ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠪᠠᠷ ᠤᠷᠤᠨ ᠰᠠᠭᠤᠴᠠ ᠬᠤᠳᠠᠯᠳᠤᠨ ᠠᠪᠬᠤ ᠰᠢᠨ᠎ᠡ ᠦᠢᠯᠡᠴᠢᠯᠡᠭᠡ
ᠨᠡᠶᠢᠲᠡᠯᠡᠭᠰᠡᠨ ᠴᠠᠭ᠄
2019-09-06
      ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠪᠤᠯ ᠠᠵᠢᠯᠲᠠᠨ ᠠᠵᠢᠯᠴᠢᠨ ᠤ ᠤᠷᠤᠨ ᠰᠠᠭᠤᠴᠠ ᠶᠢᠨ ᠠᠰᠠᠭᠤᠲᠠᠯ ᠢ ᠰᠢᠢᠳᠪᠦᠷᠢᠯᠡᠬᠦ ᠲᠤᠰᠬᠠᠢ ᠪᠡᠯᠡ ᠮᠦᠩᠬᠦ ᠮᠦᠨ᠃ ᠬᠡᠲᠡᠯ᠎ᠠ ᠤᠷᠤᠨ ᠰᠠᠭᠤᠴᠠ ᠬᠤᠳᠠᠯᠳᠤᠨ ᠠᠪᠬᠤ ᠪᠠᠷ ᠪᠠᠶᠢᠭ᠎ᠠ ᠬᠦᠮᠦᠰ ᠡᠶᠢᠮᠦᠷᠬᠦ ᠠᠰᠠᠭᠤᠲᠠᠯ ᠳᠤ ᠲᠤᠯᠭᠠᠷᠠᠵᠦ ᠦᠩᠭᠡᠷᠡᠭᠰᠡᠨ ᠪᠠᠶᠢᠬ᠎ᠠ᠄ ᠰᠠᠷ᠎ᠠ ᠪᠦᠷᠢ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠲᠤᠰᠢᠶᠠᠵᠦ᠂ ᠲᠤᠤᠷ᠎ᠠ ᠬᠦᠦ ᠨᠤᠷᠮ᠎ᠠ ᠪᠠᠷ ᠵᠢᠭᠡᠯᠡᠯᠭᠡ ᠠᠪᠴᠤ ᠪᠤᠯᠬᠤ ᠪᠠᠶᠢᠲᠠᠯ᠎ᠠ᠂ ᠬᠡᠷ ᠭᠠᠵᠠᠷ ᠤᠨ ᠬᠦᠷᠦᠩᠭᠡ ᠶᠢᠨ ᠠᠵᠦ ᠠᠬᠤᠢᠢᠯᠠᠯ ᠤᠳ ᠵᠤᠭᠤᠰ ᠢᠶᠠᠨ ᠲᠦᠷᠬᠡᠨ ᠬᠤᠷᠢᠶᠠᠨ ᠠᠪᠬᠤ ᠶᠢᠨ ᠲᠦᠯᠦᠭᠡ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠵᠢᠭᠡᠯᠡᠯᠭᠡ ᠬᠡᠷᠡᠭᠯᠡᠬᠦᠯᠬᠦ ᠦᠭᠡᠢ ᠪᠠᠶᠢᠵᠦ᠂ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠲᠤᠰᠢᠶᠠᠨ ᠬᠠᠲᠠᠭᠠᠯᠠᠵᠦ ᠪᠠᠶᠢᠬᠤ ᠠᠵᠢᠯᠲᠠᠨ ᠠᠵᠢᠯᠴᠢᠨ ᠤ ᠬᠠᠤᠯᠢ ᠶᠤᠰᠤᠨ ᠤ ᠡᠷᠬᠡ ᠠᠰᠢᠬ ᠢ ᠬᠦᠨᠲᠦ ᠨᠤᠴᠢᠲᠠᠢ ᠬᠤᠬᠢᠷᠠᠭᠤᠯᠵᠦ ᠪᠠᠶᠢᠨ᠎ᠠ᠃ ᠡᠶᠢᠮᠦᠷᠬᠦ ᠪᠠᠶᠢᠲᠠᠯ ᠳᠤ ᠴᠢᠭᠯᠡᠭᠦᠯᠦᠨ᠂ ᠤᠷᠤᠨ ᠰᠠᠭᠤᠴᠠ ᠪᠠ ᠬᠤᠲᠠ ᠬᠦᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠲᠤᠮᠲᠠᠲᠤ ᠤᠯᠤᠰ ᠤᠨ ᠠᠷᠠᠳ ᠤᠨ ᠪᠠᠩᠬᠢ ᠂ ᠤᠯᠤᠰ ᠤᠨ ᠭᠠᠵᠠᠷ ᠰᠢᠷᠤᠢ ᠡᠬᠢ ᠪᠠᠶᠠᠯᠢᠬ ᠤᠨ ᠶᠠᠮᠤᠨ ᠤᠢᠢᠷ᠎ᠠ ᠶᠢᠨ ᠡᠲᠦᠷ ᠬᠠᠮᠲᠤᠷᠠᠨ ᠮᠡᠲᠡᠭᠲᠡᠯ ᠲᠠᠷᠤᠮᠠᠯᠯᠠᠨ ᠲᠠᠷᠬᠠᠭᠠᠵᠦ᠂ ᠬᠡᠷ ᠭᠠᠵᠠᠷ ᠤᠨ ᠬᠦᠷᠦᠩᠭᠡ ᠶᠢᠨ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠦ᠂ ᠬᠠᠮᠳᠤᠪᠠᠷ ᠵᠠᠯᠬᠠᠭᠠᠨ ᠰᠡᠷᠡᠮᠵᠢᠯᠡᠭᠦᠯᠬᠦ ᠡᠷᠴᠢᠮ ᠢᠶᠠᠨ ᠴᠢᠩᠭᠠᠷᠠᠭᠤᠯᠵᠦ᠂ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠲᠤᠰᠢᠶᠠᠨ ᠬᠠᠲᠠᠭᠠᠯᠠᠵᠦ ᠪᠠᠶᠢᠬᠤ ᠠᠵᠢᠯᠲᠠᠨ ᠠᠵᠢᠯᠴᠢᠨ ᠤ ᠤᠷᠤᠨ ᠰᠠᠭᠤᠴᠠ ᠬᠤᠳᠠᠯᠳᠤᠨ ᠠᠪᠬᠤ ᠳᠤ ᠦᠢᠯᠡᠴᠢᠯᠡᠭᠡ ᠬᠠᠩᠭᠠᠨ᠂ ᠵᠢᠭᠡᠯᠡᠯᠭᠡ ᠶᠢᠨ ᠬᠠᠤᠯᠢ ᠶᠤᠰᠤᠨ ᠤ ᠡᠷᠬᠡ ᠠᠰᠢᠬ ᠢ ᠨᠢ ᠬᠠᠮᠠᠭᠠᠯᠠᠬᠤ ᠪᠠᠷ ᠪᠤᠯᠪᠠ᠃     ᠰᠢᠨ᠎ᠡ ᠲᠦᠷᠦ ᠶᠢᠨ ᠪᠤᠳᠤᠯᠭ᠎ᠠ ᠨᠢ ᠬᠡᠨ ᠳᠤ ᠠᠰᠢᠬᠲᠠᠢ ᠪᠤᠢ︖     ᠤᠷᠤᠨ ᠰᠠᠭᠤᠴᠠ ᠬᠤᠳᠠᠯᠳᠤᠨ ᠠᠪᠬᠤ ᠳᠤ ᠬᠡᠲᠦᠢ ᠵᠤᠭᠤᠰ ᠠᠷᠪᠢᠯᠠᠵᠦ ᠲᠡᠶᠢᠯᠬᠦ ᠪᠤᠢ︖ ᠤᠢᠢᠷ᠎ᠠ ᠳᠤ ᠤᠷᠤᠨ ᠰᠠᠭᠤᠴᠠ ᠪᠠ ᠬᠤᠲᠠ ᠬᠦᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠂ ᠲᠤᠮᠲᠠᠲᠤ ᠤᠯᠤᠰ ᠤᠨ ᠠᠷᠠᠳ ᠤᠨ ᠪᠠᠩᠬᠢ᠂ ᠤᠯᠤᠰ ᠤᠨ ᠭᠠᠵᠠᠷ ᠰᠢᠷᠤᠢ ᠡᠬᠢ ᠪᠠᠶᠠᠯᠢᠬ ᠤᠨ ᠶᠠᠮᠤᠨ ᠠᠴᠠ ︽ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠲᠤᠰᠢᠶᠠᠨ ᠬᠠᠲᠠᠭᠠᠯᠠᠵᠦ ᠪᠠᠶᠢᠬᠤ ᠠᠵᠢᠯᠲᠠᠨ ᠠᠵᠢᠯᠴᠢᠳ ᠤᠨ ᠤᠷᠤᠨ ᠰᠠᠭᠤᠴᠠ ᠬᠤᠳᠠᠯᠳᠤᠨ ᠠᠪᠬᠤ ᠵᠢᠭᠡᠯᠡᠯᠭᠡ ᠶᠢᠨ ᠡᠷᠬᠡ ᠠᠰᠢᠬ ᠢ ᠬᠠᠮᠠᠭᠠᠯᠠᠬᠤ ᠲᠤᠬᠠᠢ ᠮᠡᠲᠡᠭᠲᠡᠯ︾ ᠢ ᠨᠠᠶᠢᠲᠠᠯᠠᠵᠦ᠂ ᠡᠨᠡ ᠨᠢ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠪᠠᠷ ᠵᠤᠭᠤᠰ ᠵᠢᠭᠡᠯᠡᠨ ᠤᠷᠤᠨ ᠰᠠᠭᠤᠴᠠ ᠬᠤᠳᠠᠯᠳᠤᠨ ᠠᠪᠤᠬᠴᠢᠳ ᠲᠤ ᠠᠪᠴᠤ ᠬᠡᠯᠡᠪᠡᠯ ᠮᠠᠰᠢ ᠰᠠᠶᠢᠨ ᠲᠦᠷᠦ ᠶᠢᠨ ᠪᠤᠳᠤᠯᠭ᠎ᠠ ᠪᠤᠯᠵᠦ᠂ ᠲᠡᠲᠡᠨ ᠤ ᠤᠷᠤᠨ ᠰᠠᠭᠤᠴᠠ ᠬᠤᠳᠠᠯᠳᠤᠨ ᠠᠪᠬᠤ ᠦᠪᠡᠷ ᠤᠨ ᠦᠷᠲᠡᠭ ᠢ ᠨᠢ ᠪᠠᠭᠤᠷᠠᠭᠤᠯᠬᠤ ᠳᠤ ᠠᠰᠢᠬᠲᠠᠢ ᠪᠤᠯᠤᠬᠰᠠᠨ ᠶᠤᠮ᠃    ᠲᠠᠨ ᠳᠤ ᠨᠢᠭᠡᠨ ᠲᠠᠩᠰᠠ ᠪᠤᠳᠤᠵᠦ ᠦᠭᠭᠦᠶ᠎ᠡ᠄ ᠤᠳᠤ ᠶᠢᠨ ᠬᠡᠷᠡᠭᠵᠢᠭᠦᠯᠵᠦ ᠪᠠᠶᠢᠭ᠎ᠠ ᠬᠠᠮᠢᠶ᠎ᠠ ᠪᠦᠬᠦᠢ ᠲᠤᠬᠲᠠᠭᠠᠯ ᠢᠶᠠᠷ᠂ ᠠᠵᠢᠯᠲᠠᠳ ᠦᠷᠭᠦᠯᠵᠢᠯᠡᠨ ᠪᠦᠬᠦ ᠲᠤᠭ᠎ᠠ ᠪᠠᠷ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢ 6 ᠰᠠᠷ᠎ᠠ ᠠᠴᠠ ᠲᠡᠭᠡᠭᠰᠢ ︵6 ᠰᠠᠷ᠎ᠠ ᠶᠢ ᠪᠠᠭᠲᠠᠭᠠᠨ᠎ᠠ︶ ᠲᠤᠰᠢᠶᠠᠨ ᠬᠠᠲᠠᠭᠠᠯᠠᠬᠰᠠᠨ ᠪᠤᠯ᠂ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠬᠠᠮᠢᠶᠠᠷᠤᠯᠲᠠ ᠶᠢᠨ ᠲᠦᠪ ᠲᠤ ᠬᠦᠷᠴᠦ ᠬᠤᠪᠢ ᠬᠦᠮᠦᠨ ᠤ ᠤᠷᠤᠨ ᠰᠠᠭᠤᠴᠠ ᠶᠢᠨ ᠵᠢᠭᠡᠯᠡᠯᠭᠡ ᠶᠢᠨ ᠮᠦᠩᠬᠦ ᠶᠢ ᠭᠤᠶᠤᠴᠢᠯᠠᠵᠦ ᠪᠤᠯᠤᠨ᠎ᠠ᠃ ᠵᠢᠱᠢᠶᠡᠯᠡᠪᠡᠯ᠂ 100 ᠲᠦᠮᠡᠨ ᠲᠦᠭᠦᠷᠢᠭ ᠤᠨ 20 ᠵᠢᠯ ᠤᠨ ᠬᠤᠭᠤᠴᠠᠭ᠎ᠠ ᠲᠠᠢ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠬᠤᠪᠢ ᠬᠦᠮᠦᠨ ᠤ ᠤᠷᠤᠨ ᠰᠠᠭᠤᠴᠠ ᠬᠤᠳᠠᠯᠳᠤᠨ ᠠᠪᠬᠤ ᠵᠢᠭᠡᠯᠡᠯᠭᠡ ᠶᠢ ᠬᠤᠳᠠᠯᠳᠤᠭᠠᠨ ᠤ ᠪᠠᠩᠬᠢ ᠶᠢᠨ ᠵᠢᠭᠡᠯᠡᠯᠭᠡ ᠲᠠᠢ ᠬᠠᠷᠢᠴᠠᠭᠤᠯᠪᠠᠯ 20 ᠲᠦᠮᠡᠨ ᠲᠦᠬᠦᠷᠢᠭ ᠠᠴᠠ ᠲᠡᠭᠡᠭᠰᠢ ᠬᠦᠦ ᠮᠦᠩᠬᠦ ᠠᠷᠪᠢᠯᠠᠵᠦ ᠪᠤᠯᠤᠨ᠎ᠠ᠃ ᠤᠳᠤᠬᠠᠨ ᠳᠤ᠂ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠬᠤᠪᠢ ᠬᠦᠮᠦᠨ ᠤ ᠤᠷᠤᠨ ᠰᠠᠭᠤᠴᠠ ᠬᠤᠳᠠᠯᠳᠤᠨ ᠠᠪᠬᠤ ᠵᠢᠭᠡᠯᠡᠯᠭᠡ ᠶᠢᠨ ᠬᠦᠦ ᠨᠤᠷᠮ᠎ᠠ ᠨᠢ 3.25% ᠪᠠᠶᠢᠵᠦ᠂ ᠬᠤᠳᠠᠯᠳᠤᠭᠠᠨ ᠤ ᠪᠠᠩᠬᠢ ᠶᠢᠨ ᠤᠷᠤᠨ ᠰᠠᠭᠤᠴᠠ ᠶᠢᠨ ᠵᠢᠭᠡᠯᠡᠯᠭᠡ ᠶᠢᠨ ᠪᠠᠷᠢᠮᠵᠢᠶ᠎ᠠ ᠬᠦᠦ ᠨᠤᠷᠮ᠎ᠠ ᠠᠴᠠ 4.9% ᠲᠤᠤᠷ᠎ᠠ ᠪᠠᠶᠢᠲᠠᠭ᠃ ᠨᠢᠭᠡ ᠵᠢᠯ ᠭᠠᠷᠤᠢ ᠶᠢᠨ ᠬᠡᠷ ᠭᠠᠵᠠᠷ ᠤᠨ ᠬᠦᠷᠦᠩᠭᠡ ᠶᠢᠨ ᠪᠠᠶᠢᠲᠠᠯ ᠠᠴᠠ ᠦᠵᠡᠪᠡᠯ᠂ ᠤᠯᠠᠩᠬᠢ ᠬᠤᠲᠠ ᠶᠢᠨ ᠤᠷᠤᠨ ᠰᠠᠭᠤᠴᠠ ᠬᠤᠳᠠᠯᠳᠤᠨ ᠠᠪᠬᠤ ᠬᠤᠳᠠᠯᠳᠤᠭᠠᠨ ᠤ ᠵᠢᠭᠡᠯᠡᠯᠭᠡ ᠶᠢᠨ ᠨᠤᠷᠮ᠎ᠠ ᠨᠢ ᠪᠦᠷ ᠬᠠᠷᠠᠭᠠᠯᠵᠠᠯ ᠦᠭᠡᠢ ᠪᠠᠶᠢᠵᠦ᠂ ᠬᠡᠰᠡᠭ ᠬᠤᠲᠠ ᠶᠢᠨ ᠬᠢᠨᠢ ᠴᠢᠨᠠᠬᠰᠢᠯᠠᠨ ᠲᠡᠭᠡᠭᠰᠢᠯᠡᠭᠰᠡᠨ ᠪᠠᠶᠢᠲᠠᠯ ᠲᠠᠢ᠃ ᠡᠶᠢᠮᠦ ᠠᠴᠠ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠵᠢᠭᠡᠯᠡᠯᠭᠡ ᠨᠢ ᠤᠷᠤᠨ ᠰᠠᠭᠤᠴᠠ ᠬᠤᠳᠠᠯᠳᠤᠨ ᠠᠪᠤᠬᠴᠢᠳ ᠤᠨ ᠲᠠᠷᠤᠭᠠᠰᠤ ᠶᠢ ᠶᠡᠭᠡ ᠬᠡᠮᠵᠢᠶ᠎ᠡ ᠪᠠᠷ ᠬᠦᠩᠭᠡᠷᠡᠭᠦᠯᠲᠡᠭ ᠶᠤᠮ᠃    ᠬᠡᠷ ᠭᠠᠵᠠᠷ ᠤᠨ ᠬᠦᠷᠦᠩᠭᠡ ᠶᠢᠨ ᠠᠵᠦ ᠠᠬᠤᠢᠢᠯᠠᠯ ᠶᠠᠭᠤᠨ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠵᠢᠭᠡᠯᠡᠯᠭᠡ ᠶᠢ ᠬᠦᠯᠢᠶᠡᠨ ᠠᠪᠬᠤ ᠦᠭᠡᠢ ᠪᠤᠢ︖    ︽ᠲᠤᠰ ᠮᠡᠲᠡᠭᠲᠡᠯ ᠢ ᠲᠠᠷᠬᠠᠭᠠᠬᠰᠠᠨ ᠨᠢ ᠤᠷᠤᠨ ᠰᠠᠭᠤᠴᠠ ᠪᠤᠯᠤᠨ ᠬᠤᠲᠠ ᠬᠦᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠪᠤᠯᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠬᠠᠮᠳᠤᠷᠠᠨ ᠪᠠᠶᠢᠴᠠᠭᠠᠨ ᠢᠯᠡᠷᠡᠭᠦᠯᠦᠭᠰᠡᠨ ᠠᠰᠠᠭᠤᠲᠠᠯ ᠢᠶᠠᠨ ᠰᠢᠢᠳᠪᠦᠷᠢᠯᠡᠭᠰᠡᠨ ᠠᠷᠭ᠎ᠠ ᠠᠪᠴᠠᠯ ᠪᠤᠯᠤᠨ᠎ᠠ︾ ᠬᠡᠵᠦ ᠠᠵᠢᠯ ᠲᠦᠷᠦᠯ ᠤᠨ ᠬᠢᠨ ᠤ ᠬᠦᠮᠦᠰ ᠦᠵᠡᠨ᠎ᠡ᠃    ᠮᠡᠲᠡᠭᠲᠡᠯ ᠳᠤ᠂ ᠤᠷᠤᠨ ᠰᠠᠭᠤᠴᠠ ᠪᠠ ᠬᠤᠲᠠ ᠬᠦᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠦᠴᠢᠷ ᠬᠡᠷ ᠭᠠᠵᠠᠷ ᠤᠨ ᠬᠦᠷᠦᠩᠭᠡ ᠶᠢᠨ ᠵᠠᠬ᠎ᠠ ᠲᠡᠯᠭᠡᠭᠦᠷ ᠲᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠬᠡᠷ ᠭᠠᠵᠠᠷ ᠤᠨ ᠬᠦᠷᠦᠩᠭᠡ ᠶᠢ ᠨᠡᠭᠡᠭᠡᠨ ᠬᠦᠭᠵᠢᠭᠦᠯᠬᠦ ᠠᠵᠦ ᠠᠬᠤᠢᠢᠯᠠᠯ ᠲᠠᠸᠠᠷ ᠤᠨ ᠤᠷᠤᠨ ᠰᠠᠭᠤᠴᠠ ᠶᠢ ᠪᠤᠷᠤᠯᠠᠭᠤᠯᠬᠤ ᠳᠠᠭᠠᠨ ᠬᠤᠳᠠᠯᠳᠤᠨ ᠠᠪᠤᠬᠴᠢ ᠶᠢᠨ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠵᠢᠭᠡᠯᠡᠯᠭᠡ ᠪᠠᠷ ᠬᠤᠳᠠᠯᠳᠤᠨ ᠠᠪᠬᠤ ᠶᠢ ᠬᠦᠯᠢᠶᠡᠨ ᠵᠦᠪᠰᠢᠶᠡᠷᠡᠬᠦ ᠦᠰᠦᠭ ᠪᠢᠴᠢᠭ ᠤᠨ ᠠᠮᠠᠯᠠᠯᠲᠠ ᠭᠠᠷᠭᠠᠬᠤ ᠶᠢᠨ ᠬᠠᠮᠲᠦ ᠤᠷᠤᠨ ᠰᠠᠭᠤᠴᠠ ᠶᠢᠨ ᠪᠤᠷᠤᠯᠠᠭᠤᠯᠭ᠎ᠠ ᠶᠢᠨ ᠲᠤᠬᠠᠢ ᠶᠢᠨ ᠲᠠᠯᠠᠪᠤᠷ ᠲᠤ ᠢᠯᠡ ᠵᠠᠷᠯᠠᠬᠤ ᠬᠡᠷᠡᠭᠲᠡᠢ᠃ ᠬᠡᠷ ᠭᠠᠵᠠᠷ ᠤᠨ ᠬᠦᠷᠦᠩᠭᠡ ᠶᠢ ᠨᠡᠭᠡᠭᠡᠨ ᠬᠦᠭᠵᠢᠭᠦᠯᠬᠦ ᠠᠵᠦ ᠠᠬᠤᠢᠢᠯᠠᠯ ᠠᠮᠠᠯᠠᠯᠲᠠ ᠪᠠᠨ ᠨᠠᠷᠢᠨ ᠬᠢᠨᠠᠮᠠᠭᠠᠢ ᠬᠦᠢᠴᠡᠳᠬᠡᠵᠦ᠂ ᠤᠷᠤᠨ ᠰᠠᠭᠤᠴᠠ ᠶᠢᠨ ᠪᠤᠷᠤᠯᠠᠭᠤᠯᠭ᠎ᠠ ᠶᠢᠨ ᠦᠨ᠎ᠡ ᠶᠢ ᠦᠰᠬᠡᠬᠦ᠂ ᠬᠠᠷᠠᠭᠠᠯᠵᠠᠯ ᠢ ᠨᠢ ᠪᠠᠭᠠᠰᠬᠠᠬᠤ ᠵᠡᠷᠭᠡ ᠠᠷᠭ᠎ᠠ ᠠᠪᠴᠠᠯ ᠢᠶᠠᠷ᠂ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠵᠢᠭᠡᠯᠡᠯᠭᠡ ᠶᠢ ᠬᠡᠷᠡᠭᠯᠡᠵᠦ ᠤᠷᠤᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠵᠦ᠂ ᠬᠠᠷᠰᠢᠯᠠᠵᠦ᠂ ᠬᠦᠯᠢᠶᠡᠬᠦ ᠦᠭᠡᠢ ᠪᠠᠶᠢᠵᠦ ᠪᠤᠯᠬᠤ ᠦᠭᠡᠢ᠃ ᠤᠷᠤᠨ ᠰᠠᠭᠤᠴᠠ ᠬᠤᠳᠠᠯᠳᠤᠨ ᠠᠪᠤᠬᠴᠢ ᠶᠢ ᠶᠠᠩᠵᠦ ᠪᠦᠷᠢ ᠶᠢᠨ ᠠᠷᠭ᠎ᠠ ᠪᠠᠷ ᠱᠠᠭᠠᠷᠲᠠᠵᠦ ᠰᠢᠬᠠᠮᠳᠠᠭᠤᠯᠵᠦ ᠪᠠᠶᠢᠭᠠᠳ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠵᠢᠭᠡᠯᠡᠯᠭᠡ ᠶᠢᠨ ᠡᠷᠭᠡ ᠪᠠᠨ ᠰᠠᠨᠠᠭᠠᠴᠢᠯᠠᠭ᠎ᠠ ᠠᠴᠠ ᠪᠠᠨ ᠲᠠᠶᠠᠬᠲᠠᠬᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠭᠤᠯᠵᠦ ᠪᠤᠯᠬᠤ ᠦᠭᠡᠢ ᠬᠡᠵᠦ ᠱᠠᠭᠠᠷᠲᠠᠵᠡᠢ᠃    ᠠᠵᠢᠯ ᠲᠦᠷᠦᠯ ᠤᠨ ᠬᠢᠨ ᠤ ᠬᠦᠮᠦᠰ ᠤᠨ ᠦᠵᠡᠬᠦ ᠪᠠᠷ᠂ ᠬᠡᠷ ᠭᠠᠵᠠᠷ ᠤᠨ ᠬᠦᠷᠦᠩᠭᠡ ᠶᠢᠨ ᠠᠵᠦ ᠠᠬᠤᠢᠢᠯᠠᠯ ᠤᠨ ᠬᠢᠨ ᠤᠷᠤᠨ ᠰᠠᠭᠤᠴᠠ ᠬᠤᠳᠠᠯᠳᠤᠨ ᠠᠪᠤᠬᠴᠢᠳ ᠤᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠵᠢᠭᠡᠯᠡᠯᠭᠡ ᠪᠠᠷ ᠤᠷᠤᠨ ᠰᠠᠭᠤᠴᠠ ᠬᠤᠳᠠᠯᠳᠤᠨ ᠠᠪᠤᠭᠤᠯᠬᠤ ᠦᠭᠡᠢ ᠨᠢ᠂ ᠲᠡᠲᠡᠨ ᠢᠶᠠᠷ ᠪᠦᠬᠦ ᠮᠦᠩᠬᠦ ᠶᠢ ᠲᠤᠰᠢᠶᠠᠯᠭᠠᠨ ᠤᠷᠤᠨ ᠰᠠᠭᠤᠴᠠ ᠬᠤᠳᠠᠯᠳᠤᠨ ᠠᠪᠤᠭᠤᠯᠬᠤ ᠪᠤᠶᠤ ᠬᠤᠲᠠᠯᠲᠤᠭᠠᠨ ᠤ ᠵᠢᠭᠡᠯᠡᠯᠭᠡ ᠪᠠᠷ ᠬᠤᠳᠠᠯᠳᠤᠨ ᠠᠪᠤᠭᠤᠯᠬᠤ ᠰᠠᠨᠠᠭ᠎ᠠ ᠲᠠᠢ ᠶᠤᠮ᠂ ᠡᠰᠡᠭᠦᠯ᠎ᠡ ᠪᠡᠯᠡ ᠮᠦᠩᠬᠦ ᠶᠢᠨ ᠲᠠᠷᠤᠭᠠᠰᠤ ᠲᠠᠢ ᠬᠤᠯᠪᠤᠭ᠎ᠠ ᠲᠠᠢ᠃ ᠲᠡᠲᠡ ᠪᠡᠯᠡ ᠮᠦᠩᠬᠦ ᠪᠠᠨ ᠲᠦᠷᠬᠡᠬᠡᠨ ᠬᠤᠷᠢᠶᠠᠨ ᠠᠪᠴᠢᠷᠠᠬᠤ ᠶᠢᠨ ᠲᠦᠯᠦᠭᠡ᠂ ᠦᠶᠡᠯᠡᠯ ᠨᠢ ᠤᠬᠤᠷ᠂ ᠬᠤᠷᠢᠶᠠᠨ ᠠᠪᠴᠢᠷᠠᠬᠤ ᠬᠤᠷᠳᠤᠴᠠ ᠨᠢ ᠲᠦᠷᠬᠡᠨ ᠵᠠᠬᠪᠤᠷ ᠢ ᠬᠡᠷᠡᠭᠯᠡᠬᠦ ᠲᠤᠷᠠᠲᠠᠢ ᠶᠤᠮ ᠬᠡᠵᠡᠢ᠃    ᠬᠡᠷ ᠭᠠᠵᠠᠷ ᠤᠨ ᠬᠦᠷᠦᠩᠭᠡ ᠶᠢ ᠨᠡᠭᠡᠭᠡᠨ ᠬᠦᠭᠵᠢᠭᠦᠯᠬᠦ ᠠᠵᠦ ᠠᠬᠤᠢᠢᠯᠠᠯ ᠪᠤᠯᠤᠨ ᠤᠷᠤᠨ ᠰᠠᠭᠤᠴᠠ ᠬᠤᠳᠠᠯᠳᠤᠨ ᠠᠪᠤᠬᠴᠢ ᠶᠢᠨ ᠱᠠᠭᠠᠷᠲᠠᠯᠭ᠎ᠠ ᠶᠢ ᠬᠡᠷᠬᠢᠨ ᠵᠤᠬᠢᠴᠠᠭᠤᠯᠬᠤ ᠪᠤᠢ︖     ︽ᠮᠡᠲᠡᠭᠲᠡᠯ︾ ᠳᠤ᠂ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠬᠠᠮᠢᠶᠠᠷᠤᠯᠲᠠ ᠶᠢᠨ ᠲᠦᠪ ᠤᠨ ᠬᠢᠨ ᠵᠢᠭᠡᠯᠡᠯᠭᠡ ᠶᠢᠨ ᠠᠵᠢᠯ ᠤᠨ ᠲᠡᠰ ᠲᠠᠷᠠᠭᠠᠯᠠᠯ ᠢ ᠵᠢᠷᠤᠮᠵᠢᠭᠤᠯᠵᠦ᠂ ᠬᠢᠨᠠᠨ ᠵᠦᠪᠰᠢᠶᠡᠷᠡᠬᠦ ᠬᠤᠭᠤᠴᠠᠭ᠎ᠠ ᠪᠠᠨ ᠪᠠᠭᠠᠰᠬᠠᠵᠦ᠂ ᠭᠤᠶᠤᠴᠢᠯᠠᠯ ᠢ ᠬᠦᠯᠢᠶᠡᠨ ᠠᠪᠤᠬᠰᠠᠨ 10 ᠠᠵᠢᠯ ᠤᠨ ᠡᠲᠦᠷ ᠤᠨ ᠲᠤᠲᠤᠷ᠎ᠠ ᠬᠢᠨᠠᠨ ᠵᠦᠪᠰᠢᠶᠡᠷᠡᠬᠦ ᠶᠢ ᠪᠡᠶᠡᠯᠡᠭᠦᠯᠬᠦ ᠬᠡᠷᠡᠭᠲᠡᠢ᠃ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠬᠠᠮᠢᠶᠠᠷᠤᠯᠲᠠ ᠶᠢᠨ ᠲᠦᠪ ᠠᠴᠠ ᠨᠡᠶᠢᠲᠡᠯᠭ᠎ᠠ ᠶᠢ ᠬᠦᠯᠢᠶᠡᠭᠰᠡᠨ ᠪᠠᠩᠬᠢ ᠶᠢᠨ ᠬᠠᠮᠢᠶ᠎ᠠ ᠪᠦᠬᠦᠢ ᠠᠵᠢᠯ ᠢ ᠰᠢᠯᠭᠠᠨ ᠦᠨᠡᠯᠡᠬᠦ ᠪᠠᠨ ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠦ᠂ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠵᠢᠭᠡᠯᠡᠯᠭᠡ ᠶᠢᠨ ᠪᠠᠷᠢᠴᠠᠭᠠᠯᠠᠨ ᠲᠡᠩᠰᠠᠯᠠᠬᠤ ᠠᠵᠢᠯ ᠤᠨ ᠠᠰᠢᠬᠯᠠᠮᠵᠢ ᠶᠢ ᠲᠡᠭᠡᠭᠰᠢᠯᠡᠭᠦᠯᠵᠦ᠂ 10 ᠠᠵᠢᠯ ᠤᠨ ᠡᠲᠦᠷ ᠤᠨ ᠲᠤᠲᠤᠷ᠎ᠠ ᠪᠠᠷᠢᠴᠠᠭᠠᠯᠠᠨ ᠲᠠᠩᠰᠠᠯᠠᠬᠤ ᠭᠠᠷ ᠬᠦᠢᠴᠡᠳᠬᠡᠯ ᠢ ᠪᠡᠶᠡᠯᠡᠭᠦᠯᠬᠦ ᠬᠡᠷᠡᠭᠲᠡᠢ ᠬᠡᠵᠦ ᠲᠤᠬᠲᠠᠭᠠᠵᠠᠢ᠃    ᠠᠵᠢᠯ ᠲᠦᠷᠦᠯ ᠤᠨ ᠬᠢᠨ ᠤ ᠵᠠᠳᠠᠯᠤᠬᠰᠠᠨ ᠢᠶᠠᠷ᠂ ᠡᠲᠡᠭᠡᠷ ᠠᠷᠭ᠎ᠠ ᠠᠪᠴᠠᠯ ᠨᠢ ᠤᠷᠤᠨ ᠰᠠᠭᠤᠴᠠ ᠬᠤᠳᠠᠯᠳᠤᠨ ᠠᠪᠤᠬᠴᠢ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠵᠢᠭᠡᠯᠡᠯᠭᠡ ᠶᠢ ᠲᠠᠷᠬᠠᠭᠠᠬᠤ ᠬᠤᠷᠳᠤᠴᠠ ᠶᠢ ᠲᠦᠷᠬᠡᠳᠬᠡᠵᠦ ᠴᠢᠲᠠᠬᠤ ᠮᠦᠷᠲᠡᠭᠡᠨ ᠪᠠᠰᠠ ᠪᠡᠯᠡ ᠮᠦᠩᠬᠦ ᠶᠢ ᠴᠠᠬ ᠲᠤᠬᠠᠢ ᠳᠤᠨᠢ ᠬᠠᠮᠢᠶ᠎ᠠ ᠪᠦᠬᠦᠢ ᠠᠵᠦ ᠠᠬᠤᠢᠢᠯᠠᠯ ᠳᠤ ᠰᠢᠯᠵᠢᠭᠦᠯᠦᠨ ᠦᠭᠴᠦ᠂ ᠬᠡᠷ ᠭᠠᠵᠠᠷ ᠤᠨ ᠬᠦᠷᠦᠩᠭᠡ ᠶᠢᠨ ᠠᠵᠦ ᠠᠬᠤᠢᠢᠯᠠᠯ ᠤᠨ ᠪᠡᠯᠡ ᠮᠦᠩᠬᠦ ᠶᠢ ᠨᠡᠯᠢᠶᠡᠳ ᠰᠠᠶᠢᠨ ᠬᠤᠷᠢᠶᠠᠨ ᠠᠪᠴᠢᠷᠠᠬᠤ ᠶᠢ ᠪᠡᠶᠡᠯᠡᠭᠦᠯᠬᠦ ᠳᠤ ᠢᠲᠡᠪᠬᠢᠲᠡᠢ ᠠᠴᠢ ᠬᠤᠯᠪᠤᠬᠲᠠᠯ ᠲᠠᠢ ᠶᠤᠮ ᠬᠡᠵᠡᠢ᠃    ᠡᠭᠦᠨ ᠤ ᠬᠠᠮᠲᠦ᠂ ᠠᠵᠢᠯ ᠲᠦᠷᠦᠯ ᠤᠨ ᠬᠢᠨ ᠤ ᠬᠦᠮᠦᠰ ᠤᠨ ᠦᠵᠡᠬᠦ ᠪᠠᠷ᠂ ᠬᠡᠷ ᠭᠠᠵᠠᠷ ᠤᠨ ᠬᠦᠷᠦᠩᠭᠡ ᠶᠢ ᠨᠡᠭᠡᠭᠡᠨ ᠬᠦᠭᠵᠢᠭᠦᠯᠬᠦ ᠠᠵᠦ ᠠᠬᠤᠢᠢᠯᠠᠯ ᠤᠨ ᠬᠢᠨ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠵᠢᠭᠡᠯᠡᠯᠭᠡ ᠶᠢ ᠬᠦᠯᠢᠶᠡᠬᠦ ᠦᠭᠡᠢ ᠪᠠᠶᠢᠵᠤ ᠪᠤᠯᠬᠤ ᠦᠭᠡᠢ ᠬᠡᠵᠦ ᠱᠠᠭᠠᠷᠲᠠᠬᠰᠠᠨ ᠨᠢ᠂ ᠵᠤᠬᠢᠬᠤ ᠬᠡᠮᠵᠢᠶᠡᠨ ᠲᠡᠭᠡᠷ᠎ᠡ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠦᠢᠯᠡᠲᠦᠯ ᠢ ᠨᠡᠩ ᠶᠡᠭᠡ ᠬᠡᠮᠵᠢᠶ᠎ᠡ ᠪᠠᠷ ᠪᠠᠲᠠᠷᠠᠭᠤᠯᠬᠤ ᠳᠤ ᠠᠰᠢᠬᠲᠠᠢ᠃ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢ ᠬᠡᠷ ᠭᠠᠵᠠᠷ ᠤᠨ ᠬᠦᠷᠦᠩᠭᠡ ᠳᠤ ᠨᠡᠩ ᠶᠡᠭᠡ ᠦᠢᠯᠡᠲᠦᠯ ᠪᠠᠲᠠᠷᠠᠭᠤᠯᠬᠤ ᠬᠡᠪᠡᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠵᠢᠭᠡᠯᠡᠯᠭᠡ ᠶᠢᠨ ᠲᠡᠭᠡᠲᠦ ᠬᠢᠵᠠᠭᠠᠷ ᠤᠨ ᠠᠰᠠᠭᠤᠲᠠᠯ ᠢ ᠰᠢᠢᠳᠪᠦᠷᠢᠯᠡᠬᠦ ᠴᠢᠬᠤᠯᠠᠲᠠᠢ ᠬᠡᠵᠡᠢ᠃    ᠨᠡᠭᠡᠭᠡᠨ ᠬᠦᠭᠵᠢᠭᠦᠯᠬᠦ ᠠᠵᠦ ᠠᠬᠤᠢᠢᠯᠠᠯ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠵᠢᠭᠡᠯᠡᠯᠭᠡ ᠶᠢ ᠬᠦᠯᠢᠶᠡᠨ ᠠᠪᠬᠤ ᠦᠭᠡᠢ ᠪᠤᠯ ᠶᠠᠭᠠᠬᠢᠲᠠᠬ ᠪᠢᠯᠡ︖    ︽ᠮᠡᠲᠡᠭᠲᠡᠯ︾ ᠳᠤ᠂ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠲᠤᠰᠢᠶᠠᠬᠰᠠᠨ ᠬᠦᠮᠦᠰ 12345 ᠬᠤᠲᠠ ᠶᠢᠨ ᠠᠷᠠᠳ ᠤᠨ ᠬᠠᠯᠠᠮᠰᠢᠯ ᠤᠳᠠᠰᠤ ᠪᠤᠶᠤ 12329 ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠬᠠᠯᠠᠮᠰᠢᠯ ᠤᠳᠠᠰᠤ ᠪᠠᠷ ᠲᠠᠮᠵᠢᠨ᠂ ᠬᠡᠷ ᠭᠠᠵᠠᠷ ᠤᠨ ᠬᠦᠷᠦᠩᠭᠡ ᠶᠢ ᠨᠡᠭᠡᠭᠡᠨ ᠬᠦᠭᠵᠢᠭᠦᠯᠬᠦ ᠠᠵᠦ ᠠᠬᠤᠢᠢᠯᠠᠯ ᠪᠠ ᠤᠷᠤᠨ ᠰᠠᠭᠤᠴᠠ ᠪᠤᠷᠤᠯᠠᠭᠤᠯᠬᠤ ᠵᠠᠭᠤᠴᠢ ᠪᠠᠶᠢᠭᠤᠯᠤᠮᠵᠢ ᠶᠢᠨ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠵᠢᠭᠡᠯᠡᠯᠭᠡ ᠶᠢ ᠬᠦᠯᠢᠶᠡᠬᠦ ᠦᠭᠡᠢ ᠠᠰᠠᠭᠤᠲᠠᠯ ᠢ ᠢᠯᠡᠴᠢᠯᠡᠨ ᠵᠠᠭᠠᠯᠳᠤᠵᠦ ᠪᠤᠯᠤᠨ᠎ᠠ ᠬᠡᠵᠦ ᠲᠤᠲᠤᠷᠬᠠᠢᠢᠯᠠᠪᠠ᠃    ᠲᠦᠷᠪᠡᠨ ᠶᠠᠮᠤᠨ ᠠᠴᠠ ᠱᠠᠭᠠᠷᠲᠠᠬᠰᠠᠨ ᠨᠢ᠂ ᠡᠯ᠎ᠡ ᠭᠠᠵᠠᠷ ᠤᠨ ᠬᠢᠨ ᠬᠠᠮᠳᠤᠷᠠᠨ ᠠᠵᠢᠯᠲᠠᠨ ᠠᠵᠢᠯᠴᠢᠨ ᠤ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠵᠢᠭᠡᠯᠡᠯᠭᠡ ᠶᠢ ᠬᠡᠷᠡᠭᠯᠡᠵᠦ ᠤᠷᠤᠨ ᠰᠠᠭᠤᠴᠠ ᠬᠤᠳᠠᠯᠳᠤᠨ ᠠᠪᠬᠤ ᠶᠢ ᠦᠯᠦ ᠵᠦᠪᠰᠢᠶᠡᠷᠡᠬᠦ ᠠᠰᠠᠭᠤᠲᠠᠯ ᠢ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠬᠦ ᠬᠡᠷᠡᠭᠲᠡᠢ᠃ ᠬᠤᠯᠪᠤᠭᠠᠯᠠᠨ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠳᠬᠠᠬᠤ ᠬᠡᠷᠡᠭᠲᠡᠢ ᠃ ᠡᠯ᠎ᠡ ᠭᠠᠵᠠᠷ ᠤᠨ ᠤᠷᠤᠨ ᠰᠠᠭᠤᠴᠠ ᠪᠤᠯᠤᠨ ᠬᠤᠲᠠ ᠬᠦᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠦᠴᠢᠷ ᠪᠠ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠬᠠᠮᠢᠶᠠᠷᠤᠯᠲᠠ ᠶᠢᠨ ᠲᠦᠪ ᠤᠨ ᠬᠢᠨ ᠠᠵᠢᠯᠲᠠᠨ ᠠᠵᠢᠯᠴᠢᠨ ᠤ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠵᠢᠭᠡᠯᠡᠯᠭᠡ ᠶᠢᠨ ᠡᠷᠬᠡ ᠠᠰᠢᠬ ᠢ ᠬᠤᠬᠢᠷᠠᠭᠤᠯᠤᠬᠰᠠᠨ ᠠᠰᠠᠭᠤᠲᠠᠯ ᠢ ᠴᠠᠬ ᠲᠤᠬᠠᠢ ᠳᠤᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠠᠵᠢᠯᠲᠠᠨ ᠠᠵᠢᠯᠴᠢᠨ ᠤ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠵᠢᠭᠡᠯᠡᠯᠭᠡ ᠶᠢ ᠬᠡᠷᠡᠭᠯᠡᠵᠦ ᠤᠷᠤᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠰᠠᠨ᠂ ᠬᠠᠷᠰᠢᠯᠠᠬᠰᠠᠨ᠂ ᠦᠯᠦ ᠵᠦᠪᠰᠢᠶᠡᠷᠡᠭᠰᠡᠨ ᠬᠡᠷ ᠭᠠᠵᠠᠷ ᠤᠨ ᠬᠦᠷᠦᠩᠭᠡ ᠶᠢᠨ ᠠᠵᠦ ᠠᠬᠤᠢᠢᠯᠠᠯ ᠪᠤᠯᠤᠨ ᠪᠤᠷᠤᠯᠠᠭᠤᠯᠭ᠎ᠠ ᠶᠢᠨ ᠵᠠᠭᠤᠴᠢ ᠶᠢᠨ ᠪᠠᠶᠢᠭᠤᠯᠤᠮᠵᠢ ᠶᠢ ᠰᠠᠶᠢᠲᠦᠷ ᠴᠡᠭᠴᠡᠯᠡᠨ ᠵᠠᠰᠠᠬᠤ ᠬᠡᠷᠡᠭᠲᠡᠢ᠃ ᠲᠤᠬᠲᠠᠭᠠᠯ ᠢ ᠵᠦᠷᠢᠴᠡᠭᠰᠡᠨ ᠪᠠᠶᠢᠲᠠᠯ ᠨᠢ ᠬᠦᠨᠲᠦ ᠨᠤᠴᠢᠲᠠᠢ᠂ ᠲᠡᠷᠡᠴᠢᠯᠡᠨ ᠴᠡᠭᠴᠡᠯᠡᠨ ᠵᠠᠰᠠᠬᠤ ᠶᠢ ᠲᠡᠪᠴᠢᠭᠰᠡᠨ ᠢ ᠨᠢ ᠨᠡᠶᠢᠭᠡᠮ ᠨᠡᠶᠢᠲᠡ ᠳᠤ ᠢᠯᠡᠴᠢᠯᠡᠨ ᠵᠠᠷᠯᠠᠬᠤ ᠶᠢᠨ ᠬᠠᠮᠳᠤ ᠠᠵᠦ ᠠᠬᠤᠢᠢᠯᠠᠯ ᠤᠨ ᠢᠲᠡᠭᠡᠮᠵᠢ ᠶᠢᠨ ᠮᠡᠲᠡᠭᠡ ᠵᠠᠩᠬᠢ ᠶᠢᠨ ᠰᠢᠰᠲ᠋ᠧᠮ ᠳᠤ ᠤᠷᠤᠭᠤᠯᠵᠦ᠂ ᠬᠠᠤᠯᠢ ᠶᠤᠰᠤᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ ᠬᠡᠵᠡᠢ᠃     ︵︽ᠲᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠠ︾ ᠠᠴᠠ ᠰᠢᠯᠵᠢᠭᠦᠯᠪᠡ︶
 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号