ᠮᠠᠨ ᠤ ᠠᠶᠢᠮᠠᠭ ᠡᠯᠪᠡᠭ ᠪᠠᠶᠠᠯᠢᠭ ᠠᠭᠤᠯᠭ᠎ᠠ ᠪᠦᠬᠦᠢ ᠰᠤᠶᠤᠯ ᠤᠷᠠᠯᠢᠭ ᠤᠨ ᠠᠵᠢᠯᠯᠠᠭ᠎ᠠ ᠦᠷᠨᠢᠬᠦᠯᠤᠨ  ᠴᠠᠭᠠᠨ ᠰᠠᠷ᠎ᠠ ᠪᠠᠨ ᠪᠠᠶᠠᠷᠯᠡᠨ ᠤᠭᠳᠤᠵᠤ ᠪᠠᠶᠢᠨ᠎ᠠ
ᠨᠡᠶᠢᠲᠡᠯᠡᠭᠰᠡᠨ ᠴᠠᠭ᠄
2019-03-04
  1 ᠰᠠᠷ᠎ᠠ ᠶᠢᠨ 28 ᠤ ᠦᠳᠠ ᠶᠢᠨ ᠬᠤᠶᠢᠨ᠎ᠠ᠂  ᠬᠢᠩᠭᠠᠨ ᠤ ᠷᠠᠳᠢᠣ᠋ ᠲᠧᠯᠸᠢᠰ ᠬᠤᠷᠢᠶ᠎ᠠ ᠶᠢᠨ ᠰᠢᠩᠭᠡᠭᠡᠨ ᠦᠢᠯᠡᠳᠬᠦ ᠲᠢᠩᠬᠢᠮ ᠳᠤ ᠮᠤᠩᠭᠤᠯ ᠢᠶᠠᠷ ᠢᠶᠠᠨ  ᠭᠤᠶᠤᠯᠠᠭᠰᠠᠨ ᠬᠦᠮᠤᠰ ᠤᠨ ᠲᠠᠯᠠᠢ ᠴᠠᠯᠬᠢᠯᠠᠵᠤ᠂ ︽ᠠᠯᠳᠠᠨ ᠬᠢᠩᠭᠠᠨ ᠤ ᠬᠠᠪᠤᠷ ᠤᠨ ᠤᠶᠠᠩᠭ᠎ᠠ︾ 2019  ᠤᠨ ᠤ ᠬᠢᠩᠭᠠᠨ ᠠᠶᠢᠮᠠᠭ ᠤᠨ ᠴᠠᠭᠠᠨ ᠰᠠᠷ᠎ᠠ ᠶᠢᠨ ᠮᠤᠩᠭᠤᠯ ᠬᠡᠯᠡᠨ ᠤ ᠲᠧᠯᠸᠢᠰ ᠦᠳᠡᠰᠢᠯᠡᠭᠡ ᠪᠠᠨ ᠰᠢᠩᠭᠡᠭᠡᠨ  ᠦᠢᠯᠡᠳᠴᠤ ᠬᠦᠷ ᠨᠠᠷᠬᠢᠶᠠᠨ ᠢᠶᠠᠷ ᠪᠢᠯᠬᠠᠨ᠎ᠠ᠃ ᠬᠢᠩᠭᠠᠨ ᠠᠶᠢᠮᠠᠭ ᠤᠨ ᠠᠩᠬᠠᠳᠤᠭᠠᠷ ᠬᠤᠭᠤᠴᠠᠭᠠᠨ ᠤ ︽ᠠᠯᠳᠠᠨ  ᠬᠢᠩᠭᠠᠨ ᠤ ᠬᠠᠪᠤᠷ ᠤᠨ ᠤᠶᠠᠩᠭ᠎ᠠ︾ 2019 ᠤᠨ ᠤ ᠴᠠᠭᠠᠨ ᠰᠠᠷ᠎ᠠ ᠶᠢᠨ ᠮᠤᠩᠭᠤᠯ ᠬᠡᠯᠡᠨ ᠤ ᠲᠧᠯᠸᠢᠰ  ᠦᠳᠡᠰᠢᠯᠡᠭᠡ ᠨᠢ ᠬᠢᠩᠭᠠᠨ ᠤ ᠷᠠᠳᠢᠣ᠋ ᠲᠧᠯᠸᠢᠰ ᠬᠤᠷᠢᠶ᠎ᠠ ᠶᠢᠨ ᠰᠢᠩᠭᠡᠭᠡᠨ ᠦᠢᠯᠡᠳᠬᠦ ᠲᠢᠩᠬᠢᠮ ᠢᠶᠠᠷ ᠭᠤᠥᠯ ᠲᠠᠯᠠᠪᠠᠢ  ᠪᠤᠯᠭᠠᠵᠤ᠂ ᠪᠠᠢ ᠢᠥᠢ ᠬᠤᠸᠠ᠂ ᠪᠠᠳᠮ᠎ᠠ᠂ ᠢᠷᠤᠭᠡᠯᠳᠤ ᠵᠡᠷᠭᠡ ᠲᠠᠭᠤᠴᠢᠨ ᠠᠴᠠ ᠢᠷᠠᠭᠤ ᠰᠠᠶᠢᠬᠠᠨ ᠲᠠᠭᠤᠥ ᠪᠠᠨ  ᠡᠷᠬᠦᠭᠰᠡᠨ ᠠᠴᠠ ᠭᠠᠳᠠᠨ᠎ᠠ᠂ ᠰᠢᠯᠥᠭ ᠤᠶᠠᠩᠭᠠᠯᠠᠭᠰᠠᠨ ᠲᠤᠭᠯᠠᠯᠳᠠ᠂ ᠡᠮᠤᠨᠡᠳᠤ ᠬᠤᠰᠢᠭᠤᠨ ᠤ  ᠤᠯᠠᠭᠠᠨᠮᠦ᠋ᠴᠢᠷ ᠠᠴᠠ ᠪᠦᠵᠢᠭ ᠤᠨ ᠲᠤᠭᠯᠠᠯᠳᠠ ᠭᠠᠷᠭᠠᠬᠰᠠᠨ ᠪᠢᠯᠠ᠃ ᠡᠮᠤᠨᠡᠳᠤ ᠬᠤᠰᠢᠭᠤᠨ ᠤ ᠤᠯᠠᠭᠠᠨᠮᠤᠳᠤ  ᠰᠤᠮᠤ ᠶᠢ ᠨᠢᠭᠡᠳᠤᠭᠡᠷ ᠬᠤᠪᠢᠶᠠᠷᠢ ᠲᠠᠯᠠᠪᠠᠢ ᠪᠤᠯᠭᠠᠵᠤ᠂ ᠲᠤᠮᠳᠠᠳᠤ ᠬᠤᠰᠢᠭᠤᠨ ᠤ ᠪᠠᠶᠠᠨᠬᠤᠰᠢᠭᠤ ᠪᠠᠯᠭᠠᠰᠤᠨ ᠳᠤ  ᠬᠤᠶᠠᠳᠤᠭᠠᠷ ᠬᠤᠪᠢᠶᠠᠷᠢ ᠲᠠᠯᠠᠪᠠᠢ ᠶᠢ ᠲᠤᠬᠢᠷᠠᠭᠤᠯᠤᠭᠰᠠᠨ ᠪᠠᠶᠢᠨ᠎ᠠ᠃ ᠦᠳᠡᠰᠢᠯᠡᠭᠡ ᠶᠢᠨ ᠲᠤᠮᠳᠠ ︽ᠭᠠᠯ  ᠲᠠᠬᠢᠯᠭ᠎ᠠ ᠶᠢᠨ ᠶᠤᠰᠤ︾ ︽ᠪᠢᠳᠡᠬᠦᠯᠡᠬᠦ ᠶᠤᠰᠤ︾ ᠵᠡᠷᠭᠡ ᠤᠬᠤᠷ ᠹᠢᠯᠢᠮ ᠢ ᠨᠡᠪᠳᠡᠷᠡᠬᠦᠯᠵᠤ᠂ ᠮᠤᠩᠭᠤᠯᠴᠤᠳ ᠤᠨ  ᠤᠯᠠᠮᠵᠢᠯᠠᠯᠳᠤ ᠵᠠᠩ ᠵᠠᠩᠰᠢᠯ ᠢ ᠲᠡᠯᠭᠡᠨ ᠦᠵᠡᠬᠦᠯᠬᠦ ᠪᠤᠯᠤᠨ᠎ᠠ᠃     ᠠᠷᠠᠳ ᠤᠨ ᠠᠮᠢᠳᠤᠷᠠᠯ ᠤᠨ ᠨᠦᠬᠦᠴᠠᠯ ᠰᠠᠶᠢᠵᠢᠷᠠᠬᠤ ᠶᠢ ᠲᠠᠭᠠᠯᠳᠤᠨ᠂ ᠬᠦᠮᠤᠰ ᠤᠨ ᠰᠤᠶᠤᠯ ᠤᠷᠠᠯᠢᠭ ᠤᠨ  ᠲᠠᠯ᠎ᠠ ᠶᠢᠨ ᠱᠠᠭᠠᠷᠳᠠᠯᠭ᠎ᠠ ᠡᠳᠤᠷ ᠢᠷᠡᠬᠦᠶ᠎ᠠ ᠨᠡᠮᠡᠭᠳᠡᠬᠦ ᠪᠤᠯᠵᠠᠢ᠃ ᠡᠬᠦᠨ ᠳᠤ᠂ ᠵᠢᠯ ᠪᠦᠷᠢ ᠬᠠᠭᠤᠴᠢᠨ ᠵᠢᠯ ᠢᠶᠠᠨ  ᠦᠳᠡᠨ ᠮᠤᠷᠳᠠᠭᠤᠯᠵᠤ᠂ ᠰᠢᠨ᠎ᠠ ᠵᠢᠯ ᠢᠶᠠᠨ ᠪᠠᠶᠠᠷᠯᠠᠨ ᠤᠭᠳᠤᠬᠤ ᠪᠠ ᠴᠠᠭᠠᠨ ᠰᠠᠷ᠎ᠠ ᠶᠢᠨ ᠬᠤᠭᠤᠴᠠᠭᠠᠨ ᠳᠤ  ᠠᠷᠠᠳ ᠤᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠢᠨ᠎ᠠ ᠵᠢᠯ᠂ ᠴᠠᠭᠠᠨ ᠰᠠᠷ᠎ᠠ ᠶᠢ ᠪᠠᠶᠠᠷ ᠬᠦᠷ ᠲᠠᠢ  ᠦᠩᠭᠡᠷᠡᠬᠦᠯᠬᠦ ᠪᠠᠷ ᠮᠠᠨ ᠤ ᠠᠶᠢᠮᠠᠭ ᠡᠯᠪᠡᠭ ᠪᠠᠶᠠᠯᠢᠭ ᠠᠭᠤᠯᠭ᠎ᠠ ᠪᠦᠬᠦᠢ ᠰᠤᠶᠤᠯ ᠤᠷᠠᠯᠢᠭ ᠤᠨ ᠠᠵᠢᠯᠯᠠᠭ᠎ᠠ  ᠦᠷᠨᠢᠬᠦᠯᠳᠡᠭ᠃     ᠡᠯ᠎ᠠ ᠬᠤᠰᠢᠭᠤ ᠰᠢᠶᠠᠨ ᠬᠤᠳᠠ᠂ ᠰᠢᠨ᠎ᠠ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠦᠪᠠᠷ ᠤᠨ  ᠭᠠᠵᠠᠷ ᠤᠷᠤᠨ ᠤ ᠤᠨᠴᠠᠯᠢᠭ᠂ ᠰᠤᠶᠤᠯ᠂ ᠵᠤᠭᠠᠴᠠᠯ ᠵᠡᠷᠭᠡ ᠳᠤ ᠲᠤᠬᠢᠷᠠᠭᠤᠯᠤᠨ᠂ 2018 ᠤᠨ ᠤ 12  ᠰᠠᠷ᠎ᠠ ᠶᠢᠨ ᠰᠡᠬᠦᠯᠴᠢ ᠠᠴᠠ ᠡᠬᠢᠯᠠᠨ ᠤᠯᠠᠨ ᠬᠡᠯᠪᠡᠷᠢ ᠶᠢᠨ ᠡᠯᠪᠡᠭ ᠪᠠᠶᠠᠯᠢᠬ ᠤᠳᠬ᠎ᠠ ᠠᠭᠤᠯᠭ᠎ᠠ ᠲᠠᠢ ᠠᠵᠢᠯᠯᠠᠭ᠎ᠠ  ᠦᠷᠨᠢᠬᠦᠯᠳᠡᠭ᠃ ︽ᠬᠢᠩᠭᠠᠨ ᠠᠶᠢᠮᠠᠭ ᠤᠨ ᠴᠠᠭᠠᠨ ᠰᠠᠷ᠎ᠠ ᠶᠢᠨ ᠦᠳᠡᠰᠢᠯᠡᠭᠡ︾᠂ ︽ᠠᠯᠳᠠᠨ ᠬᠢᠨᠭ᠍ᠭᠠᠨ ᠤ  ᠬᠠᠪᠤᠷ ᠤᠨ ᠤᠶᠠᠩᠭ᠎ᠠ 2019 ᠤᠨ ᠤ ᠬᠢᠨᠭ᠍ᠭᠠᠨ ᠠᠶᠢᠮᠠᠬ ᠤᠨ ᠴᠠᠭᠠᠨ ᠰᠠᠷ᠎ᠠ ᠶᠢᠨ ᠮᠤᠩᠭᠤᠯ ᠭᠡᠯᠡᠨ ᠤ ᠲᠧᠯᠸᠢᠰ  ᠦᠳᠡᠰᠢᠯᠡᠭᠡ︾᠂ ︽2019 ᠤᠨ ᠤ ᠰᠢᠨ᠎ᠠ ᠵᠢᠯ ᠢᠶᠠᠨ ᠤᠬᠳᠤᠬᠤ ᠲᠠᠭᠤᠥ ᠬᠦᠭᠵᠢᠮ ᠤᠨ ᠴᠤᠭᠯᠠᠭᠠᠨ︾᠂ ︽ ᠮᠠᠨ ᠤ ᠠᠶᠢᠮᠠᠭ ᠤᠨ ᠪᠠᠭᠠᠴᠤᠳ ᠬᠡᠥᠬᠡᠳ ᠤᠨ ᠤᠷᠠᠨ ᠰᠠᠶᠢᠬᠠᠨ ᠤ ᠦᠳᠡᠰᠢᠯᠡᠭᠡ︾᠂ ︽ᠬᠢᠩᠭᠠᠨ ᠠᠶᠢᠮᠠᠭ ᠤᠨ  ᠤᠶᠤᠳᠠᠳ ᠤᠨ ᠴᠠᠭᠠᠨ ᠰᠠᠷ᠎ᠠ ᠶᠢᠨ ᠦᠳᠡᠰᠢᠯᠡᠭᠡ︾᠂ ︽ᠬᠢᠩᠭᠠᠨ ᠤᠯᠠᠭᠠᠨᠮᠦ᠋ᠴᠢᠷ ᠤᠨ ᠰᠢᠨ᠎ᠠ ᠵᠢᠯ ᠢᠶᠠᠨ  ᠤᠭᠳᠤᠬᠤ ᠲᠠᠭᠤᠥ ᠬᠦᠭᠵᠢᠮ ᠤᠨ ᠦᠳᠡᠰᠢᠯᠡᠭᠡ︾᠂ ︽ᠡᠮᠤᠨᠡᠳᠤ ᠬᠤᠰᠢᠭᠤᠨ ᠤ ᠴᠠᠭᠠᠨ ᠰᠠᠷ᠎ᠠ ᠶᠢᠨ ᠦᠳᠡᠰᠢᠯᠡᠭᠡ  ︾᠂ ︽ᠵᠠᠯᠠᠶᠢᠳ ᠬᠤᠰᠢᠭᠤᠨ ᠤ ᠪᠠᠭᠠᠴᠤᠳ ᠬᠡᠥᠬᠡᠳ ᠤᠨ ᠴᠠᠭᠠᠨ ᠰᠠᠷ᠎ᠠ ᠪᠠᠨ ᠤᠭᠳᠤᠬᠤ ᠰᠤᠶᠤᠯ ᠤᠷᠠᠯᠢᠭ ᠤᠨ  ᠦᠳᠡᠰᠢᠯᠡᠭᠡ︾᠂ ︽ᠲᠦᠴᠢᠤᠸᠠᠨ ᠰᠢᠶᠠᠨ ᠤ ᠰᠢᠨ᠎ᠠ ᠵᠢᠯ ᠢᠶᠠᠨ ᠤᠭᠳᠤᠬᠤ ᠦᠳᠡᠰᠢᠯᠡᠭᠡ︾᠂ ︽ᠴᠠᠷᠠᠰᠤᠨ ᠤ  ᠮᠦᠰᠤ ᠴᠠᠰᠤᠨ ᠤ ᠵᠢᠭᠠᠰᠤ ᠠᠩᠨᠠᠬᠤ ᠰᠤᠶᠤᠯ ᠵᠤᠭᠠᠴᠠᠯ ᠤᠨ ᠨᠠᠶᠢᠷ︾᠂ ︽ᠬᠤᠷᠴᠢᠨ ᠪᠠᠷᠠᠭᠤᠨ ᠭᠠᠷᠤᠨ  ᠲᠤᠮᠳᠠᠳᠤ ᠬᠤᠰᠢᠭᠤᠨ ᠤ ᠴᠠᠭᠠᠨ ᠰᠠᠷ᠎ᠠ ᠶᠢᠨ ᠦᠳᠡᠰᠢᠯᠡᠭᠡ︾ ᠭᠡᠬᠦ ᠮᠡᠳᠤ ᠶᠢᠨ ᠰᠢᠨ᠎ᠠ ᠵᠢᠯ᠂ ᠴᠠᠭᠠᠨ ᠰᠠᠷ᠎ᠠ ᠪᠠᠨ  ᠤᠭᠳᠤᠬᠤ ᠤᠷᠠᠨ ᠰᠠᠶᠢᠬᠠᠨ ᠤ ᠲᠤᠭᠯᠠᠯᠳᠠ ᠠᠴᠠ ᠭᠠᠳᠠᠨ᠎ᠠ ᠡᠯ᠎ᠠ ᠪᠠᠶᠢᠭᠤᠯᠤᠯᠭ᠎ᠠ ᠨᠢᠭᠡᠴᠠ᠂ ᠨᠡᠶᠢᠭᠡᠮᠯᠢᠭ ᠤᠨ ᠬᠢᠨ  ᠨᠡᠶᠢᠭᠡᠮ ᠲᠤᠭᠤᠷᠢᠭ᠂ ᠠᠵᠤ ᠠᠬᠤᠢᠢᠯᠠᠯ᠂ ᠨᠠᠰᠤᠳᠠᠶᠢᠴᠤᠳ ᠤᠨ ᠬᠦᠷᠢᠶᠡᠯᠡᠩ ᠢᠶᠠᠷ ᠲᠤᠬᠤᠨᠢᠭᠤᠯᠭ᠎ᠠ ᠶᠢᠨ  ᠲᠤᠭᠯᠠᠯᠳᠠ ᠭᠠᠷᠭᠠᠬᠤ᠂ ᠡᠳ᠋ ᠪᠤᠳᠠᠰ ᠬᠦᠷᠭᠡᠬᠦ᠂ ᠬᠤᠤᠰ ᠤᠶᠠᠩᠭ᠎ᠠ ᠪᠢᠴᠢᠬᠦ ᠠᠵᠢᠯᠯᠠᠭ᠎ᠠ ᠦᠷᠨᠢᠬᠦᠯᠵᠤ ᠪᠠᠶᠢᠳᠠᠬ᠃  ᠲᠦᠷᠪᠡᠨ ᠤᠯᠠᠷᠢᠯ ᠤᠨ ᠵᠤᠭᠠᠴᠠᠯ᠂ ᠤᠷᠤᠨ ᠪᠦᠰᠠ ᠶᠢᠨ ᠵᠤᠭᠠᠴᠠᠯ ᠢ ᠴᠢᠬᠤᠯᠠᠴᠢᠯᠠᠨ ᠬᠦᠭᠵᠢᠬᠦᠯᠵᠤ ᠪᠠᠶᠢᠭ᠎ᠠ  ᠷᠠᠰᠢᠶᠠᠨ ᠬᠤᠳᠠ ᠨᠢ 2018 ᠤᠨ ᠤ 12 ᠰᠠᠷ᠎ᠠ ᠶᠢᠨ 21 ᠤ ᠡᠳᠤᠷ — 2019 ᠤᠨ ᠤ 5 ᠰᠠᠷ᠎ᠠ ᠶᠢᠨ  31 ᠤ ᠡᠳᠤᠷ ᠪᠤᠯᠳᠠᠯ᠎ᠠ ︽ᠠᠷᠪᠠᠨ ᠭᠤᠷᠪᠠᠳᠤᠭᠠᠷ ᠬᠤᠭᠤᠴᠠᠭᠠᠨ ᠤ ᠲᠤᠮᠳᠠᠳᠤ ᠤᠯᠤᠰ · ᠷᠠᠰᠢᠶᠠᠨ ᠤᠯᠠᠨ  ᠤᠯᠤᠰ ᠤᠨ ᠪᠡᠶ᠎ᠠ ᠰᠤᠪᠢᠯᠠᠬᠤ ᠮᠦᠰᠤ ᠴᠠᠰᠤᠨ ᠤ ᠨᠠᠶᠢᠷ︾ ᠢ ᠶᠠᠪᠤᠭᠳᠠᠭᠤᠯᠬᠤ ᠭᠡᠬᠦ ᠵᠡᠷᠭᠡ ᠦᠳᠡᠰᠢᠯᠡᠭᠡ᠂  ᠠᠵᠢᠯᠯᠠᠭ᠎ᠠ᠂ ᠨᠠᠶᠢᠷ ᠨᠢ ᠦᠷᠭᠡᠨ ᠤᠯᠠᠨ ᠬᠢᠩᠭᠠᠨᠴᠤᠳ ᠤᠨ ᠠᠵᠢᠯ ᠤᠨ ᠴᠢᠯᠤᠭᠡᠨ ᠤ ᠠᠮᠢᠳᠤᠷᠠᠯ ᠢ ᠨᠡᠩ ᠤᠳᠬ᠎ᠠ  ᠠᠭᠤᠯᠭ᠎ᠠ ᠲᠠᠢ ᠪᠤᠯᠭᠠᠭᠰᠠᠨ ᠪᠠᠶᠢᠨ᠎ᠠ᠃     ᠴᠠᠭᠠᠨ ᠰᠠᠷ᠎ᠠ ᠶᠢᠨ ᠠᠮᠠᠷᠠᠯᠳᠠ ᠶᠢᠨ ᠬᠤᠭᠤᠴᠠᠭᠠᠨ ᠳᠤ᠂ ᠤᠯᠠᠭᠠᠠᠨᠬᠤᠳᠠ ᠶᠢᠨ ᠴᠢᠩᠬᠢᠰ ᠤᠨ ᠰᠦᠮ᠎ᠠ ᠶᠢᠨ  ᠴᠡᠴᠡᠷᠯᠢᠭ ᠲᠤ ᠮᠦᠰᠤᠨ ᠳ᠋ᠧᠩ ᠰᠤᠨᠢᠷᠬᠠᠬᠤ᠂ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠬᠤᠷᠴᠢᠨ  ᠴᠡᠴᠡᠷᠯᠢᠭ᠂ ᠵᠠᠰᠠᠭᠳᠤ ᠴᠡᠴᠡᠷᠯᠢᠭ ᠲᠤ ᠤᠷᠤᠢ ᠪᠠᠷ ᠬᠦᠷᠴᠤ ᠭᠤᠶᠤᠵᠢᠭᠤᠯᠤᠨ ᠡᠯᠬᠦᠭᠰᠡᠨ ᠦᠩᠭᠡᠳᠤ ᠰᠠᠶᠢᠬᠠᠨ  ᠳ᠋ᠧᠩ ᠤᠨ ᠦᠵᠡᠬᠦᠯᠤᠯᠭᠡ ᠶᠢ ᠰᠤᠨᠢᠷᠬᠠᠵᠤ ᠪᠤᠯᠤᠨ᠎ᠠ᠃ ᠰᠢᠨᠡᠯᠡᠬᠦ ᠵᠠᠩ ᠵᠠᠩᠰᠢᠯ ᠢ ᠤᠢᠢᠯᠠᠭᠠᠬᠤ ᠭᠡᠪᠡᠯ᠂  ᠤᠯᠠᠭᠠᠨᠬᠤᠳᠠ ᠶᠢᠨ ᠢᠯᠡᠯᠳᠠ ᠪᠠᠯᠭᠠᠰᠤᠨ ᠳᠤ ᠬᠦᠷᠴᠤ ᠪᠤᠷᠴᠠᠭᠳᠤ ᠪᠤᠥᠪᠦ ᠢᠳᠡᠵᠤ᠂ ᠰᠦ ᠲᠠᠢ ᠴᠠᠢ ᠤᠤᠭᠤᠵᠤ᠂  ᠴᠠᠭᠠᠨ ᠰᠠᠷ᠎ᠠ ᠶᠢᠨ ᠠᠮᠠᠷᠠᠯᠳᠠ ᠳᠤ ᠪᠠᠰᠠ ᠨᠢᠭᠡ ᠤᠳᠬ᠎ᠠ ᠠᠭᠤᠯᠭ᠎ᠠ ᠨᠡᠮᠡᠭᠳᠡᠬᠦᠯᠬᠦ ᠪᠤᠯᠤᠨ᠎ᠠ᠃     ᠮᠠᠨ ᠤ ᠠᠶᠢᠮᠠᠭ ᠤᠨ ᠡᠪᠤᠯ ᠤᠨ ᠤᠯᠠᠷᠢᠯ ᠤᠨ ᠵᠤᠭᠠᠴᠠᠯ ᠡᠳᠤᠷ ᠢᠷᠡᠬᠦᠶ᠎ᠠ ᠬᠦᠭᠵᠢᠶᠠᠨ ᠲᠠᠢ ᠪᠤᠯᠬᠤ ᠶᠢ  ᠲᠠᠭᠠᠯᠳᠤᠨ᠂ ᠮᠦᠰᠤ ᠴᠠᠰᠤᠨ ᠤ ᠰᠤᠶᠤᠯ ᠵᠤᠭᠠᠴᠠᠯ ᠤᠨ ᠠᠵᠢᠯᠯᠠᠭ᠎ᠠ ᠶᠢ ᠮᠦᠨ ᠴᠤ ᠤᠯᠠᠨ ᠦᠷᠨᠢᠬᠦᠯᠬᠦ ᠪᠤᠯᠵᠠᠢ᠃  ᠤᠯᠠᠭᠠᠨᠬᠠᠳᠠ ᠶᠢᠨ ᠮᠦᠰᠤ ᠭᠤᠯᠭᠤᠬᠤ ᠲᠠᠯᠠᠪᠠᠢ᠂ ᠲᠤᠭᠤᠷ ᠤᠨ ᠭᠤᠥᠯ ᠠᠮᠢ ᠠᠬᠤᠢ ᠶᠢᠨ ᠰᠡᠯᠡᠬᠦᠴᠡᠯ ᠤᠨ  ᠴᠡᠴᠡᠷᠯᠢᠭ᠂ ᠷᠠᠰᠢᠶᠠᠨ ᠬᠤᠳᠠ ᠶᠢᠨ ᠦᠵᠡᠮᠤᠷᠢ ᠶᠢᠨ ᠤᠷᠤᠨ ᠤ ᠡᠬᠦᠳᠡᠨ ᠳᠤ ᠪᠠᠶᠢᠭᠤᠯᠤᠭᠰᠠᠨ ᠵᠢᠶᠠᠩ ᠭᠸᠥ  ᠴᠠᠰᠤᠳᠤ ᠨᠠᠭᠠᠳᠤᠮ ᠤᠨ ᠬᠦᠷᠢᠶᠡᠯᠡᠩ ᠵᠡᠷᠭᠡ ᠭᠠᠵᠠᠷ ᠢᠶᠠᠷ ᠴᠠᠰᠤᠳᠤ ᠭᠠᠵᠠᠷ ᠤᠨ ᠮᠤᠲ᠋ᠤᠷ ᠲᠡᠷᠭᠡ᠂ ᠮᠦᠰᠤᠨ ᠳᠤ  ᠭᠤᠯᠭᠤᠬᠤ ᠮᠡᠳᠤ ᠶᠢᠨ ᠤᠯᠠᠨ ᠲᠦᠷᠤᠯ ᠵᠦᠢᠯ ᠤᠨ ᠡᠪᠤᠯ ᠤᠨ ᠤᠯᠠᠷᠢᠯ ᠤᠨ ᠮᠦᠰᠤ ᠴᠠᠰᠤᠨ ᠤ ᠵᠤᠭ᠎ᠠ ᠴᠡᠩᠭᠡᠯ ᠤᠨ  ᠲᠦᠷᠤᠯ ᠵᠦᠢᠯ ᠢ ᠲᠤᠬᠢᠷᠠᠭᠤᠯᠵᠤ᠂ ᠬᠦᠮᠤᠰ ᠤᠨ ᠠᠮᠠᠷᠠᠯᠳᠠ ᠶᠢᠨ ᠬᠤᠭᠤᠴᠠᠭᠠᠨ ᠳᠤ ᠭᠡᠷ ᠤᠨ ᠭᠠᠳᠠᠨ᠎ᠠ ᠨᠠᠭᠠᠳᠤᠨ  ᠴᠡᠩᠭᠡᠬᠦ ᠭᠠᠵᠠᠷ ᠢ ᠬᠠᠩᠭᠠᠵᠤ ᠦᠭᠴᠠᠢ᠃     ᠴᠠᠭᠠᠨ ᠰᠠᠷ᠎ᠠ ᠶᠢᠨ ᠦᠯᠵᠡᠶᠢᠳᠤ ᠡᠳᠤᠷ ︵2 ᠰᠠᠷ᠎ᠠ ᠶᠢᠨ 19 ᠤ ᠡᠳᠦᠷ︶ ᠲᠤ᠂ ︽5 · 1︾ ᠠᠭᠤᠳᠠᠮ  ᠲᠠᠯᠠᠪᠠᠢ ᠳᠤ ︽2019 ᠤᠨ ᠤ ᠦᠯᠵᠡᠶᠢᠳᠦ ᠡᠳᠤᠷ ᠤᠨ ᠶᠠᠩᠭᠠᠷ ᠪᠦᠵᠢᠭ ᠤᠨ ᠬᠠᠷᠢᠭᠤ ᠮᠡᠳᠡᠬᠦᠯᠤᠯᠳᠠ ᠶᠢᠨ  ᠲᠤᠭᠯᠠᠯᠳᠠ︾᠂ ᠲᠤᠮᠳᠠᠳᠤ ᠬᠤᠰᠢᠭᠤᠨ ᠤ ᠶᠠᠩᠭᠠᠷ ᠪᠦᠵᠢᠭ ᠤᠨ ᠲᠤᠭᠯᠠᠯᠳᠠ᠂ ᠡᠮᠤᠨᠡᠳᠤ ᠬᠤᠰᠢᠭᠤᠨ ᠤ ᠳ᠋ᠧᠩ ᠤᠨ  ᠦᠵᠡᠬᠦᠯᠤᠯᠭᠡ ᠶᠢᠨ ᠨᠠᠶᠢᠷ ᠵᠢᠴᠢ ᠶᠠᠩᠭᠠᠷ ᠪᠦᠵᠢᠭ ᠤᠨ ᠠᠭᠤᠳᠠᠮ ᠲᠠᠯᠠᠪᠠᠢ ᠶᠢᠨ ᠤᠷᠤᠯᠳᠤᠭᠠᠨ᠂ ᠲᠦᠴᠢᠤᠸᠠᠨ  ᠰᠢᠶᠠᠨ ᠤ ᠦᠯᠵᠡᠶᠢᠳᠤ ᠡᠳᠤᠷ ᠤᠨ ᠦᠳᠡᠰᠢᠯᠡᠭᠡ ᠵᠡᠷᠭᠡ ᠡᠯ᠎ᠠ ᠬᠤᠰᠢᠭᠤ ᠰᠢᠶᠠᠨ ᠬᠤᠳᠠ ᠠᠴᠠ ᠦᠯᠵᠡᠶᠢᠳᠤ  ᠡᠳᠤᠷ ᠢ ᠪᠠᠶᠠᠷᠯᠠᠨ ᠪᠡᠯᠭᠡᠯᠡᠬᠦ ᠠᠵᠢᠯᠯᠠᠭ᠎ᠠ ᠪᠠᠨ ᠨᠢᠭᠡᠨᠳᠠ ᠲᠦᠰᠤᠪᠯᠡᠵᠤ᠂ ᠲᠤᠬᠠᠢ ᠶᠢᠨ ᠡᠳᠤᠷ ᠲᠤ᠂ ᠪᠦᠬᠦ  ᠠᠶᠢᠮᠠᠭ ᠤᠨ ᠠᠷᠠᠳ ᠤᠯᠠᠨ ᠤ ᠴᠠᠭᠠᠨ ᠰᠠᠷ᠎ᠠ ᠶᠢᠨ ᠪᠠᠶᠠᠷ ᠲᠤ ᠬᠦᠭ ᠨᠡᠮᠡᠷᠢᠯᠡᠵᠤ᠂ ᠨᠡᠩ ᠤᠳᠬ᠎ᠠ ᠠᠭᠤᠯᠭ᠎ᠠ ᠲᠠᠢ  ᠪᠤᠯᠭᠠᠬᠤ ᠪᠠᠷ ᠴᠢᠷᠮᠠᠶᠢᠵᠦ ᠪᠠᠶᠢᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号