ᠤᠯᠠᠭᠠᠨᠬᠤᠳᠠ ᠶᠢᠨ ᠦᠨᠳᠤᠰᠤᠳᠡᠨ ᠤ ᠬᠡᠥᠬᠡᠳ ᠤᠨ ᠴᠡᠴᠡᠷᠯᠢᠭ ᠪᠠᠷᠢᠯᠭ᠎ᠠ ᠡᠬᠢᠯᠡᠬᠦᠯᠬᠦ ᠶᠤᠰᠤᠯᠠᠯ ᠶᠠᠪᠤᠭᠤᠯᠵᠠᠢ
ᠨᠡᠶᠢᠲᠡᠯᠡᠭᠰᠡᠨ ᠴᠠᠭ᠄
2019-04-26
    4 ᠰᠠᠷ᠎ᠠ ᠶᠢᠨ 12 ᠤᠨ ᠡᠳᠤᠷ᠂ ᠤᠯᠠᠭᠠᠨᠬᠤᠳᠠ ᠶᠢᠨ ᠦᠨᠳᠤᠰᠤᠳᠡᠨ ᠤ ᠬᠡᠥᠬᠡᠳ ᠤᠨ ᠴᠡᠴᠡᠷᠯᠢᠭ ᠤᠨ ᠪᠠᠷᠢᠯᠭ᠎ᠠ ᠡᠬᠢᠯᠡᠬᠦᠯᠬᠦ ᠶᠤᠰᠤᠯᠠᠯ ᠤᠯᠠᠭᠠᠨᠬᠤᠳᠠ ᠶᠢᠨ ᠡᠮᠤᠨ᠎ᠠ ᠲᠡᠬᠦᠷᠭᠡ ᠶᠢᠨ ᠰᠢᠨ᠎ᠠ ᠰᠠᠭᠤᠴᠠ ᠶᠢᠨ ᠪᠠᠷᠢᠯᠭ᠎ᠠ ᠶᠢᠨ ᠭᠠᠵᠠᠷ ᠲᠤ ᠶᠠᠪᠤᠭᠳᠠᠭᠤᠯᠵᠤ᠂ ᠤᠯᠠᠭᠠᠨᠬᠤᠳᠠ ᠶᠢᠨ ᠰᠤᠷᠭᠠᠨ ᠬᠦᠮᠤᠵᠢᠯ ᠤᠨ ᠲᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ᠂ ᠤᠯᠠᠭᠠᠨᠬᠤᠳᠠ ᠶᠢᠨ ᠦᠨᠳᠤᠰᠤᠳᠡᠨ ᠤ ᠬᠡᠥᠬᠡᠳ ᠤᠨ ᠴᠡᠴᠡᠷᠯᠢᠭ ᠤᠨ ᠲᠠᠷᠤᠭ᠎ᠠ᠂ ᠬᠡᠰᠡᠭ ᠪᠠᠭᠰᠢᠨᠠᠷ ᠲᠤᠰ ᠤᠳᠠᠭᠠᠨ ᠤ ᠶᠤᠰᠤᠯᠠᠯ ᠳᠤ ᠤᠷᠤᠯᠴᠠᠵᠠᠢ᠃    ᠰᠢᠨ᠎ᠠ ᠪᠠᠷ ᠪᠠᠶᠢᠭᠤᠯᠤᠭᠰᠠᠨ ᠦᠨᠳᠤᠰᠤᠳᠡᠨ ᠤ ᠬᠡᠥᠬᠡᠳ ᠤᠨ ᠴᠡᠴᠡᠷᠯᠢᠭ ᠨᠢ 2 ᠲᠦᠮᠡᠨ ᠲᠡᠭᠰᠢ ᠲᠦᠷᠪᠡᠯᠵᠢᠨ ᠮᠧᠳ᠋ᠷ ᠲᠠᠯᠠᠪᠠᠢ ᠶᠢ ᠡᠵᠡᠯᠡᠵᠤ᠂ ᠪᠠᠷᠢᠯᠭ᠎ᠠ ᠶᠢᠨ ᠲᠠᠯᠠᠪᠠᠢ 7055.67 ᠲᠡᠭᠰᠢ ᠲᠦᠷᠪᠡᠯᠵᠢᠨ ᠮᠧᠳ᠋ᠷ ᠲᠠᠯᠠᠪᠠᠢ ᠶᠢ ᠡᠵᠡᠯᠡᠨ᠎ᠠ᠃ ᠲᠤᠰ ᠴᠡᠴᠡᠷᠯᠢᠭ ᠠᠰᠢᠭᠯᠠᠯᠳᠠ ᠳᠤ ᠤᠷᠤᠭᠰᠠᠨ ᠤ ᠲᠠᠷᠠᠭ᠎ᠠ᠂ ᠤᠯᠠᠭᠠᠨᠬᠤᠳᠠ ᠶᠢᠨ ᠦᠨᠳᠤᠰᠤᠳᠡᠨ ᠤ ᠬᠡᠥᠬᠡᠳ ᠤᠨ ᠴᠡᠴᠡᠷᠯᠢᠭ ᠤᠨ ᠴᠡᠴᠡᠷᠯᠢᠭ ᠡᠷᠬᠢᠯᠡᠬᠦ ᠨᠦᠬᠦᠴᠡᠯ ᠢ ᠤᠯᠠᠮ ᠢᠶᠠᠷ ᠰᠠᠶᠢᠵᠢᠷᠠᠭᠤᠯᠵᠤ᠂ ᠦᠷᠭᠡᠨ ᠤᠯᠠᠨ ᠪᠠᠭᠰᠢ ᠪᠠ ᠴᠡᠴᠡᠷᠯᠢᠭ ᠤᠨ ᠬᠡᠥᠬᠡᠳ ᠤᠨ ᠠᠵᠢᠯ᠂ ᠰᠤᠷᠤᠯᠴᠠᠭ᠎ᠠ ᠳᠤ ᠨᠡᠩ ᠰᠠᠶᠢᠨ ᠤᠷᠴᠢᠨ ᠲᠤᠭᠤᠷᠢᠨ ᠢ ᠬᠠᠩᠭᠠᠵᠤ ᠦᠭᠬᠦ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号