| 1. ᠮᠤᠩᠭᠤᠯ ᠦᠨᠳᠦᠰᠦᠲᠡᠨ ᠤ ᠤᠷᠲᠦ ᠶᠢᠨ ᠳᠠᠭᠤᠤ᠄ ︵2005 ᠤᠨ ᠤ 11 ᠰᠠᠷ᠎ᠠ ᠶᠢᠨ 25 ᠤ ᠡᠳᠦᠷ | ᠪᠦᠷᠢᠳᠭᠡᠭᠰᠡᠨ ᠬᠦᠮᠦᠨ ᠲᠦᠷᠦᠯᠬᠢᠲᠠᠨ ᠤ ᠭᠤᠷᠪᠠᠳᠤᠭᠠᠷ ᠪᠦᠯᠦᠭ ᠪᠤᠳᠠᠰ ᠤᠨ ᠪᠤᠰᠤ ᠰᠤᠶᠤᠯ ᠤᠨ ᠦᠪ ᠤᠨ | ᠲᠦᠷᠦᠯ ᠵᠦᠢᠯ︶ ᠮᠤᠩᠭᠤᠯ ᠦᠨᠳᠦᠰᠦᠲᠡᠨ ᠤ ᠤᠷᠲᠦ ᠶᠢᠨ ᠳᠠᠭᠤᠤ ᠪᠤᠯ ᠢᠯᠡ ᠲᠤᠲᠦ ᠨᠡᠭᠦᠳᠡᠯ ᠠᠮᠢᠳᠦᠷᠠᠯ ᠤᠨ | ᠤᠨᠴᠠᠯᠢᠭ ᠪᠠ ᠦᠪᠡᠷᠮᠢᠴᠡ ᠤᠨᠴᠠᠯᠢᠭ ᠲᠠᠢ ᠳᠠᠭᠤᠯᠠᠬᠤ ᠬᠡᠯᠪᠡᠷᠢ ᠪᠠᠷ ᠮᠤᠩᠭᠤᠯ ᠦᠨᠳᠦᠰᠦᠲᠡᠨ ᠤ ᠲᠡᠤᠭᠡ ᠰᠤᠶᠤᠯ᠂ | ᠬᠦᠮᠦᠨ ᠢᠷᠭᠡᠨᠰᠢᠯ᠂ ᠶᠤᠰᠤ ᠰᠤᠷᠲᠠᠬᠤᠨ᠂ ᠬᠦᠨ ᠤᠬᠠᠭᠠᠨ ᠪᠤᠯᠤᠨ ᠤᠳᠬ᠎ᠠ ᠤᠷᠠᠯᠢᠭ ᠢ ᠲᠤᠰᠬᠠᠬᠰᠠᠨ ᠪᠠᠶᠢᠳᠠᠬ | ᠃ | 2. ᠬᠦᠭᠡᠮᠠᠢ᠄ ︵2009 ᠤᠨ ᠤ 10 ᠰᠠᠷ᠎ᠠ ᠶᠢᠨ 1 ᠤ ᠡᠳᠦᠷ ᠪᠦᠷᠢᠳᠭᠡᠭᠰᠡᠨ ᠳᠡᠯᠡᠬᠡᠢ ᠶᠢᠨ ᠪᠤᠳᠠᠰ ᠤᠨ | ᠪᠤᠰᠤ ᠰᠤᠶᠤᠯ ᠤᠨ ᠦᠪ ᠤᠨ ᠲᠦᠷᠦᠯ ᠵᠦᠢᠯ︶ ᠬᠦᠭᠡᠮᠡᠢ ᠪᠤᠯ ᠮᠤᠩᠭᠤᠯ ᠬᠦᠮᠦᠨ ᠤ ᠡᠭᠦᠳᠦᠨ ᠪᠦᠲᠦᠭᠡᠭᠰᠡᠨ ᠨᠢᠭᠡ | ᠵᠦᠢᠯ ᠤᠨ ᠭᠠᠶᠢᠬᠠᠮᠰᠢᠬᠲᠦ ᠳᠠᠭᠤᠯᠠᠬᠤᠢ ᠤᠷᠠᠯᠢᠭ ᠶᠤᠮ᠃ ᠳᠠᠭᠤᠯᠠᠬᠴᠢ ᠠᠴᠠ ᠨᠢᠭᠡ ᠯᠡ ᠳᠡᠭᠡᠷ᠎ᠠ ᠬᠤᠶᠠᠷ | ᠵᠦᠢᠯ ᠤᠨ ᠲᠠᠭᠤ ᠭᠠᠷᠭᠠᠳᠠᠬ᠃ ᠳᠤᠮᠳᠠᠲᠦ ᠶᠢᠨ ᠦᠨᠳᠦᠰᠦᠲᠡᠨ ᠤ ᠳᠤᠳᠤᠷ᠎ᠠ ᠴᠤᠷ ᠤᠨ ᠭᠠᠭᠴᠠ ᠪᠠᠶᠢᠳᠠᠬ | ᠤᠨᠴᠠᠭᠠᠢ ᠤᠷᠠᠯᠢᠭ ᠮᠦᠨ᠃ | | 3. ᠮᠤᠩᠭᠤᠯ ᠦᠨᠳᠦᠰᠦᠲᠡᠨ ᠤ ᠮᠤᠷᠢᠨ ᠬᠤᠭᠤᠷ᠄ ︵2006 ᠤᠨ ᠤ 5 ᠰᠠᠷ᠎ᠠ ᠶᠢᠨ 20 ᠤ ᠡᠳᠦᠷ | ᠪᠦᠷᠢᠳᠭᠡᠭᠰᠡᠨ ᠲᠦᠷᠦᠭᠦᠦ ᠪᠦᠯᠦᠭ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ | ᠵᠦᠢᠯ︶ ᠮᠤᠷᠢᠨ ᠬᠤᠭᠤᠷ ᠪᠤᠯ ᠨᠢᠭᠡ ᠵᠦᠢᠯ ᠤᠨ ᠬᠤᠶᠠᠷ ᠴᠢᠪᠬᠠᠳᠠᠰᠦ ᠪᠦᠬᠦᠢ ᠴᠢᠪᠬᠠᠳᠠᠰᠦᠲᠦ ᠬᠦᠭᠵᠢᠮ᠂ | ᠱᠠᠲᠦᠯᠵᠢᠨ ᠬᠡᠯᠪᠡᠷᠢ ᠶᠢᠨ ᠬᠤᠭᠤᠷ ᠤᠨ ᠪᠡᠶ᠎ᠠ ᠵᠢᠴᠢ ᠮᠤᠷᠢᠨ ᠲᠤᠯᠤᠭᠠᠢ ᠶᠢᠨ ᠬᠡᠯᠪᠡᠷᠢ ᠲᠠᠢ ᠰᠠᠶᠢᠯᠵᠦ ᠪᠦᠲᠦᠭᠡᠭᠰᠡᠨ | ᠬᠤᠭᠤᠷ ᠤᠨ ᠪᠠᠷᠢᠭᠤᠯ ᠲᠠᠢ᠂ ᠮᠤᠩᠭᠤᠯ ᠬᠦᠮᠦᠨ ᠤ ᠬᠠᠮᠤᠭ ᠠᠴᠠ ᠪᠠᠭ᠋ᠠᠷᠳᠠᠭ ᠬᠦᠭᠵᠢᠮ ᠪᠤᠯᠬᠤ ᠶᠤᠮ᠃ | 4. ᠮᠤᠩᠭᠤᠯ ᠦᠨᠳᠦᠰᠦᠲᠡᠨ ᠤ ᠠᠨᠳᠠᠢ ᠪᠦᠵᠢᠭ᠄ ︵2006 ᠤᠨ ᠤ 5 ᠰᠠᠷ᠎ᠠ ᠶᠢᠨ 20 ᠤ ᠡᠳᠦᠷ | ᠪᠦᠷᠢᠳᠭᠡᠭᠰᠡᠨ ᠲᠦᠷᠦᠭᠦᠦ ᠪᠦᠯᠦᠭ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ | ᠵᠦᠢᠯ︶ ᠠᠨᠳᠠᠢ ᠪᠦᠵᠢᠭ ᠨᠢ ᠮᠢᠩ ᠤᠨ ᠰᠡᠭᠦᠯᠴᠢ ᠴᠢᠩ ᠤᠨ ᠡᠬᠢᠨ ᠳᠤ ᠬᠤᠷᠴᠢᠨ ᠤ ᠲᠠᠯ᠎ᠠ ᠨᠤᠲᠤᠭ ᠤᠨ ᠡᠮᠤᠨ᠎ᠠ | ᠬᠡᠰᠡᠭ ᠤᠨ ᠬᠦᠷᠢᠶ᠎ᠠ ᠬᠤᠰᠢᠭᠤ ᠠᠴᠠ ᠡᠭᠦᠰᠦᠯᠳᠠᠢ᠃ ᠬᠠᠮᠤᠭ ᠡᠭᠢᠨ ᠳᠤ ᠪᠠᠨ ᠡᠪᠡᠳᠴᠢᠨ ᠵᠠᠰᠠᠬᠤ ᠪᠦᠭᠡ ᠶᠢᠨ | ᠱᠠᠰᠢᠨ ᠤ ᠨᠢᠭᠡ ᠵᠦᠢᠯ ᠤᠨ ᠪᠦᠵᠢᠭ ᠪᠠᠶᠢᠵᠠᠢ᠂ ᠬᠤᠵᠢᠮ ᠨᠢ ᠠᠯᠭᠤᠷ ᠠᠭᠠᠵᠢᠮ ᠢᠶᠠᠷ ᠪᠠᠶᠠᠷ ᠪᠠᠭ᠋ᠠᠲᠦᠯᠲᠦ | ᠰᠡᠳᠬᠢᠯᠭᠡ ᠶᠢ ᠢᠯᠡᠷᠡᠭᠦᠯᠦᠭᠰᠡᠨ ᠦᠨᠳᠦᠰᠦᠲᠡᠨ ᠤ ᠠᠷᠡᠳ ᠤᠨ ᠪᠦᠵᠢᠭ ᠪᠤᠯᠪᠠ᠃ | 5. ᠮᠤᠩᠭᠤᠯ ᠦᠨᠳᠦᠰᠦᠲᠡᠨ ᠤ ᠠᠷᠡᠳ ᠤᠨ ᠳᠠᠭᠤᠤ᠄ ︵2008 ᠤᠨ ᠤ 6 ᠰᠠᠷ᠎ᠠ ᠶᠢᠨ 7 ᠤ ᠡᠳᠦᠷ | ᠪᠦᠷᠢᠳᠭᠡᠭᠰᠡᠨ ᠬᠤᠶᠠᠳᠤᠭᠠᠷ ᠪᠦᠯᠦᠭ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ | ᠵᠦᠢᠯ︶ ᠮᠤᠩᠭᠤᠯ ᠦᠨᠳᠦᠰᠦᠲᠡᠨ ᠤ ᠠᠷᠡᠳ ᠤᠨ ᠳᠠᠭᠤᠤ ᠶᠢ ᠭᠤᠤᠯᠳᠠᠭᠤ ᠨᠠᠶᠢᠷ ᠤᠨ ᠳᠠᠭᠤᠤ ᠪᠤᠯᠤᠨ | ᠬᠦᠳᠡᠭᠡ ᠶᠢᠨ ᠳᠠᠭᠤᠤ ᠭᠡᠵᠤ ᠬᠤᠶᠠᠷ ᠲᠦᠷᠦᠯ ᠬᠤᠪᠢᠶᠠᠨ᠎ᠠ᠃ ᠠᠭᠤᠯᠭ᠎ᠠ ᠨᠢ ᠲᠤᠩ ᠪᠠᠶᠠᠯᠢᠭ᠃ ᠢᠨᠠᠬ | ᠬᠠᠶᠢᠷ᠎ᠠ ᠶᠢ ᠳᠠᠭᠤᠯᠠᠬᠰᠠᠨ᠂ ᠠᠬᠳᠠ ᠬᠦᠯᠦᠭ ᠢ ᠮᠠᠭᠳᠠᠭᠰᠠᠨ᠂ ᠲᠠᠯ᠎ᠠ ᠨᠤᠲᠤᠭ ᠠᠭᠤᠯᠠ ᠬᠠᠶᠢᠷᠬᠠᠨ ᠵᠢᠴᠢ ᠤᠰᠤ | ᠮᠦᠷᠡᠨ ᠢᠶᠠᠨ ᠬᠠᠶᠢᠷᠠᠯᠠᠨ ᠮᠠᠬᠳᠠᠬᠰᠠᠨ ᠵᠡᠷᠭᠡ ᠪᠤᠢ᠂ ᠡᠳᠡᠭᠡᠷ ᠠᠷᠡᠳ ᠤᠨ ᠳᠠᠭᠤᠤ ᠨᠢ ᠮᠤᠩᠭᠤᠯ ᠦᠨᠳᠦᠰᠦᠲᠡᠨ ᠤ | ᠵᠠᠩ ᠤᠢᠢᠯᠡ ᠶᠢ ᠠᠮᠢᠳᠦᠯᠢᠬ ᠲᠤᠰᠬᠠᠬᠰᠠᠨ ᠪᠠᠶᠢᠳᠠᠬ᠃ | 6. ᠨᠠᠭᠠᠳᠦᠮ᠄ ︵2006 ᠤᠨ ᠤ 5 ᠰᠠᠷ᠎ᠠ ᠶᠢᠨ 20 ᠤ ᠡᠳᠦᠷ ᠪᠦᠷᠢᠳᠭᠡᠭᠰᠡᠨ ᠲᠦᠷᠦᠭᠦᠦ ᠪᠦᠯᠦᠭ | ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠨᠠᠭᠠᠳᠦᠮ ᠪᠤᠯ ᠮᠤᠩᠭᠤᠯ | ᠦᠨᠳᠦᠰᠦᠲᠡᠨ ᠤ ᠤᠷᠳᠤ ᠤᠳᠠᠭᠠᠨ ᠲᠡᠤᠭᠡ ᠲᠠᠢ ᠤᠯᠠᠮᠵᠢᠯᠠᠯᠲᠦ ᠪᠠᠶᠠᠷ ᠨᠠᠶᠢᠷ ᠤᠨ ᠠᠵᠢᠯᠯᠠᠭ᠎ᠠ᠂ ᠮᠤᠩᠭᠤᠯ | ᠦᠨᠳᠦᠰᠦᠲᠡᠨ ᠤ ᠠᠮᠢᠳᠦᠷᠠᠯ ᠳᠤ ᠲᠤᠩ ᠶᠡᠭᠡ ᠪᠠᠶᠢᠷᠢ ᠰᠠᠭᠤᠷᠢ ᠲᠠᠢ ᠪᠠᠶᠢᠳᠠᠬ᠃ | 7. ᠴᠢᠩᠬᠢᠰ ᠤᠨ ᠳᠠᠬᠢᠯᠭ᠎ᠠ᠄ ︵2006 ᠤᠨ ᠤ 5 ᠰᠠᠷ᠎ᠠ ᠶᠢᠨ 20 ᠤ ᠡᠳᠦᠷ ᠪᠦᠷᠢᠳᠭᠡᠭᠰᠡᠨ ᠲᠦᠷᠦᠭᠦᠦ | ᠪᠦᠯᠦᠭ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠴᠢᠩᠬᠢᠰ ᠤᠨ | ᠲᠠᠬᠢᠯᠭ᠎ᠠ ᠪᠤᠯ ᠮᠤᠩᠭᠤᠯ ᠦᠨᠳᠦᠰᠦᠲᠡᠨ ᠤ ᠴᠢᠩᠬᠢᠰ ᠢ ᠲᠠᠬᠢᠬᠤ ᠶᠤᠰᠤᠨ ᠪᠤᠯᠤᠨ᠎ᠠ᠃ ᠨᠢᠭᠡ ᠵᠢᠯ ᠵᠢᠷᠠᠭᠠᠳ | ᠤᠳᠠᠭ᠎ᠠ ᠲᠤᠰᠬᠠᠢ ᠲᠦᠷᠦᠯ ᠤᠨ ᠲᠠᠬᠢᠯᠭ᠎ᠠ ᠬᠢᠵᠤ᠂ ᠵᠢᠯ ᠪᠦᠷᠢ ᠶᠢᠨ ᠪᠢᠯᠢᠭ ᠤᠨ ᠤᠯᠠᠷᠢᠯ ᠤᠨ 3 ᠰᠠᠷ᠎ᠠ ᠶᠢᠨ | 20 ᠤ ᠡᠳᠦᠷ ᠬᠠᠪᠤᠷ ᠤᠨ ᠳᠠᠬᠢᠯᠭ᠎ᠠ ᠭᠢᠳᠡᠭ᠂ ᠡᠨᠡ ᠨᠢ ᠬᠦᠷᠢᠶ᠎ᠠ ᠬᠡᠪᠴᠢᠶ᠎ᠠ ᠪᠠᠷ ᠬᠠᠮᠤᠭ ᠶᠡᠭᠡ᠂ ᠦᠪᠡᠳᠡᠭᠰᠢ ᠶᠡᠭᠡ | ᠲᠠᠬᠢᠯᠭ᠎ᠠ ᠪᠤᠯᠤᠨ᠎ᠠ᠃ | 8. ᠮᠤᠩᠭᠤᠯ ᠦᠨᠳᠦᠰᠦᠲᠡᠨ ᠤ ᠳᠦᠷᠪᠡᠨ ᠤᠳᠠᠰᠦᠲᠦ ᠬᠤᠭᠤᠷ ᠤᠨ ᠬᠦᠭᠵᠢᠮ᠄ ︵2006 ᠤᠨ ᠳᠤ | ᠪᠦᠷᠢᠳᠭᠡᠭᠰᠡᠨ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠮᠤᠩᠭᠤᠯ | ᠦᠨᠳᠦᠰᠦᠲᠡᠨ ᠤ ᠲᠦᠷᠪᠡᠨ ᠤᠳᠠᠰᠦᠲᠦ ᠬᠤᠭᠤᠷ ᠤᠨ ᠬᠦᠭᠵᠢᠮ ᠪᠤᠯ ᠳᠤᠮᠳᠠᠲᠦ ᠤᠯᠤᠰ ᠤᠨ ᠪᠤᠳᠠᠰ ᠤᠨ ᠪᠤᠰᠤ | ᠰᠤᠶᠤᠯ ᠤᠨ ᠦᠪ ᠤᠨ ᠨᠢᠭᠡ ᠪᠤᠯᠤᠨ᠎ᠠ᠃ ᠮᠤᠩᠭᠤᠯ ᠦᠨᠳᠦᠰᠦᠲᠡᠨ ᠤ ᠳᠦᠷᠪᠡᠨ ᠤᠳᠠᠰᠦᠲᠦ ᠬᠤᠭᠤᠷ ᠤᠨ | ᠬᠦᠭᠵᠢᠮ ᠨᠢ ᠮᠤᠩᠭᠤᠯ ᠦᠨᠳᠦᠰᠦᠲᠡᠨ ᠤ ᠤᠨᠴᠠᠯᠢᠭ ᠪᠦᠭᠦᠢ ᠬᠦᠭᠵᠢᠮᠳᠡᠭᠦᠷ ᠤᠨ ᠨᠢᠭᠡ᠃ ᠭᠤᠤᠯᠳᠠᠭᠤ ᠳᠤᠮᠳᠠᠲᠦ | ᠤᠯᠤᠰ ᠤᠨ ᠬᠤᠶᠢᠲᠦ ᠬᠡᠰᠡᠭ ᠤᠨ ᠮᠤᠩᠭᠤᠯ ᠦᠨᠳᠦᠰᠦᠲᠡᠨ᠂ ᠬᠢᠲᠡᠳ ᠦᠨᠳᠦᠰᠦᠲᠡᠨ ᠪᠤᠯᠤᠨ ᠮᠤᠩᠭᠤᠯ | ᠤᠯᠤᠰ ᠤᠨ ᠬᠢᠯᠢ ᠳᠤᠳᠤᠷ᠎ᠠ ᠤᠯᠠᠮᠵᠢᠯᠠᠬᠳᠠᠵᠦ ᠪᠠᠶᠢᠨ᠎ᠠ᠃ | 9. ᠮᠤᠩᠭᠤᠯ ᠦᠨᠳᠦᠰᠦᠲᠡᠨ ᠤ ᠴᠤᠭᠤᠷ᠄ ︵2008 ᠤᠨ ᠤ 6 ᠰᠠᠷ᠎ᠠ ᠳᠤ ᠪᠦᠷᠢᠳᠭᠡᠭᠰᠡᠨ ᠬᠤᠶᠠᠳᠤᠭᠠᠷ | ᠪᠦᠯᠦᠭ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠴᠤᠭᠤᠷ ᠪᠤᠯ | ᠰᠢᠨᠵᠢᠶᠠᠩ ᠤᠨ ᠮᠤᠩᠭᠤᠯ ᠦᠨᠳᠦᠰᠦᠲᠡᠨ ᠤ ᠲᠤᠸ᠋ᠨ ᠬᠦᠮᠦᠨ ᠤ ᠦᠯᠢᠶᠡᠳᠡᠭ ᠨᠢᠭᠡ ᠵᠦᠢᠯ ᠤᠨ ᠡᠷᠳᠡᠨ ᠤ ᠬᠦᠭᠵᠢᠮ | ᠂ ᠲᠡᠷᠡ ᠨᠢ ᠲᠡᠤᠭᠡ᠂ ᠰᠤᠶᠤᠯ ᠵᠢᠴᠢ ᠰᠢᠨᠵᠢᠯᠡᠬᠦ ᠤᠬᠠᠭᠠᠨ ᠤ ᠦᠨ᠎ᠠ ᠦᠷᠳᠡᠭ ᠢ ᠳᠤᠪᠤᠶᠢᠯᠭᠠᠵᠦ ᠪᠠᠶᠢᠳᠠᠭ᠃ | 10. ᠮᠤᠩᠭᠤᠯ ᠦᠨᠳᠦᠰᠦᠲᠡᠨ ᠤ ᠪᠦᠭᠡ᠄ ︵2006 ᠤᠨ ᠳᠤ ᠪᠦᠷᠢᠳᠭᠡᠭᠰᠡᠨ ᠲᠦᠷᠦᠭᠦᠦ ᠪᠦᠯᠦᠭ | ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠪᠦᠭᠡ ᠪᠤᠯ ᠮᠤᠩᠭᠤᠯ | ᠦᠨᠳᠦᠰᠦᠲᠡᠨ ᠤ ᠤᠯᠠᠮᠵᠢᠯᠠᠯᠲᠦ ᠪᠡᠶ᠎ᠠ ᠲᠠᠮᠢᠷ᠂ ᠵᠤᠭ᠎ᠠ ᠴᠡᠩᠭᠡᠯ ᠤᠨ ᠠᠵᠢᠯᠯᠠᠭ᠎ᠠ ᠶᠢᠨ ᠨᠢᠭᠡ ᠪᠤᠯᠬᠤ ᠪᠦᠭᠡᠳ | ᠮᠤᠩᠭᠤᠯ ᠦᠨᠳᠦᠰᠦᠲᠡᠨ ᠤ ᠡᠷ᠎ᠠ ᠶᠢᠨ ᠭᠤᠷᠪᠠᠨ ᠨᠠᠭᠠᠳᠦᠮ ᠤᠨ ᠳᠦᠷᠦᠭᠦᠨ ᠳᠤ ᠪᠤᠢ᠃ ᠤᠪᠤᠭ᠎ᠠ ᠲᠠᠬᠢᠬᠤ ᠪᠤᠶᠤ | ᠨᠠᠶᠢᠷ ᠨᠠᠭᠠᠳᠦᠮ ᠡᠷᠭᠢᠯᠡᠭᠦ ᠳᠤ ᠪᠦᠬᠡ ᠪᠠᠷᠢᠯᠳᠤᠬᠤ ᠨᠢ ᠬᠡᠵᠢᠶᠡᠳᠡ ᠳᠤᠲᠠᠬᠳᠠᠵᠦ ᠪᠤᠯᠤᠰᠢ ᠦᠭᠡᠢ ᠴᠢᠬᠤᠯᠠ ᠨᠢᠭᠡ | ᠠᠭᠤᠯᠭ᠎ᠠ ᠪᠤᠯᠬᠤ ᠶᠤᠮ᠃ | 11. ᠮᠤᠩᠭᠤᠯ ᠦᠨᠳᠦᠰᠦᠲᠡᠨ ᠤ ᠬᠤᠷᠢᠮ ᠤᠨ ᠶᠤᠰᠤᠯᠠᠯ᠄ ︵2006 ᠤᠨ ᠤ 5 ᠰᠠᠷ᠎ᠠ ᠶᠢᠨ 20 ᠤ | ᠡᠳᠦᠷ ᠪᠦᠷᠢᠳᠭᠡᠭᠰᠡᠨ ᠲᠦᠷᠦᠭᠦᠦ ᠪᠦᠯᠦᠭ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ | ᠲᠦᠷᠦᠯ ᠵᠦᠢᠯ︶ ᠮᠤᠩᠭᠤᠯ ᠦᠨᠳᠦᠰᠦᠲᠡᠨ ᠬᠤᠷᠢᠮ ᠤᠨ ᠶᠤᠰᠤᠯᠠᠯ ᠢ ᠲᠤᠩ ᠬᠦᠨᠳᠦᠳᠭᠡᠳᠡᠭ᠂ ᠬᠡᠲᠦ᠋ᠢᠪᠡᠷ | ᠭᠠᠵᠠᠷ ᠤᠷᠤᠨ ᠠᠳᠠᠯᠢ ᠪᠤᠰᠤ᠂ ᠠᠭᠤᠯᠭ᠎ᠠ ᠬᠡᠯᠪᠡᠷᠢ ᠨᠢ ᠵᠦᠷᠢᠶ᠎ᠠ ᠲᠠᠢ ᠪᠤᠯᠪᠠᠴᠦ ᠴᠦᠮ ᠦᠪᠡᠳᠡᠭᠰᠢ ᠶᠡᠭᠡ᠂ | ᠮᠦᠷᠳᠡᠭᠡᠨ ᠬᠦᠷ ᠨᠠᠷᠬᠢᠶᠠᠨ ᠢᠶᠠᠷ ᠪᠢᠯᠬᠠᠮ᠎ᠠ ᠪᠠᠶᠢᠳᠠᠭ᠃ | 12. ᠮᠤᠩᠭᠤᠯ ᠭᠡᠷ ᠪᠤᠰᠬᠠᠬᠤ ᠤᠷ᠎ᠠ ᠮᠡᠷᠭᠡᠵᠢᠯ᠄ ︵2008 ᠤᠨ ᠳᠤ ᠪᠦᠷᠢᠳᠭᠡᠭᠰᠡᠨ ᠬᠤᠶᠠᠳᠤᠭᠠᠷ | ᠪᠦᠯᠦᠭ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠮᠤᠩᠭᠤᠯ ᠭᠡᠷ ᠪᠤᠯ | ᠮᠤᠩᠭᠤᠯ ᠦᠨᠳᠦᠰᠦᠲᠡᠨ ᠤ ᠮᠠᠯᠴᠢᠳ ᠤᠨ ᠤᠷᠤᠰᠢᠨ ᠰᠠᠭᠤᠷᠢᠰᠢᠳᠠᠬ ᠮᠠᠯᠵᠢᠬᠤ ᠤᠢᠢᠯᠡᠳᠪᠦᠷᠢᠯᠡᠯ ᠪᠤᠯᠤᠨ ᠨᠡᠭᠦᠳᠡᠯ | ᠠᠮᠢᠳᠦᠷᠠᠯ ᠳᠤ ᠵᠤᠬᠢᠴᠠᠬᠤ ᠤᠷᠤᠨ ᠰᠠᠭᠤᠴᠠ ᠪᠤᠯᠤᠨ᠎ᠠ᠃ ᠮᠤᠩᠭᠤᠯ ᠭᠡᠷ ᠤᠨ ᠳᠤᠳᠤᠷ᠎ᠠ ᠠᠭᠤᠵᠢᠭᠤ ᠲᠠᠭᠠᠲᠠᠢ᠂ | ᠮᠤᠲᠤ ᠪᠠᠷ ᠬᠠᠨ᠎ᠠ ᠬᠢᠵᠦ᠂ ᠬᠤᠶᠠᠷ ᠠᠴᠠ ᠭᠤᠷᠪᠠᠨ ᠲᠠᠪᠬᠤᠷ ᠢᠰᠡᠬᠡᠢ ᠪᠦᠷᠢᠵᠦ᠂ ᠮᠤᠷᠢᠨ ᠳᠡᠯ ᠪᠤᠶᠤ ᠲᠡᠮᠡᠭᠡᠨ | ᠨᠤᠯᠤᠤᠷ ᠢᠶᠠᠷ ᠳᠠᠮᠤᠵᠦ ᠬᠢᠭᠰᠡᠨ ᠪᠦᠰᠡᠯᠡᠭᠦᠷ ᠢᠶᠠᠷ ᠤᠷᠢᠶᠠᠳᠠᠬ᠃ ᠳᠤᠭᠤᠨᠤ ᠪᠠᠷ ᠨᠢ ᠰᠠᠯᠬᠢ ᠨᠡᠪᠳᠡᠷᠡᠵᠦ ᠭᠡᠷᠡᠯ | ᠤᠷᠤᠳᠠᠭ᠃ ᠮᠤᠩᠭᠤᠯ ᠭᠡᠷ ᠨᠢ ᠪᠤᠰᠬᠠᠵᠦ ᠪᠠᠭᠤᠯᠭᠠᠬᠤ ᠳᠤ ᠲᠦᠬᠦᠮ ᠪᠤᠯᠬᠤᠷ ᠮᠠᠯᠴᠢᠳ ᠤᠨ ᠨᠡᠭᠦᠳᠡᠯᠯᠡᠨ | ᠮᠠᠯᠵᠢᠬᠤ ᠳᠤ ᠲᠤᠬᠢᠷᠠᠳᠠᠭ᠃ | 13᠂ ᠮᠤᠩᠭᠤᠯ ᠦᠨᠳᠦᠰᠦᠳᠡᠨ ᠤ ᠬᠠᠰᠠᠬ ᠲᠡᠷᠭᠡ ᠵᠤᠬᠢᠶᠠᠬᠤ ᠮᠡᠷᠭᠡᠵᠢᠯ᠄ ︵2006 ᠤᠨ ᠳᠤ | ᠪᠦᠷᠢᠳᠭᠡᠭᠰᠡᠨ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠬᠠᠰᠠᠬ | ᠲᠡᠷᠭᠡ ᠶᠢ ᠲᠤᠮᠤ ᠬᠦᠷᠳᠦᠳᠦ ᠲᠡᠷᠭᠡ ᠭᠡᠳᠡᠭ ᠪᠦᠭᠡᠳ ᠮᠤᠩᠭᠤᠯ ᠦᠨᠳᠦᠰᠦᠳᠡᠨ ᠤ ᠮᠠᠯᠴᠢᠨ ᠲᠦᠮᠡᠨ ᠤ | ᠤᠯᠠᠮᠵᠢᠯᠠᠯᠳᠤ ᠵᠠᠮ ᠬᠠᠷᠢᠯᠴᠠᠭᠠᠨ ᠤ ᠪᠠᠭᠠᠵᠢ ᠪᠠᠶᠢᠬᠰᠠᠨ ᠶᠤᠮ᠃ ᠬᠠᠰᠠᠬ ᠲᠡᠷᠭᠡ ᠵᠤᠬᠢᠶᠠᠬᠤ ᠨᠢ ᠮᠤᠩᠭᠤᠯ | ᠦᠨᠳᠦᠰᠦᠳᠡᠨ ᠤᠷᠳᠤ ᠤᠳᠠᠭᠠᠨ ᠲᠡᠤᠭᠡ ᠶᠢᠨ ᠬᠤᠭᠤᠴᠠᠭᠠᠨ ᠳᠠᠬᠢ ᠠᠮᠢᠳᠤᠷᠠᠯ ᠦᠢᠯᠡᠳᠪᠦᠷᠢᠯᠡᠯ᠂ ᠲᠠᠶᠢᠨ | ᠪᠠᠶᠢᠯᠳᠤᠭᠠᠨ ᠤ ᠲᠤᠮᠳᠠ ᠪᠤᠯᠪᠠᠰᠤᠷᠠᠭᠤᠯᠤᠭᠰᠠᠨ ᠨᠢᠭᠡ ᠵᠦᠢᠯ ᠤᠨ ᠮᠡᠷᠭᠡᠵᠢᠯ ᠪᠤᠯᠤᠨ᠎ᠠ᠃ | 14 . ᠮᠤᠩᠭᠤᠯ ᠦᠨᠳᠤᠰᠤᠳᠡᠨ ᠤ ᠮᠤᠷᠢᠨ ᠡᠳ᠋ᠯᠡᠯ ᠬᠡᠷᠡᠭᠰᠡᠯ ᠬᠢᠬᠦ ᠤᠷ᠎ᠠ ᠮᠡᠷᠭᠡᠵᠢᠯ᠄ ︵2008 ᠤᠨ ᠳᠤ | ᠪᠦᠷᠢᠳᠭᠡᠭᠰᠡᠨ ᠬᠤᠶᠠᠳᠤᠭᠠᠷ ᠪᠦᠯᠥᠭ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ | ᠵᠦᠢᠯ︶ ᠮᠤᠩᠭᠤᠯ ᠦᠨᠳᠤᠰᠤᠳᠡᠨ ᠤ ᠮᠤᠷᠢᠨ ᠡᠳ᠋ᠯᠡᠯ ᠬᠡᠷᠡᠭᠰᠡᠯ ᠬᠢᠬᠦ ᠤᠷ᠎ᠠ ᠮᠡᠷᠭᠡᠵᠢᠯ ᠪᠤᠯ ᠦᠪᠤᠷ ᠮᠤᠩᠭᠤᠯ ᠤᠨ | ᠦᠪᠠᠷᠳᠡᠭᠡᠨ ᠵᠠᠰᠠᠬᠤ ᠤᠷᠤᠨ ᠤ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠤᠷ᠎ᠠ ᠮᠡᠷᠭᠡᠵᠢᠯ ᠪᠤᠯᠤᠨ᠎ᠠ᠃ | ᠤᠷᠠᠴᠤᠳ ᠤᠨ ᠬᠢᠭᠰᠡᠨ ᠮᠤᠷᠢᠨ ᠡᠳ᠋ᠯᠡᠯ ᠭᠡᠷᠡᠭᠰᠡᠯ ᠨᠢ ᠤᠷ᠎ᠠ ᠮᠡᠷᠭᠡᠵᠢᠯ ᠢᠶᠠᠷ ᠤᠷᠠᠨ ᠨᠠᠷᠢᠯᠢᠭ᠂ ᠮᠠᠲᠧᠷᠢᠶᠠᠯ | ᠰᠤᠩᠭᠤᠯᠳᠠ ᠨᠢ ᠤᠨᠴᠠᠭᠠᠢ ᠪᠦᠭᠡᠳ ᠵᠠᠰᠠᠯ ᠴᠢᠮᠡᠭᠯᠡᠯ ᠨᠢ ᠭᠡᠭᠡᠨᠴᠢᠷ ᠰᠠᠶᠢᠬᠠᠨ᠂ ᠬᠡᠷᠡᠭᠯᠡᠯᠳᠠ ᠨᠢ ᠲᠠᠭᠠᠳᠠᠢ | ᠪᠠᠶᠢᠳᠠᠭ ᠢᠶᠠᠷ ᠢᠶᠠᠨ ᠪᠤᠰᠤᠳ ᠦᠨᠳᠤᠰᠤᠳᠡᠨ ᠪᠠ ᠪᠤᠰᠤᠳ ᠭᠠᠵᠠᠷ ᠤᠷᠤᠨ ᠤ ᠮᠤᠷᠢᠨ ᠡᠳ᠋ᠯᠡᠯ ᠬᠡᠷᠡᠭᠰᠡᠯ ᠠᠴᠠ | ᠢᠯᠭᠠᠭᠳᠠᠬᠤ ᠦᠪᠠᠷᠮᠢᠴᠠ ᠤᠨᠴᠠᠯᠢᠭ ᠲᠠᠢ ᠪᠠᠶᠢᠳᠠᠭ᠃ | 15. ᠮᠤᠩᠭᠤᠯ ᠦᠨᠳᠤᠰᠤᠳᠡᠨ ᠤ ᠬᠤᠪᠴᠠᠰᠤ ᠵᠠᠰᠠᠯ᠄ ︵2008 ᠤᠨ ᠳᠤ ᠪᠦᠷᠢᠳᠭᠡᠭᠰᠡᠨ ᠤᠯᠤᠰ ᠤᠨ | ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ︶ ᠮᠤᠩᠭᠤᠯ ᠦᠨᠳᠤᠰᠤᠳᠡᠨ ᠤ ᠬᠤᠪᠴᠠᠰᠤ | ᠵᠠᠰᠠᠯ ᠨᠢ ᠭᠤᠥᠯᠳᠠᠭᠤ ᠲᠡᠷᠯᠢᠭ᠂ ᠪᠦᠰᠠ᠂ ᠭᠤᠳᠤᠯ᠂ ᠵᠢᠮᠰᠡᠭ ᠵᠡᠷᠭᠡ ᠶᠢ ᠪᠠᠭᠳᠠᠭᠠᠵᠤ ᠪᠤᠢ᠃ ᠭᠡᠳᠡᠯ᠎ᠠ ᠭᠠᠵᠠᠷ | ᠤᠷᠤᠨ ᠠᠳᠠᠯᠢ ᠦᠭᠡᠢ ᠠᠴᠠ ᠪᠤᠯᠵᠤ ᠬᠡᠯᠪᠡᠷᠢ ᠶᠠᠩᠵᠤ ᠨᠢ ᠴᠤ ᠠᠳᠠᠯᠢ ᠪᠤᠰᠤ ᠪᠠᠶᠢᠳᠠᠭ᠃ ᠮᠤᠩᠭᠤᠯ | ᠦᠨᠳᠤᠰᠤᠳᠡᠨ ᠤ ᠬᠤᠪᠴᠠᠰᠤ ᠵᠠᠰᠠᠯ ᠨᠢ ᠲᠠᠯ᠎ᠠ ᠨᠤᠳᠤᠭ ᠤᠨ ᠬᠡᠪ ᠨᠠᠮᠪᠠ ᠪᠠ ᠤᠨᠴᠠᠯᠢᠭ ᠢᠶᠠᠷ ᠲᠤᠪᠤᠶᠢᠮ᠎ᠠ ᠪᠠᠶᠢᠵᠤ᠂ | ᠲᠡᠷᠯᠢᠭ ᠢᠶᠠᠷ ᠭᠤᠥᠯ ᠪᠤᠯᠭᠠᠵᠤ᠂ ᠮᠤᠷᠢ ᠤᠨᠤᠬᠤ ᠳᠤ ᠲᠤᠬᠢᠷᠠᠮᠵᠢᠳᠠᠢ ᠪᠠᠶᠢᠳᠠᠭ᠃ ᠮᠠᠯᠵᠢᠬᠤ ᠤᠷᠤᠨ ᠤ ᠡᠪᠤᠯ ᠤᠨ | ᠬᠤᠪᠴᠠᠰᠤ ᠨᠢ ᠭᠤᠥᠯᠳᠠᠭᠤ ᠠᠷᠠᠰᠤᠨ ᠲᠡᠷᠯᠢᠭ᠂ ᠬᠦᠪᠤᠩ ᠲᠡᠷᠯᠢᠭ᠃ ᠵᠤᠨ ᠤ ᠬᠤᠪᠴᠠᠰᠤ ᠨᠢ ᠤᠯᠠᠩᠬᠢ ᠨᠢ | ᠪᠦᠰ ᠲᠡᠷᠯᠢᠭ᠃ ᠲᠡᠷᠯᠢᠭ ᠨᠢ ᠦᠷᠭᠡᠨ ᠠᠭᠤᠵᠢᠭᠤ᠂ ᠬᠠᠨᠴᠤᠢ ᠨᠢ ᠤᠷᠳᠤ᠂ ᠤᠯᠠᠩᠬᠢ ᠨᠢ ᠤᠯᠠᠭᠠᠨ᠂ ᠰᠢᠷ᠎ᠠ᠂ | ᠬᠦᠨ ᠬᠦᠭᠡ ᠦᠩᠭᠡᠳᠠᠢ᠃ | 16. ᠮᠤᠩᠭᠤᠯ ᠦᠨᠳᠤᠰᠤᠳᠡᠨ ᠤ ᠬᠠᠳᠬᠤᠮᠠᠯ᠄ ︵2008 ᠤᠨ ᠳᠤ ᠪᠦᠷᠢᠳᠭᠡᠭᠰᠡᠨ ᠬᠤᠶᠠᠳᠤᠭᠠᠷ ᠪᠦᠯᠥᠭ | ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ︶ ᠮᠤᠩᠭᠤᠯ ᠦᠨᠳᠤᠰᠤᠳᠡᠨ ᠤ | ᠬᠠᠳᠬᠤᠮᠠᠯ ᠪᠤᠯ ᠮᠤᠩᠭᠤᠯ ᠦᠨᠳᠤᠰᠤᠳᠡᠨ ᠤ ᠠᠷᠠᠳ ᠲᠦᠮᠡᠨ ᠤᠷᠳᠤ ᠬᠤᠭᠤᠴᠠᠭᠠᠨ ᠤ ᠲᠤᠷᠰᠢᠬᠢ ᠠᠮᠢᠳᠤᠷᠠᠯ | ᠲᠤᠮᠳᠠ ᠪᠠᠨ ᠪᠦᠷᠢᠯᠳᠤᠬᠦᠯᠤᠨ ᠤᠯᠠᠮᠵᠢᠯᠠᠵᠤ ᠢᠷᠡᠭᠰᠡᠨ ᠨᠢᠭᠡ ᠵᠦᠢᠯ ᠤᠨ ᠭᠠᠷ ᠤᠷᠠᠯᠠᠯ ᠤᠨ ᠮᠡᠷᠭᠡᠵᠢᠯ ᠪᠤᠯᠤᠨ᠎ᠠ᠃ | ᠮᠤᠩᠭᠤᠯ ᠦᠨᠳᠤᠰᠤᠳᠡᠨ ᠤ ᠬᠠᠳᠬᠤᠮᠠᠯ ᠨᠢ ᠵᠦᠭᠡᠯᠡᠨ ᠪᠦᠰ ᠲᠡᠭᠡᠷ᠎ᠠ ᠬᠤᠸᠠᠷ ᠬᠠᠳᠬᠤᠵᠤ ᠤᠶᠤᠬᠤ ᠪᠠᠷ ᠪᠠᠷᠠᠬᠤ | ᠦᠭᠡᠢ ᠲᠡᠮᠡᠭᠡᠨ ᠨᠤᠯᠤᠤᠷ ᠤᠨ ᠤᠳᠠᠰᠤ᠂ ᠦᠬᠡᠷ ᠤᠨ ᠰᠢᠷᠪᠤᠰᠤ ᠵᠡᠷᠭᠡ ᠶᠢ ᠬᠡᠷᠡᠭᠯᠡᠵᠤ ᠢᠰᠡᠭᠡᠢ᠂ ᠠᠷᠠᠰᠤᠨ ᠲᠡᠭᠡᠷ᠎ᠠ | ᠬᠠᠳᠬᠤᠵᠤ ᠤᠶᠤᠳᠠᠭ᠃ | 17. ᠦᠬᠡᠷ ᠬᠤᠨᠢᠨ ᠮᠢᠬ᠎ᠠ ᠴᠢᠨᠠᠬᠤ ᠤᠷ᠎ᠠ ᠮᠡᠷᠭᠡᠵᠢᠯ᠄ ︵2008 ᠤᠨ ᠳᠤ ᠪᠦᠷᠢᠳᠭᠡᠭᠰᠡᠨ ᠬᠤᠶᠠᠳᠤᠭᠠᠷ | ᠪᠦᠯᠥᠭ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ︶ ᠮᠤᠩᠭᠤᠯ | ᠦᠨᠳᠤᠰᠤᠳᠡᠨ ᠤ ᠪᠦᠬᠦᠯᠢ ᠰᠢᠬᠦᠰᠤ ᠪᠤᠯ ᠶᠤᠸᠠᠨ ᠤᠯᠤᠰ ᠤᠨ ᠦᠶ᠎ᠠ ᠶᠢᠨ ᠬᠠᠭᠠᠨ ᠤ ᠤᠷᠳᠤᠨ ᠤ | ᠲᠠᠶᠢᠯᠠᠯᠭ᠎ᠠ ᠠᠴᠠ ᠤᠯᠠᠮᠵᠢᠯᠠᠵᠤ ᠢᠷᠡᠭᠰᠡᠨ ᠨᠢᠭᠡ ᠵᠦᠢᠯ ᠤᠨ ᠪᠦᠬᠦᠯᠢ ᠬᠤᠨᠢᠨ ᠤ ᠲᠠᠶᠢᠯᠠᠯᠭ᠎ᠠ ᠪᠤᠯᠤᠨ᠎ᠠ᠃ | ᠴᠢᠩ ᠤᠨ ᠲᠦᠷᠤ ᠶᠢᠨ ᠦᠶ᠎ᠠ ᠳᠠᠬᠢ ᠲᠠᠶᠢᠯᠠᠯᠭ᠎ᠠ ᠳᠤ ᠦᠷᠭᠦᠯᠵᠢ ᠬᠡᠷᠡᠭᠯᠡᠭᠳᠡᠵᠤ ︽ᠵᠤᠮ᠎ᠠ ᠶᠢᠨ ᠨᠠᠶᠢᠷ︾ ᠭᠡᠮᠡᠭᠳᠡᠵᠤ | ᠂ ᠦᠷᠬᠦᠯᠵᠢ ᠮᠤᠩᠭᠤᠯ ᠸᠠᠩ ᠬᠦᠩ ᠢ ᠲᠠᠶᠢᠯᠠᠳᠠᠭ᠃ ︽ᠵᠤᠮ᠎ᠠ︾ ᠭᠡᠵᠤ ᠬᠤᠨᠢ ᠪᠠᠨ ᠮᠤᠩᠭᠤᠯ ᠦᠨᠳᠤᠰᠤᠳᠡᠨ ᠤ | ᠤᠯᠠᠮᠵᠢᠯᠠᠯᠳᠤ ᠠᠷᠭ᠎ᠠ ᠪᠠᠷ ᠨᠢᠳᠤᠯᠤᠭᠰᠠᠨ ᠤ ᠲᠠᠷᠠᠭ᠎ᠠ᠂ ᠬᠠᠯᠠᠭᠤᠨ ᠤᠰᠤ ᠪᠠᠷ ᠦᠰᠤ ᠶᠢ ᠨᠢ ᠵᠤᠮᠠᠯᠵᠤ᠂ ᠭᠡᠳᠡᠰᠤ | ᠲᠤᠳᠤᠷ ᠢ ᠨᠢ ᠭᠠᠷᠭᠠᠵᠤ ᠴᠡᠪᠡᠷᠯᠡᠭᠰᠡᠨ ᠪᠦᠬᠦᠯᠢ ᠬᠤᠨᠢ ᠶᠢ ᠰᠢᠷᠠᠭᠰᠠᠨ ᠨᠢᠭᠡ ᠵᠦᠢᠯ ᠤᠨ ᠮᠢᠬᠠᠨ ᠢᠳᠡᠭᠡᠨ᠃ | ᠲᠡᠷᠡ ᠨᠢ ᠦᠩᠭᠡ᠂ ᠦᠨᠤᠷ᠂ ᠠᠮᠳᠠ ᠪᠠᠷ ᠪᠦᠷᠢᠨ ᠰᠠᠶᠢᠨ ᠪᠠᠶᠢᠵᠤ᠂ ᠮᠤᠩᠭᠤᠯ ᠢᠳᠡᠭᠡᠨ ᠤᠮᠳᠠᠭᠠᠨ ᠤ ᠲᠤᠳᠤᠷ᠎ᠠ | ᠮᠡᠷᠭᠡᠵᠢᠯ ᠤᠨ ᠲᠠᠯ᠎ᠠ ᠪᠠᠷ ᠬᠠᠮᠤᠭ ᠦᠨᠳᠤᠷ ᠱᠠᠭᠠᠷᠳᠠᠯᠭ᠎ᠠ ᠲᠠᠢ ᠢᠳᠡᠭᠡᠨ ᠤ ᠵᠦᠢᠯ ᠪᠤᠯᠤᠨ᠎ᠠ᠃ | 18. ᠮᠤᠩᠭᠤᠯ ᠦᠨᠳᠤᠰᠤᠳᠡᠨ ᠤ ᠲᠡᠮᠡᠭᠡ ᠲᠡᠵᠢᠭᠡᠬᠦ ᠵᠠᠩ ᠦᠢᠯᠠ᠄ ︵2008 ᠤᠨ ᠳᠤ ᠪᠦᠷᠢᠳᠭᠡᠭᠰᠡᠨ | ᠬᠤᠶᠠᠳᠤᠭᠠᠷ ᠪᠦᠯᠥᠭ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ︶ | ᠮᠤᠩᠭᠤᠯ ᠦᠨᠳᠤᠰᠤᠳᠡᠨ ᠤ ᠲᠡᠮᠡᠭᠡ ᠲᠡᠵᠢᠭᠡᠬᠦ ᠵᠠᠩ ᠦᠢᠯᠠ ᠨᠢ ᠤᠷᠳᠤ ᠤᠳᠠᠭᠠᠨ ᠲᠡᠥᠬᠡ ᠲᠠᠢ ᠪᠠᠶᠢᠳᠠᠭ᠃ ᠤᠷᠳᠤ | ᠤᠳᠠᠭᠠᠨ ᠵᠢᠯ ᠤᠨ ᠦᠢᠯᠡᠳᠪᠤᠷᠢᠯᠡᠯ ᠠᠮᠢᠳᠤᠷᠠᠯ ᠤᠨ ᠦᠢᠯᠡᠳᠤᠯᠭᠡ ᠲᠤᠮᠳᠠ᠂ ᠲᠡᠮᠡᠭᠡ ᠨᠢ ᠬᠦᠮᠤᠨ | ᠲᠦᠷᠤᠯᠬᠢᠳᠠᠨ ᠳᠤ ᠭᠠᠷᠮᠠᠭᠠᠢ ᠬᠤᠪᠢ ᠨᠡᠮᠡᠷᠢ ᠦᠵᠡᠬᠦᠯᠥᠭᠰᠡᠨ ᠮᠦᠷᠳᠡᠭᠡᠨ ᠬᠦᠮᠤᠨ ᠲᠦᠷᠤᠯᠬᠢᠳᠠᠨ ᠤ ᠬᠠᠮᠤᠭ | ᠦᠨᠡᠨᠴᠢ ᠨᠠᠶᠢᠵᠠ ᠪᠤᠯᠤᠭᠰᠠᠨ ᠪᠠᠶᠢᠨ᠎ᠠ᠃ ᠲᠡᠮᠡᠭᠡ ᠨᠢ ᠬᠦᠮᠤᠨ ᠲᠦᠷᠤᠯᠬᠢᠳᠡᠨ ᠳᠤ ᠭᠠᠪᠢᠶ᠎ᠠ ᠵᠢᠳᠭᠦᠯ | ᠦᠵᠡᠬᠦᠯᠥᠭᠰᠡᠨ ᠪᠤᠯᠬᠤᠷ ᠮᠠᠯᠴᠢᠳ ᠲᠡᠮᠡᠭᠡ ᠪᠠᠨ ᠲᠡᠭᠡᠳᠤ ᠲᠡᠭᠷᠢ ᠠᠴᠠ ᠰᠤᠶᠤᠷᠬᠠᠭᠰᠠᠨ ᠰᠠᠬᠢᠭᠤᠯᠰᠤᠨ ᠭᠡᠵᠤ | ᠦᠵᠡᠳᠡᠭ᠃ ᠮᠦᠨ ᠴᠤ ᠠᠯᠠᠱᠠ ᠶᠢᠨ ᠵᠤᠷᠢᠭ ᠰᠠᠨᠠᠭ᠎ᠠ ᠶᠢ ᠲᠦᠯᠦᠭᠡᠯᠡᠵᠤ᠂ ᠮᠠᠨ ᠤ ᠤᠯᠤᠰ ᠤᠨ ᠰᠤᠶᠤᠯ ᠤᠨ | ᠦᠪ ᠤᠨ ᠭᠤᠥᠯ ᠪᠦᠷᠢᠯᠳᠤᠬᠦᠨ ᠬᠡᠰᠡᠭ ᠪᠤᠯᠪᠠ᠃ | 19. ᠮᠤᠩᠭᠤᠯ ᠰᠢᠳᠠᠷ᠎ᠠ᠄ ︵2011 ᠤᠨ ᠳᠤ ᠪᠦᠷᠢᠳᠭᠡᠭᠰᠡᠨ ᠤᠯᠤᠰ ᠤᠨ ᠲᠡᠰ ᠤᠨ ᠪᠤᠳᠠᠰ ᠤᠨ ᠪᠤᠰᠤ | ᠰᠤᠶᠤᠯ ᠤᠨ ᠦᠪ ᠤᠨ ᠲᠦᠷᠤᠯ ᠵᠦᠢᠯ︶ ᠮᠤᠩᠭᠤᠯ ᠰᠢᠳᠠᠷ᠎ᠠ ᠪᠤᠯ ᠮᠤᠩᠭᠤᠯ ᠦᠨᠳᠤᠰᠤᠳᠡᠨ ᠤ ᠠᠷᠠᠳ ᠤᠨ | ᠲᠤᠮᠳᠠ ᠦᠷᠭᠡᠨ ᠢᠶᠠᠷ ᠲᠡᠯᠭᠡᠷᠡᠵᠤ ᠪᠠᠶᠢᠭ᠎ᠠ ᠨᠢᠭᠡ ᠵᠦᠢᠯ ᠤᠨ ᠪᠡᠶ᠎ᠠ ᠶᠢᠨ ᠲᠠᠮᠢᠷ ᠤᠨ ᠲᠤᠭᠯᠠᠭᠠᠮ ᠪᠤᠯᠤᠨ᠎ᠠ᠃ | ᠮᠤᠩᠭᠤᠯ ᠰᠢᠳᠠᠷ᠎ᠠ ᠶᠢᠨ ᠬᠡᠯᠪᠡᠷᠢ᠂ ᠨᠠᠭᠠᠳᠬᠤ ᠠᠷᠭ᠎ᠠ᠂ ᠨᠠᠭᠠᠳᠬᠤ ᠲᠦᠷᠢᠮ ᠨᠢ ᠤᠯᠠᠨ ᠤᠯᠤᠰ ᠤᠨ ᠰᠢᠳᠠᠷ | ᠠ ᠲᠠᠢ ᠤᠢᠢᠷᠠᠯᠴᠠᠭ᠎ᠠ ᠪᠤᠯᠪᠠᠴᠤ ᠪᠠᠰᠠ ᠢᠯᠭᠠᠭ᠎ᠠ ᠲᠠᠢ ᠪᠠᠶᠢᠳᠠᠭ᠃ | 20. ᠬᠦᠬᠡᠨᠠᠭᠤᠷ ᠮᠤᠵᠢ ᠶᠢᠨ ᠬᠠᠶᠢᠰᠢ ᠮᠤᠩᠭᠤᠯ ᠦᠨᠳᠤᠰᠤᠳᠡᠨ ᠤ ᠪᠠᠭᠠᠳᠤᠷᠯᠢᠭ ᠲᠤᠤᠯᠢᠰ ︽ᠬᠠᠨ ᠴᠡᠩᠭᠡᠯ | ︾᠄ ︵2008 ᠤᠨ ᠳᠤ ᠪᠦᠷᠢᠳᠭᠡᠭᠰᠡᠨ ᠬᠤᠶᠠᠳᠤᠭᠠᠷ ᠪᠦᠯᠥᠭ ᠤᠯᠤᠰ ᠤᠨ ᠲᠡᠰ ᠤᠨ ᠪᠤᠳᠠᠰ ᠤᠨ ᠪᠤᠰᠤ | ᠰᠤᠶᠤᠯ ᠤᠨ ᠦᠪ ᠤᠨ ᠲᠦᠷᠤᠯ ᠵᠦᠢᠯ︶ ᠬᠠᠶᠢᠰᠢ ᠮᠤᠩᠭᠤᠯ ᠦᠨᠳᠤᠰᠤᠳᠡᠨ ᠤ ᠪᠠᠭᠠᠳᠤᠷᠯᠢᠭ ᠲᠤᠥᠯᠢᠰ ︽ᠬᠠᠨ | ᠴᠡᠩᠭᠡᠯ︾ ᠨᠢ ᠲᠠᠭᠤᠯᠠᠬᠤ ᠪᠠ ᠶᠠᠷᠢᠵᠤ ᠢᠯᠡᠳᠭᠡᠬᠦ ᠬᠡᠯᠪᠡᠷᠢ ᠪᠠᠷ ᠮᠤᠩᠭᠤᠯ ᠦᠨᠳᠤᠰᠤᠳᠡᠨ ᠤ ᠪᠠᠭᠠᠳᠤᠷ ᠠᠳᠠ | ᠴᠢᠳᠬᠦᠷ ᠢ ᠤᠰᠠᠳᠬᠠᠵᠤ᠂ ᠠᠷᠠᠳ ᠢ ᠠᠪᠤᠷᠠᠭᠰᠠᠨ ᠦᠯᠢᠭᠡᠷ ᠢ ᠶᠠᠷᠢᠳᠠᠭ᠃ ᠬᠠᠶᠢᠰᠢ ᠶᠢᠨ ᠪᠠᠶᠢᠭᠠᠯᠢ ᠶᠢᠨ ᠤᠷᠴᠢᠨ | ᠲᠤᠭᠤᠷᠢᠨ ᠤ ᠨᠦᠯᠤᠭᠡᠯᠡᠯ ᠲᠤᠥᠷ᠎ᠠ᠂ ᠤᠯᠠᠮᠵᠢᠯᠠᠬᠤ ᠶᠠᠪᠤᠴᠠ ᠲᠤᠮᠳᠠ ᠬᠤᠪᠢᠷᠠᠯᠳᠠ ᠡᠬᠦᠰᠴᠤ᠂ ᠬᠦᠨ ᠵᠤᠵᠠᠭᠠᠨ | ᠬᠠᠶᠢᠰᠢ ᠭᠠᠵᠠᠷ ᠤᠷᠤᠨ ᠤ ᠤᠨᠴᠠᠯᠢᠭ ᠲᠠᠢ ᠪᠤᠯᠤᠭᠰᠠᠨ ᠪᠠᠶᠢᠨ᠎ᠠ᠃ | 21. ᠮᠤᠩᠭᠤᠯ ᠦᠨᠳᠤᠰᠤᠳᠡᠨ ᠤ ᠪᠠᠭᠠᠳᠤᠷᠯᠢᠭ ᠦᠯᠢᠭᠡᠷ ᠲᠤᠭᠤᠵᠢ ᠭᠠᠳᠠ ᠮᠠᠶᠢᠷᠠᠨ᠄ ︵2008 ᠤᠨ ᠳᠤ | ᠪᠦᠷᠢᠳᠭᠡᠭᠰᠡᠨ ᠬᠤᠶᠠᠳᠤᠭᠠᠷ ᠪᠦᠯᠥᠭ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ | ᠵᠦᠢᠯ︶ ᠭᠠᠳᠠ ᠮᠠᠶᠢᠷᠠᠨ ︵1892 — 1931 ᠤᠨ ᠤ 4 ᠰᠠᠷ᠎ᠠ ᠶᠢᠨ 5 ᠤ ᠡᠳᠤᠷ︶ ᠮᠤᠩᠭᠤᠯ | ᠦᠨᠳᠤᠰᠤᠳᠡᠨ ᠤ ᠪᠠᠭᠠᠳᠤᠷ᠂ ᠦᠪᠤᠷ ᠮᠤᠩᠭᠤᠯ ᠤᠨ ᠵᠢᠷᠢᠮ ᠠᠶᠢᠮᠠᠭ ︵ᠤᠳᠤ ᠶᠢᠨ ᠲᠦᠩᠯᠢᠶᠥᠥ ᠬᠤᠳᠠ︶ ᠤᠨ | ᠲᠠᠷᠬᠠᠨ ᠬᠤᠰᠢᠭᠤᠨ ︵ᠤᠳᠤᠬᠠᠨ ᠤ ᠬᠤᠷᠴᠢᠨ ᠵᠡᠬᠦᠨ ᠭᠠᠷᠤᠨ ᠲᠤᠮᠳᠠᠳᠤ ᠬᠤᠰᠢᠭᠤ︶ ᠳᠤ ᠲᠦᠷᠤᠵᠠᠢ᠃ | 22. ᠰᠢᠨᠵᠢᠶᠠᠩ ᠤᠨ ᠮᠤᠩᠭᠤᠯ ᠦᠨᠳᠤᠰᠤᠳᠡᠨ ᠤ ᠠᠷᠠᠳ ᠤᠨ ᠪᠦᠵᠢᠭ ︽ᠰᠠᠪᠠᠷᠳᠠᠩ︾᠄ ︵2008 | ᠤᠨ ᠳᠤ ᠪᠦᠷᠢᠳᠭᠡᠭᠰᠡᠨ ᠬᠤᠶᠠᠳᠤᠭᠠᠷ ᠪᠦᠯᠥᠭ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ︶ ︽ | ᠰᠠᠪᠠᠷᠳᠠᠩ︾ ᠪᠤᠯ ᠰᠢᠨᠵᠢᠶᠠᠩ ᠤᠨ ᠮᠤᠩᠭᠤᠯ ᠦᠨᠳᠤᠰᠤᠳᠡᠨ ᠤ ᠬᠠᠮᠤᠭ ᠴᠢᠬᠤᠯᠠ ᠠᠷᠠᠳ ᠤᠨ ᠪᠦᠵᠢᠭ ᠪᠤᠯᠤᠨ᠎ᠠ᠃ | ᠡᠯ᠎ᠠ ᠭᠠᠵᠠᠷ ᠤᠨ ᠮᠤᠩᠭᠤᠯ ᠦᠨᠳᠤᠰᠤᠳᠡᠨ ᠤ ᠰᠠᠭᠤᠭᠠᠯᠢ ᠠᠷᠠᠳ ᠤᠨ ᠲᠤᠮᠳᠠ ᠦᠷᠭᠡᠨ ᠢᠶᠠᠷ ᠤᠯᠠᠮᠵᠢᠯᠠᠭᠳᠠᠵᠤ᠂ | ᠤᠯᠠᠨ ᠲᠦᠮᠡᠨ ᠤ ᠬᠠᠯᠠᠭᠤᠨ ᠬᠦᠷᠢᠶᠡᠯᠡᠯ ᠢ ᠤᠯᠵᠤ ᠪᠤᠢ᠃ ᠰᠢᠨᠵᠢᠶᠠᠩ ᠤᠨ ᠮᠤᠩᠭᠤᠯ ᠦᠨᠳᠤᠰᠤᠳᠡᠨ ᠤ ᠬᠦᠮᠤᠨ | ᠪᠦᠷᠢ ︽ᠰᠠᠪᠠᠷᠳᠠᠩ︾ ᠪᠦᠵᠢᠭ ᠦᠰᠤᠷᠴᠤ ᠴᠢᠳᠠᠨ᠎ᠠ᠃ | 23. ᠭᠡᠰᠡᠷ᠄ ︵2009 ᠤᠨ ᠳᠤ ᠪᠦᠷᠢᠳᠭᠡᠭᠰᠡᠨ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ | ᠦᠪ︶ ︽ᠭᠡᠰᠡᠷ︾ ᠲᠦᠪᠡᠳ ᠠᠴᠠ ᠡᠬᠦᠰᠤᠯᠳᠠᠢ᠂ ᠮᠤᠩᠭᠤᠯ ᠦᠨᠳᠤᠰᠤᠳᠡᠨ ᠤ ᠭᠠᠵᠠᠷ ᠤᠷᠤᠨ ᠳᠤ ᠤᠯᠠᠮᠵᠢᠯᠠᠵᠤ | ᠢᠷᠡᠭᠰᠡᠨ ᠤ ᠲᠠᠷᠠᠭ᠎ᠠ ᠰᠢᠨ᠎ᠠ ᠬᠦᠭᠵᠢᠯᠳᠠ ᠪᠠ ᠠᠭᠤᠯᠬᠤᠨ ᠲᠠᠢ ᠪᠤᠯᠵᠠᠢ᠃ ᠡᠶᠢᠮᠤ ᠠᠴᠠ᠂ ᠲᠦᠪᠠᠳ᠂ ᠮᠤᠩᠭᠤᠯ | ᠦᠨᠳᠤᠰᠤᠳᠡᠨ ᠬᠠᠮᠳᠤᠪᠠᠷ ᠳᠤᠰ ᠰᠤᠶᠤᠯ ᠤᠨ ᠦᠪ ᠢ ᠭᠤᠶᠤᠴᠢᠯᠠᠨ ᠮᠡᠳᠡᠬᠦᠯᠵᠠᠢ᠃ ᠪᠠᠭᠠᠷᠢᠨ ᠤ ᠲᠠᠯ᠎ᠠ ᠨᠤᠳᠤᠭ | ᠪᠤᠯ ᠮᠤᠩᠭᠤᠯ ᠦᠨᠳᠤᠰᠤᠳᠡᠨ ᠤ ᠤᠷᠳᠤ ᠲᠤᠥᠯᠢᠰ ᠭᠡᠰᠡᠷ ᠰᠤᠶᠤᠯ ᠤᠨ ᠡᠬᠦᠰᠥᠭᠰᠡᠨ ᠭᠠᠵᠠᠷ ᠤᠨ ᠨᠢᠭᠡ᠂ | ᠡᠶᠢᠮᠤ ᠠᠴᠠ ᠤᠯᠠᠨ ᠤᠯᠤᠰ ᠤᠨ ᠭᠡᠰᠡᠷ ᠰᠤᠶᠤᠯ ᠤᠨ ᠰᠤᠳᠤᠯᠤᠨ ᠶᠠᠷᠢᠯᠴᠠᠬᠤ ᠬᠤᠷᠠᠯ ᠢ ᠬᠤᠶᠠᠷ ᠤᠳᠠᠭ᠎ᠠ | ᠪᠠᠭᠠᠷᠢᠨ ᠤ ᠲᠠᠯ᠎ᠠ ᠨᠤᠳᠤᠭ ᠲᠤ ᠡᠷᠬᠢᠯᠡᠵᠤ ᠦᠩᠭᠡᠷᠡᠵᠠᠢ᠃ | 24. ᠤᠪᠤᠭ᠎ᠠ ᠲᠠᠬᠢᠬᠤ᠄ ︵2006 ᠤᠨ ᠳᠤ ᠪᠦᠷᠢᠳᠭᠡᠭᠰᠡᠨ ᠪᠤᠳᠠᠰ ᠤᠨ ᠪᠤᠰᠤ ᠰᠤᠶᠤᠯ ᠤᠨ ᠦᠪ ᠤᠨ | ᠲᠦᠷᠤᠯ ᠵᠦᠢᠯ︶ ᠤᠪᠤᠭ᠎ᠠ ᠲᠠᠬᠢᠬᠤ ᠪᠤᠯ ᠮᠤᠩᠭᠤᠯ ᠦᠨᠳᠤᠰᠤᠳᠡᠨ ᠤ ᠤᠯᠠᠮᠵᠢᠯᠠᠯᠳᠤ ᠲᠠᠳᠬᠠᠯ᠂ ᠮᠤᠩᠭᠤᠯ | ᠦᠨᠳᠤᠰᠤᠳᠡᠨ ᠤ ᠪᠠᠶᠢᠭᠠᠯᠢ ᠶᠢ ᠲᠡᠭᠡᠳᠤᠯᠡᠬᠦ ᠦᠵᠡᠯ ᠰᠠᠨᠠᠭᠠᠨ ᠤ ᠢᠯᠡᠷᠡᠬᠦᠯᠤᠯ ᠤᠨ ᠨᠢᠭᠡ ᠵᠦᠢᠯ ᠪᠤᠯᠤᠨ᠎ᠠ᠃ | ᠰᠢᠯᠢ ᠶᠢᠨ ᠭᠤᠥᠯ ᠠᠶᠢᠮᠠᠭ ᠪᠤᠯ ᠤᠪᠤᠭ᠎ᠠ ᠲᠠᠬᠢᠬᠤ ᠲᠡᠥᠬᠡ ᠶᠢᠨ ᠤᠯᠠᠮᠵᠢᠯᠠᠯ ᠢ ᠬᠠᠮᠤᠭ ᠪᠦᠷᠢᠨ ᠬᠠᠳᠠᠭᠠᠯᠠᠵᠤ | ᠪᠠᠶᠢᠭ᠎ᠠ ᠭᠠᠵᠠᠷ ᠤᠷᠤᠨ᠃ | 25 . ᠴᠠᠭᠠᠨ ᠨᠠᠭᠤᠷ ᠤᠨ ᠡᠪᠤᠯ ᠤᠨ ᠤᠯᠠᠷᠢᠯ ᠤᠨ ᠵᠢᠭᠠᠰᠤ ᠠᠩᠨᠠᠬᠤ ᠨᠠᠶᠢᠷ᠄ ︵2008 ᠤᠨ ᠳᠤ | ᠪᠦᠷᠢᠳᠭᠡᠭᠰᠡᠨ ᠬᠤᠶᠠᠳᠤᠭᠠᠷ ᠪᠦᠯᠥᠭ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ | ᠵᠦᠢᠯ︶ ᠴᠠᠭᠠᠨ ᠨᠠᠭᠤᠷ ᠤᠨ ᠡᠪᠤᠯ ᠤᠨ ᠤᠯᠠᠷᠢᠯ ᠤᠨ ᠵᠢᠭᠠᠰᠤ ᠠᠩᠨᠠᠬᠤ ᠨᠠᠶᠢᠷ ᠪᠤᠯ ᠡᠮᠤᠨ᠎ᠠ ᠭᠤᠷᠯᠤᠰ ᠤᠨ | ᠮᠤᠩᠭᠤᠯ ᠦᠨᠳᠤᠰᠤᠳᠡᠨ ᠤ ᠦᠪᠠᠷᠳᠡᠭᠡᠨ ᠵᠠᠰᠠᠬᠤ ᠰᠢᠶᠠᠨ ᠤ ᠬᠢᠯᠢ ᠳᠤ ᠪᠠᠶᠢᠭ᠎ᠠ ᠴᠠᠭᠠᠨ ᠨᠠᠭᠤᠷ ᠤᠨ ᠡᠪᠤᠯ ᠤᠨ | ᠤᠯᠠᠷᠢᠯ ᠤᠨ ᠵᠢᠭᠠᠰᠤ ᠠᠩᠨᠠᠬᠤ ᠠᠵᠢᠯᠯᠠᠭ᠎ᠠ ᠶᠢ ᠵᠢᠭᠠᠵᠤ ᠪᠤᠢ᠃ | 26. ᠮᠤᠩᠭᠤᠯ ᠡᠮ ᠡᠮᠨᠡᠯᠭᠡ᠄ ︵2008 ᠤᠨ ᠳᠤ ᠪᠦᠷᠢᠳᠭᠡᠭᠰᠡᠨ ᠬᠤᠶᠠᠳᠤᠭᠠᠷ ᠪᠦᠯᠥᠭ ᠪᠤᠳᠠᠰ ᠤᠨ | ᠪᠤᠰᠤ ᠰᠤᠶᠤᠯ ᠤᠨ ᠦᠪ ᠤᠨ ᠲᠦᠷᠤᠯ ᠵᠦᠢᠯ︶ ᠮᠤᠩᠭᠤᠯ ᠡᠮ ᠡᠮᠨᠡᠯᠭᠡ ᠨᠢ ᠵᠡᠬᠦᠥ ᠲᠦᠭᠡᠨᠡᠯᠭᠡ ᠪᠠᠷ ᠭᠤᠥᠯ | ᠪᠤᠯᠭᠠᠬᠤ ᠮᠦᠷᠳᠡᠬᠡᠨ ᠭᠠᠯ ᠵᠡᠬᠦᠥ ᠶᠢ ᠬᠡᠷᠡᠭᠯᠡᠬᠦ ᠳᠤ ᠪᠠᠨ ᠲᠠᠳᠮᠠᠭᠠᠢ ᠪᠠᠶᠢᠳᠠᠭ᠃ ᠭᠠᠯ ᠵᠡᠬᠦᠥ ᠭᠡᠵᠤ ᠭᠠᠯ ᠢᠶᠠᠷ | ᠰᠢᠷᠠᠵᠤ ᠤᠯᠠᠶᠢᠯᠭᠠᠭᠰᠠᠨ ᠵᠡᠬᠦᠥ ᠶᠢᠨ ᠦᠵᠤᠬᠦᠷ ᠢ ᠲᠦᠷᠭᠡᠨ ᠱᠠᠯᠠᠮᠠᠭᠠᠢ ᠪᠠᠷ ᠬᠦᠮᠤᠨ ᠤ ᠪᠡᠶ᠎ᠠ ᠶᠢᠨ ᠪᠠᠯᠴᠢᠷ ᠲᠤ | ᠬᠠᠳᠬᠤᠨ ᠤᠷᠤᠭᠤᠯᠵᠤ᠂ ᠡᠪᠡᠳᠴᠢᠨ ᠵᠠᠰᠠᠬᠤ ᠨᠢᠭᠡ ᠵᠦᠢᠯ ᠤᠨ ᠠᠷᠭ᠎ᠠ᠃ ᠮᠤᠩᠭᠤᠯ ᠡᠮ ᠨᠢ ᠡᠪᠡᠰᠤᠨ ᠡᠮ ᠢᠶᠠᠷ | ᠭᠤᠤᠯ ᠪᠤᠯᠭᠠᠳᠠᠭ᠃ ᠡᠷᠳᠡᠨ ᠤ ᠬᠦᠮᠤᠰ ᠮᠤᠩᠭᠤᠯ ᠡᠮ ᠤᠨ ᠴᠢᠨᠠᠷ ᠢ ᠬᠦᠨᠳᠤ᠂ ᠲᠤᠰᠤᠯᠢᠭ᠂ ᠬᠦᠢᠳᠡᠨ᠂ | ᠮᠤᠬᠤᠳᠠᠭ᠂ ᠬᠦᠩᠬᠡᠨ᠂ ᠰᠢᠷᠤᠬᠦᠨ᠂ ᠬᠠᠯᠠᠭᠤᠨ᠂ ᠬᠤᠷᠴᠠ ᠵᠡᠷᠭᠡ ᠨᠠᠢᠮᠠᠨ ᠲᠦᠷᠤᠯ ᠳᠤ ᠬᠤᠷᠢᠶᠠᠩᠭᠤᠢᠢᠯᠠᠳᠠᠭ᠃ | ᠲᠦᠪᠡᠳ ᠦᠨᠳᠤᠰᠤᠳᠡᠨ ᠤ ︽ᠪᠠᠷᠠᠭᠤᠨ ᠬᠡᠰᠡᠭ ᠤᠨ ᠡᠮ ᠡᠮᠨᠡᠯᠭᠡ ᠶᠢᠨ ᠲᠤᠯᠢ︾ ᠮᠤᠩᠭᠤᠯ ᠭᠠᠵᠠᠷ ᠤᠷᠤᠨ ᠳᠤ | ᠤᠯᠠᠮᠵᠢᠯᠠᠭᠳᠠᠨ ᠤᠷᠤᠵᠤ ᠢᠷᠡᠬᠦ ᠶᠢ ᠲᠠᠭᠠᠯᠳᠤᠨ ᠲᠦᠪᠡᠳ ᠡᠮ ᠨᠢ ᠮᠤᠩᠭᠤᠯ ᠡᠮ ᠤᠨ ᠬᠦᠭᠵᠢᠯᠳᠠ ᠳᠤ ᠵᠤᠬᠢᠬᠤ | ᠠᠬᠢᠭᠤᠯᠬᠤ ᠦᠢᠯᠡᠳᠤᠯ ᠦᠵᠡᠬᠦᠯᠬᠦ ᠶᠢᠨ ᠬᠠᠮᠳᠤ ᠵᠠᠷᠢᠮ ᠲᠦᠪᠡᠳ ᠡᠮ ᠨᠢ ᠮᠤᠩᠭᠤᠯ ᠡᠮᠴᠢᠯᠡᠭᠡ ᠳᠤ ᠬᠡᠷᠡᠭᠯᠡᠭᠳᠡᠵᠠᠢ᠃ | | 27. ᠬᠠᠷᠠᠴᠢᠨ ᠵᠡᠬᠦᠨ ᠭᠠᠷᠤᠨ ᠮᠤᠩᠭᠤᠯᠴᠤᠳ ᠤᠨ ᠠᠷᠠᠳ ᠤᠨ ᠠᠮᠠᠨ ᠦᠯᠢᠭᠡᠷ᠄ ︵2006 ᠤᠨ ᠳᠤ | ᠪᠦᠷᠢᠳᠭᠡᠭᠰᠡᠨ 5 ᠰᠠᠷ᠎ᠠ ᠶᠢᠨ 20 ᠤ ᠡᠳᠦᠷ ᠪᠦᠷᠢᠳᠭᠡᠭᠰᠡᠨ ᠲᠦᠷᠤᠬᠦᠤ ᠪᠦᠯᠦᠭ ᠤᠯᠤᠰ ᠤᠨ ᠲᠡᠰ ᠤᠨ | ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠲᠤᠰ ᠦᠯᠢᠭᠡᠷ ᠨᠢ ᠭᠤᠤᠯᠳᠠᠭᠤ ᠬᠠᠷᠠᠴᠢᠨ ᠵᠡᠬᠦᠨ | ᠭᠠᠷᠤᠨ ᠮᠤᠩᠭᠤᠯ ᠦᠨᠳᠦᠰᠦᠳᠡᠨ ᠤ ᠦᠪᠡᠷᠳᠡᠭᠡᠨ ᠵᠠᠰᠠᠬᠤ ᠰᠢᠶᠠᠨ ᠤ ᠨᠢᠭᠡ ᠵᠦᠢᠯ ᠤᠨ ᠠᠮᠠᠨ ᠦᠯᠢᠭᠡᠷ ᠪᠤᠯᠬᠤ | ᠪᠦᠭᠡᠳ ᠲᠡᠷᠡ ᠨᠢ ᠠᠮᠠ ᠪᠠᠷ ᠤᠯᠠᠮᠵᠢᠯᠠᠬᠤ ᠪᠤᠶᠤ ᠲᠠᠭᠤᠯᠠᠬᠤ ᠬᠡᠯᠪᠡᠷᠢ ᠪᠠᠷ ᠲᠠᠷᠬᠠᠭᠳᠠᠭᠰᠠᠨ ᠦᠯᠢᠭᠡᠷ᠂ | ᠠᠷᠠᠳ ᠤᠨ ᠲᠠᠭᠤᠤ᠂ ᠰᠡᠴᠡᠨ ᠦᠬᠡᠰ ᠪᠤᠯᠬᠤ ᠶᠤᠮ᠃ | 28. ᠵᠢᠩᠭᠠᠷ᠄ ︵2006 ᠤᠨ ᠳᠤ ᠪᠦᠷᠢᠳᠭᠡᠭᠰᠡᠨ ᠲᠦᠷᠤᠬᠦᠤ ᠪᠦᠯᠦᠭ ᠤᠯᠤᠰ ᠤᠨ ᠲᠡᠰ ᠤᠨ ᠪᠤᠳᠠᠰ ᠤᠨ | ᠪᠤᠰᠤ ᠰᠤᠶᠤᠯ ᠤᠨ ᠦᠪ ᠤᠨ ᠲᠦᠷᠦᠯ ᠵᠦᠢᠯ︶ ︽ᠵᠢᠩᠭᠠᠷ︾ ᠪᠤᠯ ᠤᠢᠢᠷᠠᠳ ᠮᠤᠩᠭᠤᠯᠴᠤᠳ ᠤᠨ | ᠪᠠᠭᠠᠳᠤᠷᠴᠤᠳ ᠤᠨ ᠲᠤᠤᠯᠢᠰ ᠮᠦᠷᠳᠡᠭᠡᠨ ᠲᠤᠮᠳᠠᠳᠤ ᠤᠯᠤᠰ ᠤᠨ ᠴᠦᠭᠡᠨ ᠲᠤᠭᠠᠳᠤ ᠦᠨᠳᠦᠰᠦᠳᠡᠨ ᠤ ᠭᠤᠷᠪᠠᠨ | ᠶᠡᠭᠡ ᠲᠤᠤᠯᠢᠰ ᠤᠨ ᠨᠢᠭᠡ ᠨᠢ ᠪᠤᠯᠬᠤ ᠶᠤᠮ᠃ ᠵᠢᠩᠭᠠᠷ ᠨᠢ ᠫᠠᠷᠢᠰ ᠬᠡᠯᠡᠨ ᠳᠤ ︽ᠲᠡᠯᠡᠬᠡᠢ ᠶᠢᠨ ᠡᠵᠡᠷᠭᠡᠭᠴᠢ︾ | ᠭᠡᠳᠡᠭ ᠪᠤᠯᠪᠠᠴᠤ ᠮᠤᠩᠭᠤᠯ ᠬᠡᠯᠡᠨ ᠳᠤ ︽ᠴᠢᠳᠠᠪᠤᠷᠢᠳᠠᠨ︾ ᠭᠡᠬᠦ ᠤᠳᠬ᠎ᠠ ᠪᠠᠷ ᠢᠯᠡᠷᠡᠵᠤ ᠪᠠᠶᠢᠳᠠᠬ᠃ | 29. ᠬᠤᠷᠴᠢᠨ ᠴᠤᠭᠤᠷ ᠲᠤᠤᠯᠢᠰ᠄ ︵2008 ᠤᠨ ᠤ 6 ᠰᠠᠷ᠎ᠠ ᠶᠢᠨ 7 ᠤ ᠡᠳᠦᠷ ᠪᠦᠷᠢᠳᠭᠡᠭᠰᠡᠨ | ᠬᠤᠶᠠᠳᠤᠭᠠᠷ ᠪᠦᠯᠦᠭ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ | ᠬᠤᠷᠴᠢᠨ ᠲᠤᠤᠯᠢᠰ ᠨᠢ ᠤᠷᠤᠨ ᠨᠤᠳᠤᠬ ᠤᠨ ᠴᠢᠨᠠᠷᠳᠠᠢ ᠤᠯᠠᠮᠵᠢᠯᠠᠯ ᠪᠤᠯᠬᠤ ᠪᠦᠭᠡᠳ ᠤᠳᠤ ᠪᠤᠯᠳᠠᠯ᠎ᠠ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠴᠢᠨ ᠨᠤᠳᠤᠬ ᠲᠤ ᠤᠯᠠᠮᠵᠢᠯᠠᠬᠳᠠᠨ ᠦᠯᠡᠳᠡᠭᠳᠡᠵᠤ ᠪᠠᠶᠢᠭ᠎ᠠ | ᠴᠤᠷᠢ ᠶᠢᠨ ᠭᠠᠭᠴᠠ ᠤᠷᠳᠤ ᠲᠤᠤᠯᠢᠰ ᠮᠦᠨ᠃ ᠡᠨᠡᠬᠦ ᠲᠤᠤᠯᠢᠰ ᠨᠢ ᠴᠤᠭᠤᠷ ᠢᠶᠠᠷ ᠲᠠᠮᠵᠢᠬᠳᠠᠨ ᠤᠯᠠᠮᠵᠢᠯᠠᠬᠳᠠᠵᠤ | ᠪᠠᠶᠢᠭ᠎ᠠ ᠶᠤᠮ᠃ | 30. ᠪᠠᠯᠭᠠᠨᠰᠠᠩ ᠤᠨ ᠦᠯᠢᠭᠡᠷ᠄ ︵2008 ᠤᠨ ᠤ 6 ᠰᠠᠷ᠎ᠠ ᠶᠢᠨ 7 ᠤ ᠡᠳᠦᠷ ᠪᠦᠷᠢᠳᠭᠡᠭᠰᠡᠨ | ᠬᠤᠶᠠᠳᠤᠭᠠᠷ ᠪᠦᠯᠦᠭ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ | ᠪᠠᠯᠭᠠᠨᠰᠠᠩ ᠤᠨ ᠦᠯᠢᠭᠡᠷ ᠪᠤᠯ ᠦᠪᠦᠷ ᠮᠤᠩᠭᠤᠯ᠂ ᠰᠢᠨᠵᠢᠶᠠᠩ ᠵᠡᠷᠭᠡ ᠭᠠᠵᠠᠷ ᠤᠷᠤᠨ ᠢᠶᠠᠷ ᠤᠯᠠᠮᠵᠢᠯᠠᠬᠳᠠᠨ | ᠲᠠᠷᠬᠠᠭᠳᠠᠵᠤ ᠪᠠᠶᠢᠭ᠎ᠠ ᠦᠯᠢᠭᠡᠷ ᠶᠤᠮ᠃ ᠦᠯᠢᠭᠡᠷ ᠤᠨ ᠭᠤᠤᠯ ᠪᠠᠭᠠᠳᠤᠷ ᠪᠠᠯᠭᠠᠨᠰᠠᠩ ᠪᠤᠯ ᠦᠬᠡᠬᠦᠦ ᠶᠠᠳᠠᠭᠤ | ᠠᠷᠠᠳ ᠲᠦᠮᠡᠨ ᠤ ᠲᠦᠯᠦᠭᠡ ᠰᠡᠴᠡᠨ ᠰᠡᠷᠬᠦᠯᠡᠩ ᠠᠷᠭ᠎ᠠ ᠤᠬᠠᠭᠠᠨ ᠢᠶᠠᠷ ᠬᠠᠷᠬᠢᠰ ᠬᠡᠷᠴᠡᠭᠡᠢ ᠪᠠᠶᠠᠳ ᠨᠤᠶᠠᠳ ᠲᠠᠢ | ᠲᠡᠮᠡᠴᠡᠯᠳᠦᠳᠡᠭ ᠬᠦᠮᠦᠨ ᠤ ᠲᠦᠷᠢ ᠪᠤᠯᠤᠨ᠎ᠠ᠃ | 31. ᠲᠤᠭᠳᠠᠬᠤ ᠶᠢᠨ ᠦᠯᠢᠭᠡᠷ᠄ ︵2011 ᠤᠨ ᠤ 5 ᠰᠠᠷ᠎ᠠ ᠶᠢᠨ 23 ᠤ ᠡᠳᠦᠷ ᠪᠦᠷᠢᠳᠭᠡᠭᠰᠡᠨ | ᠭᠤᠷᠪᠠᠳᠤᠭᠠᠷ ᠪᠦᠯᠦᠭ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ | ᠦᠯᠢᠭᠡᠷ ᠤᠨ ᠭᠤᠤᠯ ᠪᠠᠭᠠᠳᠤᠷ ᠲᠤᠬᠳᠠᠬᠤ ᠪᠤᠯ ᠠᠷᠢᠭᠤᠨ ᠠᠮᠢ ᠬᠠᠯᠠᠭᠤᠨ ᠴᠢᠰᠤ ᠪᠠᠷ ᠢᠶᠠᠨ ᠭᠡᠷ ᠨᠤᠳᠤᠬ ᠢᠶᠠᠨ | ᠬᠠᠮᠠᠭᠠᠯᠠᠬᠰᠠᠨ ᠪᠠᠭᠠᠳᠤᠷ ᠪᠤᠯᠬᠤ ᠪᠦᠭᠡᠳ ᠴᠤᠷᠢ ᠶᠢᠨ ᠭᠠᠭᠴᠠ ᠪᠤᠰᠤᠯᠭ᠎ᠠ ᠭᠠᠷᠭᠠᠵᠤ ᠬᠠᠮᠤᠬ ᠡᠴᠦᠰ ᠤᠨ | ᠢᠯᠠᠯᠳᠠ ᠶᠢ ᠤᠯᠤᠬᠰᠠᠨ ᠮᠤᠩᠭᠤᠯ ᠦᠨᠳᠦᠰᠦᠳᠡᠨ ᠤ ᠪᠠᠭᠠᠳᠤᠷ ᠪᠤᠯᠬᠤ ᠶᠤᠮ᠃ | 32. ᠢᠷᠦᠭᠡᠯ ᠮᠠᠭᠳᠠᠭᠠᠯ᠄ ︵2011 ᠤᠨ ᠳᠤ ᠪᠦᠷᠢᠳᠭᠡᠭᠰᠡᠨ ᠭᠤᠷᠪᠠᠳᠤᠭᠠᠷ ᠪᠦᠯᠦᠭ ᠤᠯᠤᠰ ᠤᠨ | ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠢᠷᠦᠭᠡᠯ ᠮᠠᠭᠳᠠᠭᠠᠯ ᠪᠤᠯ ᠲᠤᠮᠳᠠᠳᠤ | ᠤᠯᠤᠰ ᠤᠨ ᠤᠮᠠᠷᠠᠳᠤ ᠶᠢᠨ ᠨᠡᠬᠦᠳᠡᠯ ᠦᠨᠳᠦᠰᠦᠳᠡᠨ ᠤ ᠠᠷᠠᠳ ᠤᠨ ᠲᠤᠮᠳᠠ ᠤᠯᠠᠮᠵᠢᠯᠠᠬᠳᠠᠵᠤ ᠪᠠᠶᠢᠳᠠᠬ ᠤᠷᠠᠨ | ᠵᠤᠬᠢᠶᠠᠯ ᠤᠨ ᠬᠡᠯᠪᠡᠷᠢ ᠪᠤᠯᠬᠤ ᠪᠦᠭᠡᠳ ᠲᠤᠭᠳᠠᠬᠰᠠᠨ ᠤᠶᠠᠩᠭ᠎ᠠ ᠴᠤᠬᠢᠯᠭ᠎ᠠ᠂ ᠦᠭᠡ ᠬᠡᠯᠡ ᠤᠷᠤᠰᠤᠮ᠎ᠠ ᠲᠤᠳᠤ᠂ | ᠰᠡᠳᠬᠢᠯ ᠪᠢᠯᠬᠠᠮ᠎ᠠ ᠤᠶᠠᠩᠭᠠᠯᠠᠳᠠᠬ ᠢᠷᠦᠭᠡᠯ᠂ ᠮᠠᠬᠳᠠᠭᠠᠯ ᠢ ᠬᠡᠯᠡᠨ᠎ᠡ᠃ | 33. ᠮᠤᠩᠭᠤᠯ ᠦᠨᠳᠦᠰᠦᠳᠡᠨ ᠤ ᠬᠤᠭᠤᠷ ᠬᠢᠬᠦ ᠤᠷ᠎ᠠ ᠮᠡᠷᠭᠡᠵᠢᠯ᠄ ︵2011 ᠤᠨ ᠳᠤ ᠪᠦᠷᠢᠳᠭᠡᠭᠰᠡᠨ | ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠮᠤᠩᠭᠤᠯ ᠦᠨᠳᠦᠰᠦᠳᠡᠨ ᠤ | ᠬᠤᠭᠤᠷ ᠬᠢᠬᠦ ᠤᠷ᠎ᠠ ᠮᠡᠷᠭᠡᠵᠢᠯ ᠨᠢ ᠦᠨᠢ ᠤᠳᠠᠭᠠᠨ ᠲᠡᠤᠭᠡᠨ ᠬᠤᠭᠤᠴᠠᠭᠠᠨ ᠳᠤ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠬᠤᠷᠴᠢᠨ ᠨᠤᠳᠤᠬ ᠤᠨ ᠬᠦᠮᠦᠰ ᠤᠨ ᠡᠳᠦᠷ ᠲᠤᠳᠤᠮ ᠤᠨ ᠠᠮᠢᠳᠤᠷᠠᠯ | ᠦᠢᠯᠡᠳᠪᠦᠷᠢᠯᠡᠯ ᠤᠨ ᠲᠤᠮᠳᠠ ᠪᠠᠨ ᠡᠬᠦᠳᠦᠭᠰᠡᠨ ᠤᠨᠴᠠ ᠤᠷ᠎ᠠ ᠮᠡᠷᠭᠡᠵᠢᠯ ᠪᠤᠯᠤᠨ᠎ᠠ᠃ | 34. ᠮᠤᠩᠭᠤᠯ ᠦᠨᠳᠦᠰᠦᠳᠡᠨ ᠤ ᠦᠭᠡᠷ ᠤᠨ ᠡᠪᠡᠷ ᠢᠶᠠᠷ ᠨᠤᠮᠤ ᠬᠢᠬᠦ ᠮᠡᠷᠭᠡᠵᠢᠯ᠄ ︵2008 ᠤᠨ ᠳᠤ | ᠪᠦᠷᠢᠳᠭᠡᠭᠰᠡᠨ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠦᠭᠡᠷ ᠤᠨ | ᠡᠪᠡᠷ ᠤᠨ ᠨᠤᠮᠤ ᠪᠤᠯ ᠤᠰᠤᠨ ᠦᠭᠡᠷ ᠪᠤᠶᠤ ᠶᠠᠩᠭᠢᠷ ᠤᠨ ᠡᠪᠡᠷ ᠢ ᠰᠤᠩᠭᠤᠵᠤ᠂ ᠮᠠᠯ ᠤᠨ ᠨᠢᠷᠤᠭᠤᠨ ᠤ ᠰᠢᠷᠪᠤᠰᠤ | ᠪᠤᠶᠤ ᠮᠠᠯ ᠤᠨ ᠲᠤᠭᠤᠷᠠᠢ ᠶᠢᠨ ᠰᠢᠷᠪᠤᠰᠤ ᠡᠰᠡᠭᠦᠯ᠎ᠠ ᠬᠠᠷᠢᠮᠠᠬᠠᠢ ᠴᠢᠨᠠᠷ ᠢᠶᠠᠷ ᠰᠠᠶᠢᠨ ᠬᠤᠯᠤᠰᠤ ᠶᠢ ᠰᠤᠩᠭᠤᠵᠤ᠂ | ᠠᠮᠢᠳᠡᠨ ᠤ ᠴᠠᠪᠠᠤ ᠵᠡᠷᠭᠡ ᠴᠤᠯ ᠪᠠᠶᠢᠭᠠᠯᠢᠯᠢᠭ ᠮᠠᠲ᠋ᠧᠷᠢᠶᠠᠯ ᠢᠶᠠᠷ ᠨᠠᠭᠠᠯᠳᠤᠭᠤᠯᠵᠤ ᠪᠦᠳᠦᠭᠡᠭᠰᠡᠨ ᠮᠤᠩᠭᠤᠯ | ᠦᠨᠳᠦᠰᠦᠳᠡᠨ ᠤ ᠡᠷᠳᠡᠨ ᠤ ᠲᠠᠶᠢᠨ ᠪᠠᠶᠢᠯᠳᠤᠭᠠᠨ᠂ ᠠᠪᠠ ᠬᠢᠬᠦ ᠵᠢᠴᠢ ᠨᠠᠭᠠᠳᠤᠮ ᠳᠤ ᠬᠡᠷᠡᠭᠯᠡᠳᠡᠭ ᠨᠤᠮᠤ ᠶᠢ ᠬᠡᠯᠡᠵᠤ | ᠪᠤᠢ᠃ ᠡᠨᠡ ᠨᠢ ᠮᠤᠩᠭᠤᠯ ᠡᠷᠡᠴᠦᠳ ᠤᠨ ᠵᠠᠪᠡᠯ ᠡᠵᠡᠮᠰᠢᠭᠦ ᠨᠢᠬᠡ ᠵᠦᠢᠯ ᠤᠨ ᠤᠷ᠎ᠠ ᠮᠡᠷᠭᠡᠵᠢᠯ ᠪᠤᠯᠬᠤ ᠪᠦᠭᠡᠳ | ᠮᠤᠩᠭᠤᠯ ᠦᠨᠳᠦᠰᠦᠳᠡᠨ ᠤ ᠤᠨᠴᠠᠯᠢᠭ ᠢ ᠬᠦᠨ ᠬᠠᠳᠠᠭᠠᠯᠠᠵᠤ ᠪᠠᠶᠢᠳᠠᠭ᠃ | 35. ᠱᠠᠯᠪᠤᠷ ᠪᠦᠭᠡ᠄ ︵2008 ᠤᠨ ᠤ 6 ᠰᠠᠷ᠎ᠠ ᠶᠢᠨ 7 ᠤ ᠡᠳᠦᠷ ᠪᠦᠷᠢᠳᠭᠡᠭᠰᠡᠨ ᠬᠤᠶᠠᠳᠤᠭᠠᠷ | ᠪᠦᠯᠦᠭ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠱᠠᠯᠪᠤᠷ ᠪᠦᠭᠡ ᠪᠤᠯ | ᠤᠢᠢᠷᠠᠳ ᠮᠤᠩᠭᠤᠯᠴᠤᠳ ᠤᠨ ᠤᠳᠤ ᠪᠤᠯᠳᠠᠯ᠎ᠠ ᠬᠠᠳᠠᠭᠠᠯᠠᠬᠳᠠᠬᠰᠠᠭᠠᠷ ᠢᠷᠡᠭᠰᠡᠨ ᠦᠨᠳᠦᠰᠦᠳᠡᠨ ᠤ ᠤᠯᠠᠮᠵᠢᠯᠠᠯᠳᠤ | ᠪᠡᠶ᠎ᠡ ᠲᠠᠮᠢᠷ ᠤᠨ ᠲᠦᠷᠦᠯ ᠵᠦᠢᠯ ᠪᠤᠯᠬᠤ ᠪᠦᠭᠡᠳ ᠲᠡᠷᠡ ᠨᠢ ᠦᠪᠦᠷ ᠮᠤᠩᠭᠤᠯ ᠤᠨ ᠠᠯᠠᠱᠠ ᠠᠶᠢᠮᠠᠬ᠂ | ᠰᠢᠨᠵᠢᠶᠠᠩ᠂ ᠬᠦᠭᠡᠨᠠᠭᠤᠷ᠂ ᠭᠠᠨᠰᠤ ᠵᠡᠷᠭᠡ ᠮᠤᠩᠭᠤᠯ ᠦᠨᠳᠦᠰᠦᠳᠡᠨ ᠰᠠᠭᠤᠷᠢᠰᠢᠵᠤ ᠪᠠᠶᠢᠬᠤ ᠭᠠᠵᠠᠷ ᠤᠷᠤᠨ ᠢᠶᠠᠷ | ᠲᠠᠷᠬᠠᠵᠤ ᠪᠠᠶᠢᠳᠠᠬ᠃ | 36. ᠬᠤᠯᠪᠤᠭ᠎ᠠ᠄ ︵2008 ᠤᠨ ᠤ 6 ᠰᠠᠷ᠎ᠠ ᠶᠢᠨ 7 ᠤ ᠡᠳᠦᠷ ᠪᠦᠷᠢᠳᠭᠡᠭᠰᠡᠨ ᠬᠤᠶᠠᠳᠤᠭᠠᠷ ᠪᠦᠯᠦᠭ | ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠬᠤᠯᠪᠤᠭ᠎ᠠ ᠪᠤᠯ ᠮᠤᠩᠭᠤᠯ | ᠦᠨᠳᠦᠰᠦᠳᠡᠨ ᠤ ᠲᠠᠭᠤᠯᠠᠳᠠᠬ ᠲᠠᠭᠤᠤ ᠤᠷᠠᠯᠢᠭ ᠤᠨ ᠨᠢᠭᠡ ᠪᠤᠯᠬᠤ ᠪᠦᠭᠡᠳ ᠬᠤᠯᠪᠤᠭ᠎ᠠ ᠶᠢᠨ ᠦᠭᠡ ᠨᠢ ᠲᠤᠯᠤᠭᠠᠢ | ᠬᠤᠯᠪᠤᠵᠤ ᠰᠡᠬᠦᠯ ᠲᠠᠷᠤᠬᠤ ᠶᠢ ᠤᠨᠴᠠ ᠠᠩᠬᠠᠷᠳᠠᠬ ᠲᠠᠭᠤᠤ ᠤᠷᠠᠯᠢᠬ ᠮᠦᠨ᠃ | 37. ᠦᠯᠢᠭᠡᠷ᠄ ︵2006 ᠤᠨ ᠤ 6 ᠰᠠᠷ᠎ᠠ ᠶᠢᠨ 7 ᠤ ᠡᠳᠦᠷ ᠪᠦᠷᠢᠳᠭᠡᠭᠰᠡᠨ ᠲᠦᠷᠤᠬᠦᠤ ᠪᠦᠯᠦᠭ ᠤᠨ | ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠦᠯᠢᠭᠡᠷ ᠨᠢ ᠮᠤᠩᠭᠤᠯ | ᠦᠨᠳᠦᠰᠦᠳᠡᠨ ᠤ ᠶᠠᠷᠢᠵᠤ ᠲᠠᠭᠤᠯᠠᠬᠤ ᠨᠢᠭᠡᠨ ᠵᠦᠢᠯ ᠤᠨ ᠤᠷᠠᠯᠢᠬ ᠤᠨ ᠬᠡᠯᠪᠡᠷᠢ ᠪᠤᠯᠬᠤ ᠪᠦᠭᠡᠳ ᠲᠡᠷᠡ ᠨᠢ | ᠭᠤᠤᠯᠳᠠᠭᠤ ᠦᠪᠦᠷ ᠮᠤᠩᠭᠤᠯ ᠤᠨ ᠭᠡᠰᠡᠭ ᠭᠠᠵᠠᠷ ᠤᠷᠤᠨ᠂ ᠬᠠᠷᠠᠮᠦ᠋ᠷᠡᠨ᠂ ᠬᠢᠷᠢᠨ ᠪᠤᠯᠤᠨ ᠯᠢᠶᠤᠤᠨᠢᠩ ᠵᠡᠷᠭᠡ | ᠭᠠᠵᠠᠷ ᠤᠷᠤᠨ ᠤ ᠮᠤᠩᠭᠤᠯᠴᠤᠳ ᠲᠦᠪᠯᠡᠷᠡᠨ ᠰᠠᠭᠤᠷᠢᠰᠢᠬᠰᠠᠨ ᠭᠠᠵᠠᠷ ᠤᠷᠤᠨ ᠢᠶᠠᠷ ᠲᠠᠷᠬᠠᠵᠤ ᠪᠠᠶᠢᠳᠠᠬ᠃ 38. | ᠤᠷᠠᠳ ᠠᠷᠠᠳ ᠤᠨ ᠲᠠᠭᠤᠤ᠄ ︵2008 ᠤᠨ ᠳᠤ ᠪᠦᠷᠢᠳᠭᠡᠭᠰᠡᠨ ᠤᠯᠤᠰ ᠤᠨ ᠲᠡᠰ ᠤᠨ ᠪᠤᠳᠠᠰ ᠤᠨ ᠪᠤᠰᠤ | ᠰᠤᠶᠤᠯ ᠤᠨ ᠦᠪ ᠤᠨ ᠲᠦᠷᠦᠯ ᠵᠦᠢᠯ︶ ᠤᠷᠠᠳ ᠠᠷᠠᠳ ᠤᠨ ᠲᠠᠭᠤᠤ ᠨᠢ ᠭᠤᠤᠯᠳᠠᠭᠤ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠤᠷᠠᠳ ᠤᠨ ᠡᠮᠤᠨᠡᠳᠦ ᠬᠤᠰᠢᠭᠤᠨ ᠤ ᠮᠤᠩᠭᠤᠯᠴᠤᠳ ᠲᠠᠭᠤᠯᠠᠳᠠᠬ ᠠᠷᠠᠳ ᠤᠨ | ᠲᠠᠭᠤᠤ ᠪᠤᠯᠤᠨ᠎ᠠ᠃ | 39. ᠴᠤᠭᠤᠷ ᠬᠦᠭᠵᠢᠮ᠄ ︵2008 ᠤᠨ ᠳᠤ ᠪᠦᠷᠢᠳᠭᠡᠭᠰᠡᠨ ᠨᠢᠭᠡᠳᠦᠭᠡᠷ ᠪᠦᠯᠦᠭ ᠤᠯᠤᠰ ᠤᠨ ᠲᠡᠰ ᠤᠨ | ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠴᠤᠭᠤᠷ ᠬᠦᠭᠵᠢᠮ ᠨᠢ ᠮᠤᠩᠭᠤᠯ ᠦᠨᠳᠦᠰᠦᠳᠡᠨ ᠤ | ᠠᠷᠠᠳ ᠲᠦᠮᠡᠨ ᠤᠷᠳᠤ ᠤᠳᠠᠭᠠᠨ ᠬᠤᠭᠤᠴᠠᠭᠠᠨ ᠤ ᠲᠡᠤᠭᠡᠨ ᠬᠦᠭᠵᠢᠯᠳᠡ ᠶᠢᠨ ᠶᠠᠪᠤᠴᠠ ᠳᠤ ᠵᠤᠬᠢᠶᠠᠨ | ᠪᠦᠳᠦᠭᠡᠭᠰᠡᠨ ᠬᠦᠨ ᠦᠳᠭᠡᠨ ᠦᠨᠳᠦᠰᠦᠳᠡᠨ ᠤ ᠤᠨᠴᠠᠯᠢᠬ ᠲᠠᠢ ᠬᠦᠭᠵᠢᠮᠳᠡᠨ ᠲᠠᠭᠤᠯᠠᠬᠤ ᠤᠷᠠᠯᠢᠬ ᠪᠤᠯᠤᠨ᠎ᠠ᠃ | 40. ᠴᠠᠮ ᠬᠠᠷᠠᠶᠢᠬᠤ᠄ ︵2008 ᠤᠨ ᠳᠤ ᠪᠦᠷᠢᠳᠭᠡᠭᠰᠡᠨ ᠤᠯᠤᠰ ᠤᠨ ᠲᠡᠰ ᠤᠨ ᠪᠤᠳᠠᠰ ᠤᠨ ᠪᠤᠰᠤ | ᠰᠤᠶᠤᠯ ᠤᠨ ᠦᠪ ᠤᠨ ᠲᠦᠷᠦᠯ ᠵᠦᠢᠯ︶ ᠴᠠᠮ ᠬᠠᠷᠠᠶᠢᠬᠤ ᠭᠡᠳᠡᠭ ᠨᠢ ᠮᠤᠩᠭᠤᠯ ᠲᠦᠪᠡᠳ ᠤᠨ ᠱᠠᠰᠢᠨ | ᠰᠤᠷᠳᠠᠬᠤᠨ ᠰᠤᠶᠤᠯ ᠤᠨ ᠰᠤᠯᠢᠯᠴᠠᠭᠠᠨ ᠤ ᠦᠷ᠎ᠡ ᠪᠦᠳᠦᠭᠡᠯ ᠪᠤᠯᠬᠤ ᠪᠦᠭᠡᠳ ᠤᠳᠤ ᠪᠤᠯᠳᠠᠯ᠎ᠠ 400 ᠵᠢᠯ ᠤᠨ | ᠲᠡᠤᠭᠡ ᠲᠠᠢ ᠪᠠᠶᠢᠵᠤ᠂ ᠱᠠᠰᠢᠨ ᠰᠤᠷᠳᠠᠬᠤᠨ ᠤ ᠤᠯᠠᠮᠵᠢᠯᠠᠯ ᠢᠶᠠᠷ ᠭᠤᠤᠯ ᠠᠭᠤᠯᠭ᠎ᠠ ᠪᠤᠯᠭᠠᠵᠤ᠂ ︽ᠶᠡᠭᠡ ᠴᠠᠮ︾᠂ | ︽ᠪᠠᠭ᠎ᠠ ᠴᠠᠮ︾ ᠭᠡᠵᠤ ᠬᠤᠪᠢᠶᠠᠳᠠᠬ᠃ | ︵︽ᠦᠪᠤᠷ ᠮᠤᠩᠭᠤᠯ ᠰᠤᠪᠠᠭ︾ ᠰᠦᠯᠵᠢᠶ᠎ᠠ ᠠᠴᠠ ᠪᠠᠭᠤᠯᠭᠠᠪᠠ︶ | |