ᠢᠯᠡᠯᠲᠠ ᠭᠤᠤᠯ ᠪᠠᠭ᠎ᠠ ᠰᠤᠷᠭᠠᠭᠤᠯᠢ ᠤᠨᠴᠠ ᠠᠵᠢᠯ ᠤᠨ ᠪᠠᠶᠢᠷᠢ ᠶᠢᠨ ᠪᠠᠭᠰᠢ ᠨᠤᠮ ᠤᠡᠭᠰᠢᠬᠤ ᠰᠤᠷᠤᠯᠴᠠᠬᠤ ᠰᠤᠯᠢᠯᠴᠠᠬᠤ ᠠᠵᠢᠯᠯᠠᠭᠠᠨ ᠦᠷᠨᠢᠬᠦᠯᠪᠡ
ᠨᠡᠶᠢᠲᠡᠯᠡᠭᠰᠡᠨ ᠴᠠᠭ᠄
2020/10/23
      ᠪᠠᠭᠰᠢ ᠰᠤᠷᠤᠬᠴᠢᠳ ᠤᠨ ᠨᠤᠮ ᠤᠡᠭᠰᠢᠬᠤ ᠤᠷᠮ᠎ᠠ ᠪᠠᠬ᠎ᠠ ᠶᠢ ᠬᠦᠭᠵᠢᠭᠡᠵᠦ᠂ ᠪᠠᠭᠰᠢ ᠨᠠᠷ ᠲᠤ ᠨᠤᠮ ᠤᠡᠭᠰᠢᠬᠤ ᠶᠢᠨ ᠴᠢᠬᠤᠯᠠ ᠴᠢᠨᠠᠷ ᠢ ᠤᠢᠢᠯᠠᠭᠠᠭᠤᠯᠬᠤ ᠪᠠᠷ 10 ᠰᠠᠷ᠎ᠠ ᠶᠢᠨ 13 ᠤ ᠡᠳᠦᠷ᠂ ᠤᠯᠠᠭᠠᠨᠬᠤᠲᠠ ᠶᠢᠨ ᠢᠯᠡᠯᠲᠠ ᠭᠤᠤᠯ ᠪᠠᠭ᠎ᠠ ᠰᠤᠷᠭᠠᠭᠤᠯᠢ ᠤᠨᠴᠠ ᠠᠵᠢᠯ ᠤᠨ ᠪᠠᠶᠢᠷᠢ ᠶᠢᠨ ᠪᠠᠭᠰᠢ ᠨᠤᠮ ᠤᠡᠭᠰᠢᠬᠤ ᠰᠤᠷᠤᠯᠴᠠᠬᠤ ᠰᠤᠯᠢᠯᠴᠠᠬᠤ ᠠᠵᠢᠯᠯᠠᠭᠠᠨ ᠦᠷᠨᠢᠬᠦᠯᠪᠡ᠃       ᠪᠦᠬᠦ ᠰᠤᠷᠭᠠᠭᠤᠯᠢ ᠶᠢᠨ ᠪᠠᠭᠰᠢ ᠨᠠᠷ ᠲᠤᠰ ᠤᠳᠠᠭᠠᠨ ᠤ ᠠᠵᠢᠯᠯᠠᠭᠠᠨ ᠳᠤ ᠢᠳᠡᠪᠬᠢᠯᠡᠨ ᠤᠷᠤᠯᠴᠠᠬᠰᠠᠨ ᠪᠦᠭᠡᠳ ᠤᠨᠴᠠ ᠠᠵᠢᠯ ᠤᠨ ᠪᠠᠶᠢᠷᠢ ᠶᠢᠨ ᠪᠠᠭᠰᠢ ᠨᠠᠷ ᠦᠪᠡᠷ ᠦᠪᠡᠷ ᠤᠨ ᠨᠤᠮ ᠤᠡᠭᠰᠢᠬᠰᠠᠨ ᠲᠦᠷᠦᠭᠳᠡᠯ ᠢᠶᠠᠨ ᠰᠤᠯᠢᠯᠴᠠᠵᠦ᠂ ᠬᠢᠴᠢᠶᠡᠯ ᠤᠨ ᠲᠠᠩᠬᠢᠮ ᠲᠡᠭᠡᠷ᠎ᠠ ᠰᠤᠷᠤᠬᠴᠢᠳ ᠲᠠᠢ ᠪᠠᠨ ᠬᠡᠷᠭᠢᠨ ᠬᠦᠳᠡᠯᠦᠯᠴᠡᠵᠦ ᠪᠠᠶᠢᠭ᠎ᠠ᠂ ᠵᠢᠭᠠᠨ ᠰᠤᠷᠭᠠᠯᠲᠠ ᠶᠢᠨ ᠶᠠᠪᠤᠴᠠ ᠳᠤ ᠪᠠᠨ ᠦᠪᠡᠷ ᠢ ᠪᠠᠨ ᠬᠡᠷᠬᠢᠨ ᠤᠢᠢᠯᠡᠳᠦᠯᠭᠡᠵᠢᠭᠦᠯᠵᠦ ᠪᠠᠶᠢᠬᠤ᠂ ᠶᠠᠮᠠᠷ ᠠᠷᠭ᠎ᠠ ᠪᠠᠷ ᠰᠤᠷᠤᠬᠴᠢᠳ ᠢᠶᠠᠨ ᠨᠡᠩ ᠰᠠᠶᠢᠨ ᠰᠤᠷᠭᠠᠵᠦ ᠪᠠᠶᠢᠬᠤ ᠵᠢᠴᠢ ᠭᠡᠷ ᠤᠨ ᠠᠬᠠᠮᠡᠳ ᠲᠠᠢ ᠬᠡᠷᠬᠢᠨ ᠨᠢᠬᠳᠠ ᠬᠠᠷᠢᠯᠴᠠᠵᠦ ᠪᠠᠶᠢᠬᠤ ᠬᠢᠳᠠᠯ ᠲᠤᠷᠰᠢᠯᠭ᠎ᠠ ᠪᠠᠨ ᠠᠮᠵᠢᠯᠳᠠᠳᠠᠢ ᠰᠤᠯᠢᠯᠴᠠᠪᠠ᠃       ᠰᠤᠷᠭᠠᠭᠤᠯᠢ ᠶᠢᠨ ᠵᠠᠬᠢᠷᠦᠯ ᠨᠢ ᠳ᠋ᠦᠡᠭᠨᠡᠯᠲᠠ ᠶᠢᠨ ᠬᠡᠯᠪᠡᠷᠢ ᠪᠠᠷ ᠲᠤᠰ ᠤᠳᠠᠭᠠᠨ ᠤ ᠠᠵᠢᠯᠯᠠᠭᠠᠨ ᠤ ᠲᠤᠬᠠᠢ ᠶᠠᠷᠢᠬᠤ ᠶᠢᠨ ᠬᠠᠮᠲᠦ ᠰᠢᠨ᠎ᠠ ᠠᠵᠢᠯ ᠤᠨ ᠪᠠᠶᠢᠷᠢᠨ ᠳᠤ ᠭᠠᠷᠦᠬᠰᠠᠨ ᠪᠠᠭᠰᠢ ᠨᠠᠷ ᠨᠡᠩ ᠢᠯᠡᠭᠦᠦ ᠭᠠᠪᠰᠢᠭᠠᠢᠢᠯᠡᠨ ᠠᠵᠢᠯᠯᠠᠵᠦ᠂ ᠦᠪᠡᠷ ᠤᠨ ᠲᠤᠬᠠᠢᠢᠯᠠᠬᠰᠠᠨ ᠠᠵᠢᠯ ᠤᠨ ᠬᠡᠪ ᠴᠢᠨᠠᠷ ᠢᠶᠠᠨ ᠤᠯᠠᠮ ᠢᠯᠡᠭᠦᠦ ᠳᠡᠭᠡᠭᠰᠢᠯᠡᠭᠦᠯᠵᠦ᠂ ᠨᠤᠮ ᠤᠡᠭᠰᠢᠬᠤ ᠪᠠᠷ ᠲᠠᠮᠵᠢᠨ ᠰᠤᠷᠤᠬᠰᠠᠨ ᠮᠡᠳᠡᠯᠭᠡ ᠪᠠᠨ ᠬᠢᠴᠢᠶᠡᠯ ᠵᠢᠭᠠᠬᠤ ᠶᠠᠪᠤᠴᠠ ᠳᠤ ᠪᠠᠨ ᠤᠢᠢᠯᠡᠳᠦᠯᠭᠡᠵᠢᠬᠦᠯᠵᠦ᠂ ᠨᠡᠩ ᠰᠠᠶᠢᠨ ᠬᠢᠷᠢ ᠪᠦᠲᠦᠮᠵᠢ ᠤᠯᠬᠤ ᠲᠤᠬᠠᠢ ᠵᠤᠷᠢᠬᠵᠢᠭᠤᠯᠵᠠᠢ᠃        ᠦᠢᠯᠠᠭᠠᠬᠰᠠᠨ ᠢᠶᠠᠷ᠂ ᠤᠯᠠᠭᠠᠨᠬᠤᠳᠠ ᠶᠢᠨ ᠢᠯᠠᠯᠳᠠ ᠭᠤᠤᠯ ᠪᠠᠭ᠎ᠠ ᠰᠤᠷᠭᠠᠭᠤᠯᠢ 2015 ᠤᠨ ᠠᠴᠠ ᠡᠬᠢᠯᠡᠨ ᠰᠠᠷ᠎ᠠ ᠪᠦᠷᠢ ᠨᠢᠭᠡ ᠤᠳᠠᠭ᠎ᠠ ᠪᠠᠭᠰᠢ ᠨᠡᠷ ᠤᠨ ᠨᠤᠮ ᠤᠡᠭᠰᠢᠬᠤ ᠰᠤᠷᠤᠯᠴᠠᠬᠤ ᠰᠤᠯᠢᠯᠴᠠᠬᠤ ᠠᠵᠢᠯᠯᠠᠭᠠᠨ ᠦᠷᠨᠢᠬᠦᠯᠵᠤ᠂ ᠵᠢᠭᠠᠨ ᠰᠤᠷᠭᠠᠬᠤ ᠠᠵᠢᠯ ᠤᠨ ᠲᠡᠷᠢᠬᠦᠨ ᠤ ᠲᠤᠷᠰᠢᠯᠭ᠎ᠠ ᠪᠠᠨ ᠰᠤᠯᠢᠯᠴᠠᠵᠤ᠂ ᠪᠠᠭᠰᠢ ᠨᠠᠷ ᠤᠨ ᠬᠤᠭᠤᠷᠤᠨᠳᠤᠬᠢ ᠬᠠᠷᠢᠴᠠᠭ᠎ᠠ ᠶᠢ ᠤᠯᠠᠮ ᠨᠢᠬᠳᠠᠷᠠᠭᠤᠯᠵᠦ᠂ ᠪᠠᠭᠰᠢ ᠰᠤᠷᠤᠬᠴᠢᠳ ᠢ ᠨᠤᠮ ᠤᠡᠭᠰᠢᠬᠤ ᠵᠠᠩ ᠳᠠᠳᠬᠠᠯ ᠲᠠᠢ ᠪᠤᠯᠭᠠᠨ᠂ ᠨᠤᠮ ᠤᠨ ᠦᠨᠤᠷ ᠬᠠᠨᠭ᠍ᠬᠤᠯᠤᠬᠰᠠᠨ ᠰᠤᠷᠭᠠᠭᠤᠯᠢ ᠶᠢᠨ ᠬᠦᠷᠢᠶ᠎ᠠ ᠶᠢ ᠴᠤᠬᠴᠠᠯᠠᠬᠤ ᠪᠠᠷ ᠴᠢᠷᠮᠠᠶᠢᠵᠦ ᠪᠤᠢ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号