2 ᠰᠠᠷ᠎ᠠ ᠶᠢᠨ 18 ᠤ ᠡᠳᠦᠷ᠂ ᠤᠯᠠᠭᠠᠨᠬᠤᠲᠡ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠵᠠᠰᠠᠭ | ᠤᠨ ᠤᠷᠳᠤᠨ ᠤ ᠠᠷᠪᠠᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠦ᠂ ᠬᠤᠲᠠ ᠶᠢᠨ ᠨᠠᠮ | ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠶᠢᠩ ᠵᠢᠶᠧ ᠡᠷᠬᠢᠯᠡᠨ ᠬᠤᠷᠠᠯᠳᠤᠭᠤᠯᠪᠠ᠃ ᠬᠤᠲᠠ | ᠶᠢᠨ ᠳᠠᠷᠤᠭ᠎ᠠ ᠯᠢᠶᠠᠩ ᠶᠠᠨ ᠵᠢᠶᠦ᠋ᠨ᠂ ᠦ᠋ ᠶᠦᠩ ᠴᠢᠤᠸᠠᠨ᠂ ᠵᠢᠢ ᠴᠢᠩ ᠯᠤ᠋᠂ ᠾᠧ ᠴᠢᠩ ᠬᠠᠢ᠂ ᠸᠠᠩ ᠹᠧᠩ | ᠬᠤᠸᠠ᠂ ᠦ᠋ ᠶᠢᠨ ᠳ᠋ᠧ᠂ ᠳ᠋ᠢᠩ ᠪᠥᠸᠧ ᠵᠢᠴᠢ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ | ᠬᠤᠷᠠᠯ ᠳᠤ ᠤᠷᠤᠯᠴᠠᠭᠰᠠᠨ ᠤᠳᠤᠷᠢᠳᠤᠯᠭ᠎ᠠ ᠪᠤᠯᠤᠨ ᠡᠯ᠎ᠡ ᠨᠢᠭᠡᠴᠡ ᠶᠢᠨ ᠬᠠᠷᠢᠭᠤᠴᠠᠯᠭᠠᠲᠠᠨ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ | ᠬᠤᠷᠠᠯ ᠳᠡᠭᠡᠷ᠎ᠡ ᠬᠢᠬᠦ ᠵᠠᠰᠠᠭ ᠤᠨ ᠤᠷᠳᠤᠨ ᠤ ᠠᠵᠢᠯ ᠤᠨ ᠢᠯᠡᠳᠭᠡᠯ᠂ ᠤᠯᠤᠰ ᠠᠷᠠᠳ ᠤᠨ ᠠᠵᠦ ᠠᠬᠤᠢ ᠶᠢᠨ | ᠬᠦᠭᠵᠢᠭᠦᠯᠦᠯᠲᠡ ᠶᠢᠨ ᠢᠯᠡᠳᠭᠡᠯ ᠪᠤᠯᠤᠨ ᠡᠳ᠋ ᠤᠨ ᠵᠠᠰᠠᠭ ᠤᠨ ᠲᠦᠰᠦᠪ ᠤᠨ ᠲᠤᠬᠠᠢ ᠬᠠᠮᠲᠦᠪᠡᠷ ᠶᠠᠷᠢᠯᠴᠠᠵᠠᠭᠠᠪᠠ | ᠃ ᠬᠤᠷᠠᠯ ᠳᠤ ᠤᠷᠤᠯᠴᠠᠭᠰᠠᠳ ᠵᠦᠪᠯᠡᠬᠦ ᠰᠡᠳᠦᠪ ᠤᠳ ᠢ ᠨᠢᠭᠡᠳ ᠨᠢᠭᠡ ᠪᠠᠷ ᠵᠠᠳᠠᠯᠤᠨ ᠰᠢᠨᠵᠢᠯᠡᠬᠦ ᠶᠢᠨ ᠵᠡᠷᠭᠡ᠂ | ᠡᠯ᠎ᠡ ᠬᠤᠪᠢᠳᠠᠨ ᠬᠠᠮᠢᠶᠠᠷᠴᠤ ᠪᠠᠶᠢᠬᠤ ᠹᠷᠤᠨᠲ᠂ ᠬᠦᠷᠢᠶ᠎ᠡ ᠴᠠᠷᠠᠭ᠎ᠠ ᠶᠢᠨ ᠠᠵᠢᠯ ᠲᠠᠢ ᠪᠠᠨ ᠤᠶᠠᠯᠳᠤᠭᠤᠯᠤᠨ ᠰᠠᠨᠠᠯ | ᠰᠠᠨᠠᠭᠤᠯᠭ᠎ᠠ ᠳᠤᠷᠠᠳᠤᠪᠠ᠃ | ᠸᠠᠩ ᠶᠢᠩ ᠵᠢᠶᠧ ᠶᠠᠷᠢᠶᠠᠨ ᠳᠠᠭᠠᠨ᠂ ᠲᠤᠭᠤᠷᠪᠢᠨ ᠪᠢᠴᠢᠬᠦ ᠳᠤᠭᠤᠶᠢᠯᠠᠩ ᠠᠴᠠ ᠤᠯᠠᠨ ᠤ ᠳᠤᠷᠠᠳᠤᠭᠰᠠᠨ ᠰᠠᠨᠠᠯ | ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠳᠭᠡᠨ ᠰᠤᠳᠤᠯᠵᠦ᠂ ︽ᠢᠯᠡᠳᠭᠡᠯ︾ ᠢ ᠲᠠᠬᠢᠨ ᠵᠠᠰᠠᠵᠦ᠂ ᠳᠠᠬᠢᠨ | ᠳᠡᠭᠦᠯᠳᠡᠷᠵᠢᠭᠦᠯᠵᠦ᠂ ᠲᠠᠬᠢᠨᠲᠠ ᠳᠡᠰ ᠳᠡᠪᠰᠢᠭᠦᠯᠵᠦ᠂ ᠢᠯᠡᠳᠭᠡᠯ ᠳᠡᠭᠡᠷ᠎ᠡ ᠪᠠᠨ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠤᠷᠢᠭ ᠰᠠᠨᠠᠭ᠎ᠠ ᠶᠢ ᠭᠦᠢᠴᠡᠳ ᠲᠤᠰᠬᠠᠵᠦ᠂ ᠳᠡᠭᠡᠲᠦ ᠱᠠᠲᠤᠨ ᠤ ᠪᠠᠶᠢᠷᠢᠯᠠᠭᠤᠯᠤᠯᠲᠠ ᠪᠠ ᠱᠠᠭᠠᠷᠳᠠᠯᠭ᠎ᠠ | ᠳᠤ ᠨᠡᠶᠢᠴᠡᠵᠦ᠂ ᠮᠦᠨᠴᠤ ᠤᠯᠠᠭᠠᠨᠬᠤᠲᠡ ᠶᠢᠨ ᠬᠦᠭᠵᠢᠭᠦᠯᠦᠯᠲᠡ ᠶᠢᠨ ᠪᠤᠲᠠᠲᠠᠢ ᠪᠠᠶᠢᠳᠠᠯ ᠬᠢᠭᠡᠳ ᠠᠷᠠᠳ ᠤᠯᠠᠨ | ᠤ ᠬᠦᠰᠡᠯ ᠡᠷᠡᠮᠡᠯᠵᠡᠯ ᠲᠠᠢ ᠵᠤᠬᠢᠴᠠᠬᠤ ᠬᠡᠷᠡᠭᠲᠡᠢ᠃ ᠡᠯ᠎ᠡ ᠨᠢᠭᠡᠴᠡ ᠰᠠᠯᠠᠭ᠎ᠠ ᠮᠦᠴᠢᠷ ᠤᠨ ᠬᠢᠨ ᠪᠠᠶᠢᠳᠠᠯ ᠢᠶᠠᠨ | ᠲᠤᠬᠢᠷᠠᠭᠤᠯᠵᠦ᠂ ᠡᠬᠢᠯᠡᠯᠲᠡ ᠶᠢ ᠴᠢᠩᠭ᠎ᠠ ᠠᠳᠬᠤᠵᠦ᠂ ᠳᠡᠭᠡᠲᠦ ᠬᠡᠮᠵᠢᠶᠡᠨ ᠤ ᠬᠠᠷᠢᠭᠤᠴᠠᠯᠭᠠᠲᠦ ᠰᠡᠳᠭᠢᠯᠭᠡ ᠪᠠᠷ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠡ ᠲᠦᠷᠦᠯ ᠤᠨ ᠭᠤᠤᠯ ᠠᠵᠢᠯ ᠢ ᠴᠢᠩᠭ᠎ᠠ | ᠠᠳᠬᠤᠵᠦ ᠪᠤᠲᠠᠲᠠᠢ ᠨᠠᠶᠢᠳᠠᠪᠦᠷᠢᠵᠢᠭᠤᠯᠬᠤ ᠬᠡᠷᠡᠭᠲᠡᠢ ᠭᠡᠵᠦ ᠴᠢᠩᠭᠠᠳᠬᠠᠪᠠ᠃ |