᠠᠵᠠᠷ ᠰᠢᠷᠤᠢ ᠶᠢ ᠬᠤᠪᠢᠶᠠᠷᠢᠯᠠᠨ ᠠᠪᠤᠭᠰᠠᠨ ᠤ ᠲᠠᠷᠠᠭ᠎ᠠ ᠭᠠᠵᠠᠷ ᠰᠢᠷᠤᠢ ᠶᠢᠨ ᠬᠡᠷᠡᠭᠴᠡᠭᠡ ᠶᠢ ᠬᠤᠪᠢᠷᠠᠭᠤᠯᠤᠨ᠂ ᠲᠠᠸᠠᠷ ᠤᠨ ᠤᠷᠤᠨ ᠰᠠᠭᠤᠴᠠ ᠨᠡᠭᠡᠭᠡᠬᠦ ᠶᠢ ᠴᠢᠩᠭ᠎ᠠ ᠬᠢᠵᠠᠭᠠᠷᠯᠠᠨ᠎ᠠ᠃ ᠬᠢᠮᠳᠠ ᠲᠣᠬᠢᠯᠢᠬ ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠲᠤᠮᠳᠠᠬᠢ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠬᠤᠷᠢᠶᠠᠬᠤ ᠰᠦᠢᠳᠭᠡᠯ ᠢ ᠬᠠᠭᠠᠰ ᠢᠶᠠᠷ ᠪᠠᠭᠠᠰᠬᠠᠨ ᠬᠤᠷᠢᠶᠠᠨ᠎ᠠ ︔ ᠬᠢᠮᠳᠠ ᠲᠣᠬᠢᠯᠢᠬ ᠤᠷᠤᠨ ᠰᠠᠭᠤᠴᠠ ᠶᠢᠨ ᠲᠦᠷᠦᠯ ᠵᠦᠢᠯ ᠤᠨ ᠪᠠᠭ᠎ᠠ ᠲᠤᠭᠤᠷᠢᠭ ᠤᠨ ᠭᠠᠳᠠᠨᠠᠬᠢ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠵᠠᠰᠠᠭ ᠤᠨ ᠤᠷᠳᠤᠨ ᠠᠴᠠ ᠡᠭᠦᠷᠭᠡᠯᠡᠨ᠎ᠠ᠃ ᠬᠢᠮᠳᠠ ᠲᠣᠬᠢᠯᠢᠬ ᠤᠷᠤᠨ ᠰᠠᠭᠤᠴᠠ ᠬᠤᠳᠠᠯᠳᠤᠨ ᠠᠪᠬᠤ ᠬᠤᠪᠢ ᠬᠦᠮᠦᠨ ᠬᠤᠳᠠᠯᠳᠤᠭᠠᠨ ᠤ ᠪᠠᠩᠬᠢ ᠠᠴᠠ ᠵᠢᠬᠡᠯᠡᠯᠬᠡ ᠶᠢᠨ ᠮᠦᠩᠬᠦ ᠡᠷᠡᠮᠡᠯᠵᠡᠯᠡᠵᠦ ᠪᠤᠯᠤᠨ᠎ᠠ᠂ ᠭᠡᠬᠦ ᠳᠡᠭᠡᠨ ︽ᠬᠤᠪᠢ ᠬᠦᠮᠦᠨ ᠤ ᠤᠷᠤᠨ ᠰᠠᠭᠤᠴᠠ ᠶᠢᠨ ᠵᠢᠭᠡᠯᠡᠯᠭᠡ ᠶᠢᠨ ᠮᠦᠩᠬᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠤᠭᠳᠠᠭᠠᠯ ᠳᠤ ᠨᠡᠶᠢᠴᠡᠬᠦ ᠠᠴᠠ ᠭᠠᠳᠠᠨ᠎ᠠ ᠪᠠᠰᠠ ᠬᠢᠮᠳᠠ ᠲᠣᠬᠢᠯᠢᠬ ᠤᠷᠤᠨ ᠰᠠᠭᠤᠴᠠ ᠬᠤᠳᠠᠯᠳᠤᠨ ᠠᠪᠬᠤ ᠬᠡᠷᠡᠴᠢ ᠲᠡᠮᠳᠡᠭ ᠢᠶᠠᠨ ᠬᠠᠩᠭᠠᠭᠰᠠᠨ ᠪᠠᠶᠢᠬᠤ ᠬᠡᠷᠡᠭᠲᠡᠢ᠃ ᠬᠤᠪᠢ ᠬᠦᠮᠦᠨ ᠤ ᠤᠷᠤᠨ ᠰᠠᠭᠤᠴᠠ ᠶᠢᠨ ᠵᠢᠬᠡᠯᠡᠯᠭᠡ ᠶᠢᠨ ᠬᠦᠦ ᠮᠦᠩᠬᠦ ᠶᠢ ᠲᠤᠮᠳᠠᠳᠤ ᠤᠯᠤᠰ ᠤᠨ ᠠᠷᠠᠳ ᠤᠨ ᠪᠠᠩᠬᠢ ᠶᠢᠨ ᠨᠡᠶᠢᠳᠡᠯᠡᠭᠰᠡᠨ ᠵᠢᠭᠡᠯᠡᠯᠭᠡ ᠶᠢᠨ ᠬᠦᠦ ᠮᠦᠩᠬᠦ ᠪᠠᠷ ᠪᠠᠷᠢᠮᠵᠢᠶᠠᠯᠠᠵᠤ ᠲᠡᠭᠡᠭᠰᠢ ᠦᠰᠭᠡᠵᠦ ᠪᠤᠯᠬᠤ ᠦᠬᠡᠢ᠃ ᠬᠢᠮᠳᠠ ᠲᠣᠬᠢᠯᠢᠬ ᠤᠷᠤᠨ ᠰᠠᠭᠤᠴᠠ ᠪᠠᠶᠢᠭᠤᠯᠬᠤ ᠪᠠᠶᠢᠭᠤᠯᠤᠯᠭ᠎ᠠ ᠨᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢᠶᠠᠨ ᠲᠠᠨᠵᠢᠯᠠᠵᠤ ᠪᠠᠶᠢᠭᠠᠳ ᠬᠤᠳᠠᠯᠳᠤᠭᠠᠨ ᠤ ᠪᠠᠩᠬᠢ ᠠᠴᠠ ᠤᠷᠤᠨ ᠰᠠᠭᠤᠴᠠ ᠶᠢᠨ ᠨᠡᠭᠡᠭᠡᠯᠳᠡ ᠶᠢᠨ ᠵᠢᠬᠡᠯᠡᠯᠬᠡ ᠡᠷᠡᠮᠡᠯᠵᠡᠯᠡᠵᠦ ᠪᠤᠯᠤᠨ᠎ᠠ᠃            ᠬᠤᠪᠢ ᠬᠦᠮᠦᠨ ᠤ ᠤᠷᠤᠨ ᠰᠠᠭᠤᠴᠠ ᠬᠤᠳᠠᠯᠳᠤᠨ ᠠᠪᠬᠤ ᠳᠤ ᠬᠡᠷᠡᠭᠯᠡᠬᠦ ᠵᠢᠭᠡᠯᠡᠯᠭᠡ ᠶᠢᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠭᠦ ᠶᠢ ᠬᠢᠮᠳᠠ ᠲᠣᠬᠢᠯᠢᠬ ᠤᠷᠤᠨ ᠰᠠᠭᠤᠴᠠ ᠬᠤᠳᠠᠯᠳᠤᠨ ᠠᠪᠬᠤ ᠭᠡᠵᠦ ᠪᠠᠶᠢᠭ᠎ᠠ ᠬᠤᠪᠢ ᠬᠦᠮᠦᠨ ᠳᠤ ᠤᠷᠢᠳᠠᠪᠠᠷ ᠬᠠᠩᠭᠠᠨ ᠦᠭᠬᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号