ᠡᠭᠡᠯ ᠪᠠᠭᠰᠢ ᠶᠢᠨ ᠨᠠᠨᠳᠢᠨ ᠵᠢᠳᠬᠦᠯ
ᠨᠡᠶᠢᠲᠡᠯᠡᠭᠰᠡᠨ ᠴᠠᠭ᠄
2019-03-04
   — ᠤᠯᠠᠭᠠᠨᠬᠤᠳᠠ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠶᠢᠨ ᠹᠦ᠋ ᠴᠢᠩ ᠶᠤᠸᠠᠢ ᠪᠠᠭᠰᠢ ᠶᠢᠨ ᠲᠤᠬᠠᠢ ᠰᠤᠷᠪᠤᠯᠵᠢᠯᠠᠭ᠎ᠠ        ᠪᠠᠭᠰᠢ ᠶᠢᠨ ᠠᠵᠢᠯ ᠳᠤ ᠪᠠᠨ ᠬᠢᠯᠠᠷᠠᠭᠤᠯᠤᠨ ᠶᠠᠪᠤᠵᠤ᠂ ᠰᠤᠷᠤᠭᠴᠢᠳ ᠲᠤ ᠪᠠᠨ ᠠᠯᠢᠪᠠ ᠬᠠᠶᠢᠷ᠎ᠠ ᠪᠠᠨ ᠶᠡᠬᠦᠯᠡᠨ  ᠂ ᠮᠡᠳᠡᠯᠭᠡ ᠡᠵᠡᠮᠰᠢᠬᠦᠯᠵᠤ ᠬᠦᠮᠤᠨ ᠪᠤᠯᠬᠤ ᠶᠤᠰᠤ ᠶᠢ ᠵᠢᠭᠠᠨ᠂ ᠦᠨᠳᠦᠰᠦᠳᠡᠨ ᠤ ᠰᠤᠷᠭᠠᠨ ᠬᠦᠮᠤᠵᠢᠯ ᠤᠨ  ᠦᠢᠯᠡᠰ ᠤᠨ ᠬᠦᠭᠵᠢᠯᠳᠠ ᠳᠤ ᠬᠤᠪᠢ ᠨᠡᠮᠡᠷᠢ ᠦᠵᠡᠬᠦᠯᠬᠦ ᠪᠠᠷ ᠵᠢᠷᠤᠬᠡᠨ ᠲᠠᠮᠢᠷ ᠢᠶᠠᠨ ᠰᠢᠪᠬᠠᠵᠤ ᠴᠢᠷᠮᠠᠶᠢᠨ  ᠠᠵᠢᠯᠯᠠᠳᠠᠭ ᠡ᠊ᠨᠠ ᠬᠦᠮᠤᠨ ᠢ ᠹᠦ᠋ ᠴᠢᠩ ᠶᠤᠸᠠᠢ ᠭᠡᠳᠡᠭ᠂ ᠤᠯᠠᠭᠠᠨᠬᠤᠳᠠ ᠮᠤᠩᠭᠤᠯ ᠦᠨᠳᠤᠰᠤᠳᠡᠨ ᠤ ᠪᠠᠭ᠎ᠠ  ᠰᠤᠷᠭᠠᠭᠤᠯᠢ ᠳᠤ ᠠᠵᠢᠯ ᠤᠨ ᠭᠠᠷᠤᠭ᠎ᠠ ᠠᠪᠴᠤ ᠪᠤᠢ᠃     1998 ᠤᠨ ᠳᠤ᠂ ᠹᠦ᠋ ᠴᠢᠩ ᠶᠤᠸᠠᠢ ᠪᠠᠭᠰᠢ ᠬᠢᠩᠭᠠᠨ ᠠᠶᠢᠮᠠᠭ ᠤᠨ ᠪᠠᠭᠰᠢ ᠶᠢᠨ ᠰᠤᠷᠭᠠᠭᠤᠯᠢ ᠠᠴᠠ  ᠲᠡᠬᠦᠰᠴᠤ᠂ ᠪᠠᠭᠰᠢ ᠪᠤᠯᠬᠤ ᠰᠠᠶᠢᠬᠠᠨ ᠬᠦᠰᠡᠯ ᠢᠶᠠᠨ ᠡᠪᠤᠷᠯᠡᠨ᠂ ᠠᠷᠠᠳ ᠤᠨ ᠪᠠᠭᠰᠢ ᠶᠢᠨ ᠡᠩᠨᠡᠭᠡ ᠶᠢᠨ ᠨᠢᠭᠡᠨ  ᠭᠡᠰᠢᠬᠦᠨ ᠪᠤᠯᠤᠭᠰᠠᠨ ᠪᠠᠶᠢᠨ᠎ᠠ᠃ 2010 ᠤᠨ ᠳᠤ ᠤᠯᠠᠭᠠᠨᠬᠤᠳᠠ ᠶᠢᠨ ᠢᠯᠠᠯᠳᠠ ᠭᠤᠤᠯ ᠪᠠᠭ᠎ᠠ  ᠰᠤᠷᠭᠠᠭᠤᠯᠢ ᠠᠴᠠ ᠤᠯᠠᠭᠠᠨᠬᠤᠳᠠ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠳᠤ ᠠᠵᠢᠯ ᠰᠢᠯᠵᠢᠵᠤ᠂  ᠮᠤᠩᠭᠤᠯ ᠬᠡᠯᠡᠨ ᠤ ᠬᠢᠴᠢᠶᠡᠯ ᠲᠦᠷᠤᠯ ᠪᠠ ᠠᠩᠬᠢ ᠶᠢᠨ ᠡᠷᠬᠢᠯᠡᠭᠴᠢ ᠶᠢᠨ ᠠᠵᠢᠯ ᠢ ᠤᠳᠤᠬᠠᠨ ᠪᠤᠯᠳᠠᠯ᠎ᠠ  ᠬᠠᠷᠢᠭᠤᠴᠠᠵᠤ ᠪᠤᠢ᠃ ᠠᠵᠢᠯ ᠭᠡᠪᠡᠯ ᠬᠤᠶᠢᠰᠢ ᠤᠬᠤᠷᠢᠬᠤ ᠦᠭᠡᠢ ᠪᠠᠶᠢᠳᠠᠬ ᠹᠦ᠋ ᠴᠢᠩ ᠶᠤᠸᠠᠢ ᠠᠵᠢᠯ ᠤᠨ ᠪᠠᠶᠢᠷᠢ  ᠲᠡᠭᠡᠷ᠎ᠠ ᠭᠠᠷᠤᠭᠰᠠᠨ ᠤ ᠲᠠᠷᠠᠭ᠎ᠠ ᠡᠳᠤᠷ ᠲᠤᠳᠤᠮ ᠤᠨ ᠵᠢᠭᠠᠨ ᠰᠤᠷᠭᠠᠯᠳᠠ᠂ ᠠᠩᠬᠢ ᠶᠢᠨ ᠪᠠᠭᠰᠢ ᠶᠢᠨ ᠠᠵᠢᠯ ᠳᠤ  ᠲᠤᠯᠭᠠᠷᠠᠭᠰᠠᠨ ᠬᠦᠴᠢᠷᠳᠠᠯ ᠢ ᠵᠤᠷᠢᠭᠳᠠᠢ ᠲᠤᠭᠤᠯᠵᠤ᠂ ᠴᠢᠷᠮᠠᠶᠢᠨ ᠰᠦᠪᠡᠭᠴᠢᠯᠡᠨ᠂ ᠡᠯ᠎ᠠ ᠲᠠᠯ ᠎ᠠ ᠶᠢᠨ ᠠᠵᠢᠯ ᠢᠶᠠᠨ  ᠭᠠᠷᠮᠠᠭᠠᠢᠢᠯᠡᠨ ᠬᠢᠭᠰᠡᠭᠡᠷ ᠢᠷᠡᠵᠠᠢ᠃     ᠮᠤᠩᠭᠤᠯ ᠪᠢᠴᠢᠭ ᠰᠤᠷᠴᠤ ᠪᠠᠶᠢᠭ᠎ᠠ ᠰᠤᠷᠤᠭᠴᠢᠳ ᠲᠤ ᠠᠪᠴᠤ ᠬᠡᠯᠡᠪᠡᠯ᠂ ᠡᠯ᠎ᠠ ᠬᠢᠴᠢᠶᠡᠯ ᠲᠦᠷᠤᠯ ᠢᠶᠠᠨ  ᠰᠤᠷᠴᠤ ᠤᠢᠢᠯᠠᠭᠠᠬᠤ ᠳᠤ ᠰᠠᠭᠤᠷᠢ ᠪᠤᠯᠬᠤ ᠮᠤᠩᠭᠤᠯ ᠬᠡᠯᠡ ᠪᠢᠴᠢᠭ ᠢ ᠰᠠᠶᠢᠳᠤᠷ ᠡᠵᠡᠮᠰᠢᠬᠦ ᠨᠢ ᠴᠢᠬᠤᠯᠠ ᠠᠴᠠ  ᠴᠢᠬᠤᠯᠠ ᠪᠠᠶᠢᠳᠠᠭ᠃ ᠡ᠊ᠨᠠ ᠨᠢ ᠮᠦᠨ ᠴᠤ ᠲᠤᠰ ᠬᠢᠴᠢᠶᠡᠯ ᠲᠦᠷᠤᠯ ᠢ ᠵᠢᠭᠠᠨ ᠰᠤᠷᠭᠠᠵᠤ ᠪᠠᠶᠢᠭ᠎ᠠ ᠪᠠᠭᠰᠢ ᠳᠤ  ᠠᠪᠴᠤ ᠬᠡᠯᠡᠪᠡᠯ ᠬᠦᠨᠳᠤ ᠴᠢᠬᠤᠯᠠ ᠡᠬᠦᠷᠭᠡ ᠪᠤᠯᠬᠤ ᠶᠤᠮ᠃ ᠹᠦ᠋ ᠴᠢᠩ ᠶᠤᠸᠠᠢ ᠮᠤᠩᠭᠤᠯ ᠬᠡᠯᠡ ᠪᠢᠴᠢᠭ ᠤᠨ  ᠬᠢᠴᠢᠶᠡᠯ ᠢ ᠵᠢᠭᠠᠵᠤ ᠪᠠᠶᠢᠭ᠎ᠠ ᠪᠠᠭᠰᠢ ᠪᠤᠯᠤᠭᠰᠠᠨ ᠤ ᠬᠤᠪᠢ ᠳᠤ ᠶᠡᠷᠤ ᠶᠢᠨ ᠴᠠᠭ ᠤᠨ ᠵᠢᠭᠠᠨ ᠰᠤᠷᠭᠠᠯᠳᠠ  ᠲᠤᠮᠳᠠ ᠪᠠᠨ ᠰᠤᠷᠤᠭᠴᠢᠳ ᠲᠤ ᠬᠡᠯᠡ ᠪᠢᠴᠢᠭ ᠤᠨ ᠬᠢᠴᠢᠶᠡᠯ ᠢ ᠰᠠᠶᠢᠳᠤᠷ ᠡᠵᠡᠮᠰᠢᠬᠦᠯᠬᠦ ᠪᠠᠷ ᠪᠦᠬᠦ ᠬᠦᠴᠤᠨ ᠢᠶᠠᠷ  ᠵᠢᠭᠠᠨ ᠰᠤᠷᠭᠠᠬᠤ ᠠᠵᠢᠯ ᠳᠤ ᠪᠠᠨ ᠡᠷᠬᠦᠭᠰᠡᠨ ᠪᠢᠯᠡ᠃ ᠨᠢᠭᠡ ᠭᠠᠷᠠᠭ ᠲᠤ ᠠᠷᠪᠠᠭᠠᠳ ᠮᠤᠩᠭᠤᠯ ᠬᠡᠯᠡ ᠪᠢᠴᠢᠭ ᠤᠨ  ᠬᠢᠴᠢᠶᠠᠯ ᠤᠷᠤᠳᠠᠭ ᠹᠦ᠋ ᠴᠢᠩ ᠶᠤᠸᠠᠢ ᠪᠠᠭᠰᠢ ᠰᠤᠷᠤᠭᠴᠢᠳ ᠤᠨ ᠪᠤᠳᠠᠳᠠᠢ ᠪᠠᠶᠢᠳᠠᠯ ᠢ ᠦᠨᠳᠤᠰᠤᠯᠡᠨ᠂  ᠰᠤᠷᠤᠭᠴᠢ ᠶᠢᠨ ᠰᠤᠷᠤᠯᠭ᠎ᠠ ᠶᠢᠨ ᠬᠢᠷᠢ ᠪᠦᠳᠤᠮᠵᠢ ᠨᠢ ᠰᠢᠯᠢᠳᠡᠭ ᠰᠤᠷᠤᠭᠴᠢᠳ ᠢ ᠬᠢᠴᠢᠶᠡᠯ ᠤᠨ ᠠᠭᠤᠯᠭ᠎ᠠ ᠶᠢ  ᠤᠷᠢᠳᠴᠢᠯᠠᠨ ᠰᠤᠷᠤᠯᠴᠠᠬᠤ ᠡᠬᠦᠷᠭᠡ ᠦᠯᠡᠳᠡᠭᠡᠵᠤ ᠦᠭᠳᠡᠭ︔ ᠬᠢᠷᠢ ᠪᠦᠳᠤᠮᠵᠢ ᠨᠢ ᠲᠤᠮᠳᠠᠭᠤᠷ ᠪᠠ ᠬᠤᠶᠢᠭᠤᠷ  ᠪᠠᠶᠢᠬᠤ ᠰᠤᠷᠤᠭᠴᠢᠳ ᠢᠶᠠᠨ ᠬᠢᠴᠢᠶᠡᠯ ᠤᠨ ᠲᠠᠩᠬᠢᠮ ᠲᠡᠭᠡᠷ᠎ᠠ ᠢᠯᠡᠬᠦᠥ ᠬᠠᠷᠠᠭᠠᠯᠵᠠᠨ᠂ ᠬᠢᠴᠢᠶᠡᠯ ᠤᠨ ᠲᠠᠷᠠᠭ᠎ᠠ  ᠤᠨᠴᠠ ᠵᠠᠷᠢᠮ ᠰᠤᠷᠤᠯᠴᠠᠬᠤ ᠳᠤ ᠬᠦᠴᠢᠷᠳᠡᠵᠤ ᠪᠠᠶᠢᠭ᠎ᠠ ᠰᠤᠷᠤᠭᠴᠢᠳ ᠢ ᠵᠢᠭᠠᠨ ᠵᠢᠯᠤᠭᠤᠳᠳᠠᠭ ᠪᠢᠯᠠ᠃ ᠲᠤᠥᠷ᠎ᠠ  ᠤᠨ ᠤ ᠰᠤᠷᠤᠭᠴᠢ ᠵᠠᠷᠢᠮ ᠬᠢᠴᠢᠶᠡᠯ ᠤᠨ ᠠᠭᠤᠯᠭ᠎ᠠ ᠪᠠᠨ ᠤᠢᠢᠯᠠᠭᠠᠬᠤ ᠦᠭᠡᠢ ᠪᠤᠶᠤ ᠬᠦᠴᠢᠷᠳᠠᠵᠤ ᠪᠠᠶᠢᠭ᠎ᠠ  ᠦᠶ᠎ᠠ ᠳᠤ ᠹᠦ᠋ ᠴᠢᠩ ᠶᠤᠸᠠᠢ ᠪᠠᠭᠰᠢ ᠬᠢᠴᠢᠶᠡᠯ ᠤᠨ ᠠᠭᠤᠯᠭ᠎ᠠ᠂ ᠦᠭᠡ ᠦᠬᠦᠯᠡᠪᠤᠷᠢ ᠲᠠᠢ ᠬᠤᠯᠪᠤᠭᠳᠠᠭᠰᠠᠨ ᠵᠢᠷᠤᠭ  ᠂ ᠸᠢᠳᠢᠣ᠋ ᠵᠡᠷᠭᠡ ᠶᠢ ᠠᠰᠢᠭᠯᠠᠨ᠂ ᠬᠢᠴᠢᠶᠡᠯ ᠤᠨ ᠠᠭᠤᠯᠭ᠎ᠠ ᠪᠠᠨ ᠨᠡᠩ ᠠᠮᠢᠳᠤ ᠲᠦᠷᠰᠦᠯᠢᠭ ᠪᠤᠯᠭᠠᠬᠤ ᠪᠠᠷ ᠲᠠᠮᠵᠢᠨ  ᠰᠤᠷᠤᠭᠴᠢᠳ ᠲᠤ ᠤᠢᠢᠯᠠᠭᠠᠭᠤᠯᠬᠤ ᠪᠠᠷ ᠴᠢᠷᠮᠠᠶᠢᠳᠠᠭ᠃ ᠡᠬᠦᠨ ᠤ ᠬᠠᠮᠳᠤ᠂ ᠬᠢᠴᠢᠶᠡᠯ ᠤᠨ ᠠᠭᠤᠯᠭ᠎ᠠ ᠶᠢᠨ  ᠪᠠᠶᠢᠳᠠᠯ ᠳᠤᠨᠢ ᠲᠤᠬᠢᠷᠠᠭᠤᠯᠤᠨ᠂ ᠬᠢᠴᠢᠶᠡᠯ ᠤᠨ ᠠᠭᠤᠯᠭ᠎ᠠ ᠳᠤ ᠪᠠᠨ ᠦᠷᠭᠡᠳᠭᠡᠯ ᠬᠢᠵᠤ᠂ ᠰᠤᠷᠤᠭᠴᠢᠳ ᠤᠨ ᠲᠤᠰ  ᠬᠢᠴᠢᠶᠡᠯ ᠤᠨ ᠠᠭᠤᠯᠭ᠎ᠠ ᠪᠠᠨ ᠨᠡᠩ ᠰᠠᠶᠢᠨ ᠰᠤᠷᠴᠤ ᠡᠵᠡᠮᠰᠢᠬᠦ ᠶᠢᠨ ᠲᠠᠭᠠᠥ ᠨᠡᠩ ᠤᠯᠠᠨ ᠦᠨᠳᠤᠰᠤᠳᠡᠨ ᠤ ᠲᠤᠬᠠᠢ  ᠮᠡᠳᠡᠯᠭᠡ᠂ ᠵᠠᠩ ᠵᠠᠩᠰᠢᠯ ᠵᠡᠷᠭᠡ ᠶᠢ ᠮᠡᠳᠡᠬᠦᠯᠬᠦ ᠳᠤ ᠲᠦᠢᠯ ᠤᠨ ᠶᠡᠭᠡ ᠲᠡᠮᠵᠢᠯᠭᠡ ᠪᠤᠯᠤᠭᠰᠠᠨ ᠪᠠᠶᠢᠨ᠎ᠠ᠃ ᠮᠤᠩᠭᠤᠯ  ᠬᠡᠯᠡᠨ ᠤ ᠬᠢᠴᠢᠶᠡᠯ ᠲᠦᠷᠤᠯ ᠨᠢ ᠬᠢᠴᠢᠶᠡᠯ ᠤᠨ ᠲᠠᠩᠬᠢᠮ ᠳᠤ ᠰᠤᠷᠤᠯᠴᠠᠬᠤ ᠠᠴᠠ ᠭᠠᠳᠠᠨ᠎ᠠ᠂ ᠬᠢᠴᠢᠶᠡᠯ ᠤᠨ  ᠭᠠᠳᠠᠨᠠᠬᠢ ᠰᠤᠷᠤᠯᠴᠠᠯᠭ᠎ᠠ ᠳᠤ ᠴᠤ ᠲᠤᠩ ᠴᠢᠬᠤᠯᠠ ᠪᠠᠶᠢᠳᠠᠭ᠃ ᠭᠤᠷᠪᠠᠳᠤᠭᠠᠷ ᠤᠨ ᠠᠴᠠ ᠡᠬᠢᠯᠡᠨ᠂  ᠰᠤᠷᠤᠭᠴᠢᠳ ᠲᠦᠬᠦᠮᠬᠡᠨ ᠵᠤᠬᠢᠶᠠᠯ ᠪᠢᠴᠢᠬᠦ ᠶᠢ ᠰᠤᠷᠴᠤ᠂ ᠰᠤᠷᠤᠭᠴᠢᠳ ᠤᠨ ᠦᠭᠡᠰ ᠤᠨ ᠰᠠᠩ᠂ ᠦᠬᠦᠯᠡᠪᠤᠷᠢ  ᠵᠤᠬᠢᠶᠠᠬᠤ᠂ ᠵᠤᠬᠢᠶᠠᠯ ᠤᠨ ᠠᠭᠤᠯᠭ᠎ᠠ ᠪᠠᠨ ᠲᠤᠬᠢᠷᠠᠭᠤᠯᠬᠤ ᠵᠡᠷᠭᠡ ᠴᠢᠳᠠᠪᠤᠷᠢ ᠶᠢ ᠱᠠᠭᠠᠷᠳᠠᠳᠠᠭ ᠪᠢᠯᠠ᠃ ᠡ᠊ᠨᠠ  ᠪᠠᠶᠢᠳᠠᠯ ᠳᠤ ᠬᠠᠨᠳᠤᠭᠤᠯᠤᠨ᠂ ᠹᠦ᠋ ᠴᠢᠩ ᠶᠤᠸᠠᠢ ᠪᠠᠭᠰᠢ ᠬᠢᠴᠢᠶᠡᠯ ᠤᠨ ᠭᠠᠳᠠᠨᠠᠬᠢ ᠨᠤᠮ ᠤᠩᠰᠢᠬᠤ ᠠᠵᠢᠯ ᠢ  ᠴᠢᠩᠭ᠎ᠠ ᠠᠳᠬᠤᠵᠤ᠂ ᠰᠤᠷᠭᠠᠭᠤᠯᠢ ᠠᠴᠠ ᠲᠤᠬᠢᠷᠠᠭᠤᠯᠤᠭᠰᠠᠨ ᠭᠠᠷᠠᠭ ᠪᠦᠷᠢ ᠰᠤᠷᠭᠠᠭᠤᠯᠢ ᠶᠢᠨ ᠨᠤᠮ ᠤᠨ  ᠰᠠᠩ ᠳᠤ ᠨᠤᠮ ᠤᠩᠰᠢᠬᠤ ᠠᠵᠢᠯᠯᠠᠭ᠎ᠠ ᠦᠷᠨᠢᠬᠦᠯᠵᠤ ᠪᠠᠶᠢᠬᠤ ᠶᠢ ᠰᠠᠶᠢᠳᠤᠷ ᠠᠰᠢᠭᠯᠠᠨ᠂ ᠰᠤᠷᠤᠭᠴᠢᠳ ᠤᠨ ᠨᠤᠮ  ᠤᠩᠰᠢᠬᠤ ᠤᠷᠮ᠎ᠠ ᠶᠢ ᠨᠢ ᠬᠦᠭᠵᠢᠭᠡᠬᠦ ᠪᠠᠷ ᠦᠪᠠᠷ ᠤᠨ ᠤᠩᠰᠢᠬᠤ ᠲᠤᠷᠠᠳᠠᠢ ᠨᠤᠮ ᠢ ᠨᠢ ᠰᠤᠩᠭᠤᠨ ᠤᠩᠰᠢᠭᠤᠯᠵᠤ᠂ ᠦᠭᠡᠰ ᠤᠨ ᠰᠠᠩ᠂ ᠮᠡᠳᠡᠯᠭᠡ ᠶᠢᠨ ᠬᠡᠪᠴᠢᠶ᠎ᠠ ᠶᠢ ᠨᠢ ᠦᠷᠭᠡᠳᠭᠡᠳᠡᠭ᠃     ᠠᠩᠬᠢ ᠶᠢᠨ ᠪᠠᠭᠰᠢ ᠶᠢᠨ ᠠᠵᠢᠯ ᠪᠤᠯ ᠬᠠᠮᠤᠭ ᠠᠴᠠ ᠬᠦᠨᠳᠤ ᠴᠢᠬᠤᠯᠠ ᠡᠬᠦᠷᠭᠡ ᠶᠢ ᠡᠬᠦᠷᠭᠡᠯᠡᠳᠡᠭ᠃ ᠹᠦ᠋  ᠴᠢᠩ ᠶᠤᠸᠠᠢ ᠪᠠᠭᠰᠢ ᠠᠩᠬᠢ ᠶᠢᠨ ᠠᠵᠢᠯ ᠳᠤ ᠪᠠᠨ ᠬᠠᠷᠢᠭᠤᠴᠠᠬᠤ ᠪᠠᠷ ᠪᠠᠷᠠᠬᠤ ᠦᠭᠡᠢ᠂ ᠰᠤᠷᠤᠭᠴᠢ ᠪᠠᠨ ᠦᠨᠡᠨ  ᠰᠡᠳᠬᠢᠯ ᠠᠴᠠ ᠪᠠᠨ ᠬᠠᠶᠢᠷᠠᠯᠠᠨ᠂ ᠰᠤᠷᠤᠭᠴᠢᠳ ᠢᠶᠠᠨ ᠬᠠᠶᠢᠷ᠎ᠠ ᠪᠠᠷ ᠤᠮᠳᠠᠯᠠᠵᠤ᠂ ︽ᠡᠵᠢ︾ ᠰᠢᠭ ᠪᠠᠭᠰᠢ  ᠪᠤᠯᠬᠤ ᠶᠢ ᠵᠤᠷᠢᠵᠠᠢ᠃ ︽ᠮᠠᠨ ᠤ ᠠᠩᠬᠢ ᠶᠢᠨ ᠰᠤᠷᠤᠭᠴᠢ ᠪᠤᠯ ᠪᠦᠷ ᠤᠬᠠᠭᠠᠨ ᠰᠡᠷᠬᠦᠯᠡᠩ ᠴᠤᠪᠤᠭᠤ ᠲᠡᠭᠵᠢᠨ  ᠬᠡᠥᠬᠡᠳ ᠪᠤᠯᠤᠨ᠎ᠠ᠂ ᠪᠢ ᠲᠤᠰ ᠠᠩᠬᠢ ᠶᠢᠨ ᠨᠦᠬᠦᠳ ᠢ ᠲᠤᠰᠤᠨ ᠠᠪᠤᠭᠰᠠᠨ ᠠᠴᠠ ᠡᠬᠢᠯᠡᠨ ᠰᠤᠷᠤᠭᠴᠢ ᠪᠠᠨ  ᠬᠦᠢᠴᠡᠳ ᠤᠢᠢᠯᠠᠭᠠᠵᠤ᠂ ᠪᠦᠬᠦ ᠲᠠᠯ᠎ᠠ ᠶᠢᠨ ᠴᠢᠳᠠᠪᠤᠷᠢ ᠶᠢ ᠨᠢ ᠪᠠᠳᠠᠷᠠᠭᠤᠯᠬᠤ ᠪᠠᠷ ᠬᠦᠴᠤᠯᠠᠨ ᠴᠢᠷᠮᠠᠶᠢᠵᠠᠢ᠃  ᠤᠨᠴᠠᠭᠠᠢ ᠠᠯᠢᠶ᠎ᠠ ᠲᠡᠭᠵᠢᠨ ᠰᠤᠷᠤᠭᠴᠢᠳ ᠲᠤ ᠤᠨᠴᠠᠭᠠᠢ ᠤᠷᠤᠨ ᠵᠠᠢ ᠦᠯᠡᠳᠡᠭᠡᠨ ᠦᠭᠴᠤ᠂ ᠠᠯᠳᠠᠭ᠎ᠠ  ᠲᠤᠳᠠᠭᠳᠠᠯ ᠳᠤᠨᠢ ᠬᠦᠯᠢᠶᠡᠴᠡᠩᠬᠦᠢ ᠪᠠᠷ ᠬᠠᠨᠳᠤᠨ᠂ ᠠᠮᠵᠢᠯᠳᠠ ᠪᠦᠳᠤᠮᠵᠢ ᠶᠢ ᠨᠢ ᠴᠠᠭ ᠲᠤᠬᠠᠢ ᠳᠤ ᠨᠢ ᠮᠠᠭᠳᠠᠨ  ᠰᠠᠶᠢᠰᠢᠶᠠᠵᠤ᠂ ᠦᠪᠠᠷ ᠤᠨ ᠪᠡᠶ᠎ᠠ ᠳᠤ ᠪᠠᠨ ᠢᠳᠡᠭᠡᠯ ᠲᠠᠢ ᠬᠦᠮᠤᠨ ᠪᠤᠯᠭᠠᠨ ᠬᠦᠮᠤᠵᠢᠬᠦᠯᠬᠦ ᠶᠢ ᠠᠩᠬᠠᠷᠤᠭᠰᠠᠨ  ᠪᠠᠶᠢᠨ᠎ᠠ᠃ ︿ᠡᠵᠢ﹀ ᠰᠢᠭ ᠪᠠᠭᠰᠢ ᠪᠤᠯᠬᠤ ᠪᠠᠷ᠂ ᠪᠢ ᠬᠠᠶᠢᠷ᠎ᠠ ᠪᠠᠨ ᠬᠠᠷᠠᠮ ᠦᠭᠡᠢ ᠶᠡᠬᠦᠯᠡᠨ᠂ ᠰᠤᠷᠤᠭᠴᠢᠳ ᠢ  ᠦᠭᠡᠳᠡᠯᠡᠨ ᠲᠠᠪᠰᠢᠬᠤ ᠵᠠᠮ ᠢᠶᠠᠷ ᠬᠦᠳᠤᠯᠵᠤ᠂ ᠬᠦᠮᠤᠨ ᠪᠤᠯᠬᠤ ᠶᠤᠰᠤ ᠵᠢᠭᠠᠬᠤ ᠶᠢ ᠴᠢᠬᠤᠯᠠᠴᠢᠯᠠᠵᠠᠢ᠃ ᠡᠬᠦᠨ ᠤ  ᠬᠠᠮᠳᠤ᠂ ᠰᠤᠷᠤᠭᠴᠢᠳ ᠤᠨ ᠠᠮᠢᠳᠤᠷᠠᠯ ᠤᠨ ᠲᠠᠯ᠎ᠠ ᠪᠠᠷ ᠠᠩᠬᠠᠷᠴᠤ ᠬᠠᠷᠠᠭᠠᠯᠵᠠᠨ᠂ ᠭᠠᠷᠠᠭ ᠪᠦᠷᠢ ᠬᠤᠶᠠᠷ ᠤᠳᠠᠭ᠎ᠠ  ᠪᠠᠶᠢᠷᠢᠨ ᠳᠤ ᠨᠢ ᠬᠦᠷᠴᠤ ᠤᠷᠤ ᠲᠡᠪᠢᠭᠡᠷ ᠢᠶᠠᠨ ᠶᠠᠭᠠᠬᠢᠵᠤ ᠬᠤᠷᠢᠶᠠᠬᠤ᠂ ᠨᠢᠭᠤᠷ ᠴᠢᠷᠠᠢ᠂ ᠬᠦᠯ ᠭᠠᠷ ᠢᠶᠠᠨ  ᠤᠬᠢᠶᠠᠬᠤ᠂ ᠬᠤᠪᠴᠠᠰᠤ ᠬᠤᠨᠠᠷ ᠤᠬᠢᠶᠠᠬᠤ ᠵᠡᠷᠭᠡ ᠬᠠᠮᠤᠭ ᠵᠢᠵᠢᠭ ᠰᠠᠵᠢᠬ ᠤᠴᠢᠷ ᠶᠠᠪᠤᠳᠠᠯ ᠠᠴᠠ ᠡᠬᠢᠯᠡᠨ  ᠵᠢᠭᠠᠵᠤ ᠦᠭᠳᠡᠭ ᠠᠴᠠ ᠰᠤᠷᠤᠭᠴᠢ ᠪᠦᠷᠢ ᠳᠤ ᠬᠠᠯᠠᠭᠤᠨ ᠲᠤᠯᠠᠭᠠᠨ ᠭᠡᠷ ᠪᠦᠯᠢ ᠳᠤ ᠠᠮᠢᠳᠤᠷᠠᠵᠤ ᠪᠠᠶᠢᠬᠤ ᠮᠡᠳᠦ  ᠪᠠᠶᠠᠷ ᠪᠠᠶᠠᠰᠤᠯ ᠲᠠᠢ ᠦᠰᠤᠨ ᠪᠤᠶᠢᠵᠢᠬᠤ ᠤᠷᠴᠢᠨ ᠠᠬᠤᠢ ᠶᠢ ᠡᠬᠦᠳᠴᠤ ᠦᠭᠬᠦᠭᠰᠡᠨ ᠪᠠᠶᠢᠨ᠎ᠠ︾ ᠭᠡᠵᠤ ᠹᠦ᠋ ᠴᠢᠩ  ᠶᠤᠸᠠᠢ ᠪᠠᠭᠰᠢ ᠠᠩᠬᠢ ᠶᠢᠨ ᠡᠷᠬᠢᠯᠡᠭᠴᠢ ᠪᠤᠯᠤᠭᠰᠠᠨ ᠤ ᠬᠤᠪᠢ ᠳᠤ᠂ ᠬᠠᠶᠢᠷ᠎ᠠ ᠪᠠᠷ ᠰᠤᠷᠤᠭᠴᠢᠳ ᠢᠶᠠᠨ  ᠬᠦᠮᠤᠵᠢᠬᠦᠯᠥᠭᠰᠡᠨ ᠢᠶᠠᠨ ᠶᠠᠷᠢᠨ᠎ᠠ᠃     ᠹᠦ᠋ ᠴᠢᠩ ᠶᠤᠸᠠᠢ ᠪᠠᠭᠰᠢ ᠰᠤᠷᠭᠠᠭᠤᠯᠢ ᠠᠴᠠ ᠲᠤᠮᠢᠯᠠᠭᠰᠠᠨ ᠭᠠᠳᠠᠭᠰᠢ ᠭᠠᠷᠴᠤ ᠰᠤᠷᠤᠯᠴᠠᠬᠤ ᠪᠠ ᠠᠶᠢᠮᠠᠭ᠂  ᠬᠤᠳᠠ᠂ ᠬᠤᠰᠢᠭᠤᠨ ᠤ ᠦᠵᠡᠬᠦᠯᠤᠯᠭᠡ ᠶᠢᠨ ᠬᠢᠴᠢᠶᠡᠯ᠂ ᠬᠢᠴᠢᠶᠡᠯ ᠲᠠᠶᠢᠯᠪᠤᠷᠢᠯᠠᠬᠤ ᠤᠷᠤᠯᠳᠤᠭᠠᠨ ᠳᠤ ᠤᠷᠤᠯᠴᠠᠬᠤ  ᠠᠵᠠ ᠲᠤᠬᠢᠶᠠᠯ ᠢ ᠨᠠᠨᠳᠢᠩᠨᠠᠨ᠂ ᠬᠢᠨᠠᠮᠠᠭᠠᠢ ᠰᠤᠷᠤᠯᠴᠠᠨ᠂ ᠨᠠᠷᠢᠨ ᠨᠢᠭᠳᠠ ᠬᠢᠴᠢᠶᠡᠯ ᠪᠡᠯᠡᠳᠭᠡᠵᠤ᠂ ᠰᠤᠷᠤᠯᠴᠠᠬᠤ  ᠪᠠ ᠬᠢᠴᠢᠶᠡᠯ ᠲᠠᠶᠢᠪᠤᠷᠢᠯᠠᠬᠤ ᠲᠤᠮᠳᠠ ᠦᠪᠠᠷ ᠤᠨ ᠤᠷᠤᠰᠢᠵᠤ ᠪᠠᠶᠢᠭ᠎ᠠ ᠲᠤᠳᠠᠭᠳᠠᠯ ᠢᠶᠠᠨ ᠴᠠᠭ ᠢᠮᠠᠭᠳᠠ  ᠳ᠋ᠦᠩᠨᠡᠯᠳᠠ ᠬᠢᠵᠤ᠂ ᠬᠤᠪᠢ ᠪᠡᠶ᠎ᠠ ᠶᠢᠨ ᠬᠡᠪ ᠴᠢᠨᠠᠷ ᠢᠶᠠᠨ ᠲᠡᠭᠡᠭᠰᠢᠯᠡᠬᠦᠯᠬᠦ ᠶᠢ ᠠᠩᠬᠠᠷᠳᠠᠭ ᠪᠢᠯᠠ᠃ ︽ᠴᠢᠩ  ᠶᠤᠸᠠᠢ ᠪᠤᠯ ᠤᠳᠠᠭ᠎ᠠ ᠪᠦᠷᠢ ᠶᠢᠨ ᠦᠵᠡᠬᠦᠯᠤᠯᠭᠡ ᠶᠢᠨ ᠬᠢᠴᠢᠶᠡᠯ ᠲᠠᠶᠢᠯᠪᠤᠷᠢᠯᠠᠬᠤ ᠡᠬᠦᠷᠭᠡ ᠶᠢ ᠲᠠᠭᠠᠭᠠᠴᠢᠯᠠᠭᠰᠠᠨ ᠤ  ᠲᠠᠷᠠᠭ᠎ᠠ᠂ ᠨᠢᠭᠡ ᠡᠳᠤᠷ ᠤᠨ ᠠᠵᠢᠯ ᠢᠶᠠᠨ ᠲᠠᠭᠤᠰᠬᠠᠭᠰᠠᠨ ᠤ ᠰᠡᠬᠦᠯᠡᠷ ᠤᠷᠤᠢ ᠶᠢᠨ ᠴᠠᠭ ᠢ ᠠᠰᠢᠭᠯᠠᠨ᠂  ᠬᠢᠮᠤᠷᠠᠭᠰᠠᠨ ᠢᠶᠠᠨ ᠬᠠᠶᠢᠬᠤᠷᠤᠯ ᠦᠭᠡᠢ ᠳᠠᠭᠠᠭᠠᠵᠤ ᠠᠪᠤᠬᠰᠠᠨ ᠡᠬᠦᠷᠭᠡ ᠪᠠᠨ ᠠᠮᠵᠢᠯᠳᠠ ᠲᠠᠢ ᠪᠡᠶᠡᠯᠡᠬᠦᠯᠬᠦ ᠪᠠᠷ  ᠴᠢᠷᠮᠠᠶᠢᠳᠠᠭ︾ ᠭᠡᠵᠤ ᠬᠠᠮᠳᠤ ᠠᠵᠢᠯᠯᠠᠬᠰᠡᠳ ᠨᠢ ᠰᠤᠷᠪᠤᠯᠵᠢᠯᠠᠭ᠎ᠠ ᠶᠢᠨ ᠲᠤᠮᠳᠠ ᠶᠠᠷᠢᠨ᠎ᠠ᠃ ᠡᠨᠡ ᠮᠡᠳᠦ ᠰᠢᠷᠭᠠᠭᠤ  ᠴᠢᠷᠮᠠᠶᠢᠨ ᠠᠵᠢᠯᠯᠠᠭᠰᠠᠨ ᠤ ᠬᠠᠷᠢᠭᠤ ᠳᠤ ᠹᠦ᠋ ᠴᠢᠩ ᠶᠤᠸᠠᠢ ᠪᠠᠭᠰᠢ ᠪᠦᠬᠦ ᠤᠯᠤᠰ ᠤᠨ ᠲᠤᠮᠳᠠᠳᠤ ᠪᠠᠭ᠎ᠠ  ᠰᠤᠷᠭᠠᠭᠤᠯᠢ ᠶᠢᠨ ᠰᠢᠯᠢᠳᠡᠭ ᠬᠢᠴᠢᠶᠡᠯᠯᠡᠭᠡ ᠶᠢᠨ ᠲᠧᠯᠸᠢᠰ ᠦᠵᠡᠬᠦᠯᠤᠯᠭᠡ ᠶᠢᠨ ᠠᠵᠢᠯᠯᠠᠭ᠎ᠠ ᠳᠤ ᠰᠢᠯᠢᠳᠡᠭ  ᠺᠤᠨ᠋ᠰᠫᠧᠷᠲ ᠤᠨ ᠨᠢᠭᠡᠳᠤᠭᠡᠷ ᠲᠡᠰ ᠤᠨ ᠱᠠᠩᠨᠠᠯ᠂ ᠦᠪᠠᠷᠳᠡᠭᠡᠨ ᠵᠠᠰᠠᠬᠤ ᠤᠷᠤᠨ ᠤ ᠮᠤᠩᠭᠤᠯ ᠢᠶᠠᠷ ᠬᠢᠴᠢᠶᠡᠯᠯᠡᠬᠦ  ᠪᠠᠭ᠎ᠠ ᠰᠤᠷᠭᠠᠭᠤᠯᠢ ᠶᠢᠨ ᠮᠤᠩᠭᠤᠯ ᠬᠡᠯᠡᠨ ᠤ ᠦᠨᠳᠤᠰᠤᠨ ᠴᠢᠳᠠᠪᠤᠷᠢ ᠶᠢᠨ ᠤᠷᠤᠯᠳᠤᠭᠠᠨ ᠤ ᠨᠢᠭᠡᠳᠤᠭᠡᠷ ᠨᠡᠷᠡᠰ᠂  ᠠᠶᠢᠮᠠᠭ ᠤᠨ ᠵᠢᠭᠠᠨ ᠰᠤᠷᠭᠠᠬᠤ ᠴᠢᠳᠠᠪᠤᠷᠢᠳᠠᠨ᠂ ᠤᠯᠠᠭᠠᠨᠬᠤᠳᠠ ᠶᠢᠨ ᠠᠷᠪᠠᠨ ᠰᠢᠯᠢᠳᠡᠭ ᠠᠩᠬᠢ ᠶᠢᠨ ᠡᠷᠬᠢᠯᠡᠭᠴᠢ  ᠵᠡᠷᠭᠡ ᠱᠠᠩᠨᠠᠯ ᠭᠠᠷᠳᠠᠭᠰᠠᠨ ᠨᠢ ᠲᠡᠬᠦᠨ ᠤ ᠤᠯᠠᠨ ᠵᠢᠯ ᠤᠨ ᠳᠤᠷᠰᠢᠬᠢ ᠬᠠᠳᠠᠭᠤᠵᠢᠯᠳᠡᠢ ᠴᠢᠷᠮᠠᠶᠢᠨ ᠠᠵᠢᠯᠯᠠᠬᠰᠠᠨ ᠤ  ᠦᠨᠡᠨ ᠭᠡᠷᠡᠴᠢ ᠪᠤᠯᠤᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号