ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠶᠢᠩ ᠵᠢᠶᠧ ᠣᠯᠠᠭᠠᠨᠬᠤᠲᠠ ᠶᠢᠨ ᠤᠰᠤᠨ ᠲᠣᠲᠣᠷᠭ᠎ᠠ ᠶᠢᠨ ᠦᠢᠯᠡᠰ ᠤᠨ ᠬᠦᠭᠵᠢᠯᠲᠡ ᠶᠢᠨ ᠪᠠᠶᠢᠳᠠᠯ ᠢ ᠪᠠᠶᠢᠴᠠᠭᠠᠨ ᠰᠣᠳᠣᠯᠵᠠᠢ
ᠨᠡᠶᠢᠲᠡᠯᠡᠭᠰᠡᠨ ᠴᠠᠭ᠄
2019-02-25
     2 ᠰᠠᠷ᠎ᠠ ᠶᠢᠨ 21 ᠤ ᠡᠳᠦᠷ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠶᠢᠩ ᠵᠢᠶᠧ ᠣᠯᠠᠭᠠᠨᠬᠤᠲᠠ ᠶᠢᠨ ᠤᠰᠤᠨ ᠲᠣᠲᠣᠷᠭ᠎ᠠ ᠶᠢᠨ ᠦᠢᠯᠡᠰ ᠤᠨ ᠬᠦᠭᠵᠢᠯᠲᠡ ᠶᠢᠨ ᠪᠠᠶᠢᠳᠠᠯ ᠢ ᠪᠠᠶᠢᠴᠠᠭᠠᠨ ᠰᠣᠳᠣᠯᠵᠣ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠸᠠᠩ ᠴᠦᠨ ᠶᠢᠦ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠬᠠᠮᠲᠣ ᠪᠠᠷ ᠪᠠᠶᠢᠴᠠᠭᠠᠨ ᠰᠣᠳᠣᠯᠵᠠᠢ᠃     ᠸᠠᠩ ᠶᠢᠩ ᠵᠢᠶᠧ ᠵᠡᠷᠭᠡ ᠤᠳᠤᠷᠢᠳᠣᠯᠭ᠎ᠠ ᠨᠠᠷ ᠢᠯᠠᠯᠲᠠ ᠪᠠᠯᠭᠠᠰᠤᠨ ᠤ ᠪᠠᠷᠠᠭᠤᠨ ᠪᠠᠶᠠᠨ ᠭᠠᠴᠠᠭ᠎ᠠ ᠶᠢᠨ  ᠴᠢᠬᠢ ᠰᠣᠶᠣᠭᠠᠯᠠᠭᠤᠯᠬᠤ ᠲᠠᠰᠤᠭ᠂ ᠢᠯᠠᠯᠲᠠ ᠶᠢᠨ ᠲᠦᠮᠡᠨ ᠮᠣ᠋  ᠲᠤᠲᠤᠷᠭᠠᠨ ᠲᠠᠷᠢᠶᠠᠨ ᠦᠵᠡᠮᠵᠢ ᠶᠢᠨ ᠲᠣᠭᠤᠷᠢᠭ᠂ ᠢᠳᠡᠬᠡᠨ ᠣᠮᠳᠠᠭᠠᠨ ᠤ ᠵᠡᠬᠡᠯᠢ᠂ ᠶᠤᠸᠠᠨ ᠯᠥᠩ ᠫᠢᠩ ᠣᠰᠣᠨ ᠲᠣᠲᠣᠷᠭ᠎ᠠ ᠶᠢᠨ ᠠᠵᠢᠯ ᠤᠨ ᠦᠷᠲᠡᠭᠡ᠂ ᠣᠯᠠᠭᠠᠨᠬᠠᠳᠠ ᠪᠠᠯᠭᠠᠰᠤᠨ ᠤ ᠰᠠᠨ ᠾᠧ ᠣᠰᠣᠨ ᠲᠣᠲᠣᠷᠭ᠎ᠠ ᠶᠢᠨ ᠲᠣᠭᠤᠷᠢᠭ ᠲᠤ  ᠬᠦᠷᠴᠦ᠂ ᠪᠠᠶᠢᠴᠠᠭᠠᠨ ᠦᠵᠡᠬᠦ᠂ ᠮᠡᠳᠡᠬᠦᠯᠦᠯᠲᠡ ᠰᠣᠨᠣᠰᠬᠤ ᠵᠡᠷᠭᠡ ᠠᠷᠭ᠎ᠠ ᠪᠠᠷ᠂ ᠣᠯᠠᠭᠠᠨᠬᠤᠲᠠ ᠶᠢᠨ  ᠤᠰᠤᠨ ᠲᠣᠲᠣᠷᠭ᠎ᠠ  ᠶᠢᠨ ᠦᠢᠯᠡᠰ ᠤᠨ ᠬᠦᠭᠵᠢᠯᠲᠡ ᠶᠢᠨ ᠪᠠᠶᠢᠳᠠᠯ ᠢ ᠰᠠᠶᠢᠲᠣᠷ ᠣᠶᠢᠯᠠᠭᠠᠵᠠᠢ᠃    ᠳᠠᠷᠠᠭ᠎ᠠ ᠨᠢ ᠬᠤᠷᠠᠯᠳᠣᠭᠰᠠᠨ ᠰᠠᠭᠤᠳᠠᠯ ᠤᠨ ᠬᠤᠷᠠᠯ ᠳᠡᠭᠡᠷ᠎ᠡ᠂ ᠸᠠᠩ ᠶᠢᠩ ᠵᠢᠶᠧ ᠠᠴᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠦᠵᠡᠯᠲᠡ ᠲᠠᠨᠢᠯᠲᠠ ᠪᠠᠨ ᠳᠡᠭᠡᠭᠰᠢᠯᠡᠬᠦᠯᠵᠦ᠂ ᠬᠠᠷᠢᠭᠤᠴᠠᠯᠭᠠᠲᠣ  ᠤᠬᠠᠮᠰᠠᠷ ᠢᠶᠠᠨ ᠴᠢᠩᠭᠠᠳᠬᠠᠵᠣ᠂ ᠠᠶᠢᠮᠠᠭ ᠤᠨ ᠨᠠᠮ ᠤᠨ ᠬᠤᠷᠢᠶᠠᠨ ᠤ ︵ᠦᠷᠭᠡᠳᠬᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠣ ᠠᠬᠤᠢ ᠶᠢᠨ ᠠᠵᠢᠯ ᠤᠨ ᠬᠤᠷᠠᠯ ᠳᠡᠭᠡᠷ᠎ᠡ ᠳᠣᠷᠠᠳᠣᠭᠰᠠᠨ ᠤᠰᠤᠨ ᠲᠣᠲᠣᠷᠭ᠎ᠠ ᠶᠢᠨ ᠦᠢᠯᠡᠰ ᠤᠨ ︽ᠬᠤᠣᠰ ᠵᠠᠭᠤᠨ ᠬᠤᠣᠰ ᠮᠢᠩᠭᠠᠨ︾ ᠤ ᠢᠨᠵᠧᠨᠧᠷᠢᠩ ᠢ ᠲᠣᠣᠱᠯᠠᠭᠤᠯᠣᠨ ᠨᠠᠶᠢᠲᠠᠪᠣᠷᠢᠵᠢᠭᠤᠯᠵᠣ᠂ ᠪᠣᠬᠢᠷᠳᠣᠯ ᠦᠬᠡᠢ ᠣᠷᠭᠠᠨᠢᠭ ᠤᠰᠤᠨ ᠲᠣᠲᠣᠷᠭ᠎ᠠ ᠶᠢᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠤᠨ ᠪᠦᠲᠦᠬᠡᠨ ᠪᠠᠶᠢᠭᠤᠯᠣᠯᠲᠠ ᠶᠢ ᠲᠦᠷᠬᠡᠳᠬᠡᠵᠦ᠂ ᠬᠢᠨᠠᠯᠲᠠ ᠬᠠᠮᠢᠶᠠᠷᠣᠯᠲᠠ ᠪᠠᠨ ᠴᠢᠩᠭᠠᠳᠬᠠᠨ᠂ ᠲᠣᠷᠰᠢᠯᠲᠠ ᠶᠢᠨ ᠴᠡᠭ ᠢ ᠰᠠᠶᠢᠲᠣᠷ ᠬᠢᠵᠦ᠂ ᠦᠨᠳᠦᠷ ᠣᠨᠠᠯᠲᠠ ᠲᠠᠢ᠂ ᠦᠨᠳᠦᠷ ᠦᠷ᠎ᠡ ᠠᠰᠢᠭ ᠲᠠᠢ ᠣᠰᠣᠨ ᠲᠣᠲᠣᠷᠭ᠎ᠠ ᠶᠢᠨ ᠦᠯᠢᠬᠡᠷ ᠬᠡᠪ ᠤᠨ ᠣᠷᠣᠨ ᠢ ᠴᠢᠷᠮᠠᠶᠢᠨ ᠪᠠᠶᠢᠭᠤᠯᠣᠨ᠎ᠠ᠃  ᠪᠣᠬᠢᠷᠳᠣᠯ ᠦᠬᠡᠢ ᠦᠢᠯᠡᠳᠪᠦᠷᠢᠯᠡᠯ ᠢ ᠲᠦᠯᠬᠢᠨ ᠠᠬᠢᠭᠤᠯᠵᠣ᠂ ᠡᠭᠦᠯᠳᠡᠷ ᠰᠤᠩᠭᠤᠬᠤ ᠂ ᠲᠣᠲᠣᠷᠭᠠᠨ ᠴᠢᠬᠢ ᠪᠣᠶᠢᠵᠢᠭᠤᠯᠬᠤ ᠵᠡᠷᠭᠡ ᠵᠠᠩᠬᠢᠯᠠᠭ᠎ᠠ ᠶᠢᠨ ᠭᠤᠭᠴᠤᠭ᠎ᠠ ᠶᠢ ᠰᠠᠶᠢᠲᠣᠷ ᠠᠩᠬᠠᠷᠴᠤ᠂ ᠰᠢᠨᠵᠢᠯᠡᠬᠦ ᠣᠬᠠᠭᠠᠨᠴᠢ ᠪᠠᠷ ᠬᠠᠮᠢᠶᠠᠷᠣᠨ᠂ ᠤᠰᠤᠨ ᠲᠣᠲᠣᠷᠭ᠎ᠠ ᠶᠢᠨ ᠦᠢᠯᠡᠰ ᠤᠨ ᠶᠡᠷᠦᠩᠬᠡᠢ ᠦᠷ᠎ᠡ ᠠᠰᠢᠭ ᠢ ᠴᠢᠷᠮᠠᠶᠢᠨ ᠳᠡᠭᠡᠭᠰᠢᠯᠡᠬᠦᠯᠵᠦ᠂ ᠦᠨᠳᠦᠷ ᠦᠷ᠎ᠡ ᠠᠰᠢᠭ ᠲᠠᠢ᠂ ᠤᠳᠤ ᠦᠶ᠎ᠡ ᠶᠢᠨ ᠠᠮᠢ ᠠᠬᠤᠢ ᠶᠢᠨ ᠲᠠᠷᠢᠶᠠᠯᠠᠩ ᠢ ᠬᠦᠭᠵᠢᠬᠦᠯᠦᠨ᠎ᠡ᠃ ᠵᠣᠭᠠᠴᠠᠨ ᠦᠵᠡᠬᠦ ᠣᠷᠣᠨ ᠢ ᠲᠦᠷᠬᠡᠪᠴᠢᠯᠡᠨ ᠪᠠᠶᠢᠭᠤᠯᠵᠣ᠂ ᠲᠣᠲᠣᠷᠭᠠᠨ ᠲᠠᠷᠢᠶᠠᠨ ᠳᠤ ᠲᠡᠵᠢᠬᠡᠨ ᠦᠷᠡᠵᠢᠬᠦᠯᠬᠦ᠂ ᠦᠵᠡᠮᠵᠢ ᠶᠢᠨ ᠲᠠᠷᠢᠶᠠᠯᠠᠩ᠂ ᠰᠡᠯᠡᠬᠦᠴᠡᠯ ᠲᠠᠷᠢᠶᠠᠯᠠᠩ ᠵᠡᠷᠭᠡ ᠰᠢᠨ᠎ᠡ ᠠᠵᠣ ᠦᠢᠯᠡᠰ ᠢ ᠢᠳᠡᠪᠬᠢᠲᠡᠢ ᠬᠦᠭᠵᠢᠬᠦᠯᠦᠨ᠂ ᠢᠯᠠᠯᠲᠠ ᠭᠠᠴᠠᠭ᠎ᠠ ᠶᠢᠨ ᠣᠪᠣᠭᠠᠲᠣ ᠠᠭᠤᠯᠠ᠂ ᠣᠯᠠᠭᠠᠨᠬᠠᠳᠠ ᠪᠠᠯᠭᠠᠰᠤᠨ ᠤ ᠬᠦ᠋ ᠴᠧᠩ ᠲᠣᠰᠬᠤᠨ᠂ ᠭᠤᠣ ᠶᠢᠨ ᠠᠶᠢᠯ᠂ ᠰᠠᠨ ᠾᠧ ᠲᠣᠰᠬᠤᠨ᠂ ᠭᠡᠭᠡᠨᠰᠦ᠋ᠮ᠎ᠡ ᠪᠠᠯᠭᠠᠰᠤᠨ ᠤ ᠶᠢᠦ ᠢ ᠭᠠᠴᠠᠭ᠎ᠠ ᠵᠡᠷᠭᠡ ᠰᠤᠶᠣᠯ ᠵᠣᠭᠠᠴᠠᠯ ᠤᠨ ᠲᠦᠬᠦᠭᠡᠷᠦᠮᠵᠢᠲᠦ ᠪᠦᠲᠦᠬᠡᠨ ᠪᠠᠶᠢᠭᠤᠯᠣᠯᠲᠠ ᠶᠢ ᠴᠤᠭᠴᠠᠯᠠᠵᠣ᠂ ᠵᠣᠭᠠᠴᠠᠭᠰᠠᠳ ᠤᠨ ᠠᠩᠬᠠᠷᠣᠯ ᠢ ᠲᠠᠲᠠᠨ᠎ᠠ᠃ ᠦᠵᠡᠯ ᠰᠠᠨᠠᠭ᠎ᠠ ᠪᠠᠨ ᠣᠯᠠᠮ ᠨᠢᠬᠡ ᠠᠯᠬᠤᠮ ᠨᠢᠬᠡᠳᠬᠡᠨ᠂ ᠬᠠᠮᠲᠣ ᠶᠢᠨ ᠲᠠᠨᠢᠯᠲᠠ ᠪᠠᠨ ᠨᠢᠭᠲᠠᠷᠠᠭᠤᠯᠵᠣ᠂ ᠬᠠᠮᠵᠢᠯᠴᠠᠭ᠎ᠠ ᠪᠠᠨ ᠴᠢᠩᠭᠠᠳᠬᠠᠵᠣ᠂ ᠲᠦᠷᠦᠯ ᠵᠦᠢᠯ ᠤᠨ ᠪᠡᠯᠡ ᠮᠦᠩᠬᠦ ᠶᠢ ᠲᠦᠷᠬᠡᠪᠴᠢᠯᠡᠨ ᠨᠠᠶᠢᠲᠠᠪᠣᠷᠢᠵᠢᠭᠤᠯᠵᠣ᠂ ᠣᠯᠠᠭᠠᠨᠬᠤᠲᠠ ᠶᠢᠨ ᠵᠣᠭᠠᠴᠠᠨ ᠦᠵᠡᠬᠦ ᠣᠷᠣᠨ ᠪᠣᠯᠣᠨ ᠦᠨᠳᠦᠷ ᠣᠨᠠᠯᠲᠠ ᠲᠠᠢ᠂ ᠦᠨᠳᠦᠷ ᠦᠷ᠎ᠡ ᠠᠰᠢᠭ ᠲᠠᠢ ᠣᠰᠣᠨ ᠲᠣᠲᠣᠷᠭ᠎ᠠ ᠶᠢᠨ ᠦᠯᠢᠬᠡᠷ ᠬᠡᠪ ᠤᠨ ᠣᠷᠣᠨ ᠢ ᠬᠤᠭᠤᠴᠠᠭ᠎ᠠ ᠶᠣᠰᠣᠭᠠᠷ ᠪᠠᠶᠢᠭᠤᠯᠵᠣ᠂ ᠠᠮᠵᠢᠯᠲᠠ ᠣᠯᠬᠤ ᠶᠢ ᠪᠠᠲᠣᠯᠠᠵᠣ᠂ ᠡᠭᠦᠨ ᠤ ᠬᠠᠮᠲᠣ᠂ ᠭᠠᠵᠠᠷ ᠣᠷᠣᠨ ᠤ ᠣᠨᠴᠠᠯᠢᠭ ᠲᠠᠢ ᠵᠣᠭᠠᠴᠠᠯ ᠤᠨ ᠪᠦᠲᠦᠬᠡᠭᠳᠡᠬᠦᠨ ᠢ ᠦᠢᠯᠡᠳᠪᠦᠷᠢᠯᠡᠵᠦ᠂ ᠨᠢᠬᠡᠳᠦᠭᠡᠷ᠂ ᠬᠤᠶᠠᠳᠣᠭᠠᠷ᠂ ᠭᠤᠷᠪᠠᠳᠣᠭᠠᠷ ᠠᠵᠣ ᠦᠢᠯᠡᠰ  ᠤᠨ ᠠᠭᠤᠰᠣᠯᠴᠠᠯ ᠬᠦᠭᠵᠢᠯᠲᠡ ᠶᠢ ᠠᠬᠢᠭᠤᠯᠵᠣ᠂ ︽ᠬᠢᠩᠭᠠᠨ ᠠᠶᠢᠮᠠᠭ ᠤᠨ ᠲᠣᠲᠣᠷᠭ᠎ᠠ︾ ᠶᠢᠨ ᠨᠡᠷᠡᠲᠦ ᠲᠡᠮᠲᠡᠭᠲᠦ ᠶᠢ ᠤᠯᠠᠮ ᠨᠢᠬᠡ ᠠᠯᠬᠤᠮ ᠬᠦᠭᠵᠢᠬᠦᠯᠦᠨ ᠮᠠᠨᠳᠣᠭᠤᠯᠵᠣ᠂ ᠣᠯᠠᠭᠠᠨᠬᠤᠲᠠ ᠶᠢᠨ ᠤᠰᠤᠨ ᠲᠣᠲᠣᠷᠭ᠎ᠠ  ᠶᠢᠨ ᠦᠢᠯᠡᠰ ᠤᠨ ᠲᠦᠷᠬᠡᠨ ᠬᠦᠭᠵᠢᠯᠲᠡ ᠶᠢ ᠠᠬᠢᠭᠤᠯᠬᠤ ᠭᠡᠷᠡᠭᠲᠡᠢ ᠬᠡᠵᠦ ᠶᠠᠷᠢᠭᠰᠠᠨ ᠪᠠᠶᠢᠨ᠎ᠠ᠃     ᠬᠤᠷᠠᠯ ᠳᠤ ᠣᠷᠣᠯᠴᠠᠭᠰᠠᠳ ᠠᠴᠠ ᠬᠤᠪᠢᠶᠠᠨ ᠬᠠᠮᠢᠶᠠᠷᠴᠤ ᠪᠠᠶᠢᠭ᠎ᠠ ᠬᠡᠪᠴᠢᠶᠡᠨ ᠳᠠᠬᠢ ᠠᠵᠢᠯ ᠲᠠᠢ ᠪᠠᠨ ᠣᠶᠠᠯᠳᠣᠭᠤᠯᠣᠨ ᠶᠠᠷᠢᠶ᠎ᠠ ᠲᠠᠯᠪᠢᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号