ᠪᠠᠶᠢᠭᠠᠯᠢ ᠶᠢᠨ ᠭᠠᠶᠢᠬᠠᠮᠰᠢᠭ ᠢ ᠬᠦᠥᠷᠨᠢᠭᠰᠡᠨ ︽ᠦᠪ ᠤᠨ ᠰᠠᠩ︾
ᠨᠡᠶᠢᠲᠡᠯᠡᠭᠰᠡᠨ ᠴᠠᠭ᠄
2019-03-04
    ᠦᠪᠤᠷ ᠮᠤᠩᠭᠤᠯ ᠤᠨ ᠪᠠᠶᠢᠭᠠᠯᠢ ᠶᠢᠨ ᠮᠦᠽᠸᠢ ᠪᠤᠯ ᠦᠪᠠᠷᠳᠡᠭᠡᠨ ᠵᠠᠰᠠᠬᠤ ᠤᠷᠤᠨ ᠠᠴᠠ ᠪᠡᠯᠡ  ᠤᠷᠤᠭᠤᠯᠵᠤ ᠪᠦᠳᠤᠭᠡᠨ ᠪᠠᠶᠢᠭᠤᠯᠤᠭᠰᠠᠨ ᠮᠠᠨ ᠤ ᠤᠷᠤᠨ ᠤ ᠠᠩᠬᠠᠳᠠᠭᠴᠢ ᠪᠠᠶᠢᠭᠠᠯᠢ ᠶᠢᠨ ᠡᠬᠢ ᠪᠠᠶᠠᠯᠢᠭ ᠤᠨ  ᠮᠦᠽᠸᠢ ᠪᠠᠶᠢᠵᠤ᠂ ᠤᠳᠤᠨ ᠤᠷᠤᠨ᠂ ᠭᠠᠵᠠᠷ ᠵᠦᠢ᠂ ᠤᠷᠭᠤᠮᠠᠯ᠂ ᠡᠷᠳᠡᠨ ᠤ ᠠᠮᠢᠳᠤ ᠪᠤᠳᠠᠰ ᠪᠤᠯᠤᠨ ᠰᠢᠨᠵᠢᠯᠡᠬᠦ  ᠤᠬᠠᠭᠠᠨ ᠤ ᠰᠤᠳᠤᠯᠭᠠᠨ᠂ ᠰᠤᠶᠤᠯ ᠰᠤᠷᠭᠠᠨ ᠬᠦᠮᠤᠵᠢᠯ ᠲᠠᠢ ᠬᠤᠯᠪᠤᠭᠳᠠᠭᠰᠠᠨ ᠵᠦᠢᠯᠡᠰ ᠢ ᠬᠤᠷᠢᠶᠠᠨ  ᠬᠠᠳᠠᠭᠠᠯᠠᠬᠤ᠂ ᠵᠤᠬᠢᠶᠠᠨ ᠪᠦᠳᠤᠭᠡᠬᠦ᠂ ᠲᠡᠯᠭᠡᠨ ᠦᠵᠡᠬᠦᠯᠬᠦ ᠶᠢ ᠨᠢᠭᠡ ᠴᠤᠭᠴᠠᠵᠢᠭᠤᠯᠤᠭᠰᠠᠨ ᠮᠦᠽᠸᠢ ᠪᠤᠯᠤᠨ᠎ᠠ᠃      ᠦᠪᠤᠷ ᠮᠤᠩᠭᠤᠯ ᠤᠨ ᠪᠠᠶᠢᠭᠠᠯᠢ ᠶᠢᠨ ᠮᠦᠽᠸᠢ ᠶᠢᠨ ᠲᠡᠯᠭᠡᠨ ᠦᠵᠡᠬᠦᠯᠤᠯᠭᠡ ᠶᠢᠨ ᠤᠷᠳᠤᠨ ᠨᠢ ᠲᠦᠷᠪᠡᠨ  ᠲᠠᠪᠬᠤᠷᠭ᠎ᠠ ᠪᠠᠶᠢᠵᠤ᠂ ᠲᠤᠰᠪᠤᠷᠢ ︽ᠰᠦᠷᠯᠢᠭ ᠰᠠᠶᠢᠬᠠᠨ ᠦᠪᠤᠷ ᠮᠤᠩᠭᠤᠯ︾᠂ ︽ᠪᠠᠯᠠᠷ ᠡᠷᠳᠡᠨ ᠤ ᠦᠪᠤᠷ  ᠮᠤᠩᠭᠤᠯ︾᠂ ︽ᠦᠨᠢᠷ ᠪᠠᠶᠠᠯᠢᠭ ᠦᠪᠤᠷ ᠮᠤᠩᠭᠤᠯ︾᠂ ︽ᠪᠤᠬᠢᠷᠳᠤᠯ ᠦᠭᠡᠢ ᠦᠪᠤᠷ ᠮᠤᠩᠭᠤᠯ︾ ᠪᠤᠯᠤᠨ  ᠠᠪᠤᠷᠭᠤ ᠬᠦᠷᠪᠡᠯ ᠤᠨ ᠦᠯᠤᠭᠡᠢ ᠭᠡᠮᠡᠨ ᠨᠡᠷᠡᠶᠢᠳᠤᠵᠤ᠂ ᠲᠦᠷᠪᠡᠳᠤᠭᠡᠷ ᠲᠠᠪᠬᠤᠷᠭ᠎ᠠ ᠶᠢᠨ ᠠᠪᠤᠷᠭᠤ ᠬᠦᠷᠪᠡᠯ ᠤᠨ  ᠦᠵᠡᠬᠦᠯᠤᠯᠭᠡ ᠶᠢᠨ ᠤᠷᠳᠤᠨ ᠠᠴᠠ ᠪᠤᠰᠤᠳ ᠨᠢ ᠲᠠᠯ ᠎ᠠ ᠨᠤᠳᠤᠭ᠂ ᠤᠢ ᠰᠢᠭᠤᠢ᠂ ᠡᠯᠡᠰᠤ ᠮᠠᠩᠬ᠎ᠠ᠂ ᠭᠡᠭᠡᠷ᠎ᠠ ᠶᠢᠨ  ᠠᠮᠢᠳᠠᠨ ᠤᠷᠭᠤᠮᠠᠯ᠂ ᠡᠷᠳᠡᠨ ᠤ ᠠᠮᠢᠳᠤ ᠪᠤᠳᠠᠰ᠂ ᠡᠷᠳᠡᠨ ᠤ ᠪᠠᠶᠢᠭᠠᠯᠢ ᠶᠢᠨ ᠤᠷᠴᠢᠨ ᠲᠤᠭᠤᠷᠢᠨ ᠵᠢᠴᠢ ᠭᠠᠵᠠᠷ  ᠵᠦᠢ ᠶᠢᠨ ᠤᠨᠴᠠᠯᠢᠭ ᠰᠢᠨᠵᠢ᠂ ᠠᠭᠤᠷᠬᠠᠢ ᠶᠢᠨ ᠭᠠᠷᠤᠯᠳᠠ᠂ ᠲᠠᠷᠢᠶᠠᠯᠠᠩ ᠮᠠᠯ ᠠᠵᠤ ᠠᠬᠤᠢ᠂ ᠮᠤᠩᠭᠤᠯ ᠡᠮ  ᠡᠮᠨᠡᠯᠭᠡ ᠵᠡᠷᠭᠡ ᠡᠯ᠎ᠠ ᠬᠦᠷᠢᠶ᠎ᠠ ᠴᠠᠷ᠎ᠠ ᠳᠠᠬᠢ ᠪᠠᠶᠢᠭᠠᠯᠢ ᠶᠢᠨ ᠡᠬᠢ ᠪᠠᠶᠠᠯᠢᠭ ᠢ ᠭᠤᠥᠯᠳᠠᠯᠭ᠎ᠠ ᠲᠠᠢ ᠪᠠᠷ ᠲᠡᠯᠬᠡᠨ  ᠦᠵᠡᠬᠦᠯᠵᠤ᠂ ᠮᠠᠨ ᠤ ᠤᠷᠤᠨ ᠢᠶᠠᠨ ᠲᠡᠯᠡᠬᠡᠢ ᠳᠤ ᠲᠠᠨᠢᠭᠤᠯᠬᠤ ᠨᠢᠭᠡᠨ ᠤᠬᠠᠭᠤᠯᠭ᠎ᠠ ᠶᠢᠨ ᠴᠤᠩᠬᠤ ᠪᠤᠯᠤᠭᠰᠠᠨ  ᠪᠠᠶᠢᠨ᠎ᠠ᠃       ᠦᠪᠤᠷ ᠮᠤᠩᠭᠤᠯ ᠤᠨ ᠪᠠᠶᠢᠭᠠᠯᠢ ᠶᠢᠨ ᠮᠦᠽᠸᠢ ᠶᠢ 2016 ᠤᠨ ᠠᠴᠠ ᠡᠬᠢᠯᠡᠨ ᠪᠠᠶᠢᠭᠤᠯᠵᠤ᠂  ᠪᠠᠷᠢᠯᠭ᠎ᠠ ᠶᠢᠨ ᠶᠡᠷᠤᠩᠬᠡᠢ ᠲᠠᠯᠠᠪᠠᠢ ᠨᠢ 48759 ᠲᠡᠭᠰᠢ ᠲᠦᠷᠪᠡᠯᠵᠢᠨ ᠮᠧᠲᠷ ᠪᠠᠶᠢᠵᠤ᠂ ᠡᠬᠦᠨ ᠳᠤ  ᠦᠵᠡᠬᠦᠯᠤᠯᠭᠡ ᠶᠢᠨ ᠲᠠᠩᠬᠢᠮ ᠤᠨ ᠲᠠᠯᠠᠪᠠᠢ ᠨᠢ 21795 ᠲᠡᠭᠰᠢ ᠲᠦᠷᠪᠡᠯᠵᠢᠨ ᠮᠧᠲᠷ ᠪᠤᠯᠤᠨ᠎ᠠ᠃ ᠲᠤᠰ  ᠮᠦᠽᠸᠢ ᠨᠢ ᠬᠦᠬᠡᠬᠤᠳᠠ ᠶᠢᠨ ᠰᠠᠶᠢᠬᠠᠨ ᠲᠤᠭᠤᠷᠢᠭ ᠤᠨ ᠡᠮᠤᠨ᠎ᠠ ᠬᠤᠶᠠᠳᠤᠭᠠᠷ ᠲᠤᠭᠤᠷᠢᠯ ᠵᠠᠮ ᠬᠢᠭᠡᠳ ᠬᠢᠩᠭᠠᠨ  ᠵᠠᠮ ᠤᠨ ᠠᠭᠤᠯᠵᠠᠷ ᠲᠤ ᠪᠠᠶᠢᠷᠢᠯᠠᠵᠤ᠂ ᠡᠳᠤᠷ ᠪᠤᠯᠭᠠᠨ ᠤ ᠦᠷᠯᠤᠭᠡ ᠶᠢᠨ 9 ᠴᠠᠭ ᠠᠴᠠ 17 ᠴᠠᠭ ᠪᠤᠯᠳᠠᠯ᠎ᠠ  ᠡᠬᠦᠳᠠ ᠪᠠᠨ ᠨᠡᠭᠡᠭᠡᠳᠡᠭ᠃ ︵︽ᠠᠮᠢᠳᠤᠷᠠᠯ ᠭᠠᠷᠠᠭ ᠤᠨ ᠰᠤᠨᠢᠨ︾ ᠠᠴᠠ ᠰᠢᠯᠵᠢᠬᠦᠯᠪᠡ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号