ᠦᠷ᠎ᠠ ᠭᠡᠤᠭᠡᠳ ᠤᠨ ᠢᠶᠠᠨ ᠨᠠᠷ᠎ᠠ ᠪᠠᠷ ᠭᠡᠷ ᠬᠤᠳᠠᠯᠳᠤᠨ ᠠᠪᠬᠤ ᠳᠤ ᠠᠩᠬᠠᠷᠤᠭᠤᠰᠢᠳᠠᠢ ᠵᠦᠢᠯ ᠤᠳ
ᠨᠡᠶᠢᠲᠡᠯᠡᠭᠰᠡᠨ ᠴᠠᠭ᠄
2019-09-06
   ᠭᠡᠷ ᠪᠠᠶᠢᠰᠢᠩ ᠬᠤᠳᠠᠯᠳᠤᠨ ᠠᠪᠬᠤ ᠦᠶᠠᠰ ᠦᠷ᠎ᠠ ᠭᠡᠤᠭᠡᠳ ᠤᠨ ᠢᠶᠠᠨ ᠨᠠᠷ᠎ᠠ ᠪᠠᠷ ᠲᠠᠩᠰᠠᠯᠠᠭᠤᠯᠵᠤ᠂ ᠦᠷ᠎ᠠ ᠭᠡᠤᠭᠡᠳ ᠤᠨ ᠢᠶᠠᠨ ᠨᠠᠷ᠎ᠠ ᠲᠡᠭᠡᠷ᠎ᠠ ᠭᠡᠷ ᠬᠤᠳᠠᠯᠳᠤᠨ ᠠᠪᠤᠪᠠᠯ ᠭᠡᠤᠭᠡᠳ ᠲᠡᠭᠡᠨ ᠭᠡᠷ ᠢᠶᠠᠨ ᠰᠢᠯᠵᠢᠬᠦᠯᠬᠦ ᠳᠤ ᠭᠠᠶᠢᠯᠢ ᠶᠢᠨ ᠰᠦᠢᠳᠭᠡᠯ ᠢ ᠠᠷᠪᠢᠯᠠᠬᠤ ᠪᠦᠭᠡᠳ ᠭᠡᠤᠭᠡᠳ ᠲᠡᠭᠡᠨ ᠤᠷᠤᠭᠯᠠᠬᠤ ᠠᠴᠠ ᠡᠮᠤᠨᠡᠬᠢ ᠡᠳ᠋ ᠬᠦᠷᠦᠩᠭᠡ ᠶᠢ ᠨᠢ ᠤᠷᠢᠳᠴᠢᠯᠠᠨ ᠪᠠᠯᠠᠳᠭᠡᠵᠤ ᠦᠭᠬᠦ ᠵᠡᠷᠭᠡ ᠰᠠᠶᠢᠠᠳᠠᠢ ᠲᠠᠯ᠎ᠠ ᠪᠤᠢ᠃ ᠭᠡᠪᠡᠴᠤ ᠢᠩᠬᠢᠵᠤ ᠬᠢᠬᠦ ᠨᠢ ᠪᠠᠰᠠ ᠤᠯᠠᠨ ᠲᠦᠭᠰᠢᠬᠦᠷᠢ ᠲᠠᠢ᠃ ᠲᠡᠭᠡᠪᠡᠯ ᠦᠷ᠎ᠠ ᠭᠡᠤᠭᠡᠳ ᠤᠨ ᠢᠶᠠᠨ ᠨᠠᠷ᠎ᠠ ᠲᠡᠭᠡᠷ᠎ᠠ ᠭᠡᠷ ᠬᠤᠳᠠᠯᠳᠤᠵᠤ ᠠᠪᠬᠤ ᠶᠢᠨ ᠰᠠᠶᠢᠠᠳᠠᠢ ᠲᠠᠯ᠎ᠠ ᠪᠠ ᠲᠦᠭᠰᠢᠬᠦᠷᠢ ᠴᠤᠬᠤᠮ ᠶᠠᠭᠤ ᠶᠠᠭᠤ ᠪᠠᠶᠢᠳᠠᠭ ᠪᠤᠯ︖ ᠰᠠᠶᠢᠠᠳᠠᠢ ᠲᠠᠯ᠎ᠠ᠄    1. ᠡᠳ᠋ ᠬᠦᠷᠦᠩᠭᠡ ᠶᠢ ᠰᠢᠯᠵᠢᠬᠦᠯᠦᠨ ᠦᠭᠬᠦ ᠭᠠᠶᠢᠯᠢ ᠠᠴᠠ ᠵᠠᠶᠢᠯᠠᠰᠬᠢᠨ᠎ᠠ᠃ ᠭᠡᠷ ᠪᠠᠶᠢᠰᠢᠩ ᠢᠶᠠᠨ ᠰᠢᠭᠤᠳ ᠦᠷ᠎ᠠ ᠭᠡᠤᠭᠡᠳ ᠤᠨ ᠢᠶᠠᠨ ᠨᠠᠷ᠎ᠠ ᠲᠡᠭᠡᠷ᠎ᠠ ᠭᠠᠷᠭᠠᠪᠠᠯ᠂ ᠬᠤᠵᠢᠮ ᠦᠷ᠎ᠠ ᠭᠡᠤᠭᠡᠳ ᠨᠢ ᠠᠶᠢᠯ ᠭᠡᠷ ᠪᠤᠯᠬᠤ ᠦᠶᠠᠰ ᠭᠡᠷ ᠪᠠᠶᠢᠰᠢᠩ ᠬᠦᠷᠭᠡᠬᠦ ᠪᠠ ᠵᠠᠯᠭᠠᠮᠵᠢᠯᠠᠬᠤ ᠵᠠᠷᠭᠡ ᠶᠢ ᠪᠤᠳᠤᠪᠠᠯ ᠴᠠᠭ ᠲᠤ ᠠᠷᠪᠢᠳᠠᠢ ᠮᠦᠷᠳᠡᠭᠡᠨ ᠭᠠᠶᠢᠯᠢ ᠶᠢᠨ ᠰᠦᠢᠳᠭᠡᠯ ᠢ ᠴᠤ ᠠᠷᠪᠢᠯᠠᠵᠤ ᠲᠠᠶᠢᠯᠤᠨ᠎ᠠ᠃    2. ᠦᠷᠢ ᠰᠢᠷᠢ ᠳᠤ ᠤᠨᠠᠬᠤ ᠲᠦᠭᠰᠢᠬᠦᠷᠢ ᠠᠴᠠ ᠵᠠᠶᠢᠯᠠᠰᠬᠢᠵᠤ ᠲᠠᠶᠢᠯᠤᠨ᠎ᠠ᠃ ᠡᠨᠡ ᠨᠢ ᠠᠷᠠᠯᠵᠢᠶ᠎ᠠ ᠮᠠᠶᠢᠮᠠᠢ ᠬᠢᠵᠤ ᠪᠠᠶᠢᠭ᠎ᠠ ᠭᠡᠷ ᠪᠦᠯᠢ ᠳᠤ ᠠᠪᠴᠤ ᠭᠡᠯᠡᠪᠡᠯ ᠲᠦᠢᠯ ᠤᠨ ᠴᠢᠬᠤᠯᠠ ᠪᠠᠶᠢᠳᠠᠭ᠃ ᠡᠵᠢ ᠠᠪᠤ ᠶᠢᠨ ᠬᠢᠨᠢ ᠨᠠᠷ᠎ᠠ ᠲᠡᠭᠡᠷ᠎ᠠ ᠪᠠᠶᠢᠵᠤ᠂ ᠭᠡᠷᠪᠡ ᠠᠷᠠᠯᠵᠢᠶ᠎ᠠ ᠮᠠᠶᠢᠮᠠᠢ ᠪᠦᠳᠤᠮᠵᠢ ᠦᠭᠡᠢ ᠠᠴᠠ ᠪᠤᠯᠵᠤ ᠦᠷᠢ ᠰᠢᠷᠢ ᠳᠤ ᠲᠠᠷᠤᠭᠳᠠᠪᠠᠯ ᠭᠡᠷ ᠪᠠᠶᠢᠰᠢᠩ ᠨᠢ ᠪᠠᠩᠬᠢ ᠳᠤ ᠪᠠᠷᠢᠴᠠᠭᠠᠯᠠᠭᠳᠠᠵᠤ ᠮᠠᠳᠠᠨ᠎ᠠ᠃ ᠭᠡᠬᠦ ᠳᠤ ᠦᠷ᠎ᠠ ᠭᠡᠤᠭᠡᠳ ᠤᠨ ᠢᠶᠠᠨ ᠨᠠᠷ᠎ᠠ ᠲᠡᠭᠡᠷ᠎ᠠ ᠪᠠᠶᠢᠪᠠᠯ ᠡᠶᠢᠮᠤ ᠤᠴᠢᠷ ᠲᠤ ᠬᠤᠯᠪᠤᠭᠳᠠᠬᠤ ᠦᠭᠡᠢ ᠶᠤᠮ᠃ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠤᠭᠳᠠᠭᠠᠯ ᠢ ᠦᠨᠳᠤᠰᠤᠯᠠᠪᠠᠯ᠂ ᠠᠪᠴᠠᠭᠠᠨ ᠤ ᠬᠦᠮᠦᠨ ᠨᠠᠰᠤ ᠪᠠᠷᠠᠪᠠᠯ ᠲᠠᠬᠦᠨ ᠤ ᠨᠠᠷ᠎ᠠ ᠲᠡᠭᠡᠷ᠎ᠠ ᠪᠠᠨ ᠬᠤᠪᠢ ᠪᠠᠷ ᠢᠶᠠᠨ ᠦᠷᠢ ᠦᠭᠴᠡᠭᠡ ᠲᠠᠢ ᠪᠤᠯ ᠲᠠᠬᠦᠨ ᠤ ᠡᠷ᠎ᠠ ︵ᠡᠮ᠎ᠠ︶ ᠪᠠ ᠭᠡᠤᠭᠡᠳ ᠨᠢ ᠦᠷᠢ ᠶᠢ ᠨᠢ ᠪᠤᠴᠠᠭᠠᠬᠤ ᠬᠠᠷᠢᠭᠤᠴᠠᠯᠭ᠎ᠠ ᠶᠢ ᠡᠬᠦᠷᠭᠡᠯᠡᠬᠦ ᠦᠭᠡᠢ︔ ᠭᠡᠷᠪᠡ ᠡᠷ᠎ᠠ ᠡᠮ᠎ᠠ ᠬᠤᠶᠠᠭᠤᠯᠠ ᠶᠢᠨ ᠬᠠᠮᠳᠤ ᠶᠢᠨ ᠦᠭᠴᠡᠭᠡ ᠪᠤᠯ ᠤᠷᠤᠭᠯᠠᠭᠰᠠᠨ ᠨᠦᠬᠦᠷ ᠨᠢ ᠦᠷᠬᠦᠯᠵᠢᠯᠠᠨ ᠪᠤᠴᠠᠭᠠᠬᠤ ᠬᠠᠷᠢᠭᠤᠴᠠᠯᠭ᠎ᠠ ᠶᠢ ᠡᠬᠦᠷᠭᠡᠯᠡᠨ᠎ᠠ᠃ ᠦᠷ᠎ᠠ ᠭᠡᠤᠭᠡᠳ ᠨᠢ ᠪᠤᠴᠠᠭᠠᠬᠤ ᠬᠠᠷᠢᠭᠤᠴᠠᠯᠭ᠎ᠠ ᠡᠬᠦᠷᠭᠡᠯᠡᠬᠦ ᠦᠭᠡᠢ ᠶᠤᠮ᠃ ᠡᠶᠢᠮᠤ ᠠᠴᠠ ᠡᠵᠢ ᠠᠪᠤ ᠨᠢ ᠦᠷᠢ ᠦᠭᠴᠡᠭᠡ ᠠᠴᠠ ᠪᠤᠯᠵᠤ ᠭᠡᠤᠭᠡᠳ ᠤᠨ ᠬᠢᠨᠢ ᠭᠡᠷ ᠢ ᠪᠠᠶᠢᠴᠠᠭᠠᠨ ᠪᠢᠳᠠᠬᠦᠮᠵᠢᠯᠠᠬᠦ ᠦᠭᠡᠢ᠃    3. ᠡᠶᠢᠮᠤᠷᠬᠦ ᠪᠠᠶᠢᠳᠠᠯ ᠨᠢ ᠤᠷᠤᠭᠯᠠᠬᠤ ᠠᠴᠠ ᠡᠮᠤᠨᠡᠬᠢ ᠡᠳ᠋ ᠬᠦᠷᠦᠩᠭᠡ ᠪᠤᠯᠬᠤᠷ ᠤᠷᠤᠭ ᠰᠠᠯᠬᠤ ᠮᠠᠳᠤ ᠶᠢᠨ ᠪᠠᠶᠢᠳᠠᠯ ᠭᠠᠷᠪᠠᠯ ᠨᠦᠬᠦᠭᠡ ᠡᠳᠡᠭᠡᠳ ᠨᠢ ᠡᠳ᠋ ᠬᠦᠷᠦᠩᠭᠡ ᠶᠢ ᠨᠢ ᠬᠤᠪᠢᠶᠠᠯᠴᠠᠬᠤ ᠠᠴᠠ ᠵᠠᠶᠢᠯᠠᠰᠬᠢᠵᠤ ᠴᠢᠳᠠᠨ᠎ᠠ᠃ ᠲᠦᠭᠰᠢᠬᠦᠷᠢ ᠲᠠᠢ ᠲᠠᠯ᠎ᠠ᠄    (1) ᠦᠷ᠎ᠠ ᠭᠡᠤᠭᠡᠳ ᠨᠢ ᠨᠠᠰᠤᠨ ᠳᠤ ᠦᠯᠤ ᠬᠦᠷᠦᠭᠰᠡᠳ ᠪᠤᠯ᠂ ᠭᠡᠷ ᠪᠠᠶᠢᠰᠢᠩ ᠬᠤᠳᠠᠯᠳᠤᠨ ᠠᠪᠬᠤ ᠦᠶᠠᠰ ᠪᠠᠩᠬᠢ ᠠᠴᠠ ᠵᠢᠭᠡᠯᠡᠯᠭᠡ ᠠᠪᠴᠤ ᠲᠠᠶᠢᠯᠬᠦ ᠦᠭᠡᠢ ᠶᠤᠮ᠃ ᠡᠶᠢᠮᠤ ᠪᠠᠶᠢᠳᠠᠯ ᠲᠤᠤᠷ᠎ᠠ ᠭᠡᠷ ᠪᠠᠶᠢᠰᠢᠩ ᠬᠤᠳᠠᠯᠳᠤᠨ ᠠᠪᠬᠤ ᠭᠡᠷ᠎ᠠ ᠬᠢᠬᠦ ᠦᠶᠠᠰ᠂ ᠪᠠᠩᠬᠢ ᠠᠴᠠ ᠵᠢᠭᠡᠯᠡᠯᠭᠡ ᠵᠢᠭᠡᠯᠡᠵᠤ ᠪᠤᠯᠬᠤ ᠦᠭᠡᠢ᠂ ᠵᠦᠪᠭᠡᠨ ᠨᠢᠭᠡᠯᠡ ᠲᠠᠭᠡᠷ᠎ᠠ ᠪᠦᠬᠦ ᠵᠤᠭᠤᠰ ᠢᠶᠠᠨ ᠲᠤᠰᠢᠶᠠᠬᠤ ᠴᠢᠬᠤᠯᠠᠳᠠᠢ᠃    (2) ᠨᠠᠰᠤᠨ ᠳᠤ ᠦᠯᠦ ᠬᠦᠷᠦᠭᠰᠡᠳ ᠤᠨ ᠨᠠᠷ᠎ᠠ ᠲᠡᠭᠡᠷᠡᠭᠢ ᠭᠡᠷ ᠪᠠᠶᠢᠰᠢᠩ ᠢ ᠭᠡᠷ ᠤᠨ ᠠᠬᠠᠮᠠᠠᠳ ᠨᠢ ᠲᠤᠷ᠎ᠠ ᠪᠠᠷ ᠰᠢᠢᠳᠪᠤᠷᠢᠯᠠᠵᠤ ᠪᠤᠯᠬᠤ ᠦᠭᠡᠢ᠃ ᠤᠯᠤᠰ ᠠᠴᠠ ᠨᠠᠰᠤᠨ ᠳᠤ ᠦᠯᠦ ᠬᠦᠷᠦᠭᠰᠡᠳ ᠤᠨ ᠡᠳ᠋ ᠬᠦᠷᠦᠩᠭᠡ ᠶᠢ ᠬᠠᠮᠠᠭᠠᠯᠠᠬᠤ ᠲᠤᠬᠠᠢ ᠲᠦᠢᠯ ᠤᠨ ᠴᠢᠩᠭ᠎ᠠ ᠲᠤᠭᠳᠠᠭᠠᠯ ᠲᠠᠢ ᠪᠠᠶᠢᠵᠤ᠂ ᠭᠡᠷ ᠪᠠᠶᠢᠰᠢᠩ ᠢᠶᠠᠨ ᠦᠭᠡᠷ᠎ᠠ ᠬᠦᠮᠦᠨ ᠤ ᠨᠠᠷ᠎ᠠ ᠲᠡᠭᠡᠷ᠎ᠠ ᠰᠢᠯᠵᠢᠬᠦᠯᠬᠦ ᠳᠤ ᠬᠦᠴᠢᠷᠳᠠᠢ ᠪᠠᠶᠢᠳᠠᠭ᠃ ᠬᠢᠨᠠᠨ ᠬᠠᠮᠠᠭᠠᠯᠠᠭᠴᠢ ᠨᠢ ᠵᠦᠪᠭᠡᠨ ᠨᠠᠰᠤᠨ ᠳᠤ ᠦᠯᠦ ᠬᠦᠷᠦᠭᠰᠡᠳ ᠤᠨ ᠠᠰᠢᠭ ᠲᠤᠰᠠ ᠶᠢᠨ ᠲᠦᠯᠦᠭᠡ ᠭᠡᠷ ᠪᠠᠶᠢᠰᠢᠩ ᠢ ᠨᠢ ᠬᠤᠳᠠᠯᠳᠤᠬᠤ ᠲᠤᠳᠤᠷᠬᠠᠢᠢᠯᠠᠯᠳᠠ ᠶᠢᠨ ᠪᠢᠴᠢᠭ ᠪᠢᠴᠢᠬᠦ ᠭᠡᠷᠡᠭᠳᠠᠢ ᠮᠦᠷᠳᠡᠭᠡᠨ ᠬᠢᠨᠠᠨ ᠬᠠᠮᠠᠭᠠᠯᠠᠭᠴᠢ ᠠᠴᠠ ᠭᠠᠷ ᠤᠨ ᠦᠰᠦᠭ ᠵᠢᠷᠤᠬᠤ ᠮᠦᠷᠳᠡᠭᠡᠨ ᠬᠢᠨᠠᠨ ᠬᠠᠮᠠᠭᠠᠯᠠᠭᠴᠢ ᠶᠢᠨ ᠬᠢᠷᠢ ᠭᠡᠮ ᠤᠨ ᠭᠡᠷᠡᠴᠢ ᠶᠢ ᠬᠠᠩᠭᠠᠭᠰᠠᠨ ᠪᠠᠶᠢᠪᠠᠯ ᠰᠠᠶ᠋ᠢ ᠨᠠᠰᠤᠨ ᠳᠤ ᠦᠯᠦ ᠬᠦᠷᠦᠭᠰᠡᠳ ᠤᠨ ᠨᠠᠷ᠎ᠠ ᠲᠡᠭᠡᠷᠡᠬᠢ ᠭᠡᠷ ᠪᠠᠶᠢᠰᠢᠩ ᠢ ᠬᠤᠳᠠᠯᠳᠤᠵᠤ ᠪᠤᠯᠤᠨ᠎ᠠ᠃    (3) ᠦᠷ᠎ᠠ ᠭᠡᠤᠭᠡᠳ ᠨᠢ ᠭᠡᠷ ᠪᠠᠶᠢᠰᠢᠩ ᠢᠶᠠᠨ ᠬᠤᠳᠠᠯᠳᠤᠭᠠᠯᠠᠬᠤ ᠵᠠᠷᠭᠡ ᠪᠠᠶᠢᠳᠠᠯ ᠳᠤ ᠡᠵᠢ ᠠᠪᠤ ᠨᠢ ᠬᠠᠤᠯᠢ ᠴᠠᠭᠠᠵᠠ ᠶᠢᠨ ᠲᠠᠯ᠎ᠠ ᠪᠠᠷ ᠬᠤᠷᠢᠭᠯᠠᠬᠤ ᠡᠷᠭᠡ ᠦᠭᠡᠢ ᠶᠤᠮ᠃ ᠭᠡᠷ ᠪᠠᠶᠢᠰᠢᠩ ᠬᠤᠳᠠᠯᠳᠤᠨ ᠠᠪᠬᠤ ᠦᠶ᠎ᠠ ᠳᠤ ᠭᠡᠳᠦ᠋ᠢᠪᠠᠷ ᠡᠵᠢ ᠠᠪᠤ ᠨᠢ ᠵᠤᠭᠤᠰ ᠭᠠᠷᠭᠠᠵᠤ ᠠᠪᠴᠤ ᠦᠭᠬᠦᠭᠰᠡᠨ ᠪᠤᠯᠪᠠᠴᠤ᠂ ᠭᠡᠤᠭᠡᠳ ᠨᠢ ᠨᠠᠰᠤᠨ ᠳᠤ ᠬᠦᠷᠦᠭᠰᠡᠨ ᠠᠴᠠ ᠰᠠᠬᠦᠯᠠᠷ ᠢᠷᠭᠡᠨ ᠤ ᠡᠷᠭᠡ ᠲᠠᠢ ᠪᠤᠯᠤᠭᠰᠠᠨ ᠤᠴᠢᠷ ᠠᠴᠠ ᠭᠠᠭᠴᠠᠬᠦ ᠦᠷ᠎ᠠ ᠭᠡᠤᠭᠡᠳ ᠨᠢ ᠡᠨᠡᠬᠦ ᠭᠡᠷ ᠢ ᠰᠢᠢᠳᠪᠤᠷᠢᠯᠠᠬᠦ ᠡᠷᠭᠡ ᠲᠠᠢ᠃ ᠭᠡᠷᠪᠡ ᠦᠷ᠎ᠠ ᠭᠡᠤᠭᠡᠳ ᠨᠢ ᠨᠠᠰᠤᠨ ᠳᠤ ᠬᠦᠷᠦᠭᠰᠡᠨ ᠤ ᠲᠠᠷᠠᠭ᠎ᠠ ᠠᠰᠠᠷᠠᠨ ᠬᠠᠷᠠᠭᠠᠯᠵᠠᠬᠤ ᠡᠬᠦᠷᠭᠡ ᠪᠠᠨ ᠪᠠᠶᠠᠯᠠᠬᠦᠯᠬᠦ ᠦᠭᠡᠢ ᠦᠶᠠᠰ᠂ ᠡᠵᠢ ᠠᠪᠤ ᠨᠢ ᠭᠡᠷ ᠪᠠᠶᠢᠰᠢᠩ ᠢᠶᠠᠨ ᠬᠤᠷᠢᠶᠠᠨ ᠠᠪᠬᠤ ᠳᠤ ᠬᠠᠤᠯᠢ ᠴᠠᠭᠠᠵᠠ ᠶᠢᠨ ᠬᠢᠵᠠᠭᠠᠷᠯᠠᠯ ᠳᠤ ᠲᠤᠯᠭᠠᠷᠠᠵᠤ ᠮᠠᠳᠠᠨ᠎ᠠ᠃    (4) ᠡᠵᠢ ᠠᠪᠤ ᠨᠢ ᠤᠷᠤᠭ ᠰᠠᠯᠪᠠᠯ ᠲᠤᠰ ᠭᠡᠷ ᠪᠠᠶᠢᠰᠢᠩ ᠤᠨ ᠬᠤᠪᠢᠶᠠᠷᠢᠯᠠᠯᠳᠠ ᠳᠤ ᠰᠠᠭᠠᠳ ᠲᠠᠢ᠃ ᠭᠡᠷ ᠪᠠᠶᠢᠰᠢᠩ ᠢ ᠦᠷ᠎ᠠ ᠭᠡᠤᠭᠡᠳ ᠤᠨ ᠢᠶᠠᠨ ᠨᠠᠷ᠎ᠠ ᠲᠡᠭᠡᠷ᠎ᠠ ᠲᠠᠩᠰᠠᠯᠠᠭᠤᠯᠪᠠᠯ᠂ ᠡᠨᠡᠬᠦ ᠭᠡᠷ ᠪᠠᠶᠢᠰᠢᠩ ᠨᠢ ᠭᠡᠤᠭᠡᠳ ᠲᠡᠭᠡᠨ ᠪᠡᠯᠡᠭᠯᠡᠨ ᠬᠦᠷᠭᠡᠭᠰᠡᠨ ᠤᠴᠢᠷ ᠪᠤᠯᠤᠨ᠎ᠠ᠃ ᠭᠡᠷᠪᠡ ᠡᠵᠢ ᠠᠪᠤ ᠨᠢ ᠤᠷᠤᠭ ᠰᠠᠯᠪᠠᠯ᠂ ᠲᠤᠰ ᠭᠡᠷ ᠪᠠᠶᠢᠰᠢᠩ ᠭᠡᠨ ᠳᠤ ᠬᠠᠷᠢᠶᠠᠯᠠᠭᠳᠠᠬᠤ ᠲᠤᠬᠠᠢ ᠰᠠᠭᠠᠳ ᠤᠯᠠᠨ ᠪᠤᠢ᠂ ᠭᠡᠤᠭᠡᠳ ᠢᠶᠠᠨ ᠠᠰᠠᠷᠠᠨ ᠲᠠᠵᠢᠭᠡᠬᠦ ᠦᠭᠡᠢ ᠡᠵᠢ ᠪᠤᠶᠤ ᠠᠪᠤ ᠶᠢᠨ ᠨᠢᠭᠡ ᠲᠠᠯ᠎ᠠ ᠶᠢᠨ ᠡᠷᠭᠡ ᠠᠰᠢᠭ ᠢ ᠢ ᠨᠦᠯᠦᠭᠡᠯᠡᠵᠤ ᠮᠠᠳᠠᠨ᠎ᠠ᠃    (5) ᠦᠷ᠎ᠠ ᠭᠡᠤᠭᠡᠳ ᠨᠢ ᠦᠭᠡᠷ᠎ᠠ ᠪᠤᠰᠤᠳ ᠭᠡᠷ ᠪᠠᠶᠢᠰᠢᠩ ᠬᠤᠳᠠᠯᠳᠤᠨ ᠠᠪᠬᠤ ᠦᠶ᠎ᠠ ᠳᠤ ᠲᠦᠷᠦᠬᠦᠤ ᠭᠡᠷ ᠪᠠᠶᠢᠰᠢᠩ ᠬᠤᠳᠠᠯᠳᠤᠨ ᠠᠪᠬᠤ ᠬᠠᠷᠠᠭᠠᠯᠵᠠᠯ ᠢ ᠬᠦᠷᠳᠡᠬᠦ ᠦᠭᠡᠢ ᠶᠤᠮ᠃ ᠤᠳᠤᠬᠠᠨ ᠪᠤᠯᠳᠠᠯ᠎ᠠ ᠲᠦᠷᠦᠬᠦᠤ ᠭᠡᠷ ᠪᠠᠶᠢᠰᠢᠩ ᠢ ᠮᠠᠭᠠᠳᠯᠠᠨ ᠲᠤᠭᠳᠠᠭᠠᠬᠤ ᠪᠠᠷᠢᠮᠵᠢᠶ᠎ᠠ ᠶᠢ ᠨᠡᠷ᠎ᠠ ᠲᠡᠭᠡᠷ᠎ᠠ ᠨᠢ ᠭᠡᠷ ᠪᠠᠶᠢᠰᠢᠩ ᠪᠠᠶᠢᠬᠤ ᠡᠰᠡᠬᠦ ᠪᠠᠷ ᠲᠤᠭᠳᠠᠭᠠᠳᠠᠭ᠃ ᠭᠡᠷᠪᠡ ᠦᠷ᠎ᠠ ᠭᠡᠤᠭᠡᠳ ᠤᠨ ᠬᠢᠨᠢ ᠨᠠᠷ᠎ᠠ ᠲᠡᠭᠡᠷ᠎ᠠ ᠠᠪᠤᠭᠰᠠᠨ ᠭᠡᠷ ᠪᠠᠶᠢᠰᠢᠩ ᠪᠠᠶᠢᠪᠠᠯ᠂ ᠲᠠᠬᠢᠨ ᠭᠡᠷ ᠪᠠᠶᠢᠰᠢᠩ ᠠᠪᠬᠤ ᠦᠶᠠᠰ ᠲᠦᠷᠦᠬᠦᠤ ᠭᠡᠷ ᠪᠠᠶᠢᠰᠢᠩ ᠬᠤᠳᠠᠯᠳᠤᠨ ᠠᠪᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠦᠷᠳᠡᠬᠦ ᠦᠭᠡᠢ᠂ ᠵᠠᠷᠢᠮ ᠭᠡᠷ ᠪᠠᠶᠢᠰᠢᠩ ᠠᠪᠬᠤ ᠬᠢᠵᠠᠭᠠᠷᠯᠠᠯ ᠲᠠᠢ ᠬᠤᠳᠠ ᠳᠤ ᠭᠡᠤᠭᠡᠳ ᠤᠨ ᠭᠡᠷ ᠠᠪᠬᠤ ᠬᠢᠷᠢ ᠭᠡᠮᠵᠢᠶ᠎ᠠ ᠪᠠ ᠨᠦᠬᠦᠴᠡᠯ ᠢ ᠴᠤ ᠨᠦᠯᠦᠭᠡᠯᠡᠵᠤ ᠮᠠᠳᠠᠨ᠎ᠠ︔    (6) ᠦᠷ᠎ᠠ ᠭᠡᠤᠭᠡᠳ ᠨᠢ ᠤᠷᠤᠭᠯᠠᠭᠰᠠᠨ ᠤ ᠲᠠᠷᠠᠭ᠎ᠠ᠂ ᠬᠤᠶᠠᠳᠤᠭᠠᠷ ᠭᠡᠷ ᠬᠤᠳᠠᠯᠳᠤᠨ ᠠᠪᠬᠤ ᠦᠶ᠎ᠠ ᠳᠤ ᠭᠡᠷ ᠬᠦᠷᠦᠩᠭᠡ ᠶᠢᠨ ᠭᠠᠶᠢᠯᠢ ᠲᠤᠰᠢᠶᠠᠨ᠎ᠠ᠃ ᠦᠷ᠎ᠠ ᠭᠡᠤᠭᠡᠳ ᠨᠢ ᠨᠠᠰᠤᠨ ᠳᠤ ᠬᠦᠷᠦᠭᠰᠡᠨ ᠤ ᠲᠠᠷᠠᠭ᠎ᠠ ᠦᠪᠡᠷ ᠤᠨ ᠨᠠᠷ᠎ᠠ ᠲᠡᠭᠡᠷ᠎ᠠ ᠪᠠᠨ ᠲᠦᠷᠦᠬᠦᠤ ᠭᠡᠷ ᠪᠠᠶᠢᠰᠢᠩ ᠢᠶᠠᠨ ᠬᠤᠳᠠᠯᠳᠤᠨ ᠠᠪᠬᠤ ᠦᠶ᠎ᠠ ᠳᠤ᠂ ᠭᠡᠷ ᠪᠠᠶᠢᠰᠢᠩ ᠤᠨ ᠶᠡᠭᠡ ᠪᠠᠭ᠎ᠠ ᠶᠢᠨ ᠬᠢᠵᠠᠭᠠᠷᠯᠠᠯ ᠦᠭᠡᠢ ᠪᠠᠷ ᠭᠡᠷ ᠬᠦᠷᠦᠩᠭᠡ ᠶᠢᠨ ᠭᠠᠶᠢᠯᠢ ᠲᠤᠰᠢᠶᠠᠬᠤ ᠴᠢᠬᠤᠯᠠ ᠦᠭᠡᠢ ᠪᠠᠶᠢᠳᠠᠭ᠃ ᠭᠡᠷᠪᠡ ᠬᠤᠶᠠᠳᠡᠬᠢ ᠭᠡᠷ ᠪᠠᠶᠢᠰᠢᠩ ᠬᠤᠳᠠᠯᠳᠤᠵᠤ ᠠᠪᠤᠭᠰᠠᠨ ᠪᠦᠭᠡᠳ ᠲᠠᠯᠠᠪᠠᠢ ᠨᠢ 120 ᠲᠡᠭᠰᠢ ᠲᠦᠷᠪᠡᠯᠵᠢᠨ ᠮᠧᠲᠷ ᠠᠴᠠ ᠭᠡᠳᠤᠷᠡᠭᠰᠡᠨ ᠪᠠᠶᠢᠪᠠᠯ ᠭᠡᠳᠤᠷᠡᠭᠰᠡᠨ ᠭᠡᠰᠡᠭ ᠢᠶᠠᠷ ᠢᠶᠠᠨ ᠭᠡᠷ ᠬᠦᠷᠦᠩᠭᠡ ᠶᠢᠨ ᠭᠠᠶᠢᠯᠢ ᠲᠤᠰᠢᠶᠠᠬᠤ ᠭᠡᠷᠡᠭᠳᠠᠢ᠃    (7) ᠦᠷ᠎ᠠ ᠭᠡᠤᠭᠡᠳ ᠨᠢ ᠤᠷᠤᠭᠯᠠᠭᠰᠠᠨ ᠤ ᠲᠠᠷᠠᠭ᠎ᠠ ᠡ᠊ᠨᠳᠡᠯ ᠠᠴᠠ ᠪᠤᠯᠵᠤ ᠨᠠᠰᠤ ᠪᠠᠷᠠᠪᠠᠯ᠂ ᠭᠡᠷ ᠤᠨ ᠬᠦᠮᠦᠨ ᠨᠢ ᠤᠷᠤᠭᠯᠠᠬᠤ ᠠᠴᠠ ᠡᠮᠤᠨᠡᠬᠢ ᠡᠳ᠋ ᠬᠦᠷᠦᠩᠭᠡ ᠶᠢ ᠨᠢ ᠵᠠᠯᠭᠠᠮᠵᠢᠯᠠᠬᠤ ᠡᠷᠭᠡ ᠲᠠᠢ᠃ ᠠᠪᠤ ᠡᠵᠢ ᠪᠠ ᠨᠠᠰᠤᠨ ᠳᠤ ᠬᠦᠷᠦᠭᠡᠳᠤᠢ ᠭᠡᠤᠭᠡᠳ ᠤᠨ ᠬᠢᠨᠢ ᠰᠠᠭᠤᠵᠤ ᠪᠠᠶᠢᠭᠰᠠᠨ ᠭᠡᠷ ᠪᠠᠶᠢᠰᠢᠩ ᠨᠢ ᠭᠡᠳᠦ᠋ᠢᠪᠡᠷ ᠲᠠᠳᠠᠨ ᠤ ᠬᠠᠮᠳᠤ ᠶᠢᠨ ᠡᠳ᠋ ᠬᠦᠷᠦᠩᠭᠡ ᠪᠤᠯᠬᠤ ᠪᠤᠯᠪᠠᠴᠤ ᠦᠷ᠎ᠠ ᠭᠡᠤᠭᠡᠳ ᠲᠤᠨᠢ ᠰᠠᠨᠠᠭᠠᠨ ᠳᠤ ᠦᠭᠡᠢ ᠤᠴᠢᠷ ᠲᠠᠭᠠᠷᠠᠪᠠᠯ᠂ ᠦᠷ᠎ᠠ ᠭᠡᠤᠭᠡᠳ ᠤᠨ ᠬᠢᠨᠢ ᠨᠠᠷ᠎ᠠ ᠲᠡᠭᠡᠷᠡᠬᠢ ᠭᠡᠷ ᠪᠠᠶᠢᠰᠢᠩ ᠨᠢ ᠦᠪ ᠬᠦᠷᠦᠩᠭᠡ ᠪᠠᠷ ᠬᠤᠪᠢᠶᠠᠷᠢᠯᠠᠭᠳᠠᠬᠤ ᠪᠠ ᠵᠠᠯᠭᠠᠮᠵᠢᠯᠠᠭᠳᠠᠬᠤ ᠪᠤᠯᠤᠨ᠎ᠠ᠃            ︵︽ᠦᠪᠤᠷ ᠮᠤᠩᠭᠤᠯ ᠤᠨ ᠠᠮᠢᠳᠤᠷᠠᠯ ᠭᠠᠷᠠᠭ ᠤᠨ ᠰᠤᠨᠢᠨ︾ ᠠᠴᠠ︶
 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号