ᠵᠢᠭᠠᠨ ᠰᠤᠷᠭᠠᠯᠳᠠ ᠶᠢᠨ ᠶᠠᠰᠣ ᠴᠢᠨᠠᠷ ᠢᠶᠠᠨ ᠳᠡᠭᠡᠭᠰᠢᠯᠡᠭᠦᠯᠬᠦ ᠵᠢᠴᠢ ᠠᠷᠢᠭᠤᠨ ᠴᠢᠭᠡᠴᠢ ᠪᠠᠷ ᠵᠠᠰᠠᠬᠤ ᠪᠠᠷᠢᠬᠤ | ᠪᠠᠶᠢᠭᠤᠯᠤᠯᠳᠠ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠬᠤ ᠶᠢᠨ ᠲᠦᠯᠦᠭᠡ᠂ 2 ᠰᠠᠷ᠎ᠠ ᠶᠢᠨ | 26 ᠤ ᠦᠳᠡ ᠶᠢᠨ ᠬᠤᠶᠢᠨ᠎ᠠ᠂ ᠤᠯᠠᠭᠠᠨᠬᠤᠳᠠ ᠬᠤᠶᠠᠳᠤᠭᠠᠷ ᠲᠤᠮᠳᠠᠳᠤ ᠰᠤᠷᠭᠠᠭᠤᠯᠢ 2019 ᠤᠨ ᠤ ᠵᠢᠭᠠᠨ | ᠰᠤᠷᠭᠠᠯᠳᠠ ᠵᠢᠴᠢ ᠨᠠᠮ ᠤᠨ ᠰᠤᠷᠳᠠᠯ ᠠᠷᠢᠭᠤᠨ ᠴᠢᠭᠡᠴᠢ ᠪᠠᠷ ᠵᠠᠰᠠᠬᠤ ᠪᠠᠷᠢᠬᠤ ᠪᠠᠶᠢᠭᠤᠯᠤᠯᠳᠠ ᠶᠢᠨ ᠠᠵᠢᠯ ᠤᠨ | ᠬᠤᠷᠠᠯ ᠬᠢᠪᠡ᠃ ᠲᠤᠰ ᠤᠳᠠᠭᠠᠨ ᠤ ᠬᠤᠷᠠᠯ ᠢ ᠰᠤᠷᠭᠠᠭᠤᠯᠢ ᠶᠢᠨ ᠳᠡᠳ᠋ ᠵᠠᠬᠢᠷᠤᠯ ᠴᠧᠨ ᠲᠢᠶᠧ ᠵᠦ ᠨᠦᠬᠦᠷ ᠠᠴᠠ | ᠡᠷᠬᠢᠯᠡᠵᠤ᠂ ᠰᠤᠷᠭᠠᠭᠤᠯᠢ ᠶᠢᠨ ᠲᠠᠳ᠋ ᠵᠠᠬᠢᠷᠤᠯ ᠤᠯᠠᠭᠠᠨ ᠨᠦᠬᠦᠷ ᠠᠴᠠ ᠯᠢ ᠵᠢᠶᠦ᠋ᠨ ᠶᠠᠨ ᠳᠠᠷᠤᠭ᠎ᠠ ᠶᠢᠨ ᠪᠦᠬᠦ | ᠠᠶᠢᠮᠠᠭ ᠤᠨ ᠵᠢᠭᠠᠨ ᠰᠤᠷᠭᠠᠯᠳᠠ ᠵᠢᠴᠢ ᠨᠠᠮ ᠤᠨ ᠰᠤᠷᠳᠠᠯ ᠠᠷᠢᠭᠤᠨ ᠴᠢᠭᠡᠴᠢ ᠪᠠᠷ ᠵᠠᠰᠠᠬᠤ ᠪᠠᠷᠢᠬᠤ | ᠪᠠᠶᠢᠭᠤᠯᠤᠯᠳᠠ ᠶᠢᠨ ᠠᠵᠢᠯ ᠤᠨ ᠬᠤᠷᠠᠯ ᠳᠠᠬᠢ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠵᠤ᠂ 2019 ᠤᠨ ᠳᠤ | ᠰᠢ ᠶᠢᠨ ᠫᠢᠩᠤᠨ ᠰᠢᠨ᠎ᠡ ᠴᠠᠭ ᠦᠶ᠎ᠡ ᠳᠠᠬᠢ ᠰᠤᠷᠭᠠᠨ ᠬᠦᠮᠦᠵᠢᠯ ᠤᠨ ᠦᠵᠡᠯ ᠰᠠᠨᠠᠭ᠎ᠠ ᠶᠢ ᠪᠠᠷᠢᠮᠳᠠᠯᠠᠵᠤ᠂ | ᠪᠠᠭᠰᠢ ᠶᠢᠨ ᠡᠩᠨᠡᠭᠡᠨ ᠤ ᠪᠠᠶᠢᠭᠤᠯᠤᠯᠳᠠ᠂ ᠮᠤᠷᠠᠯ ᠪᠣᠯᠪᠠᠰᠤᠨ ᠢᠶᠠᠷ ᠰᠤᠷᠤᠭᠴᠢ ᠶᠢ ᠬᠦᠮᠦᠵᠢᠭᠦᠯᠬᠦ᠂ | ᠬᠢᠴᠢᠶᠡᠯᠯᠡᠭᠡ ᠶᠢᠨ ᠦᠭᠡᠷᠡᠴᠢᠯᠡᠯᠳᠡ ᠵᠡᠷᠭᠡ ᠳᠠᠯ᠎ᠠ ᠪᠠ ᠠᠷᠢᠭᠤᠨ ᠴᠢᠭᠡᠴᠢ ᠪᠠᠷ ᠵᠠᠰᠠᠬᠤ ᠪᠠᠷᠢᠬᠤ ᠪᠠᠶᠢᠭᠤᠯᠤᠯᠳᠠ ᠶᠢᠨ | ᠠᠵᠢᠯ ᠤᠨ ᠲᠠᠯ᠎ᠠ ᠪᠠᠷ ᠭᠤᠤᠯᠯᠠᠨ ᠠᠳᠬᠤᠨ᠎ᠠ ᠭᠡᠪᠡ᠃ ᠰᠤᠷᠭᠠᠭᠤᠯᠢ ᠶᠢᠨ ᠨᠠᠮ ᠤᠨ ᠡᠭᠦᠷ ᠤᠨ ᠳᠡᠳ᠋ ᠱᠦᠵᠢ | ᠪᠠᠮᠪᠠᠷ ᠪᠠᠭᠰᠢ ᠠᠴᠠ ᠠᠶᠢᠮᠠᠭ ᠲᠤ ᠰᠠᠭᠤᠭ᠎ᠠ ᠰᠤᠷᠭᠠᠨ ᠬᠦᠮᠦᠵᠢᠯ ᠤᠨ ᠰᠠᠬᠢᠯᠭ᠎ᠠ ᠪᠠᠳᠤ ᠶᠢ ᠪᠠᠶᠢᠴᠠᠭᠠᠬᠤ | ᠳᠤᠭᠤᠶᠢᠯᠠᠩ ᠤᠨ ᠬ᠊ ᠤ ᠸᠧᠢ ᠫᠢᠩ ᠳᠠᠷᠤᠭ᠎ᠠ ᠶᠢᠨ ᠶᠠᠷᠢᠶᠠᠨ ᠤ ᠵᠤᠷᠢᠭ ᠰᠠᠨᠠᠭ᠎ᠠ ᠶᠢ ᠳᠠᠮᠵᠢᠭᠤᠯᠬᠤ ᠶᠢᠨ ᠳᠠᠭᠠᠤ | ᠰᠤᠷᠭᠠᠭᠤᠯᠢ ᠶᠢᠨ ᠠᠷᠢᠭᠤᠨ ᠴᠢᠭᠡᠴᠢ ᠪᠠᠷ ᠵᠠᠰᠠᠬᠤ ᠪᠠᠷᠢᠬᠤ ᠪᠠᠶᠢᠭᠤᠯᠤᠯᠳᠠ ᠶᠢᠨ ᠠᠵᠢᠯ ᠳᠤ ᠪᠣᠳᠠᠳᠠᠢ | ᠳᠣᠬᠢᠷᠠᠭᠤᠯᠣᠯᠳᠠ ᠬᠢᠪᠡ᠃ ᠳᠠᠷᠠᠭ᠎ᠠ ᠳᠤ ᠨᠢ᠂ ᠰᠤᠷᠭᠠᠭᠤᠯᠢ ᠶᠢᠨ ᠳᠡᠳ᠋ ᠵᠠᠬᠢᠷᠤᠯ ᠪᠣᠣ ᠰᠢᠦ ᠮᠸᠢ ᠪᠠᠭᠰᠢ ᠠᠴᠠ | ᠲᠤᠰ ᠰᠤᠷᠭᠠᠭᠤᠯᠢ ᠳᠤ ᠰᠢᠨ᠎ᠡ ᠪᠠᠷ ᠤᠷᠢᠭᠳᠠᠵᠤ ᠢᠷᠡᠭᠰᠡᠨ 14 ᠪᠠᠭᠰᠢ ᠶᠢ ᠳᠠᠨᠢᠯᠴᠠᠭᠤᠯᠵᠤ᠂ 2019 ᠣᠨ ᠤ | ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠵᠢᠯ ᠳᠤ ᠪᠠᠶᠢᠷᠢᠯᠠᠭᠤᠯᠤᠯᠳᠠ ᠬᠢᠵᠠᠢ᠃ ᠬᠠᠮᠤᠭ ᠰᠡᠭᠦᠯ ᠳᠤ᠂ | ᠰᠤᠷᠭᠠᠭᠤᠯᠢ ᠶᠢᠨ ᠵᠠᠬᠢᠷᠤᠯ ᠪᠦᠬᠡᠴᠢᠯᠠᠭᠤ ᠪᠠᠭᠰᠢ ᠠᠴᠠ ᠰᠤᠷᠭᠠᠭᠤᠯᠢ ᠶᠢᠨ 2018 ᠣᠨ ᠤ ᠠᠮᠵᠢᠯᠳᠠ ᠳᠤ | ᠳ᠋ᠦᠩᠨᠡᠯᠳᠡ ᠬᠢᠵᠦ᠂ 2019 ᠣᠨ ᠤ ᠠᠵᠢᠯ ᠤᠨ ᠱᠠᠭᠠᠷᠳᠠᠯᠭ᠎ᠠ ᠳᠤᠷᠠᠳᠪᠠ᠂ ᠲᠠᠷᠤᠢ ᠪᠠᠭᠰᠢ ᠶᠢᠨ ᠡᠩᠨᠡᠭᠡᠨ ᠤ | ᠪᠠᠶᠢᠭᠤᠯᠤᠯᠳᠠ᠂ ᠰᠢᠨ᠎ᠡ ᠬᠢᠴᠢᠶᠡᠯᠯᠡᠭᠡ ᠶᠢᠨ ᠦᠭᠡᠷᠡᠴᠢᠯᠡᠯᠳᠡ ᠶᠢᠨ ᠠᠵᠢᠯ᠂ ᠣᠷᠣᠨ ᠤ ᠦᠨᠳᠦᠰᠦᠳᠡᠨ ᠤ ᠵᠢᠱᠢᠶᠡᠴᠢ | ᠰᠤᠷᠭᠠᠭᠤᠯᠢ ᠶᠢ ᠡᠬᠦᠳᠤᠨ ᠪᠠᠶᠢᠭᠤᠯᠬᠤ ᠵᠡᠷᠭᠡ ᠪᠣᠯ ᠭᠤᠣᠯᠳᠠᠯᠭ᠎ᠠ ᠪᠣᠯᠣᠨ᠎ᠠ ᠭᠡᠵᠠᠢ᠃ | | |