ᠤᠯᠠᠭᠠᠨᠬᠤᠳᠠ ᠶᠢᠨ ᠦᠨᠳᠤᠰᠤᠳᠡᠨ ᠤ ᠬᠡᠥᠬᠡᠳ ᠤᠨ ᠴᠡᠴᠡᠷᠯᠢᠭ ᠡᠷᠳᠠ ᠶᠢᠨ ᠲᠠᠮᠢᠷ ᠪᠠ ᠬᠡᠥᠬᠡᠳ ᠤᠨ ᠲᠤᠭᠯᠠᠭᠠᠮ ᠤᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2020/10/23
      ︽3 — 6 ᠨᠠᠰᠤᠨ ᠤ ᠬᠡᠥᠬᠡᠳ ᠤᠨ ᠰᠤᠷᠤᠯᠴᠠᠯᠭ᠎ᠠ ᠪᠠ ᠬᠦᠭᠵᠢᠯᠳᠠ ᠶᠢᠨ ᠬᠦᠳᠤᠯᠪᠤᠷᠢ︾ ᠶᠢᠨ ᠵᠤᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠡᠴᠡᠷᠯᠢᠭ ᠤᠨ ᠬᠡᠥᠬᠡᠳ ᠤᠨ ᠬᠢᠴᠢᠶᠡᠯ ᠤᠨ ᠭᠠᠳᠠᠨᠠᠬᠢ ᠬᠦᠳᠡᠯᠭᠡᠭᠡᠨ᠂ ᠡᠷᠳᠠ ᠶᠢᠨ ᠲᠠᠮᠢᠷ᠂ ᠬᠡᠥᠬᠡᠳ ᠤᠨ ᠲᠤᠭᠯᠠᠭᠠᠮ ᠤᠨ ᠶᠠᠰᠤ ᠴᠢᠨᠠᠷ᠂ ᠬᠡᠥᠬᠡᠳ ᠤᠨ ᠪᠡᠶ᠎ᠠ ᠮᠠᠬᠠᠪᠤᠳ ᠤᠨ ᠡᠷᠡᠬᠦᠯ ᠴᠢᠬᠢᠷᠠᠭ ᠢ ᠪᠠᠳᠤᠯᠠᠬᠤ ᠪᠠᠷ 10 ᠰᠠᠷ᠎ᠠ ᠶᠢᠨ 20 ᠤ ᠡᠳᠤᠷ᠂ ᠤᠯᠠᠭᠠᠨᠬᠤᠳᠠ ᠶᠢᠨ ᠦᠨᠳᠤᠰᠤᠳᠡᠨ ᠤ ᠬᠡᠥᠬᠡᠳ ᠤᠨ ᠴᠡᠴᠡᠷᠯᠢᠭ ᠡᠷᠳᠠ ᠶᠢᠨ ᠲᠠᠮᠢᠷ ᠬᠢᠭᠡᠳ ᠬᠡᠥᠬᠡᠳ ᠤᠨ ᠲᠤᠭᠯᠠᠭᠠᠮ ᠤᠨ ᠤᠷᠤᠯᠳᠤᠭᠠᠨ ᠶᠠᠪᠤᠭᠤᠯᠪᠠ᠃       ᠤᠷᠤᠯᠳᠤᠭᠠᠨ ᠳᠤ᠂ ᠶᠡᠭᠡ ᠠᠩᠬᠢ ᠶᠢᠨ ᠬᠡᠥᠬᠡᠳ ᠡᠷᠳᠠ ᠶᠢᠨ ᠲᠠᠮᠢᠷ ᠬᠢᠵᠤ᠂ ᠲᠤᠮᠳᠠ ᠪᠠᠭ᠎ᠠ ᠠᠩᠬᠢ ᠶᠢᠨ ᠬᠡᠥᠬᠡᠳ ᠲᠤᠭᠯᠠᠭᠠᠮ ᠤᠨ ᠤᠷᠤᠯᠳᠤᠭᠠᠨ ᠳᠤ ᠤᠷᠤᠯᠴᠠᠵᠠᠢ᠃ ᠶᠡᠭᠡ ᠠᠩᠬᠢ ᠶᠢᠨ ᠬᠡᠥᠬᠡᠳ ᠡᠷᠳᠠ ᠶᠢᠨ ᠲᠠᠮᠢᠷ ᠢᠶᠠᠨ ᠤᠷᠤᠨ ᠳᠤ ᠪᠠᠨ ᠠᠯᠬᠤᠬᠤ᠂ ᠵᠢᠭᠰᠠᠭᠠᠯ ᠢᠶᠠᠨ ᠬᠤᠪᠢᠷᠠᠭᠤᠯᠬᠤ᠂ ᠵᠡᠬᠦᠨᠰᠢ ᠪᠠᠷᠠᠭᠤᠨᠰᠢ ᠡᠷᠬᠢᠬᠦ ᠵᠡᠷᠭᠡ ᠪᠠᠷ ᠬᠢᠵᠤ᠂ ᠲᠤᠮᠳᠠ ᠪᠠᠭ᠎ᠠ ᠠᠩᠬᠢ ᠶᠢᠨ ᠬᠡᠥᠬᠡᠳ ᠤᠨ ᠨᠠᠰᠤᠨ ᠤ ᠤᠨᠴᠠᠯᠢᠭ ᠪᠠ ᠲᠤᠷ᠎ᠠ ᠪᠠᠬ᠎ᠠ᠂ ᠱᠠᠭᠠᠷᠳᠠᠯᠭ᠎ᠠ ᠳᠤ ᠪᠠᠨ ᠬᠠᠨᠳᠤᠭᠤᠯᠤᠨ᠂ ᠠᠯᠬᠤᠬᠤ᠂ ᠬᠦᠶᠤᠬᠦ᠂ ᠦᠰᠤᠷᠬᠦ᠂ ᠮᠠᠴᠤᠬᠤ ᠵᠡᠷᠭᠡ ᠶᠢ ᠤᠶᠠᠯᠳᠤᠭᠤᠯᠤᠬᠰᠠᠨ ᠲᠤᠭᠯᠠᠭᠠᠮ ᠤᠨ ᠤᠷᠤᠯᠳᠤᠭᠠᠨ ᠶᠠᠪᠤᠭᠤᠯᠵᠤ᠂ ᠬᠡᠥᠬᠡᠳ ᠤᠳ ᠪᠠᠭᠰᠢ ᠨᠡᠷ ᠤᠨ ᠢᠶᠠᠨ ᠲᠠᠭᠠᠭᠤᠯᠭ᠎ᠠ ᠲᠤᠥᠷ᠎ᠠ ᠢᠳᠡᠪᠬᠢᠯᠡᠨ ᠤᠷᠤᠯᠴᠠᠭᠰᠠᠨ ᠪᠠᠶᠢᠨ᠎ᠠ᠃ ᠬᠢᠨᠠᠭᠴᠢ ᠪᠠᠭᠰᠢ ᠬᠡᠥᠬᠡᠳ ᠤᠨ ᠤᠷᠤᠯᠴᠠᠬᠤ ᠢᠳᠡᠪᠬᠢᠵᠢᠯ᠂ ᠬᠦᠳᠡᠯᠭᠡᠭᠡᠨ ᠤ ᠪᠠᠶᠢᠳᠠᠯ᠂ ᠬᠦᠳᠡᠯᠭᠡᠭᠡᠨ ᠤ ᠲᠦᠷᠢᠮᠵᠢᠬᠦᠨ ᠡᠰᠡᠬᠦ᠂ ᠬᠡᠥᠬᠡᠳ ᠤᠨ ᠬᠤᠪᠴᠠᠰᠤ ᠵᠠᠰᠠᠯ ᠤᠨ ᠴᠡᠪᠡᠷ ᠲᠡᠭᠰᠢᠬᠡᠨ ᠡᠰᠡᠬᠦ᠂ ᠲᠤᠭᠯᠠᠭᠠᠮ ᠤᠨ ᠶᠠᠪᠤᠴᠠ ᠳᠤ ᠦᠪᠠᠷ ᠢ ᠪᠠᠨ ᠬᠠᠮᠠᠭᠠᠯᠠᠬᠤ ᠲᠠᠨᠢᠯᠳᠠ ᠪᠠᠶᠢᠬᠤ ᠡᠰᠡᠬᠦ ᠵᠡᠷᠭᠡ ᠪᠠᠷ ᠬᠤᠪᠢ ᠤᠯᠭᠤᠵᠠᠢ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号