4 ᠰᠠᠷ᠎ᠠ ᠶᠢᠨ 15 ᠤ ᠡᠳᠦᠷ᠂ ᠬᠤᠪᠢᠰᠬᠠᠯᠲᠦ ᠦᠯᠢᠭᠡᠷ ᠢ ᠶᠠᠷᠢᠬᠤ ᠬᠤᠪᠢᠰᠬᠠᠯᠲᠦ ᠵᠤᠷᠢᠬ ᠰᠠᠨᠠᠭ᠎ᠠ ᠶᠢ | ᠪᠠᠳᠠᠷᠠᠭᠤᠯᠤᠨ ᠬᠤᠪᠢᠰᠬᠠᠯᠲᠦ ᠬᠢᠨᠭ᠍ᠭᠠᠨ ᠢ ᠴᠤᠬᠴᠠᠯᠠᠨ ᠪᠠᠶᠢᠭᠤᠯᠬᠤ ᠪᠥᠭᠦ ᠠᠶᠢᠮᠠᠭ ᠤᠨ ᠠᠩᠬᠠᠳᠤᠭᠠᠷ | ᠬᠤᠭᠤᠴᠠᠭᠠᠨ ᠤ ᠬᠤᠪᠢᠰᠬᠠᠯᠲᠦ ᠦᠯᠢᠭᠡᠷ ᠢ ᠶᠠᠷᠢᠬᠤ ᠲᠠᠶᠢᠯᠪᠦᠷᠢᠯᠠᠬᠴᠢ ᠶᠢᠨ ᠤᠷᠤᠯᠳᠤᠭᠠᠨ ᠤ ᠪᠤᠯᠪᠠᠰᠦᠷᠠᠯ ᠤᠨ | ᠠᠩᠬᠢ ᠬᠤᠷᠴᠢᠨ ᠪᠠᠷᠠᠭᠤᠨ ᠭᠠᠷᠦᠨ ᠡᠮᠤᠨᠡᠲᠦ ᠬᠤᠰᠢᠭᠤᠨ ᠳᠤ ᠠᠮᠵᠢᠯᠲᠠᠲᠠᠢ ᠰᠠᠶᠢᠬᠠᠨ ᠬᠦᠰᠢᠭᠡ ᠪᠠᠨ ᠨᠡᠭᠡᠭᠡᠪᠠ᠃ | ᠠᠵᠢᠯᠯᠠᠭᠠᠨ ᠢ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠠᠴᠠ ᠭᠤᠤᠯᠯᠠᠨ ᠡᠷᠬᠢᠯᠡᠵᠦ᠂ | ᠠᠶᠢᠮᠠᠭ ᠤᠨ ᠰᠤᠶᠤᠯ ᠵᠤᠭᠠᠴᠠᠯ ᠪᠡᠶ᠎ᠠ ᠲᠠᠮᠢᠷ ᠤᠨ ᠲᠤᠪᠴᠢᠶ᠎ᠠ᠂ ᠬᠢᠨᠭ᠍ᠭᠠᠨ ᠤ ᠷᠠᠳᠢᠣ᠋ ᠲᠧᠯᠸᠢᠰ ᠬᠤᠷᠢᠶ᠎ᠠ᠂ | ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠦᠪᠯᠡᠯ᠂ ᠠᠶᠢᠮᠠᠭ ᠤᠨ ᠦᠨᠳᠦᠰᠦᠲᠡᠨ ᠤ ᠳᠠᠭᠤᠤ | ᠪᠦᠵᠢᠭ ᠤᠨ ᠪᠦᠯᠬᠦᠮ᠂ ᠠᠶᠢᠮᠠᠭ ᠤᠨ ᠤᠯᠠᠨ ᠲᠦᠮᠡᠨᠴᠢ ᠤᠷᠠᠯᠢᠭ ᠤᠨ ᠤᠷᠳᠦᠨ ᠠᠴᠠ ᠳᠠᠭᠠᠭᠠᠴᠢᠯᠡᠨ ᠡᠷᠬᠢᠯᠡᠵᠦ᠂ | ᠦᠪᠦᠷ ᠮᠤᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠲᠤᠷᠠᠰᠬᠠᠯ ᠤᠨ ᠤᠷᠳᠤᠨ᠂ ᠠᠶᠢᠮᠠᠭ ᠤᠨ | ᠮᠦᠽᠸᠢ ᠠᠴᠠ ᠬᠠᠮᠵᠢᠯᠴᠠᠨ ᠡᠷᠬᠢᠯᠠᠵᠠᠢ᠃ | ᠲᠤᠰ ᠤᠳᠠᠭᠠᠨ ᠤ ᠠᠵᠢᠯᠯᠠᠭᠠᠨ ᠨᠢ ᠲᠤᠬᠲᠠᠬᠰᠠᠨ ᠴᠠᠬ ᠢᠶᠠᠷ ᠶᠠᠪᠤᠬᠳᠠᠵᠦ᠂ ᠡᠬᠢᠯᠡᠯᠲᠡ ᠶᠢᠨ ᠶᠤᠰᠤᠯᠠᠯ ᠳᠤ | ᠮᠠᠨ ᠤ ᠠᠶᠢᠮᠠᠭ ᠤᠨ ᠬᠠᠮᠢᠶ᠎ᠠ ᠪᠦᠬᠦᠢ ᠪᠠᠶᠢᠭᠤᠯᠤᠯᠭ᠎ᠠ ᠨᠢᠭᠡᠴᠡ ᠶᠢᠨ ᠤᠳᠤᠷᠢᠳᠤᠯᠭ᠎ᠠ ᠪᠠ ᠠᠶᠢᠮᠠᠭ ᠤᠨ ᠰᠢᠭᠤᠳ | ᠬᠠᠷᠢᠶ᠎ᠠ᠂ ᠡᠯ᠎ᠠ ᠬᠤᠰᠢᠭᠤ ᠰᠢᠶᠠᠨ ᠬᠤᠲᠠ ᠶᠢᠨ 70 ᠭᠠᠷᠦᠢ ᠬᠦᠮᠦᠰ ᠬᠠᠮᠲᠦ ᠤᠷᠤᠯᠴᠠᠵᠦ᠂ 15 — 16 ᠤ | ᠡᠳᠦᠷ ᠪᠤᠯᠳᠠᠯ᠎ᠠ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠬᠳᠠᠬᠰᠠᠨ ᠪᠠᠶᠢᠨ᠎ᠠ᠃ | ᠠᠵᠢᠯᠯᠠᠭ᠎ᠠ ᠳᠤ᠂ ᠲᠠᠶᠢᠯᠪᠦᠷᠢᠯᠠᠬᠴᠢ ᠪᠠᠭᠰᠢ ᠠᠴᠠ ︽ᠲᠠᠶᠢᠯᠪᠦᠷᠢᠯᠠᠬᠤ ᠶᠢᠨ ᠷᠢᠳᠢ ᠰᠢᠳᠢ︾᠂ ︽ᠠᠭᠤᠤ ᠶᠡᠭᠡ | ᠡᠭᠦᠳᠦᠯᠲᠠ — ᠳᠤᠮᠳᠠᠲᠦ ᠤᠯᠤᠰ ᠤᠨ ᠨᠢᠭᠡᠳᠦᠭᠡᠷ ᠮᠤᠵᠢ ᠶᠢᠨ ᠳᠡᠰ ᠤᠨ ᠴᠦᠬᠡᠨ ᠲᠤᠭᠠᠲᠦ ᠦᠨᠳᠦᠰᠦᠲᠡᠨ ᠤ | ᠵᠠᠰᠠᠬ ᠤᠨ ᠡᠷᠭᠡ ᠶᠠᠭᠠᠬᠢᠭᠠᠳ ᠤᠯᠠᠭᠠᠨᠬᠤᠲᠠ ︵ᠤᠤᠯ ᠤᠨ ᠸᠠᠩ ᠤᠨ ᠰᠦᠮ᠎ᠠ︶ ᠳᠤ ᠪᠠᠶᠢᠭᠤᠯᠤᠬᠳᠠᠬᠰᠠᠨ︾ ᠭᠡᠬᠦ | ᠰᠡᠳᠦᠪ ᠤᠨ ᠲᠤᠭᠤᠷᠢᠨ ᠳᠤ ᠬᠢᠴᠢᠶᠡᠯ ᠤᠷᠤᠵᠠᠢ᠃ ᠡᠭᠦᠨ ᠤ ᠬᠠᠮᠲᠦ ᠦᠪᠦᠷ ᠮᠤᠩᠭᠤᠯ ᠤᠨ ᠦᠨᠳᠦᠰᠦᠲᠡᠨ ᠤ | ᠴᠢᠯᠦᠭᠡᠯᠡᠯᠲᠡ ᠶᠢᠨ ᠲᠤᠷᠠᠰᠬᠠᠯ ᠤᠨ ᠤᠷᠳᠤᠨ ᠳᠤ ᠬᠦᠷᠴᠦ ︽ᠦᠪᠦᠷ ᠮᠤᠩᠭᠤᠯ ᠤᠨ ᠦᠨᠳᠦᠰᠦᠲᠡᠨ ᠤ | ᠴᠢᠯᠦᠭᠡᠯᠡᠯᠲᠡ ᠶᠢᠨ ᠭᠡᠷᠡᠯ ᠰᠠᠴᠦᠷᠠᠩᠭᠤᠢ ᠦᠡᠭᠭᠡᠷᠡᠯᠲᠠ︾ ᠭᠡᠬᠦ ᠰᠡᠲᠦᠪᠲᠦ ᠲᠤᠬᠠᠢ ᠶᠢᠨ ᠭᠠᠵᠠᠷ ᠤᠨ ᠬᠢᠴᠢᠶᠡᠯ | ᠬᠦᠮᠦᠵᠢᠯ ᠬᠢᠵᠦ᠂ ᠪᠤᠯᠪᠠᠰᠦᠷᠠᠯ ᠳᠤ ᠤᠷᠤᠯᠴᠠᠬᠰᠠᠨ ᠲᠠᠶᠢᠯᠪᠤᠷᠢᠯᠠᠭᠴᠢ ᠳᠤ ᠦᠪᠦᠷ ᠮᠤᠩᠭᠤᠯ ᠤᠨ ᠦᠨᠳᠦᠰᠦᠲᠡᠨ ᠤ | ᠴᠢᠯᠦᠭᠡᠯᠡᠯᠲᠡ ᠶᠢᠨ ᠭᠡᠷᠡᠯ ᠰᠠᠴᠦᠷᠠᠩᠭᠤᠢ ᠲᠡᠤᠭᠡ ᠰᠤᠶᠤᠯ ᠢ ᠨᠡᠩ ᠢᠯᠡᠭᠦᠦ ᠤᠢᠢᠯᠠᠭᠠᠭᠤᠯᠤᠨ ᠮᠡᠳᠡᠭᠦᠯᠵᠠᠢ᠃ | ᠡᠭᠦᠨ ᠤ ᠳᠠᠷᠠᠭ᠎ᠠ ᠪᠤᠯᠪᠠᠰᠦᠷᠠᠯ ᠳᠤ ᠤᠷᠤᠯᠴᠠᠬᠰᠡᠳ ᠢᠶᠠᠷ ᠲᠠᠶᠢᠯᠪᠦᠷᠢᠯᠡᠯᠲᠡ ᠬᠢᠯᠭᠡᠵᠦ ᠠᠩᠬᠠᠨ ᠤ ᠦᠨᠡᠯᠡᠯᠳᠡ ᠬᠢᠵᠦ | ᠂ ᠠᠩᠬᠠᠨ ᠤ ᠤᠷᠤᠯᠳᠤᠭᠠᠨ ᠳᠤ ᠳᠤᠳᠤᠷᠠᠬᠰᠠᠨ ᠬᠦᠮᠦᠰ ᠤᠨ ᠨᠡᠷᠡᠰ ᠢ ᠨᠡᠶᠢᠲᠡᠯᠡᠵᠦ᠂ ᠪᠠᠭᠰᠢ ᠨᠠᠷ ᠠᠴᠠ | ᠲᠡᠳᠡᠨᠤᠰ ᠲᠤ ᠠᠩᠬᠠᠨ ᠤ ᠤᠷᠤᠯᠳᠤᠭᠠᠨ ᠤ ᠰᠡᠳᠦᠪ ᠰᠤᠩᠭᠤᠬᠤ ᠳᠤ ᠬᠠᠪᠰᠦᠷᠦᠨ ᠵᠢᠯᠤᠭᠤᠳᠬᠤ ᠪᠠ ᠮᠡᠷᠭᠡᠰᠢᠯ ᠳᠤ | ᠬᠠᠪᠰᠦᠷᠦᠨ ᠵᠢᠯᠤᠭᠤᠳᠤᠬᠰᠠᠨ ᠪᠠᠶᠢᠨ᠎ᠠ᠃ ᠬᠤᠶᠠᠷ ᠡᠳᠦᠷ ᠤᠨ ᠦᠷᠢᠰᠦᠯᠳᠦᠭᠡᠨ ᠢᠶᠠᠷ ᠳᠠᠮᠵᠢᠨ᠂ ᠵᠠᠩ ᠵᠢᠶᠠᠨ᠂ ᠯᠢ | ᠰᠧ ᠢᠤᠢ᠂ ᠵᠸᠤ ᠹᠸᠡᠭ ᠲᠢᠩ ᠵᠡᠷᠭᠡ 25 ᠬᠦᠮᠦᠨ ᠠᠩᠬᠠᠨ ᠤ ᠤᠷᠤᠯᠳᠤᠭᠠᠨ ᠳᠤ ᠤᠷᠤᠬᠤ ᠪᠠᠷ ᠳᠤᠳᠤᠷᠠᠬᠰᠠᠨ | ᠪᠠᠶᠢᠨ᠎ᠠ᠃ | ᠠᠩᠬᠠᠨ ᠤ ᠤᠷᠤᠯᠳᠤᠭᠠᠨ ᠳᠤ ᠤᠷᠤᠯᠴᠠᠬᠤ ᠬᠦᠮᠦᠰ 28 ᠤ ᠡᠳᠦᠷ ᠨᠡᠷ᠎ᠠ ᠮᠡᠳᠡᠭᠦᠯᠵᠦ᠂ 29 ᠤ ᠡᠳᠦᠷ | ᠤᠷᠤᠯᠳᠤᠵᠤ᠂ ᠤᠷᠤᠯᠳᠤᠭᠠᠨ ᠨᠢ ᠤᠷ᠎ᠠ ᠠᠪᠢᠶᠠᠰ ᠤᠨ ᠦᠵᠡᠭᠦᠯᠦᠯᠭᠡ ᠪᠤᠯᠤᠨ ᠲᠤᠬᠠᠢ ᠶᠢᠨ ᠭᠠᠵᠠᠷ ᠤᠨ | ᠲᠠᠶᠢᠯᠪᠦᠷᠢᠯᠡᠯᠲᠡ ᠬᠢᠬᠦ ᠭᠡᠬᠦ ᠬᠤᠶᠠᠷ ᠬᠡᠰᠡᠭ ᠢ ᠲᠤᠬᠢᠷᠠᠭᠤᠯᠵᠦ᠂ 5 — 8 ᠮᠢᠨᠦ᠋ᠲ ᠤᠨ ᠴᠠᠬ ᠢᠶᠠᠷ | ᠬᠢᠵᠠᠭᠠᠷᠯᠠᠵᠦ ᠶᠠᠪᠤᠬᠳᠠᠭᠤᠯᠬᠤ ᠪᠤᠯᠦᠨ᠎ᠠ᠃ ᠠᠩᠬᠠᠨ ᠤ ᠤᠷᠤᠯᠳᠤᠭᠠᠨ ᠢᠶᠠᠷ ᠳᠠᠮᠵᠢᠨ ᠰᠢᠢᠳᠪᠦᠷᠢᠲᠦ | ᠤᠷᠤᠯᠳᠤᠭᠠᠨ ᠳᠤ ᠤᠷᠤᠯᠴᠠᠬᠤ ᠡᠷᠭᠡ ᠶᠢ ᠤᠯᠤᠬᠰᠠᠨ ᠲᠠᠶᠢᠯᠪᠤᠷᠢᠯᠠᠭᠴᠢ ᠰᠢᠪᠠᠭ᠎ᠠ ᠰᠤᠭᠤᠯᠬᠤ ᠠᠷᠭ᠎ᠠ ᠪᠠᠷ ᠳᠠᠮᠵᠢᠨ | ᠰᠢᠢᠳᠪᠦᠷᠢᠲᠦ ᠤᠷᠤᠯᠳᠤᠭᠠᠨ ᠳᠤ ᠤᠷᠤᠬᠤ ᠲᠡᠰ ᠳᠠᠷᠠᠭ᠎ᠠ ᠪᠠᠨ ᠰᠤᠩᠭᠤᠨ᠎ᠠ᠃ | ᠲᠤᠰ ᠤᠳᠠᠭᠠᠨ ᠤ ᠪᠤᠯᠪᠠᠰᠦᠷᠠᠯ ᠤᠨ ᠠᠵᠢᠯᠯᠠᠭᠠᠨ ᠢ ᠡᠷᠬᠢᠯᠡᠨ ᠶᠠᠪᠤᠬᠳᠠᠭᠤᠯᠤᠬᠰᠠᠨ ᠨᠢ ᠪᠤᠯᠪᠠᠰᠦᠷᠠᠯ ᠳᠤ | ᠤᠷᠤᠯᠴᠠᠬᠰᠡᠨ ᠲᠠᠶᠢᠯᠪᠤᠷᠢᠯᠠᠭᠴᠢ ᠶᠢᠨ ᠬᠤᠪᠢᠰᠬᠠᠯᠲᠦ ᠰᠤᠶᠤᠯ ᠤᠨ ᠲᠤᠬᠠᠢ ᠤᠢᠢᠯᠠᠭᠠᠯᠲᠠ ᠶᠢ ᠨᠡᠩ ᠢᠯᠡᠭᠦᠦ | ᠮᠡᠳᠡᠭᠦᠯᠦᠭᠰᠡᠨ ᠪᠦᠭᠡᠳ ᠬᠤᠪᠢᠰᠬᠠᠯ ᠤᠨ ᠦᠯᠢᠭᠡᠷ ᠢ ᠶᠠᠷᠢᠬᠤ ᠪᠠ ᠰᠡᠳᠦᠪ ᠰᠤᠩᠭᠤᠬᠤ᠂ ᠤᠷ᠎ᠠ ᠮᠡᠷᠭᠡᠰᠢᠯ ᠤᠨ | ᠳᠡᠭᠡᠭᠰᠢᠯᠡᠯᠲᠡ ᠳᠤ ᠴᠢᠬᠤᠯᠠ ᠶᠡᠭᠡ ᠠᠴᠢ ᠬᠤᠯᠪᠤᠬᠳᠠᠯ ᠲᠠᠢ ᠶᠤᠮ᠃ ᠡᠭᠦᠨ ᠢᠶᠠᠷ ᠦᠯᠦ ᠪᠠᠷᠠᠨ᠂ ᠪᠦᠬᠦ | ᠠᠶᠢᠮᠠᠭ ᠤᠨ ᠬᠦᠮᠦᠰ ᠤᠨ ᠬᠤᠪᠢᠰᠬᠠᠯᠲᠦ ᠦᠯᠢᠭᠡᠷ ᠢ ᠶᠠᠷᠢᠬᠤ ᠬᠤᠪᠢᠰᠬᠠᠯᠲᠦ ᠵᠤᠷᠢᠬ ᠰᠠᠨᠠᠭ᠎ᠠ ᠶᠢ ᠪᠠᠳᠠᠷᠠᠭᠤᠯᠤᠨ | ᠬᠤᠪᠢᠰᠬᠠᠯᠲᠦ ᠬᠢᠨᠭ᠍ᠭᠠᠨ ᠢ ᠴᠤᠬᠴᠠᠯᠠᠨ ᠪᠠᠶᠢᠭᠤᠯᠬᠤ ᠳᠤ ᠴᠢᠬᠤᠯᠠ ᠶᠡᠭᠡ ᠠᠴᠢ ᠨᠦᠯᠦᠭᠡ ᠲᠠᠢ ᠪᠤᠯᠤᠨ᠎ᠠ᠃ | |