— ᠮᠠᠨ ᠤ ᠠᠶᠢᠮᠠᠭ ᠰᠤᠷᠭᠠᠨ ᠬᠦᠮᠤᠵᠢᠯ ᠢ ᠬᠦᠭᠵᠢᠭᠦᠯᠵᠦ ᠬᠢᠯᠠᠯᠵᠠᠮ᠎ᠠ ᠠᠮᠵᠢᠯᠳᠠ ᠤᠯᠵᠦ ᠪᠠᠶᠢᠭ᠎ᠠ | ᠲᠤᠬᠠᠢ ᠲᠠᠳᠠᠯᠠᠭ᠎ᠠ | ᠰᠤᠷᠭᠠᠨ ᠬᠦᠮᠤᠵᠢᠯ ᠬᠦᠴᠤᠷᠬᠡᠭᠵᠢᠪᠡᠯ ᠤᠯᠤᠰ ᠬᠦᠴᠤᠷᠬᠡᠭᠵᠢᠵᠦ᠂ ᠰᠤᠷᠭᠠᠨ ᠬᠦᠮᠤᠵᠢᠯ ᠬᠦᠭᠵᠢᠪᠡᠯ | ᠦᠨᠳᠤᠰᠤᠳᠡᠨ ᠬᠦᠭᠵᠢᠨ᠎ᠠ᠃ 40 ᠵᠢᠯ ᠤᠨ ᠲᠤᠷᠰᠢ᠂ ᠮᠠᠨ ᠤ ᠠᠶᠢᠮᠠᠭ ᠰᠤᠷᠭᠠᠨ ᠬᠦᠮᠤᠵᠢᠯ ᠢ ᠤᠷᠢᠳ ᠭᠠᠷᠤᠭ᠎ᠠ | ᠦᠭᠡᠢ ᠬᠦᠭᠵᠢᠭᠦᠯᠵᠦ᠂ ᠰᠤᠳᠤᠨ ᠬᠡᠤᠬᠡᠳ ᠢ ᠲᠤᠭ᠎ᠠ ᠲᠤᠮᠰᠢ ᠦᠭᠡᠢ ᠪᠤᠶᠢᠵᠢᠭᠤᠯᠵᠠᠢ᠃ | 1949 ᠤᠨ ᠳᠤ᠂ ︽ᠪᠠᠶᠢᠩᠭᠤᠵᠢᠭᠰᠠᠨ ᠪᠠ ᠪᠦᠷᠢᠨ ᠲᠡᠬᠦᠯᠳᠡᠷᠵᠢᠭᠰᠡᠨ ᠰᠤᠷᠭᠠᠨ ᠬᠦᠮᠤᠵᠢᠯ ᠤᠨ | ᠰᠢᠰᠲ᠋ᠧᠮ︾ ᠢ ᠪᠦᠷᠢᠯᠳᠦᠭᠦᠯᠪᠡ︔ 1952 ᠤᠨ ᠳᠤ᠂ ᠦᠪᠤᠷ ᠮᠤᠩᠭᠤᠯ ᠤᠨ ᠪᠠᠭᠰᠢ ᠶᠢᠨ ᠲᠡᠭᠡᠳᠤ ᠰᠤᠷᠭᠠᠭᠤᠯᠢ | ︵ᠤᠳᠤᠬᠠᠨ ᠤ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ︶ ᠬᠢᠩᠭᠠᠨ ᠠᠶᠢᠮᠠᠭ ᠲᠤ ᠪᠠᠶᠢᠭᠤᠯᠤᠭᠳᠠᠪᠠ︔ | 1985 ᠤᠨ ᠳᠤ᠂ ᠪᠦᠬᠦ ᠠᠶᠢᠮᠠᠭ ᠱᠠᠳᠤ ᠬᠤᠪᠢᠶᠠᠨ ᠰᠤᠷᠭᠠᠭᠤᠯᠢ ᠡᠷᠬᠢᠯᠡᠬᠦ᠂ ᠱᠠᠳᠤ ᠬᠤᠪᠢᠶᠠᠨ ᠬᠠᠮᠢᠶᠠᠷᠬᠤ ᠶᠢ | ᠬᠡᠷᠡᠭᠵᠢᠬᠦᠯᠵᠠᠢ︔ 2000 ᠤᠨ ᠳᠤ ︽ᠬᠤᠶᠠᠷ ᠦᠨᠳᠦᠰᠤᠨ︾ ᠪᠠᠷᠢᠮᠵᠢᠶ᠎ᠠ ᠳᠤ ᠬᠦᠷᠴᠤ᠂ ᠲᠠᠪᠠᠯᠳᠠᠳᠤ | ᠮᠠᠶ᠋ᠢᠭ ᠤᠨ ᠬᠦᠭᠵᠢᠯᠳᠠ ᠶᠢ ᠠᠬᠢᠭᠤᠯᠪᠠ︔ 2001 ᠤᠨ ᠳᠤ ᠦᠪᠠᠷᠳᠡᠭᠡᠨ ᠵᠠᠰᠠᠬᠤ ᠤᠷᠤᠨ ᠤ ᠵᠠᠰᠠᠭ ᠤᠨ | ᠤᠷᠳᠤᠨ ᠤ ᠵᠦᠪᠰᠢᠶᠡᠷᠡᠯ ᠢᠶᠠᠷ ᠮᠠᠨ ᠤ ᠠᠶᠢᠮᠠᠭ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠶᠢ ᠪᠠᠶᠢᠭᠤᠯᠪᠠ︔ | 2016 ᠤᠨ ᠳᠤ᠂ ᠮᠠᠨ ᠤ ᠠᠶᠢᠮᠠᠭ ᠦᠨᠳᠤᠰᠤᠳᠡᠨ ᠤ ᠰᠤᠷᠭᠠᠨ ᠬᠦᠮᠤᠵᠢᠯ ᠤᠨ ᠲᠤᠰᠬᠠᠢ ᠪᠡᠯᠡ ᠮᠦᠩᠬᠦ ᠶᠢ ᠵᠢᠯ | ᠪᠦᠷᠢ ᠶᠢᠨ 100 ᠲᠦᠮᠡᠨ ᠲᠦᠬᠦᠷᠢᠭ ᠪᠠᠶᠢᠭᠰᠠᠨ ᠢ 1500 ᠲᠦᠮᠡᠨ ᠲᠦᠬᠦᠷᠢᠭ ᠪᠤᠯᠭᠠᠨ ᠨᠡᠮᠡᠭᠳᠡᠭᠦᠯᠪᠡ︔ | 2019 ᠤᠨ ᠳᠤ᠂ ᠪᠦᠬᠦ ᠠᠶᠢᠮᠠᠭ ᠤᠨ 6 ᠬᠤᠰᠢᠭᠤ ᠰᠢᠶᠠᠨ ᠬᠤᠳᠠ ᠤᠯᠤᠰ ᠤᠨ ᠬᠤᠰᠢᠭᠤ ᠰᠢᠶᠠᠨ | ᠲᠤᠭᠤᠷᠢᠭ ᠤᠨ ᠳᠡᠰ ᠤᠨ ᠠᠯᠪᠠᠨ ᠵᠢᠷᠤᠮ ᠤᠨ ᠰᠤᠷᠭᠠᠨ ᠬᠦᠮᠤᠵᠢᠯ ᠢ ᠲᠡᠩᠴᠡᠬᠦᠷᠢᠳᠠᠢ ᠬᠦᠭᠵᠢᠬᠦᠯᠬᠦ ᠰᠢᠯᠭᠠᠨ | ᠪᠠᠶᠢᠴᠠᠭᠠᠯᠳᠠ ᠶᠢ ᠦᠩᠭᠡᠷᠡᠭᠦᠯᠪᠡ︔ 2019 ᠤᠨ ᠳᠤ᠂ ᠪᠦᠬᠦ ᠠᠶᠢᠮᠠᠭ ᠤᠨ ᠰᠤᠷᠬᠤ ᠨᠠᠰᠤᠨ ᠠᠴᠠ ᠡᠮᠤᠨᠡᠬᠢ | ᠬᠡᠤᠬᠡᠳ ᠤᠨ ᠴᠡᠴᠡᠷᠯᠢᠭ ᠲᠤ ᠤᠷᠤᠬᠤ ᠨᠤᠷᠮ᠎ᠠ ᠶᠢ 97.78% ᠳᠤ ᠬᠦᠷᠬᠡᠵᠦ᠂ ᠠᠯᠪᠠᠨ ᠵᠢᠷᠤᠮ ᠤᠨ ᠰᠤᠷᠭᠠᠨ | ᠬᠦᠮᠤᠵᠢᠯ ᠤᠨ ᠪᠠᠬᠢᠵᠢᠭ᠍ᠰᠡᠨ ᠨᠤᠷᠮ᠎ᠠ ᠶᠢ 94.7% ᠳᠤ ᠬᠦᠷᠭᠡᠪᠡ︔ 2019 ᠤᠨ ᠳᠤ᠂ ᠪᠦᠬᠦ ᠠᠶᠢᠮᠠᠭ ᠤᠨ | ᠰᠤᠷᠭᠠᠨ ᠬᠦᠮᠤᠵᠢᠯ ᠤᠨ ᠶᠡᠷᠤᠩᠬᠡᠢ ᠪᠡᠯᠡ ᠤᠷᠤᠭᠤᠯᠤᠯᠳᠠ ᠶᠢ 40.52807 ᠳ᠋ᠦᠩᠰᠢᠭᠤᠷ ᠲᠦᠬᠦᠷᠢᠭ ᠲᠤ | ᠬᠦᠷᠭᠡᠵᠦ᠂ ᠡᠬᠦᠨ ᠳᠤ ᠤᠯᠠᠨ ᠨᠡᠶᠢᠳᠠ ᠶᠢᠨ ᠡᠳ᠋ ᠤᠨ ᠵᠠᠰᠠᠭ ᠤᠨ ᠰᠤᠷᠭᠠᠨ ᠬᠦᠮᠤᠵᠢᠯ ᠤᠨ ᠪᠡᠯᠡ | ᠤᠷᠤᠭᠤᠯᠤᠯᠳᠠ ᠶᠢ 38.23831 ᠳ᠋ᠦᠩᠰᠢᠭᠤᠷ ᠲᠦᠬᠦᠷᠢᠭ ᠲᠤ ᠬᠦᠷᠭᠡᠪᠡ᠃ | ᠮᠠᠨ ᠤ ᠠᠶᠢᠮᠠᠭ ᠰᠡᠷᠬᠦᠭᠡᠨ ᠪᠠᠶᠢᠭᠤᠯᠤᠭᠳᠠᠭᠰᠠᠨ 40 ᠵᠢᠯ ᠳᠤ᠂ ᠰᠤᠷᠭᠠᠨ ᠬᠦᠮᠤᠵᠢᠯ ᠤᠨ ᠦᠭᠡᠷᠡᠴᠢᠯᠡᠯᠳᠠ | ᠪᠦᠬᠦ ᠠᠶᠢᠮᠠᠭ ᠤᠨ ᠠᠵᠤ ᠠᠬᠤᠢ ᠨᠡᠶᠢᠢᠭᠡᠮ ᠤᠨ ᠬᠦᠭᠵᠢᠯᠳᠠ ᠲᠠᠢ ᠬᠠᠮᠳᠤᠪᠠᠷ ᠤᠷᠤᠭᠰᠢᠯᠠᠵᠤ᠂ ᠪᠠᠶᠠᠨ ᠴᠢᠨᠡᠭᠡᠯᠢᠭ᠂ | ᠦᠵᠡᠰᠬᠦᠯᠡᠩᠳᠤ ᠰᠠᠶᠢᠬᠠᠨ᠂ ᠤᠳᠤᠬᠢᠴᠢᠯᠠᠭᠰᠠᠨ ᠬᠢᠩᠭᠠᠨ ᠢ ᠪᠠᠶᠢᠭᠤᠯᠬᠤ ᠳᠤ ᠴᠢᠳᠠᠪᠤᠷᠢᠳᠠᠨ ᠤ ᠲᠡᠮᠵᠢᠯᠭᠡ ᠪᠠ | ᠤᠶᠤᠨ ᠴᠢᠳᠠᠯ ᠤᠨ ᠲᠤᠯᠭᠠᠭᠤᠷᠢᠯᠠᠯ ᠬᠠᠩᠭᠠᠵᠠᠢ᠃ | 1947 ᠤᠨ ᠤ 4 ᠰᠠᠷ᠎ᠠ ᠶᠢᠨ 23 ᠤ ᠡᠳᠤᠷ᠂ ᠦᠪᠤᠷ ᠮᠤᠩᠭᠤᠯ ᠤᠨ ᠠᠷᠠᠳ ᠤᠨ | ᠲᠦᠯᠤᠭᠡᠯᠡᠭᠴᠢᠳ ᠤᠨ ᠶᠡᠭᠡ ᠬᠤᠷᠠᠯ ︽ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠵᠠᠰᠠᠭ ᠤᠨ | ᠤᠷᠳᠤᠨ ᠤ ᠬᠦᠳᠤᠯᠪᠤᠷᠢ︾ ᠶᠢ ᠶᠠᠷᠢᠯᠴᠠᠨ ᠪᠠᠳᠤᠯᠠᠬᠰᠠᠨ ᠠᠴᠠ ᠦᠪᠤᠷ ᠮᠤᠩᠭᠤᠯ ᠤᠨ ᠦᠪᠠᠷᠳᠡᠭᠡᠨ ᠵᠠᠰᠠᠬᠤ | ᠤᠷᠤᠨ ᠤ ᠰᠤᠷᠭᠠᠨ ᠬᠦᠮᠤᠵᠢᠯ ᠤᠨ ᠴᠣ ᠰᠢᠨ᠎ᠠ ᠦᠢᠯᠡᠰ ᠬᠢᠩᠭᠠᠨ ᠨᠤᠳᠤᠭ ᠠᠴᠠ ᠡᠬᠢᠯᠡᠯ᠎ᠠ᠃ ᠪᠦᠬᠦ ᠠᠶᠢᠮᠠᠭ ᠤᠨ | ᠰᠤᠷᠭᠠᠨ ᠬᠦᠮᠤᠵᠢᠯ ᠤᠨ ᠠᠵᠢᠯᠳᠠᠳ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠲᠠᠭᠠᠭᠤᠯᠭ᠎ᠠ | ᠲᠤᠥᠷ᠎ᠠ᠂ ︽ᠡᠯ᠎ᠠ ᠦᠨᠳᠤᠰᠤᠳᠡᠨ ᠲᠠᠢ ᠬᠤᠯᠪᠤᠭᠠᠯᠠᠨ᠂ ᠡᠶ᠎ᠡ ᠨᠠᠶᠢᠷᠠᠮᠳᠠᠭᠤ ᠠᠷᠠᠳᠴᠢᠯᠠᠭᠰᠠᠨ ᠰᠢᠨ᠎ᠠ ᠲᠤᠮᠳᠠᠳᠤ | ᠤᠯᠤᠰ ᠪᠠ ᠦᠪᠤᠷ ᠮᠤᠩᠭᠤᠯ ᠢ ᠪᠦᠳᠤᠭᠡᠨ ᠪᠠᠶᠢᠭᠤᠯᠬᠤ ᠪᠠᠷ ᠲᠡᠮᠡᠴᠡᠶ᠎ᠠ︾ ᠭᠡᠬᠦ ᠦᠩᠭᠡ ᠭᠡᠷᠡᠯᠳᠤ ᠲᠠᠩᠭᠠᠷᠢᠭ ᠢ | ᠦᠢᠯᠡᠳᠦᠯᠭᠡᠵᠢᠭᠦᠯᠵᠠᠢ᠃ | 1949 ᠤᠨ ᠳᠤ ᠪᠦᠬᠦ ᠠᠶᠢᠮᠠᠭ ᠤᠨ ᠰᠤᠷᠭᠠᠭᠤᠯᠢ ᠳᠤ ᠰᠠᠭᠤᠭ᠎ᠠ ᠰᠤᠷᠤᠭᠴᠢ ᠶᠢᠨ ᠲᠤᠭ᠎ᠠ 4.5 ᠲᠦᠮᠡ | ᠪᠠᠶᠢᠵᠠᠢ᠃ ᠠᠷᠪᠠᠨ ᠨᠢᠭᠡᠳᠤᠭᠡᠷ ᠬᠤᠭᠤᠴᠠᠭᠠᠨ ᠤ ᠭᠤᠷᠪᠠᠳᠤᠭᠠᠷ ᠪᠦᠬᠦᠳᠠ ᠬᠤᠷᠠᠯ ᠤᠨ ᠲᠠᠷᠠᠭ᠎ᠠ᠂ ᠠᠶᠢᠮᠠᠭ ᠤᠨ | ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠰᠤᠷᠭᠠᠨ ᠬᠦᠮᠤᠵᠢᠯ ᠤᠨ ᠦᠢᠯᠡᠰ ᠤᠨ ᠬᠦᠭᠵᠢᠯᠳᠡ ᠶᠢ ᠮᠠᠨ ᠤ | ᠠᠶᠢᠮᠠᠭ ᠤᠨ ᠬᠤᠴᠤᠷᠤᠩᠭᠤᠢ ᠪᠠᠶᠢᠳᠠᠯ ᠢ ᠬᠤᠪᠢᠷᠠᠭᠤᠯᠬᠤ ᠭᠤᠥᠯᠳᠠᠯᠭ᠎ᠠ ᠲᠠᠢ ᠢᠨᠵᠧᠨᠧᠷᠢᠩ ᠪᠤᠯᠭᠠᠵᠤ᠂ | ᠰᠤᠷᠭᠠᠭᠤᠯᠢ ᠡᠷᠬᠢᠯᠡᠬᠦ ᠲᠤᠭᠳᠠᠴᠠ ᠶᠢ ᠱᠠᠳᠤ ᠬᠤᠪᠢᠶᠠᠨ ᠪᠦᠷᠢᠯᠳᠦᠭᠦᠯᠵᠦ᠂ ᠵᠢᠭᠠᠨ ᠰᠤᠷᠭᠠᠯᠳᠠ ᠶᠢᠨ ᠰᠤᠳᠤᠯᠭᠠᠨ | ᠪᠠ ᠪᠠᠭᠰᠢ ᠶᠢᠨ ᠪᠤᠯᠪᠠᠰᠤᠷᠠᠯ ᠢ ᠴᠢᠩᠭᠠᠳᠬᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠲᠠᠷᠠᠭ᠎ᠠ᠂ | ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ︽ᠶᠠᠳᠠᠭᠤ ᠠᠶᠢᠮᠠᠭ︾ ᠳᠤᠮᠤ ᠰᠤᠷᠭᠠᠨ ᠬᠦᠮᠤᠵᠢᠯ ᠢ | ᠡᠷᠬᠢᠯᠡᠬᠦ ᠦᠭᠡᠷᠡᠴᠢᠯᠡᠯᠳᠠ ᠶᠢᠨ ᠵᠠᠮ ᠢ ᠡᠷᠢᠯᠬᠢᠯᠡᠭᠰᠡᠨ ᠠᠴᠠ 2019 ᠤᠨ ᠪᠤᠯᠵᠦ ᠢᠷᠡᠬᠦ ᠳᠤ ᠪᠦᠬᠦ ᠠᠶᠢᠮᠠᠭ ᠤᠨ | ᠰᠤᠷᠭᠠᠭᠤᠯᠢ ᠳᠤ ᠰᠠᠭᠤᠭ᠎ᠠ ᠰᠤᠷᠤᠭᠴᠢ ᠶᠢᠨ ᠲᠤᠭ᠎ᠠ 21.77 ᠲᠦᠮᠡ ᠪᠤᠯᠵᠦ ᠨᠡᠮᠡᠭᠳᠡᠪᠡ᠃ | ᠰᠠᠭᠤᠷᠢ ᠰᠤᠷᠭᠠᠨ ᠬᠦᠮᠤᠵᠢᠯ ᠢ ᠪᠠᠬᠢᠵᠢᠭᠦᠯᠦᠭᠰᠡᠨ ᠨᠢ | ᠤᠢᠢᠷ᠎ᠠ ᠶᠢᠨ ᠬᠡᠳᠤᠨ ᠵᠢᠯ ᠳᠤ᠂ ᠮᠠᠨ ᠤ ᠠᠶᠢᠮᠠᠭ ᠰᠤᠷᠬᠤ ᠨᠠᠰᠤᠨ ᠠᠴᠠ ᠡᠮᠤᠨᠡᠬᠢ ᠰᠤᠷᠭᠠᠨ | ᠬᠦᠮᠤᠵᠢᠯ ᠤᠨ ︽ᠭᠤᠷᠪᠠᠨ ᠵᠢᠯ ᠤᠨ ᠠᠵᠢᠯᠯᠠᠭᠠᠨ ᠤ ᠲᠦᠯᠤᠪᠯᠡᠭᠡ︾ ᠶᠢ ᠲᠤᠬᠳᠠᠭᠠᠨ ᠬᠡᠷᠡᠭᠵᠢᠭᠦᠯᠵᠦ᠂ | ᠠᠯᠪᠠᠨ ᠠᠴᠠ ᠡᠷᠬᠢᠯᠡᠭᠰᠡᠨ ᠴᠡᠴᠡᠷᠯᠢᠭ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠬᠤ ᠶᠢᠨ ᠬᠠᠮᠳᠤ ᠠᠷᠠᠳ ᠠᠴᠠ | ᠡᠷᠬᠢᠯᠡᠭᠰᠡᠨ ᠴᠡᠴᠡᠷᠯᠢᠭ ᠢ ᠴᠤ ᠰᠠᠶᠢᠳᠤᠷ ᠪᠦᠳᠦᠭᠡᠨ ᠪᠠᠶᠢᠭᠤᠯᠵᠦ ᠪᠤᠢ᠃ 2019 ᠤᠨ ᠤ ᠰᠡᠬᠦᠯᠴᠢ ᠪᠤᠯᠳᠠᠯ᠎ᠠ᠂ | ᠮᠠᠨ ᠤ ᠠᠶᠢᠮᠠᠭ 422 ᠬᠡᠥᠬᠡᠳ ᠤᠨ ᠴᠡᠴᠡᠷᠯᠢᠭ ᠲᠠᠢ ᠪᠤᠯᠵᠤ᠂ 39491 ᠴᠡᠴᠡᠷᠯᠢᠭ ᠤᠨ ᠬᠡᠥᠬᠡᠳ ᠲᠠᠢ ᠪᠤᠯᠵᠠᠢ᠃ | ᠰᠤᠷᠬᠤ ᠨᠠᠰᠤᠨ ᠠᠴᠠ ᠡᠮᠤᠨᠡᠬᠢ ᠬᠡᠤᠬᠡᠳ ᠤᠨ ᠭᠤᠷᠪᠠᠨ ᠵᠢᠯ ᠤᠨ ᠴᠡᠴᠡᠷᠯᠢᠭ ᠲᠤ ᠤᠷᠤᠬᠤ ᠨᠤᠷᠮ᠎ᠠ ᠶᠢ 97. | 78% ᠳᠤ ᠬᠦᠷᠭᠡᠵᠦ᠂ ᠪᠦᠬᠦ ᠤᠯᠤᠰ ᠤᠨ ᠬᠡᠤᠬᠡᠳ ᠤᠨ ᠴᠡᠴᠡᠷᠯᠢᠭ ᠲᠤ ᠤᠷᠤᠬᠰᠠᠨ ᠨᠤᠷᠮ᠎ᠠ ᠶᠢᠨ 81. | 7% ᠲᠠᠢ ᠬᠠᠷᠢᠴᠠᠭᠤᠯᠪᠡᠯ 16.08 ᠵᠠᠭᠤᠨ ᠤ ᠬᠤᠪᠢ ᠶᠢᠨ ᠴᠡᠭ ᠢ ᠲᠠᠪᠠᠭᠤᠯᠤᠬᠰᠠᠨ ᠪᠠᠶᠢᠳᠠᠭ᠃ ᠤᠳᠤᠬᠠᠨ ᠳᠤ | ᠂ ᠡᠯ᠎ᠠ ᠬᠤᠰᠢᠭᠤ ᠰᠢᠶᠠᠨ ᠬᠤᠳᠠ ᠪᠠ ᠬᠦᠳᠡᠭᠡ ᠲᠤᠰᠬᠤᠨ ᠤ ᠰᠤᠷᠭᠠᠭᠤᠯᠢ ᠶᠢᠨ ᠪᠦᠳᠤᠭᠡᠨ ᠪᠠᠶᠢᠭᠤᠯᠤᠯᠳᠠ | ᠤᠯᠠᠮ ᠢᠶᠠᠷ ᠰᠢᠯᠢᠳᠡᠭᠵᠢᠨ᠂ ᠦᠩᠭᠡᠷᠡᠭᠰᠡᠨ ᠤ ᠡᠪᠳᠡᠷᠡᠵᠤ ᠬᠠᠭᠤᠴᠢᠷᠠᠬᠰᠠᠨ ᠰᠤᠷᠭᠠᠭᠤᠯᠢ ᠶᠢᠨ ᠬᠦᠷᠢᠶ᠎ᠠ ᠪᠠ | ᠠᠩᠬᠢ ᠶᠢᠨ ᠭᠡᠷ ᠨᠢ ᠨᠢᠭᠡᠨᠳᠠ ᠲᠡᠥᠬᠡ ᠪᠤᠯᠵᠤ ᠬᠤᠴᠤᠷᠪᠠ᠃ ᠡ᠊ᠨᠠ ᠨᠢ ᠮᠠᠨ ᠤ ᠠᠶᠢᠮᠠᠭ ᠠᠯᠪᠠᠨ ᠵᠢᠷᠤᠮ ᠤᠨ | ᠰᠤᠷᠭᠠᠨ ᠬᠦᠮᠤᠵᠢᠯ ᠢ ᠪᠦᠬᠦ ᠬᠦᠴᠤᠨ ᠢᠶᠠᠷ ᠴᠢᠬᠤᠯᠠᠴᠢᠯᠠᠬᠰᠠᠨ ᠤ ᠦᠷ᠎ᠠ ᠳ᠋ᠦᠩ ᠪᠤᠯᠬᠤ ᠶᠤᠮ᠃ | ᠦᠨᠳᠤᠷ ᠲᠤᠮᠳᠠᠳᠤ ᠶᠢᠨ ᠰᠤᠷᠭᠠᠨ ᠬᠦᠮᠤᠵᠢᠯ ᠢ ᠠᠬᠢᠭᠤᠯᠤᠬᠰᠠᠨ ᠨᠢ | ᠦᠨᠳᠤᠷ ᠲᠤᠮᠳᠠᠳᠤ ᠶᠢᠨ ᠰᠤᠷᠭᠠᠨ ᠬᠦᠮᠤᠵᠢᠯ ᠢ ᠰᠠᠶᠢᠳᠤᠷ ᠡᠷᠬᠢᠯᠡᠬᠦ ᠶᠢᠨ ᠲᠦᠯᠦᠭᠡ ᠮᠠᠨ ᠤ ᠠᠶᠢᠮᠠᠭ ᠤᠨ | ᠬᠡᠳᠤᠨ ᠦᠶ᠎ᠠ ᠶᠢᠨ ᠰᠤᠷᠭᠠᠨ ᠬᠦᠮᠤᠵᠢᠯᠳᠠᠨ ᠤᠶᠤᠨ ᠲᠠᠷᠢᠬᠢ ᠪᠠᠨ ᠰᠢᠪᠬᠠᠨ ᠰᠢᠷᠭᠠᠭᠤ ᠴᠢᠷᠮᠠᠶᠢᠭᠰᠠᠭᠠᠷ ᠢᠷᠡᠵᠠᠢ᠃ | 2020 ᠤᠨ ᠳᠤ᠂ ᠪᠦᠬᠦ ᠠᠶᠢᠮᠠᠭ ᠤᠨ ᠤᠯᠤᠰ ᠤᠨ ᠨᠢᠭᠡᠳᠦᠯᠳᠡᠢ ᠰᠢᠯᠭᠠᠯᠳᠠ ᠳᠤ 8363 ᠰᠤᠷᠤᠭᠴᠢ | ᠤᠷᠤᠯᠴᠠᠵᠤ᠂ 5238 ᠰᠤᠷᠤᠭᠴᠢ ᠵᠢᠩᠬᠢᠨᠢ ᠠᠩᠬᠢ ᠳᠤ ᠰᠢᠯᠭᠠᠨ ᠤᠷᠤᠵᠤ᠂ 2019 ᠤᠨ ᠤ ᠬᠢ ᠠᠴᠠ 398 | ᠬᠦᠮᠤᠨ ᠨᠡᠮᠡᠭᠳᠡᠵᠤ᠂ ᠵᠢᠩᠬᠢᠨᠢ ᠠᠩᠬᠢ ᠳᠤ ᠤᠷᠤᠭᠰᠠᠨ ᠨᠤᠷᠮ᠎ᠠ 66.8% ᠳᠤ ᠲᠤᠯᠵᠤ᠂ 2019 | ᠤᠨ ᠤ ᠬᠢ ᠠᠴᠠ 4.1 ᠵᠠᠭᠤᠨ ᠤ ᠬᠤᠪᠢ ᠶᠢᠨ ᠴᠡᠭ ᠨᠡᠮᠡᠭᠳᠡᠪᠡ᠃ ᠵᠢᠩᠬᠢᠨᠢ ᠠᠩᠬᠢ ᠶᠢᠨ ᠨᠢᠭᠡᠳᠤᠭᠡᠷ ᠪᠦᠯᠥᠭ ᠲᠤ | 2189 ᠰᠤᠷᠤᠭᠴᠢ ᠡᠯᠰᠡᠭᠳᠡᠵᠤ᠂ 2019 ᠤᠨ ᠤ ᠬᠢ ᠠᠴᠠ 180 ᠰᠤᠷᠤᠭᠴᠢ ᠨᠡᠮᠡᠭᠳᠡᠵᠤ᠂ ᠵᠢᠩᠬᠢᠨᠢ | ᠠᠩᠬᠢ ᠶᠢᠨ ᠨᠢᠭᠡᠳᠤᠭᠡᠷ ᠪᠦᠯᠥᠭ ᠲᠤ ᠡᠯᠰᠡᠭᠳᠡᠭᠰᠡᠨ ᠨᠤᠷᠮ᠎ᠠ 31.7% ᠳᠤ ᠲᠤᠯᠵᠤ᠂ 2019 ᠤᠨ ᠤ ᠬᠢ ᠠᠴᠠ | 5.7 ᠵᠠᠭᠤᠨ ᠤ ᠬᠤᠪᠢ ᠶᠢᠨ ᠴᠡᠭ ᠨᠡᠮᠡᠭᠳᠡᠪᠡ᠃ | ᠦᠨᠳᠤᠰᠤᠳᠡᠨ ᠤ ᠤᠨᠴᠠᠯᠢᠭᠳᠤ ᠰᠤᠷᠭᠠᠨ ᠬᠦᠮᠤᠵᠢᠯ ᠢ ᠲᠡᠪᠰᠢᠭᠤᠯᠤᠬᠰᠠᠨ ᠨᠢ | ᠤᠯᠠᠭᠠᠨᠬᠤᠳᠠ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠮᠤᠩᠭᠤᠯ ᠡᠮ ᠡᠮᠨᠡᠯᠭᠡ ᠤᠨ ᠮᠡᠳᠡᠯᠭᠡ ᠶᠢ | ᠭᠤᠷᠪᠠᠨ ᠵᠢᠯ ᠲᠠᠷᠠᠭᠠᠯᠠᠨ ᠵᠢᠭᠠᠵᠦ᠂ ᠮᠤᠩᠭᠤᠯ ᠡᠮ ᠡᠮᠨᠡᠯᠭᠡ ᠶᠢᠨ ᠴᠢᠬᠤᠯᠠ ᠴᠢᠨᠠᠷ ᠢ ᠰᠤᠷᠤᠭᠴᠢᠳ ᠲᠤ ᠪᠠᠨ | ᠲᠠᠨᠢᠭᠤᠯᠵᠤ᠂ ᠰᠤᠷᠤᠭᠴᠢ ᠪᠠ ᠭᠡᠷ ᠤᠨ ᠠᠬᠠᠮᠠᠳ ᠤᠨ ᠬᠠᠯᠠᠭᠤᠨ ᠬᠦᠷᠢᠶᠡᠯᠡᠯ ᠢ ᠤᠯᠵᠦ ᠪᠤᠢ᠃ ᠬᠤᠷᠴᠢᠨ | ᠪᠠᠷᠠᠭᠤᠨ ᠭᠠᠷᠤᠨ ᠲᠤᠮᠳᠠᠳᠤ ᠬᠤᠰᠢᠭᠤ ᠮᠤᠩᠭᠤᠯ ᠦᠨᠳᠤᠰᠤᠳᠡᠨ ᠤ ᠤᠯᠠᠮᠵᠢᠯᠠᠯᠳᠤ ᠰᠤᠶᠤᠯ ᠢ ᠦᠨᠳᠤᠰᠤᠳᠡᠨ ᠤ | ᠰᠤᠷᠭᠠᠭᠤᠯᠢ ᠶᠢᠨ ᠬᠦᠷᠢᠶᠡᠨ ᠳᠤ ᠤᠷᠤᠭᠤᠯᠵᠦ᠂ ᠠᠰᠠᠷ ᠪᠤᠯᠭᠠᠨ ᠢᠶᠠᠨ ᠨᠢᠭᠡ ᠭᠤᠥᠯ ᠰᠡᠳᠤᠪ ᠲᠠᠢ᠂ ᠬᠡᠷᠡᠮ | ᠪᠤᠯᠭᠠᠨ ᠢᠶᠠᠨ ᠨᠢᠭᠡ ᠦᠯᠢᠭᠡᠷ ᠲᠠᠢ ᠪᠤᠯᠭᠠᠪᠠ᠃ ᠰᠤᠷᠬᠤ ᠨᠠᠰᠤᠨ ᠤ ᠰᠤᠷᠤᠭᠴᠢᠳ ᠤᠨ ᠠᠳᠠᠯᠢ ᠪᠤᠰᠤ ᠤᠨᠴᠠᠯᠢᠭ | ᠵᠢᠴᠢ ᠤᠷᠮ᠎ᠠ ᠪᠠᠬ᠎ᠠ ᠶᠢ ᠦᠨᠳᠤᠰᠤᠯᠡᠨ᠂ ᠮᠤᠩᠭᠤᠯ ᠶᠤᠸᠠᠨ ᠤ ᠰᠤᠶᠤᠯ ᠢ ᠬᠢᠴᠢᠶᠡᠯ ᠤᠨ ᠠᠭᠤᠯᠭ᠎ᠠ ᠪᠠ | ᠬᠢᠴᠢᠶᠡᠯ ᠤᠨ ᠭᠠᠳᠠᠨᠠᠬᠢ ᠲᠤᠷ᠎ᠠ ᠰᠤᠨᠢᠷᠬᠠᠯᠳᠤ ᠵᠢᠭᠠᠨ ᠰᠤᠷᠭᠠᠯᠳᠠ ᠲᠠᠢ ᠪᠠᠨ ᠠᠭᠤᠰᠤᠯᠴᠠᠭᠤᠯᠵᠦ᠂ | ᠦᠨᠳᠤᠰᠤᠳᠡᠨ ᠤ ᠰᠢᠯᠢᠳᠡᠭ ᠰᠤᠶᠤᠯ ᠢ ᠰᠤᠷᠤᠭᠴᠢᠳ ᠲᠤ ᠪᠠᠨ ᠤᠯᠠᠮᠵᠢᠯᠠᠵᠦ ᠪᠠᠶᠢᠨ᠎ᠠ᠃ ᠲᠤᠰ ᠬᠤᠰᠢᠭᠤ ᠪᠠᠰᠠ | ︽ᠬᠤᠤᠯᠢᠨ ᠭᠤᠥᠯ ᠤᠷᠤᠰᠤᠨ ᠦᠩᠭᠡᠷᠡᠭᠰᠡᠨ ᠭᠠᠵᠠᠷ︾ ︽ᠬᠢᠳᠠᠳ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ | ᠬᠦᠬᠡᠭᠴᠢᠨ ᠲᠦᠷᠤᠯ ᠤᠨ ᠮᠤᠩᠭᠤᠯ ᠬᠡᠯᠡᠨ ᠤ ᠶᠠᠷᠢᠶᠠᠨ ᠤ ᠮᠠᠲ᠋ᠧᠷᠢᠶᠡᠯ︾ ᠵᠡᠷᠭᠡ ᠦᠨᠳᠤᠰᠤᠳᠡᠨ ᠤ ᠤᠨᠴᠠᠯᠢᠭ ᠲᠠᠢ | ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠬᠡᠪᠯᠡᠵᠦ ᠬᠢᠴᠢᠶᠡᠯ ᠤᠨ ᠭᠠᠳᠠᠨᠠᠬᠢ ᠤᠩᠰᠢᠬᠤ ᠪᠢᠴᠢᠭ ᠪᠤᠯᠭᠠᠵᠦ ᠪᠤᠢ᠃ | 2013 ᠤᠨ ᠠᠴᠠ ᠡᠬᠢᠯᠡᠨ᠂ ᠮᠠᠨ ᠤ ᠠᠶᠢᠮᠠᠭ ᠮᠤᠩᠭᠤᠯ ᠢᠶᠠᠷ ᠬᠢᠴᠢᠶᠡᠯᠯᠡᠬᠦ ᠲᠤᠮᠳᠠᠳᠤ ᠰᠤᠷᠭᠠᠭᠤᠯᠢ ᠶᠢᠨ | ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠨᠠᠶᠢᠷ ᠨᠠᠭᠠᠳᠤᠮ ᠢ ᠵᠢᠯ ᠪᠦᠷᠢ ᠡᠷᠬᠢᠯᠡᠨ᠂ ᠪᠦᠬᠡ ᠪᠠᠷᠢᠯᠳᠤᠬᠤ᠂ | ᠰᠤᠷ ᠬᠠᠷᠪᠤᠬᠤ᠂ ᠪᠢᠯᠠᠭᠤ ᠰᠢᠳᠠᠬᠦ᠂ ᠭᠠᠷᠬ᠎ᠠ ᠤᠨᠤᠭᠠᠬᠤ᠂ ᠦᠨᠳᠤᠰᠤᠳᠡᠨ ᠤ ᠮᠡᠳᠡᠯᠭᠡ ᠶᠢᠨ ᠤᠷᠤᠯᠳᠤᠭᠠᠨ | ᠶᠠᠪᠤᠭᠤᠯᠬᠤ ᠵᠡᠷᠭᠡ ᠤᠷᠤᠯᠳᠤᠭᠠᠨ ᠤ ᠲᠦᠷᠤᠯ ᠵᠦᠢᠯ ᠢ 7 ᠲᠤᠬᠢᠷᠠᠭᠤᠯᠵᠤ ᠪᠤᠢ᠃ ᠪᠦᠬᠦ ᠠᠶᠢᠮᠠᠭ ᠤᠨ | ᠮᠤᠩᠭᠤᠯ ᠢᠶᠠᠷ ᠬᠢᠴᠢᠶᠡᠯᠯᠡᠬᠦ ᠰᠤᠷᠭᠠᠭᠤᠯᠢ ᠶᠢᠨ ᠮᠤᠷᠢᠨ ᠬᠤᠭᠤᠷ ᠤᠨ ᠪᠠᠭᠰᠢ ᠶᠢᠨ ᠪᠤᠯᠪᠠᠰᠤᠷᠠᠯ ᠤᠨ ᠠᠩᠬᠢ | ᠡᠷᠭᠢᠯᠡᠵᠦ᠂ ᠬᠤᠷᠴᠢᠨ ᠰᠤᠶᠤᠯ ᠤᠨ ᠮᠡᠳᠡᠯᠭᠡ ᠶᠢᠨ ᠤᠷᠤᠯᠳᠤᠭᠠᠨ᠂ ᠮᠤᠩᠭᠤᠯ ᠦᠨᠳᠤᠰᠤᠳᠡᠨ ᠤ ᠠᠷᠠᠳ ᠤᠨ | ᠲᠠᠭᠤᠥ ᠶᠢᠨ ᠲᠧᠯᠸᠢᠰ ᠤᠷᠤᠯᠳᠤᠭᠠᠨ ᠵᠡᠷᠭᠡ ᠠᠵᠢᠯᠯᠠᠭ᠎ᠠ ᠶᠢ ᠢᠳᠡᠪᠬᠢᠳᠠᠢ ᠦᠷᠨᠢᠬᠦᠯᠵᠠᠢ᠃ 2016 ᠤᠨ ᠳᠤ᠂ | ᠠᠶᠢᠮᠠᠭ ᠤᠨ ᠨᠠᠮ ᠤᠨ ᠬᠤᠷᠢᠶ᠎ᠠ ᠦᠨᠳᠤᠰᠤᠳᠡᠨ ᠤ ᠰᠤᠷᠭᠠᠨ ᠬᠦᠮᠤᠵᠢᠯ ᠢ ︽ᠠᠷᠪᠠᠨ ᠲᠦᠷᠤᠯ ᠤᠨ ᠢᠨᠵᠧᠨᠧᠷᠢᠩ︾ | ᠤᠨ ᠴᠢᠬᠤᠯᠠ ᠨᠢᠭᠡ ᠠᠭᠤᠯᠭ᠎ᠠ ᠪᠤᠯᠭᠠᠭᠰᠠᠨ ᠪᠠᠶᠢᠨ᠎ᠠ᠃ | ᠠᠵᠢᠯ ᠮᠡᠷᠭᠡᠵᠢᠯ ᠤᠨ ᠰᠤᠷᠭᠠᠨ ᠬᠦᠮᠤᠵᠢᠯ ᠢ ᠬᠦᠭᠵᠢᠭᠦᠯᠦᠭᠰᠡᠨ ᠨᠢ | ᠮᠠᠨ ᠤ ᠠᠶᠢᠮᠠᠭ ᠤᠨ ᠲᠡᠭᠡᠳᠤ ᠲᠡᠰ ᠤᠨ ᠮᠡᠷᠭᠡᠵᠢᠯ ᠤᠨ ᠠᠵᠢᠯᠳᠡᠨ ᠠᠵᠢᠯᠴᠢᠨ ᠤ ᠰᠤᠷᠭᠠᠭᠤᠯᠢ ᠨᠢ | ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠶᠠᠮᠤᠨ ᠳᠤ ︽ᠲᠡᠯᠡᠬᠡᠢ ᠶᠢᠨ | ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠤ ᠰᠤᠷᠠᠭ ᠵᠠᠩᠬᠢ ᠶᠢᠨ ᠶᠡᠷᠤᠩᠬᠡᠶᠢᠯᠡᠨ ᠲᠤᠬᠢᠷᠠᠭᠤᠯᠤᠬᠰᠠᠨ ᠲᠦᠷᠤᠯ | ᠵᠦᠢᠯ ᠳᠠᠬᠢ ᠲᠤᠮᠳᠠᠳᠤ ᠤᠯᠤᠰ ᠤᠨ ᠲᠦᠪᠯᠡᠷᠡᠬᠦᠯᠤᠨ ᠪᠤᠯᠪᠠᠰᠤᠷᠠᠭᠤᠯᠬᠤ ᠰᠠᠭᠤᠷᠢᠨ︾ ᠢᠶᠠᠷ ᠨᠡᠷᠡᠶᠢᠳᠥᠭᠳᠡᠵᠤ᠂ | ᠤᠯᠠᠭᠠᠨᠬᠤᠳᠠ ᠶᠢᠨ ᠠᠵᠢᠯ ᠮᠡᠷᠭᠡᠵᠢᠯ ᠤᠨ ᠵᠢᠭᠠᠨ ᠰᠤᠷᠭᠠᠯᠳᠠ ᠶᠢᠨ ᠲᠦᠪ ᠨᠢ ᠦᠪᠠᠷᠳᠡᠭᠡᠨ ᠵᠠᠰᠠᠬᠤ ᠤᠷᠤᠨ ᠤ | ᠰᠤᠷᠭᠠᠨ ᠬᠦᠮᠤᠵᠢᠯ ᠤᠨ ᠲᠢᠩᠬᠢᠮ ᠳᠤ ︽ᠪᠦᠬᠦ ᠤᠷᠤᠨ ᠤ ᠠᠵᠢᠯ ᠮᠡᠷᠭᠡᠵᠢᠯ ᠤᠨ ᠰᠤᠷᠭᠠᠨ ᠬᠦᠮᠤᠵᠢᠯ ᠤᠨ | ᠰᠢᠯᠢᠳᠡᠭ ᠲᠤᠰᠬᠠᠢ ᠮᠡᠷᠭᠡᠵᠢᠯ ᠤᠨ ᠲᠦᠷᠤᠬᠦᠥ ᠪᠦᠯᠥᠭ ᠰᠤᠷᠭᠠᠭᠤᠯᠢ︾ ᠪᠠᠷ ᠨᠡᠷᠡᠶᠢᠳᠥᠭᠳᠡᠵᠤ᠂ ᠲᠤᠮᠳᠠᠳᠤ | ᠬᠤᠰᠢᠭᠤᠨ ᠤ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠵᠦᠭᠡᠭᠡᠪᠤᠷᠢᠯᠡᠬᠦ ᠬᠡᠯᠪᠡᠷᠢ ᠶᠢᠨ ᠡᠷᠳᠡᠨᠢ | ᠰᠢᠰᠢ ᠶᠢᠨ ᠬᠠᠳᠤᠵᠤ ᠬᠤᠷᠢᠶᠠᠬᠤ ᠮᠠᠰᠢᠨ᠂ ᠨᠠᠷᠠᠨᠬᠤᠸᠠᠷ ᠤᠨ ᠲᠦᠷᠥᠬᠦᠥ ᠶᠢ ᠬᠠᠳᠤᠬᠤ ᠮᠠᠰᠢᠨ᠂ ᠬᠤᠭ ᠨᠤᠪᠰᠢ ᠶᠢ | ᠰᠢᠢᠳᠪᠤᠷᠢᠯᠡᠬᠦ ᠲᠠᠰᠤᠭ᠂ ᠪᠢᠷ ᠤᠨ ᠰᠠᠪᠠ᠂ ᠬᠦᠭ ᠨᠢ ᠬᠤᠪᠢᠷᠠᠬᠤ ᠮᠤᠩᠭᠤᠯ ᠦᠨᠳᠦᠰᠦᠳᠡᠨ ᠤ ᠲᠦᠷᠪᠡᠨ | ᠤᠳᠠᠰᠤᠳᠤ ᠬᠤᠭᠤᠷ ᠵᠡᠷᠭᠡ 5 ᠲᠦᠷᠦᠯ ᠢ ᠪᠡᠶ᠎ᠠ ᠪᠠᠨ ᠲᠠᠭᠠᠭᠠᠵᠤ ᠰᠤᠳᠤᠯᠤᠨ ᠪᠦᠳᠦᠭᠡᠭᠰᠡᠨ ᠪᠦᠭᠡᠳ ᠤᠯᠤᠰ ᠤᠨ | ᠲᠤᠰᠬᠠᠢ ᠠᠰᠢᠭ ᠤᠨ ᠡᠷᠭᠡ ᠶᠢ ᠤᠯᠵᠤ᠂ ᠮᠠᠨ ᠤ ᠠᠶᠢᠮᠠᠭ ᠤᠨ ᠠᠵᠢᠯ ᠮᠡᠷᠭᠡᠵᠢᠯ ᠤᠨ ᠰᠤᠷᠭᠠᠨ ᠬᠦᠮᠤᠵᠢᠯ ᠤᠨ | ᠰᠢᠨ᠎ᠠ ᠬᠠᠭᠤᠳᠠᠰᠤ ᠶᠢ ᠪᠢᠴᠢᠭᠯᠡᠪᠡ᠃ ᠤᠢᠢᠷ᠎ᠠ ᠶᠢᠨ ᠬᠡᠳᠤᠨ ᠵᠢᠯ ᠳᠤ᠂ ᠤᠯᠤᠰ ᠪᠠ ᠦᠪᠠᠷᠳᠡᠭᠡᠨ ᠵᠠᠰᠠᠬᠤ | ᠤᠷᠤᠨ ᠠᠴᠠ ᠡᠷᠬᠢᠯᠡᠭᠰᠡᠨ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠴᠢᠳᠠᠪᠤᠷᠢ ᠶᠢᠨ | ᠤᠷᠤᠯᠳᠤᠭᠠᠨ ᠳᠤ ᠮᠠᠨ ᠤ ᠠᠶᠢᠮᠠᠭ ᠤᠨ ᠤᠷᠤᠯᠳᠤᠭᠴᠢ ᠤᠯᠠᠨ ᠤᠳᠠᠭ᠎ᠠ ᠡᠮᠤᠨ᠎ᠠ ᠨᠡᠷᠡᠰ ᠲᠤ ᠲᠤᠳᠤᠷᠠᠵᠤ ᠠᠯᠳᠡᠷ | ᠨᠡᠷ᠎ᠠ ᠪᠠᠨ ᠮᠠᠨᠳᠤᠭᠤᠯᠵᠠᠢ᠃ | ᠰᠤᠷᠭᠠᠭᠤᠯᠢ ᠡᠷᠬᠢᠯᠡᠬᠦ ᠨᠦᠬᠦᠴᠠᠯ ᠢ ᠰᠠᠶᠢᠵᠢᠷᠠᠭᠤᠯᠤᠬᠰᠠᠨ ᠨᠢ | 2012 — 2019 ᠤᠨ ᠳᠤ᠂ ᠮᠠᠨ ᠤ ᠠᠶᠢᠮᠠᠭ ᠨᠡᠶᠢᠳᠠ 29.4 ᠳ᠋ᠦᠩᠰᠢᠭᠤᠷ ᠲᠦᠬᠦᠷᠢᠭ ᠤᠨ | ᠪᠡᠯᠡ ᠮᠦᠩᠭᠦ ᠵᠠᠷᠤᠴᠠᠭᠤᠯᠵᠦ᠂ ᠶᠠᠳᠠᠭᠤ ᠬᠦᠴᠢᠷᠳᠠᠯ ᠲᠠᠢ ᠭᠠᠵᠠᠷ ᠤᠷᠤᠨ ᠤ ᠠᠯᠪᠠᠨ ᠵᠢᠷᠤᠮ ᠤᠨ ᠰᠤᠷᠭᠠᠨ | ᠬᠦᠮᠤᠵᠢᠯ ᠤᠨ ᠪᠠᠭᠤᠷᠠᠢ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠨᠳᠦᠰᠦᠨ ᠨᠦᠬᠦᠴᠠᠯ ᠢ ᠰᠠᠶᠢᠵᠢᠷᠠᠭᠤᠯᠪᠠ᠃ | 2014 — 2019 ᠤᠨ ᠪᠤᠯᠳᠠᠯ᠎ᠠ᠂ ︽ᠶᠠᠳᠠᠭᠤ ᠬᠦᠴᠢᠷᠳᠠᠯᠳᠠᠢ ᠭᠠᠵᠠᠷ ᠤᠷᠤᠨ ᠤ ᠠᠯᠪᠠᠨ ᠵᠢᠷᠤᠮ ᠤᠨ | ᠰᠤᠷᠭᠠᠨ ᠬᠦᠮᠤᠵᠢᠯ ᠤᠨ ᠪᠠᠭᠤᠷᠠᠢ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠨᠳᠤᠰᠤᠨ ᠨᠦᠬᠦᠴᠠᠯ ᠢ ᠪᠦᠬᠦ | ᠲᠠᠯ᠎ᠠ ᠪᠠᠷ ᠰᠠᠶᠢᠵᠢᠷᠠᠭᠤᠯᠬᠤ ᠲᠦᠷᠤᠯ ᠵᠦᠢᠯ ︾ ᠢ ᠬᠡᠷᠡᠭᠵᠢᠭᠦᠯᠬᠦ ᠳᠤ ᠪᠠᠨ 77283 ᠲᠦᠮᠡᠨ ᠲᠦᠬᠦᠷᠢᠭ ᠤᠨ | ᠪᠡᠯᠡ ᠤᠷᠤᠭᠤᠯᠵᠦ᠂ 215 ᠰᠤᠷᠭᠠᠭᠤᠯᠢ ᠳᠤ ᠠᠰᠢᠭ ᠬᠦᠷᠳᠡᠭᠡᠪᠡ᠃ 2016 ᠤᠨ ᠳᠤ᠂ 1.5 ᠳ᠋ᠦᠩᠰᠢᠭᠤᠷ | ᠲᠦᠬᠦᠷᠢᠭ ᠤᠨ ᠪᠡᠯᠡ ᠤᠷᠤᠭᠤᠯᠵᠦ᠂ ︽ᠭᠤᠷᠪᠠ ᠶᠢ ᠨᠡᠪᠳᠡᠷᠡᠬᠦᠯᠬᠦ ᠬᠤᠶᠠᠷ ᠲᠠᠪᠴᠠᠩ︾ ᠤᠨ ᠲᠦᠷᠦᠯ ᠵᠦᠢᠯ ᠢ | ᠬᠡᠷᠡᠭᠵᠢᠭᠦᠯᠵᠦ᠂ ᠰᠤᠷᠭᠠᠨ ᠬᠦᠮᠤᠵᠢᠯ ᠤᠨ ᠰᠤᠷᠠᠭ ᠵᠠᠩᠬᠢᠵᠢᠯᠳᠠ ᠶᠢ ᠠᠬᠢᠭᠤᠯᠤᠬᠰᠠᠨ ᠪᠦᠭᠡᠳ ᠬᠤᠳᠠ ᠶᠢᠨ | ᠲᠤᠭᠤᠷᠢᠭ ᠤᠨ ᠰᠦᠯᠵᠢᠶ᠎ᠠ ᠵᠢᠴᠢ ᠡᠬᠦᠯᠡᠨ ᠲᠠᠪᠴᠠᠩ ᠢ ᠪᠠᠶᠢᠭᠤᠯᠪᠠ︔ 2017 ᠤᠨ ᠳᠤ 1750 ᠲᠦᠮᠡᠨ | ᠲᠦᠬᠦᠷᠢᠭ ᠤᠨ ᠪᠡᠯᠡ ᠤᠷᠤᠭᠤᠯᠵᠤ᠂ ᠲᠤᠭᠠᠴᠢᠯᠠᠭᠰᠠᠨ ᠤᠷᠠᠨ ᠪᠢᠴᠢᠯᠭᠡ ᠶᠢᠨ ᠦᠷᠤᠭᠡ᠂ ᠰᠤᠷᠤᠭᠴᠢᠳ ᠤᠨ | ᠰᠡᠳᠬᠢᠴᠠ ᠶᠢᠨ ᠡᠷᠡᠬᠦᠯ ᠴᠢᠬᠢᠷᠠᠭ ᠪᠠ ᠠᠮᠤᠷ ᠲᠦᠪᠰᠢᠨ ᠤ ᠬᠦᠮᠤᠵᠢᠯ ᠤᠨ ᠪᠤᠯᠪᠠᠰᠤᠷᠠᠯᠳᠠ ᠶᠢᠨ ᠬᠦᠳᠡᠯᠭᠡᠭᠡᠨ ᠤ | ᠭᠡᠷ ᠵᠡᠷᠭᠡ ᠲᠦᠷᠤᠯ ᠵᠦᠢᠯ ᠢ ᠬᠡᠷᠡᠭᠵᠢᠭᠦᠯᠵᠠᠢ᠃ 2018 ᠤᠨ ᠳᠤ᠂ ᠦᠪᠠᠷᠳᠡᠭᠡᠨ ᠵᠠᠰᠠᠬᠤ ᠤᠷᠤᠨ ᠤ ᠰᠤᠷᠠᠭ | ᠵᠠᠩᠬᠢᠵᠢᠯᠳᠠ ᠶᠢᠨ ᠲᠤᠰᠬᠠᠢ ᠲᠦᠷᠤᠯ ᠤᠨ ᠪᠡᠯᠡ ᠮᠦᠩᠬᠦ ᠶᠢ 3300 ᠲᠦᠮᠡᠨ ᠲᠦᠬᠦᠷᠢᠭ ᠤᠯᠵᠤ᠂ ᠬᠢᠩᠭᠠᠨ ᠤ | ᠤᠶᠤᠨᠴᠢ ᠰᠤᠷᠭᠠᠨ ᠬᠦᠮᠤᠵᠢᠯ ᠤᠨ ᠡᠬᠦᠯᠡᠨ ᠲᠠᠪᠴᠠᠩ ᠢ ᠪᠠᠶᠢᠭᠤᠯᠵᠠᠢ᠃ 2019 ᠤᠨ ᠳᠤ᠂ ︽ᠠᠳᠠᠯᠢ | ᠲᠠᠪᠳᠠᠮᠵᠢ ᠶᠢᠨ ᠬᠠᠷᠢᠯᠴᠠᠨ ᠬᠦᠳᠡᠯᠤᠯᠴᠡᠬᠦ ᠬᠢᠴᠢᠶᠡᠯ ᠤᠨ ᠲᠠᠩᠬᠢᠮ︾ ᠤᠨ ᠲᠦᠷᠤᠯ ᠵᠦᠢᠯ ᠤᠨ ᠪᠦᠳᠤᠭᠡᠨ | ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠰᠤᠷᠭᠠᠨ ᠬᠦᠮᠤᠵᠢᠯ ᠤᠨ ᠰᠤᠷᠠᠭ ᠵᠠᠩᠬᠢᠵᠢᠯᠳᠠ ᠶᠢᠨ 2.0 | ᠠᠵᠢᠯᠯᠠᠭᠠᠨ ᠤ ᠲᠦᠯᠤᠪᠯᠡᠭᠡ ᠶᠢ ᠬᠡᠷᠡᠭᠵᠢᠬᠦᠯᠪᠡ᠃ | ᠰᠤᠷᠭᠠᠨ ᠬᠦᠮᠤᠵᠢᠯ ᠪᠤᠯ ᠦᠨᠳᠤᠰᠤᠳᠡᠨ ᠤ ᠴᠡᠴᠡᠭᠯᠡᠯᠳᠡ ᠬᠦᠭᠵᠢᠯᠳᠠ ᠶᠢᠨ ᠰᠠᠭᠤᠷᠢ ᠪᠤᠯᠤᠨ᠎ᠠ᠃ ᠬᠢᠩᠭᠠᠨ | ᠠᠶᠢᠮᠠᠭ ᠰᠡᠷᠬᠦᠭᠡᠨ ᠪᠠᠶᠢᠭᠤᠯᠤᠭᠳᠠᠭᠰᠠᠨ 40 ᠵᠢᠯ ᠠᠴᠠ ᠨᠠᠭᠠᠰᠢ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ | ᠵᠠᠬᠢᠷᠭ᠎ᠠ ᠶᠢᠨ ᠵᠦᠪ ᠤᠨᠤᠪᠴᠢᠳᠠᠢ ᠤᠳᠤᠷᠢᠳᠤᠯᠭ᠎ᠠ ᠲᠤᠥᠷ᠎ᠠ ᠪᠦᠬᠦ ᠠᠶᠢᠮᠠᠭ ᠤᠨ ᠰᠤᠷᠬᠤ ᠨᠠᠰᠤᠨ ᠠᠴᠠ ᠡᠮᠤᠨᠡᠬᠢ | ᠰᠤᠷᠭᠠᠨ ᠬᠦᠮᠤᠵᠢᠯ ᠲᠦᠭᠡᠮᠡᠯᠵᠢᠨ᠂ ᠠᠯᠪᠠᠨ ᠵᠢᠷᠤᠮ ᠤᠨ ᠰᠤᠷᠭᠠᠨ ᠬᠦᠮᠤᠵᠢᠯ ᠲᠡᠩᠴᠡᠬᠦᠷᠢᠰᠢᠨ᠂ ᠠᠵᠢᠯ | ᠮᠡᠷᠭᠡᠵᠢᠯ ᠤᠨ ᠰᠤᠷᠭᠠᠨ ᠬᠦᠮᠤᠵᠢᠯ ᠬᠦᠭᠵᠢᠨ᠂ ᠰᠤᠷᠭᠠᠭᠤᠯᠢ ᠶᠢᠨ ᠬᠠᠳᠠᠭᠤ ᠵᠦᠭᠡᠯᠡᠨ ᠲᠤᠨᠤᠭ ᠲᠡᠬᠦᠯᠳᠡᠷᠵᠢᠨ᠂ | ᠪᠦᠬᠦ᠋ᠢᠯᠡ ᠰᠤᠷᠭᠠᠨ ᠬᠦᠮᠦᠵᠢᠯ ᠴᠡᠴᠡᠭᠯᠡᠨ ᠬᠦᠭᠵᠢᠭᠰᠡᠨ ᠰᠢᠨ᠎ᠠ ᠲᠦᠷᠰᠦ ᠪᠠᠶᠢᠳᠡᠯ ᠬᠦᠮᠦᠰ ᠤᠨ ᠬᠠᠷᠠᠭᠠᠨ ᠳᠤ | ᠲᠤᠳᠤᠷᠠᠬᠰᠠᠨ ᠪᠢᠯᠡ᠃ | |