ᠦᠩᠭᠡ ᠪᠦᠷᠢ ᠶᠢᠨ ᠴᠡᠴᠡᠭ ᠵᠡᠷᠭᠡᠪᠡᠷ ᠳᠡᠯᠭᠡᠷᠡᠵᠦ ᠦᠨᠳᠦᠰᠦᠲᠡᠨ ᠪᠦᠬᠦᠨ ᠬᠠᠮᠲᠤ ᠪᠠᠷ ᠬᠦᠭᠵᠢᠨᠡᠮ
ᠨᠡᠶᠢᠲᠡᠯᠡᠭᠰᠡᠨ ᠴᠠᠭ᠄
2020/11/2
    — ᠤᠯᠠᠭᠠᠨᠬᠤᠲᠠ ᠬᠤᠶᠠᠳᠤᠭᠠᠷ ᠳᠤᠮᠳᠠᠳᠦ ᠰᠤᠷᠭᠠᠭᠤᠯᠢ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠷᠢᠰ ᠠᠵᠢᠯᠯᠠᠭᠠᠨ ᠤ ᠲᠤᠬᠠᠢ ᠲᠡᠮᠳᠡᠭᠯᠡᠯ       ᠪᠠᠭᠰᠢ ᠰᠤᠷᠤᠭᠴᠢ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠮᠰᠡᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠲᠤᠤᠯᠢᠰ ᠢ ᠪᠢᠴᠢᠭᠯᠡᠬᠦ ᠵᠣᠷᠢᠯᠭ᠎ᠠ ᠠᠴᠠ ᠤᠢᠢᠷ᠎ᠠ ᠳᠤ᠂ ᠤᠯᠠᠭᠠᠨᠬᠤᠲᠠ ᠬᠤᠶᠠᠳᠤᠭᠠᠷ ᠳᠤᠮᠳᠠᠳᠤ ᠰᠤᠷᠭᠠᠭᠤᠯᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ 37 ᠳ᠋ᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ ᠳᠤ ᠲᠤᠬᠢᠶᠠᠯᠳᠤᠭᠤᠯᠤᠨ ᠰᠢᠷᠢᠰ ᠠᠵᠢᠯᠯᠠᠭᠠᠨ ᠦᠷᠨᠢᠭᠦᠯᠵᠠᠢ᠃       ᠲᠤᠰ ᠤᠳᠠᠭᠠᠨ ᠤ ᠰᠢᠷᠢᠰ ᠠᠵᠢᠯᠯᠠᠭᠠᠨ ᠳᠤ᠂ ᠦᠨᠳᠦᠰᠦᠲᠡᠨ ᠤ ᠪᠦᠯᠬᠦᠮᠳᠡᠯ ᠲᠠᠪᠰᠢᠯᠳᠡ ᠶᠢᠨ ᠬᠦᠮᠦᠵᠢᠯ ᠢ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠪᠣᠯᠭᠠᠵᠤ᠂ ᠣᠬᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠦᠨᠳᠦᠰᠦᠲᠡᠨ ᠤ ᠬᠤᠭᠤᠷᠤᠨᠳᠤᠬᠢ ᠪᠦᠯᠬᠦᠮᠳᠡᠯ ᠤᠨ ᠠᠭᠤᠷ ᠠᠮᠢᠰᠬᠤᠯ ᠢ ᠦᠳᠭᠡᠷᠡᠭᠦᠯᠵᠤ᠂ ᠰᠤᠷᠭᠠᠭᠤᠯᠢ ᠶᠢᠨ ᠬᠦᠷᠢᠶᠡᠨ ᠤ ᠷᠠᠳᠢᠣ᠋ ᠨᠡᠪᠲᠡᠷᠡᠭᠦᠯᠭᠡ᠂ ᠸᠢᠴᠠᠲ ᠲᠠᠪᠴᠠᠩ᠂ ᠰᠤᠷᠭᠠᠭᠤᠯᠢ ᠶᠢᠨ ᠬᠦᠷᠢᠶᠡᠨ ᠤ ᠡᠯᠧᠺᠲᠷᠤᠨ ᠳᠡᠯᠭᠡᠴᠡ ᠵᠡᠷᠭᠡ ᠪᠠᠷ ︽ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ︾᠂ ︽ᠭᠤᠷᠪᠠᠨ ᠰᠠᠯᠵᠤ ᠴᠢᠳᠠᠬᠤ ᠦᠭᠡᠢ︾᠂ ︽ᠳᠦᠷᠪᠡᠨ ᠢᠲᠡᠭᠡᠯ︾᠂ ︽ᠲᠠᠪᠤᠨ ᠬᠠᠮᠲᠦ ᠶᠢᠨ ᠲᠠᠨᠢᠯᠲᠠ︾ ᠮᠡᠲᠦ ᠶᠢᠨ ᠦᠵᠡᠯ ᠰᠠᠨᠠᠭ᠎ᠠ ᠪᠤᠯᠤᠨ ︽ᠳᠤᠮᠳᠠᠳᠤ ᠪᠠᠨ ᠬᠠᠶᠢᠷᠠᠯᠠᠬᠤ︾ ᠬᠠᠶᠢᠷ᠎ᠠ ᠰᠡᠳᠭᠢᠯᠭᠡ ᠶᠢ ᠪᠠᠭᠰᠢ ᠰᠤᠷᠤᠭᠴᠢᠳ ᠤᠨ ᠰᠡᠳᠭᠢᠯ ᠳᠤ ᠬᠦᠨ ᠬᠠᠳᠠᠩᠰᠢᠭᠤᠯᠪᠠ᠃ ᠰᠤᠷᠭᠠᠭᠤᠯᠢ ᠠᠴᠠ ᠪᠠᠰᠠ ᠶᠡᠷᠦᠩᠭᠡᠢ ᠱᠦᠵᠢ ᠰᠢ ᠶᠢᠨ ᠫᠢᠡᠭ ᠤᠨ ︽ᠡᠯ᠎ᠡ ᠦᠨᠳᠦᠰᠦᠲᠡᠨ ᠤ ᠬᠤᠭᠤᠷᠤᠨᠳᠤ ᠪᠠᠨ ᠬᠠᠷᠢᠯᠴᠠᠨ ᠤᠶᠢᠯᠠᠭᠠᠯᠴᠠᠵᠤ᠂ ᠬᠠᠷᠢᠯᠴᠠᠨ ᠬᠦᠨᠳᠦᠯᠡᠵᠦ᠂ ᠬᠠᠷᠢᠯᠴᠠᠨ ᠰᠤᠯᠢᠯᠴᠠᠵᠤ᠂ ᠬᠠᠷᠢᠯᠴᠠᠨ ᠠᠭᠤᠰᠤᠯᠴᠠᠵᠤ᠂ ᠬᠠᠷᠢᠯᠴᠠᠨ ᠬᠠᠪᠰᠤᠷᠤᠯᠴᠠᠵᠤ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠵᠣᠪᠠᠭᠤᠷᠢ ᠵᠦᠳᠡᠭᠦᠷᠢ ᠪᠠᠨ ᠬᠠᠮᠳᠤᠳᠬᠠᠵᠤ ᠪᠦᠯᠬᠦᠮᠳᠡᠨ ᠲᠡᠮᠡᠴᠡᠬᠦ ᠤᠯᠠᠮᠵᠢᠯᠠᠯ ᠢᠶᠠᠨ ᠦᠶ᠎ᠡ ᠶᠢᠨ ᠦᠶ᠎ᠡ ᠳᠤ ᠪᠠᠨ ᠤᠯᠠᠮᠵᠢᠯᠠᠨ ᠵᠠᠯᠭᠠᠮᠵᠢᠯᠠᠬᠤ︾ ᠰᠤᠷᠭᠠᠯ ᠢ ᠪᠠᠭᠰᠢ ᠰᠤᠷᠤᠬᠴᠢᠳ ᠪᠠᠲᠤ ᠴᠡᠭᠡᠵᠢᠯᠡᠬᠦ ᠶᠢ ᠠᠬᠢᠭᠤᠯᠬᠤ ᠪᠠᠷ ᠰᠤᠷᠭᠠᠭᠤᠯᠢ ᠶᠢᠨ ᠬᠦᠷᠢᠶᠡᠨ ᠤ ᠡᠯᠪᠡᠭ ᠪᠠᠶᠠᠯᠢᠭ ᠠᠭᠤᠯᠭ᠎ᠠ ᠪᠦᠬᠦᠢ ᠠᠵᠢᠯᠯᠠᠭᠠᠨ ᠦᠷᠨᠢᠬᠦᠯᠦᠭᠰᠡᠨ ᠪᠠᠶᠢᠨ᠎ᠠ᠃       ᠨᠠᠮ ᠪᠠ ᠤᠯᠤᠰ ᠠᠴᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠶᠢ ᠦᠨᠦᠳᠦᠷ ᠪᠤᠯᠲᠠᠯ᠎ᠠ ᠮᠠᠰᠢ ᠴᠢᠬᠤᠯᠠᠴᠢᠯᠠᠭᠰᠠᠭᠠᠷ ᠢᠷᠡᠭᠰᠡᠨ ᠶᠤᠮ᠃ ᠤᠯᠤᠰ ᠭᠡᠷ ᠦᠨᠢ ᠤᠳᠠᠭᠠᠨ ᠠᠮᠤᠷ ᠲᠦᠪᠰᠢᠨ᠂ ᠨᠡᠶᠢᠭᠡᠮ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ᠂ ᠠᠷᠠᠳ ᠲᠦᠮᠡᠨ ᠠᠮᠤᠷ ᠰᠠᠶᠢᠬᠠᠨ ᠠᠵᠤ ᠲᠦᠷᠦᠬᠦ ᠪᠤᠯ ᠤᠳᠠᠭᠠᠨ ᠵᠢᠯ ᠤᠨ ᠲᠤᠷᠰᠢᠬᠢ ᠬᠦᠮᠦᠨ ᠪᠦᠬᠦᠨ ᠤ ᠡᠶ᠎ᠡ ᠵᠤᠬᠢᠴᠠᠯ ᠢ ᠡᠷᠬᠢᠮᠯᠡᠳᠡᠭ ᠬᠦᠰᠡᠨ ᠡᠷᠡᠮᠡᠯᠵᠡᠯ ᠭᠡᠯᠳᠡᠢ᠃       ᠲᠤᠰ ᠤᠳᠠᠭᠠᠨ ᠤ ᠠᠵᠢᠯᠯᠠᠭᠠᠨ ᠳᠤ᠂ ᠪᠠᠭᠰᠢ ᠨᠡᠷ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠰᠡᠳᠬᠢᠯ ᠵᠢᠷᠦᠬᠡᠨ ᠳᠤ ᠪᠠᠨ ᠬᠠᠳᠠᠩᠰᠢᠭᠤᠯᠵᠤ᠂ ᠪᠤᠳᠠᠳᠠᠢ ᠦᠢᠯᠡ ᠠᠵᠢᠯᠯᠠᠭ᠎ᠠ ᠳᠤ ᠪᠠᠨ ᠦᠢᠯᠡᠳᠤᠯᠭᠡᠵᠢᠬᠦᠯᠵᠤ᠂ ᠦᠵᠡᠯ ᠰᠠᠨᠠᠭ᠎ᠠ ᠶᠤᠰᠤ ᠰᠤᠷᠲᠠᠬᠤᠨ ᠬᠢᠭᠡᠳ ᠲᠤᠬᠠᠶᠢᠯᠠᠭᠰᠠᠨ ᠠᠵᠢᠯ ᠤᠨ ᠶᠣᠰᠣ ᠰᠤᠷᠲᠠᠬᠤᠨ ᠤ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠵᠦᠪ ᠣᠨᠣᠪᠴᠢᠲᠠᠢ ᠠᠮᠢᠳᠤᠷᠠᠬᠤᠢ ᠶᠢᠨ ᠦᠵᠡᠯᠲᠡ ᠬᠢᠭᠡᠳ ᠦᠷᠳᠡᠭ ᠤᠨ ᠦᠵᠡᠯᠲᠡ ᠶᠢ ᠪᠤᠢ ᠪᠤᠯᠭᠠᠵᠤ᠂ ᠰᠤᠷᠭᠠᠨ ᠬᠦᠮᠦᠵᠢᠯ ᠢᠶᠠᠷ ᠬᠦᠮᠦᠨ ᠢ ᠬᠦᠮᠦᠵᠢᠬᠦᠯᠵᠦ᠂ ᠦᠢᠯᠡᠰ ᠢᠶᠠᠨ ᠳᠡᠭᠡᠳᠦᠯᠡᠵᠦ ᠂ ᠦᠨᠳᠦᠰᠦᠲᠡᠨ ᠳᠤ ᠪᠠᠨ ᠦᠪᠡᠷ ᠤᠨ ᠭᠡᠰᠡᠨ ᠬᠤᠪᠢ ᠨᠡᠮᠡᠷᠢ ᠦᠵᠡᠭᠦᠯᠬᠦ ᠶᠢ ᠰᠠᠨᠠᠭᠠᠴᠢᠯᠠᠵᠠᠢ᠃ ᠠᠵᠢᠯᠯᠠᠭᠠᠨ ᠤ ᠪᠦᠬᠦ᠋ᠢᠯᠡ ᠶᠠᠪᠤᠴᠠ ᠳᠤ ᠰᠤᠷᠭᠠᠭᠤᠯᠢ ᠠᠴᠠ ᠤᠯᠤᠰ ᠢᠶᠠᠨ ᠬᠠᠶᠢᠷᠠᠯᠠᠬᠤ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠮᠦᠵᠢᠯ ᠢ ᠵᠢᠭᠠᠨ ᠰᠤᠷᠭᠠᠯᠲᠠ ᠶᠢᠨ ᠪᠦᠬᠦ᠋ᠢᠯᠡ ᠶᠠᠪᠤᠴᠠ ᠳᠤ ᠨᠡᠪᠴᠢᠭᠦᠯᠵᠤ᠂ ᠶᠣᠰᠤ ᠮᠣᠷᠠᠯ᠂ ᠣᠶᠣᠨ ᠤᠬᠠᠭᠠᠨ᠂ ᠪᠡᠶ᠎ᠡ ᠮᠠᠬᠠᠪᠤᠳ ᠵᠡᠷᠭᠡ ᠪᠦᠬᠦ ᠲᠠᠯ᠎ᠠ ᠪᠠᠷ ᠬᠦᠭᠵᠢᠭᠰᠡᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠬᠢᠷᠢ ᠲᠡᠩᠴᠡᠭᠰᠡᠨ ᠵᠠᠯᠭᠠᠮᠵᠢᠯᠠᠭᠴᠢ ᠶᠢ ᠬᠦᠮᠦᠵᠢᠭᠦᠯᠬᠦ ᠬᠠᠷᠠᠯᠲᠠ ᠵᠣᠷᠢᠯᠲᠠ ᠪᠠᠨ ᠨᠡᠩ ᠲᠤᠳᠤᠷᠬᠠᠢ ᠪᠣᠯᠭᠠᠭᠰᠠᠨ ᠪᠠᠶᠢᠨ᠎ᠠ᠃       ᠠᠵᠢᠯᠯᠠᠭᠠᠨ ᠢᠶᠠᠷ ᠳᠠᠮᠵᠢᠨ᠂ ᠪᠦᠬᠦ ᠪᠠᠭᠰᠢ ᠰᠤᠷᠤᠭᠴᠢ ᠠᠴᠠ ︽ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ᠂ ᠳᠤᠮᠳᠠᠲᠤ ᠶᠢᠨ ᠬᠦᠰᠡᠯ ᠵᠡᠭᠦᠲᠦ ᠶᠢ ᠲᠡᠷᠭᠡᠯᠰᠢᠬᠦᠯᠬᠦ ᠶᠢᠨ ᠵᠠᠶᠢᠯᠠᠰᠢ ᠦᠭᠡᠢ ᠰᠤᠩᠭᠤᠯᠲᠠ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠬᠦᠭᠡᠭᠡᠴᠡᠯᠳᠦᠯ ᠢ ᠪᠡᠶᠡᠯᠡᠬᠦᠯᠬᠦ ᠶᠢᠨ ᠤᠷᠢᠳᠠᠯ ᠨᠦᠭᠦᠴᠡᠯ ᠮᠦᠨ︾ ᠭᠡᠰᠡᠨ ᠢ ᠭᠦᠨᠵᠡᠭᠡᠢ ᠦᠢᠯᠠᠭᠠᠵᠤ ᠴᠢᠳᠠᠵᠠᠢ᠃ ᠰᠤᠷᠤᠭᠴᠢᠳ ᠲᠤ ᠵᠦᠪ ᠣᠨᠣᠪᠴᠢᠲᠠᠢ ᠲᠡᠥᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ ᠬᠢᠭᠡᠳ ᠰᠤᠶᠤᠯ ᠤᠨ ᠦᠵᠡᠯᠲᠡ ᠶᠢ ᠮᠡᠳᠡᠭᠦᠯᠵᠤ᠂ ᠰᠤᠷᠭᠠᠭᠤᠯᠢ ᠶᠢᠨ ᠪᠤᠲᠠᠲᠠᠢ ᠪᠠᠶᠢᠳᠠᠯ ᠲᠠᠢ ᠤᠶᠠᠯᠳᠤᠭᠤᠯᠵᠤ ᠦᠨᠳᠦᠰᠦᠲᠡᠨ ᠤ ᠰᠤᠷᠭᠠᠨ ᠬᠦᠮᠦᠵᠢᠯ ᠤᠨ ᠦᠢᠯᠡᠰ ᠲᠠᠬᠢ ᠰᠢᠨ᠎ᠡ ᠦᠵᠡᠯ ᠰᠠᠨᠠᠭ᠎ᠠ᠂ ᠰᠢᠨ᠎ᠡ ᠪᠠᠶᠢᠯᠳᠤᠬᠤ ᠪᠣᠳᠤᠯᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠᠨ ᠨᠡᠩ ᠰᠠᠶᠢᠨ ᠨᠢᠭᠡᠳᠬᠡᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠣᠨᠣᠯ ᠤᠨ ᠤᠬᠠᠮᠰᠠᠷ ᠪᠠ ᠦᠢᠯᠡᠳᠦᠯᠬᠡ ᠶᠢᠨ ᠤᠬᠠᠮᠰᠠᠷ ᠢ ᠴᠢᠩᠭᠠᠳᠬᠠᠵᠤ᠂ ᠡᠯ᠎ᠡ ᠦᠨᠳᠦᠰᠦᠲᠡᠨ ᠠᠨᠠᠷ ᠤᠨ ᠦᠷ᠎ᠡ ᠰᠢᠭ ᠨᠢᠭᠲᠠᠷᠠᠵᠤ᠂ ᠬᠠᠮᠲᠤ ᠪᠠᠷ ᠬᠦᠭᠵᠢᠬᠦ ᠶᠢ ᠠᠬᠢᠭᠤᠯᠬᠤ ᠣᠬᠠᠮᠰᠠᠷ ᠢ ᠳᠡᠭᠡᠭᠰᠢᠯᠡᠭᠦᠯᠵᠡᠢ᠃  
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号