ᠤᠯᠠᠭᠠᠨᠬᠤᠲᠠ ᠬᠤᠶᠠᠳᠤᠭᠠᠷ ᠳᠤᠮᠳᠠᠳᠤ ᠰᠤᠷᠭᠠᠭᠤᠯᠢ ᠠᠶᠢᠮᠠᠭ ᠤᠨ ︽ᠠᠳᠠᠯᠢᠬᠠᠨ ᠬᠢᠴᠢᠶᠡᠯ ᠢ ᠠᠳᠠᠯᠢ ᠪᠣᠰᠣ ᠰᠡᠳᠭᠢᠮᠵᠢ ᠪᠠᠷ ᠬᠢᠴᠢᠶᠡᠯᠯᠡᠬᠦ︾ ᠠᠵᠢᠯᠯᠠᠭᠠᠨ ᠢ ᠳᠠᠭᠠᠭᠠᠴᠢᠯᠠᠨ ᠡᠷᠬᠢᠯᠡᠵᠡᠢ
ᠨᠡᠶᠢᠲᠡᠯᠡᠭᠰᠡᠨ ᠴᠠᠭ᠄
2020/11/2
      ᠤᠢᠢᠷ᠎ᠠ ᠶᠢᠨ ᠡᠳᠦᠷ᠂ ᠠᠶᠢᠮᠠᠭ ᠤᠨ ᠵᠢᠭᠠᠬᠤ ᠶᠢ ᠰᠤᠳᠤᠯᠬᠤ ᠭᠡᠷ ᠠᠴᠠ ᠤᠯᠠᠭᠠᠨᠬᠤᠲᠠ ᠬᠤᠶᠠᠳᠤᠭᠠᠷ ᠳᠤᠮᠳᠠᠳᠤ ᠰᠤᠷᠭᠠᠭᠤᠯᠢ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠲᠠᠪᠤᠳᠤᠭᠠᠷ ᠳᠤᠮᠳᠠᠲᠤ ᠰᠤᠷᠭᠠᠭᠤᠯᠢ ᠵᠡᠷᠭᠡ ᠰᠤᠷᠭᠠᠭᠤᠯᠢ ᠶᠢᠨ ᠳᠡᠭᠡᠳᠦ ᠭᠤᠷᠪᠠᠳᠤᠭᠠᠷ ᠤᠨ ᠤ ᠨᠢᠭᠡᠳᠦᠭᠡᠷ ᠡᠭᠡᠯᠵᠢ ᠶᠢᠨ ᠳᠠᠪᠲᠠᠯᠭ᠎ᠠ ᠳᠤ ᠵᠤᠷᠢᠭᠤᠯᠵᠤ ︽ᠠᠳᠠᠯᠢᠬᠠᠨ ᠬᠢᠴᠢᠶᠡᠯ ᠢ ᠠᠳᠠᠯᠢ ᠪᠣᠰᠣ ᠰᠡᠳᠭᠢᠮᠵᠢ ᠪᠠᠷ ᠬᠢᠴᠢᠶᠡᠯᠯᠡᠬᠦ︾ ᠠᠵᠢᠯᠯᠠᠭᠠᠨ ᠢ ᠭᠤᠤᠯᠯᠡᠨ ᠡᠷᠬᠢᠯᠡᠵᠤ᠂ ᠤᠯᠠᠭᠠᠨᠬᠤᠲᠠ ᠬᠤᠶᠠᠳᠤᠭᠠᠷ ᠳᠤᠮᠳᠠᠳᠤ ᠰᠤᠷᠭᠠᠭᠤᠯᠢ ᠠᠴᠠ ᠳᠠᠭᠠᠭᠠᠴᠢᠯᠠᠨ ᠪᠡᠶᠡᠯᠡᠭᠦᠯᠪᠠ᠃       ᠤᠯᠠᠭᠠᠨᠬᠤᠲᠠ ᠬᠤᠶᠠᠳᠤᠭᠠᠷ ᠳᠤᠮᠳᠠᠳᠤ ᠰᠤᠷᠭᠠᠭᠤᠯᠢ ᠲᠤᠰ ᠤᠳᠠᠭᠠᠨ ᠤ ᠵᠢᠭᠠᠨ ᠰᠤᠷᠭᠠᠯᠲᠠ ᠶᠢᠨ ᠬᠦᠳᠡᠯᠭᠡᠭᠡᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠡᠨ ᠦᠵᠡᠵᠤ᠂ ᠰᠤᠷᠭᠠᠭᠤᠯᠢ ᠶᠢᠨ ᠤᠳᠤᠷᠢᠳᠤᠯᠭ᠎ᠠ ᠠᠴᠠ ᠪᠠᠭᠰᠢ ᠨᠠᠷ ᠢ ᠵᠤᠬᠢᠶᠠᠨ ᠪᠠᠶᠢᠭᠤᠯᠵᠤ᠂ ᠰᠤᠷᠭᠠᠭᠤᠯᠢ ᠶᠢᠨ ᠬᠢᠴᠢᠶᠡᠯ ᠬᠦᠮᠦᠵᠢᠯ ᠤᠨ ᠭᠠᠵᠠᠷ ᠤᠨ ᠡᠷᠬᠢᠯᠡᠭᠴᠢ ᠪᠠᠭᠰᠢ ᠨᠠᠷ ᠬᠦᠳᠡᠯᠭᠡᠭᠡᠨ ᠤ ᠡᠯ᠎ᠡ ᠪᠠᠭ᠎ᠠ ᠳᠤᠭᠤᠶᠢᠯᠠᠩ ᠳᠤ ᠭᠦᠨᠵᠡᠭᠡᠶᠢᠷᠡᠨ᠂ ᠰᠤᠷᠭᠠᠭᠤᠯᠢ ᠶᠢᠨ ᠡᠯ᠎ᠡ ᠣᠨ ᠤ ᠡᠷᠬᠢᠯᠡᠭᠴᠢ ᠠᠴᠠ ᠪᠣᠳᠠᠳᠠᠢ ᠠᠵᠢᠯ ᠤᠨ ᠪᠠᠶᠢᠷᠢᠰᠢᠭᠤᠯᠤᠯᠳᠡ ᠬᠢᠭᠰᠡᠨ ᠪᠠᠶᠢᠨ᠎ᠠ᠃ ᠠᠵᠢᠯᠯᠠᠭᠠᠨ ᠲᠤᠬᠳᠠᠬᠰᠠᠨ ᠴᠠᠬ ᠲᠤ ᠪᠠᠨ ᠵᠢᠩᠬᠢᠨᠢ ᠪᠠᠷ ᠡᠬᠢᠯᠡᠵᠦ᠂ ᠠᠶᠢᠮᠠᠭ ᠤᠨ ᠵᠢᠭᠠᠬᠤ ᠶᠢ ᠰᠤᠳᠤᠯᠬᠤ ᠭᠡᠷ ᠤᠨ ᠠᠬᠠᠮᠠᠳ ᠫᠷᠤᠹᠧᠰᠰᠤᠷ ᠭᠤᠶᠢᠷᠤᠪ᠂ ᠰᠠᠶᠢᠰᠢᠩᠭ᠎ᠠ ᠪᠠᠭᠰᠢ ᠶᠢᠨ ᠳᠠᠭᠠᠭᠤᠯᠤᠭᠰᠠᠨ ᠡᠯ᠎ᠡ ᠰᠤᠷᠭᠠᠭᠤᠯᠢ ᠶᠢᠨ ᠪᠠᠭᠰᠢ ᠤᠳᠤᠷᠢᠳᠤᠯᠭ᠎ᠠ ᠨᠡᠶᠢᠳᠡ ᠭᠤᠴᠢ ᠭᠠᠷᠤᠢ ᠬᠦᠮᠦᠨ ᠣᠷᠣᠯᠴᠠᠪᠠ᠃ ᠬᠡᠯᠡ ᠪᠢᠴᠢᠭ᠂ ᠲᠤᠭ᠎ᠠ᠂ ᠬᠢᠮᠢ᠂ ᠹᠢᠽᠢᠺ᠂ ᠠᠮᠢᠳᠤ ᠪᠣᠳᠠᠰ ᠤᠨ ᠨᠡᠶᠢᠳᠡ 15 ᠪᠠᠭᠰᠢ ᠬᠢᠴᠢᠶᠡᠯ ᠲᠠᠶᠢᠯᠪᠦᠷᠢᠯᠡᠵᠤ᠂ ᠮᠦᠨ ᠬᠢᠴᠢᠶᠡᠯ ᠤᠨ ᠳᠠᠷᠠᠭ᠎ᠠ ᠬᠢᠴᠢᠶᠡᠯ ᠨᠢᠭᠡ ᠪᠦᠷᠢ ᠶᠢᠨ ᠳ᠋ᠦᠩᠨᠡᠯᠳᠡ ᠶᠢᠨ ᠬᠤᠷᠠᠯ ᠬᠢᠪᠡ᠃       ᠲᠤᠰ ᠤᠳᠠᠭᠠᠨ ᠤ ᠠᠵᠢᠯᠯᠠᠭᠠᠨ ᠳᠤ ᠪᠠᠭᠰᠢ ᠨᠠᠷ ᠬᠢᠴᠢᠶᠡᠯ ᠢᠶᠠᠨ ᠢᠳᠡᠪᠬᠢᠳᠡᠢ ᠪᠡᠯᠡᠳᠭᠡᠵᠦ᠂ ᠨᠠᠷᠢᠯᠢᠭ ᠬᠢᠴᠢᠶᠡᠯᠯᠡᠵᠦ᠂ ᠰᠤᠷᠤᠭᠴᠢᠳ ᠤᠷᠮ᠎ᠠ ᠪᠠᠬ᠎ᠠ ᠲᠠᠢ ᠬᠢᠨᠠᠮᠠᠭᠠᠢ ᠰᠤᠨᠤᠰᠴᠤ᠂ ᠡᠳᠡᠭᠡᠷ ᠭᠤᠷᠪᠠᠨ ᠰᠤᠷᠭᠠᠭᠤᠯᠢ ᠶᠢᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠨᠢᠬᠳᠠᠷᠠᠭᠤᠯᠵᠤ᠂ ᠵᠢᠭᠠᠨ ᠰᠤᠷᠭᠠᠯᠲᠠ ᠶᠢᠨ ᠲᠤᠷᠰᠢᠯᠭ᠎ᠠ ᠪᠠᠨ ᠰᠣᠯᠢᠯᠴᠠᠨ᠂ ᠬᠦᠴᠦᠨ ᠢᠶᠠᠨ ᠨᠢᠭᠡᠳᠭᠡᠨ ᠬᠠᠮᠲᠤ ᠪᠠᠷ ᠢᠷᠡᠬᠦ ᠵᠢᠯ ᠤᠨ ᠤᠯᠤᠰ ᠤᠨ ᠰᠢᠯᠭᠠᠯᠲᠠ ᠳᠤ ᠦᠨᠳᠤᠷ ᠠᠮᠵᠢᠯᠳᠡ ᠤᠯᠬᠤ ᠪᠠᠷ ᠴᠢᠷᠮᠠᠶᠢᠵᠤ ᠪᠤᠢ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号