ᠶᠤᠰᠤ ᠰᠤᠷᠳᠠᠬᠤᠨ ᠢᠶᠠᠷ ᠬᠦᠮᠤᠨ ᠢ ᠬᠦᠮᠤᠵᠢᠬᠦᠯᠬᠦ ᠦᠨᠳᠤᠰᠤᠨ ᠡᠬᠦᠷᠭᠡ ᠶᠢ ᠲᠤᠭᠤᠰᠢᠳᠠᠢ | ᠨᠠᠶᠢᠳᠠᠪᠤᠷᠢᠵᠢᠭᠤᠯᠤᠨ᠂ ᠰᠤᠷᠠᠭ ᠵᠠᠩᠬᠢᠵᠢᠯᠳᠠ ᠶᠢᠨ ᠮᠡᠷᠭᠡᠵᠢᠯ ᠪᠠ ᠰᠤᠷᠭᠠᠨ ᠬᠦᠮᠤᠵᠢᠯ ᠵᠢᠭᠠᠨ ᠰᠤᠷᠭᠠᠯᠳᠠ ᠶᠢ | ᠬᠦᠨᠵᠡᠭᠡᠢ ᠠᠭᠤᠰᠤᠯᠴᠠᠭᠤᠯᠤᠨ᠂ ᠤᠷᠤᠨ ᠪᠦᠰᠠ ᠶᠢᠨ ᠵᠢᠭᠠᠨ ᠰᠤᠷᠭᠠᠯᠳᠠ ᠶᠢᠨ ᠶᠠᠰᠤ ᠴᠢᠨᠠᠷ ᠢ ᠲᠡᠭᠡᠭᠰᠢᠯᠡᠬᠦᠯᠬᠦ ᠪᠠᠷ | ᠂ ᠰᠤᠷᠭᠠᠨ ᠬᠦᠮᠤᠵᠢᠯ ᠤᠨ ᠶᠠᠮᠤᠨ ᠠᠴᠠ 2019 ᠤᠨ ᠳᠤ᠂ ︽ᠵᠢᠭᠠᠨ ᠰᠤᠷᠭᠠᠯᠳᠠ ᠶᠢᠨ ᠦᠭᠡᠷᠡᠴᠢᠯᠡᠯᠳᠠ ᠶᠢ | ᠦᠨᠳᠤᠰᠤᠯᠡᠨ᠂ ᠰᠤᠷᠠᠭ ᠵᠠᠩᠬᠢᠵᠢᠯᠳᠠ ᠶᠢᠨ ᠮᠡᠷᠭᠡᠵᠢᠯ ᠤᠨ ᠰᠢᠨ᠎ᠠ ᠬᠡᠯᠪᠡᠷᠢ ᠶᠢᠨ ᠵᠢᠭᠠᠬᠤ ᠪᠠ ᠰᠤᠷᠬᠤ ᠶᠢ | ᠠᠭᠤᠰᠤᠯᠴᠠᠭᠤᠯᠬᠤ︾ ᠲᠤᠷᠰᠢᠯᠳᠠ ᠶᠢᠨ ᠤᠷᠤᠨ ᠢ ᠲᠠᠨᠢᠯᠴᠠᠭᠤᠯᠤᠨ ᠰᠢᠯᠭᠠᠷᠠᠭᠤᠯᠬᠤ ᠠᠵᠢᠯᠯᠠᠭ᠎ᠠ ᠦᠷᠨᠢᠬᠦᠯᠵᠤ᠂ | ᠮᠠᠨ ᠤ ᠠᠶᠢᠮᠠᠭ ᠲᠤᠰ ᠲᠦᠷᠤᠯ ᠵᠦᠢᠯ ᠤᠨ ᠲᠤᠷᠰᠢᠯᠳᠠ ᠶᠢᠨ ᠤᠷᠤᠨ ᠢᠶᠠᠷ ᠰᠤᠩᠭᠤᠭᠳᠠᠭᠰᠠᠨ ᠪᠠᠶᠢᠨ᠎ᠠ᠃ | ᠤᠢᠢᠷ᠎ᠠ ᠶᠢᠨ ᠡᠳᠤᠷ᠂ ᠠᠶᠢᠮᠠᠭ ᠤᠨ ᠰᠤᠷᠭᠠᠨ ᠬᠦᠮᠤᠵᠢᠯ ᠤᠨ ᠲᠤᠪᠴᠢᠶ᠎ᠠ ᠬᠤᠷᠠᠯ ᠬᠤᠷᠠᠯᠳᠤᠭᠤᠯᠵᠤ᠂ | ᠲᠤᠷᠰᠢᠯᠳᠠ ᠶᠢᠨ ᠤᠷᠤᠨ ᠤ ᠭᠤᠶᠤᠴᠢᠯᠠᠨ ᠮᠡᠳᠡᠬᠦᠯᠬᠦ ᠶᠠᠪᠤᠴᠠ᠂ ᠬᠠᠷᠠᠯᠳᠠ᠂ ᠠᠴᠢ ᠬᠤᠯᠪᠤᠭᠳᠠᠯ ᠵᠢᠴᠢ | ᠬᠡᠷᠡᠭᠵᠢᠬᠦᠯᠬᠦ ᠲᠦᠯᠤᠪᠯᠡᠭᠡ ᠳᠤ ᠪᠤᠳᠠᠳᠠᠢ ᠮᠡᠳᠡᠬᠦᠯᠤᠯᠳᠠ ᠬᠢᠵᠤ᠂ ᠬᠠᠮᠢᠶ᠎ᠠ ᠪᠦᠬᠦᠢ ᠬᠠᠷᠢᠭᠤᠴᠠᠯᠭᠠᠳᠠᠨ ᠬᠡᠷᠡᠭᠵᠢᠬᠦᠯᠬᠦ | ᠰᠠᠨᠠᠯ ᠲᠤᠷᠠᠳᠴᠠᠢ᠃ ᠬᠤᠷᠠᠯ ᠳᠤ᠂ ᠡᠯ᠎ᠠ ᠰᠠᠯᠠᠭ᠎ᠠ ᠮᠦᠴᠢᠷ ᠲᠡᠭᠡᠳᠤ ᠬᠡᠮᠵᠢᠶ᠎ᠠ ᠪᠠᠷ ᠴᠢᠬᠤᠯᠠᠴᠢᠯᠠᠨ᠂ ᠪᠦᠯᠬᠦᠮᠳᠠᠨ | ᠨᠢᠭᠳᠠᠷᠠᠵᠤ᠂ ︽ᠵᠢᠭᠠᠨ ᠰᠤᠷᠭᠠᠯᠳᠠ ᠶᠢᠨ ᠦᠭᠡᠷᠡᠴᠢᠯᠡᠯᠳᠠ︾ ︽ᠰᠤᠷᠠᠭ ᠵᠠᠩᠬᠢᠵᠢᠯᠳᠠ︾ ︽ᠵᠢᠭᠠᠬᠤ ᠪᠠ | ᠰᠤᠷᠤᠯᠴᠠᠬᠤ ᠳᠤ ᠦᠢᠯᠡᠴᠢᠯᠡᠬᠦ︾ ᠵᠡᠷᠭᠡ ᠬᠡᠳᠤᠨ ᠭᠤᠥᠯᠳᠠᠯᠭ᠎ᠠ ᠶᠢ ᠦᠨᠳᠤᠰᠤᠯᠡᠨ᠂ ᠰᠠᠯᠠᠭ᠎ᠠ ᠮᠦᠴᠢᠷ ᠤᠨ ᠢᠶᠠᠨ | ᠲᠦᠯᠤᠪᠯᠡᠭᠡ ᠪᠠᠨ ᠲᠤᠭᠳᠠᠭᠠᠬᠤ ᠶᠢᠨ ᠬᠠᠮᠳᠤ ᠨᠠᠶᠢᠳᠠᠪᠤᠷᠢᠵᠢᠭᠤᠯᠬᠤ ᠬᠡᠷᠡᠭᠳᠡᠢ ᠭᠡᠵᠤ ᠱᠠᠭᠠᠷᠳᠠᠭᠰᠠᠨ ᠪᠠᠶᠢᠨ᠎ᠠ᠃ | ᠲᠤᠰ ᠲᠦᠷᠤᠯ ᠵᠦᠢᠯ ᠢ ᠬᠡᠷᠡᠭᠵᠢᠬᠦᠯᠬᠦ ᠪᠠᠷ ᠲᠠᠮᠵᠢᠨ᠂ ᠰᠤᠷᠠᠭ ᠵᠠᠩᠬᠢᠵᠢᠯᠳᠠ ᠪᠠ ᠮᠠᠨ ᠤ ᠠᠶᠢᠮᠠᠭ ᠤᠨ ᠰᠤᠷᠭᠠᠨ | ᠬᠦᠮᠤᠵᠢᠯ ᠤᠨ ᠦᠢᠯᠡᠰ ᠤᠨ ᠶᠠᠰᠤ ᠴᠢᠨᠠᠷ ᠢ ᠲᠡᠭᠡᠭᠰᠢᠯᠡᠬᠦᠯᠬᠦ ᠶᠢ ᠠᠬᠢᠭᠤᠯᠵᠤ᠂ ︽ᠠᠷᠪᠠᠨ ᠲᠦᠷᠪᠡᠳᠤᠭᠡᠷ ᠲᠠᠪᠤᠨ | ᠵᠢᠯ︾ ᠤᠨ ᠬᠤᠭᠤᠴᠠᠭᠠᠨ ᠳᠤ ᠰᠤᠷᠭᠠᠨ ᠬᠦᠮᠤᠵᠢᠯ ᠤᠨ ᠦᠢᠯᠡᠰ ᠤᠨ ᠲᠠᠪᠠᠯᠳᠠᠳᠤ ᠴᠢᠨᠠᠷᠳᠠᠢ ᠬᠦᠭᠵᠢᠯᠳᠠ ᠶᠢ | ᠪᠡᠶᠡᠯᠡᠬᠦᠯᠬᠦ ᠪᠤᠯᠤᠨ᠎ᠠ᠃ |