2019 ᠤᠨ ᠤ ︽ᠦᠪᠤᠷ ᠮᠤᠩᠭᠤᠯ ᠤᠨ ᠪᠠᠭᠠᠴᠤᠳ ᠬᠡᠥᠬᠡᠳ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠡᠳᠤᠷ︾ ᠰᠤᠷᠭᠠᠭᠤᠯᠢ ᠶᠢᠨ ᠬᠦᠷᠢᠶᠡᠨ ᠤ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠵᠢᠴᠢ ᠬᠢᠩᠭᠠᠨ ᠠᠶᠢᠮᠠᠭ ᠤᠨ ︽ᠭᠠᠷᠠᠭ ᠤᠨ ᠰᠡᠬᠦᠯᠴᠢ ᠶᠢᠨ ᠬᠠᠮᠳᠤᠷᠠᠭᠰᠠᠨ ᠤᠷᠤᠯᠳᠤᠭᠠᠨ︾ ᠤ ᠡᠬᠢᠯᠡᠯᠳᠠ ᠶᠢᠨ ᠶᠤᠰᠤᠯᠠᠯ ᠨᠢᠵᠢᠬᠢᠷ ᠰᠠᠶᠢᠬᠠᠨ ᠶᠠᠪᠤᠭᠳᠠᠵᠠᠢ
ᠨᠡᠶᠢᠲᠡᠯᠡᠭᠰᠡᠨ ᠴᠠᠭ᠄
2019-03-21
   3 ᠰᠠᠷ᠎ᠠ ᠶᠢᠨ 1 ᠤ ᠡᠳᠤᠷ᠂ 2019 ᠤᠨ ᠤ ︽ᠦᠪᠤᠷ ᠮᠤᠩᠭᠤᠯ ᠤᠨ ᠪᠠᠭᠠᠴᠤᠳ ᠬᠡᠥᠬᠡᠳ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠡᠳᠤᠷ︾ ᠰᠤᠷᠭᠠᠭᠤᠯᠢ ᠶᠢᠨ ᠬᠦᠷᠢᠶᠡᠨ ᠤ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠵᠢᠴᠢ ᠬᠢᠩᠭᠠᠨ ᠠᠶᠢᠮᠠᠭ ᠤᠨ ︽ᠭᠠᠷᠠᠭ ᠤᠨ ᠰᠡᠬᠦᠯᠴᠢ ᠶᠢᠨ ᠬᠠᠮᠳᠤᠷᠠᠭᠰᠠᠨ ᠤᠷᠤᠯᠳᠤᠭᠠᠨ︾ ᠤ ᠡᠬᠢᠯᠡᠯᠳᠠ ᠶᠢᠨ ᠶᠤᠰᠤᠯᠠᠯ ᠤᠯᠠᠭᠠᠨᠬᠤᠳᠠ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠳᠤ ᠨᠢᠵᠢᠬᠢᠷ ᠰᠠᠶᠢᠬᠠᠨ ᠶᠠᠪᠤᠭᠳᠠᠵᠠᠢ᠃    ᠤᠯᠤᠰ ᠤᠨ ᠲᠤᠭ ᠮᠠᠨᠳᠤᠭᠤᠯᠬᠤ ᠶᠤᠰᠤᠯᠠᠯ ᠤᠨ ᠲᠠᠷᠠᠭ᠎ᠠ᠂ ᠤᠯᠠᠭᠠᠨᠬᠤᠳᠠ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠶᠢᠨ ᠵᠠᠬᠢᠷᠤᠯ ᠪᠤᠥ ᠶᠦᠩ ᠮᠸᠢ ᠠᠴᠠ ᠲᠤᠰ ᠤᠳᠠᠭᠠᠨ ᠤ ᠠᠵᠢᠯᠯᠠᠭ᠎ᠠ ᠳᠤ ᠪᠠᠶᠠᠷ ᠤᠨ ᠦᠭᠡ ᠶᠠᠷᠢᠵᠤ᠂ ᠠᠶᠢᠮᠠᠭ ᠤᠨ ᠰᠤᠷᠭᠠᠨ ᠬᠦᠮᠤᠵᠢᠯ ᠤᠨ ᠲᠡᠳ᠋ ᠲᠤᠪᠴᠢᠶᠠᠨ ᠲᠠᠷᠤᠭ᠎ᠠ ᠸᠧᠨ ᠴᠧᠩ ᠸᠧᠢ ᠠᠴᠠ ︽ᠦᠪᠤᠷ ᠮᠤᠩᠭᠤᠯ ᠤᠨ ᠪᠠᠭᠠᠴᠤᠳ ᠬᠡᠥᠬᠡᠳ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠡᠳᠤᠷ︾ ᠰᠤᠷᠭᠠᠭᠤᠯᠢ ᠶᠢᠨ ᠬᠦᠷᠢᠶᠡᠨ ᠤ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠵᠢᠴᠢ ᠬᠢᠩᠭᠠᠨ ᠠᠶᠢᠮᠠᠭ ᠤᠨ ︽ᠭᠠᠷᠠᠭ ᠤᠨ ᠰᠡᠬᠦᠯᠴᠢ ᠶᠢᠨ ᠬᠠᠮᠳᠤᠷᠠᠭᠰᠠᠨ ᠤᠷᠤᠯᠳᠤᠭᠠᠨ︾ ᠵᠢᠩᠬᠢᠨᠢ ᠪᠠᠷ ᠡᠬᠢᠯᠡᠭᠰᠡᠨ ᠢ ᠵᠠᠷᠯᠠᠵᠠᠢ᠃ ᠲᠤᠰ ᠤᠳᠠᠭᠠᠨ ᠤ ᠠᠵᠢᠯᠯᠠᠭ᠎ᠠ ᠲᠡᠭᠡᠷ᠎ᠠ᠂ ᠤᠳᠤᠷᠢᠳᠤᠯᠭ᠎ᠠ ᠨᠠᠷ‌ᠡᠴᠠ ᠡᠯ ᠎ᠠ ᠬᠤᠰᠢᠭᠤ ᠰᠢᠶᠠᠨ ᠬᠤᠳᠠ ᠶᠢᠨ ᠲᠦᠯᠤᠭᠡᠯᠡᠭᠴᠢ ᠳᠤ ᠬᠦᠯ ᠪᠦᠮᠪᠦᠭᠡ ᠵᠢᠴᠢ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠲᠤᠰᠬᠠᠢ ᠬᠡᠪᠯᠡᠯ ᠢ ᠭᠠᠷᠳᠠᠭᠤᠯᠪᠠ᠃   ᠡᠬᠢᠯᠡᠯᠳᠠ ᠶᠢᠨ ᠶᠤᠰᠤᠯᠠᠯ ᠤᠨ ᠲᠠᠷᠠᠭ᠎ᠠ᠂ ᠮᠠᠨ ᠤ ᠠᠶᠢᠮᠠᠭ ᠤᠨ ᠡᠯ᠎ᠠ ᠬᠤᠰᠢᠭᠤ ᠰᠢᠶᠠᠨ ᠬᠤᠳᠠ᠂ ᠠᠶᠢᠮᠠᠭ ᠤᠨ ᠰᠢᠭᠤᠳ ᠬᠠᠷᠢᠶ᠎ᠠ ᠲᠤᠮᠳᠠᠳᠤ ᠪᠠᠭ᠎ᠠ ᠰᠤᠷᠭᠠᠭᠤᠯᠢ ᠨᠢᠭᠡ ᠭᠠᠷᠠᠭ ᠤᠨ ᠬᠤᠭᠤᠴᠠᠭᠠᠨ ᠳᠤ᠂ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠰᠤᠶᠤᠯ ᠤᠷᠠᠯᠢᠭ ᠤᠨ ᠨᠠᠶᠢᠷ᠂ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠤᠷᠤᠯᠳᠤᠭᠠᠨ᠂ ᠠᠩᠬᠢ ᠶᠢᠨ ᠬᠤᠷᠠᠯ ᠬᠢᠬᠦ ᠵᠡᠷᠭᠡ ᠤᠯᠠᠨ ᠵᠦᠢᠯ ᠤᠨ ᠬᠡᠯᠪᠡᠷᠢ ᠪᠠᠷ᠂ ᠲᠠᠪᠤᠳᠤᠭᠠᠷ ᠬᠤᠭᠤᠴᠠᠭᠠᠨ ᠤ ︽ᠦᠪᠤᠷ ᠮᠤᠩᠭᠤᠯ ᠤᠨ ᠪᠠᠭᠠᠴᠤᠳ ᠬᠡᠥᠬᠡᠳ ᠤᠨ ᠬᠦᠯ ᠪᠦᠮᠪᠦᠭᠡ ᠶᠢᠨ ᠡᠳᠤᠷ︾ ᠤᠨ ᠬᠠᠮᠢᠶ᠎ᠠ ᠪᠦᠬᠦᠢ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠬᠦ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号