ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠠᠶᠢᠮᠠᠭ ᠤᠨ ᠲᠤᠳᠤᠭᠠᠳᠤ ᠶᠢ ᠬᠠᠮᠠᠭᠠᠯᠠᠬᠤ | ᠲᠤᠪᠴᠢᠶ᠎ᠠ ᠵᠢᠴᠢ ᠠᠶᠢᠮᠠᠭ ᠤᠨ ᠰᠤᠷᠭᠠᠨ ᠬᠦᠮᠤᠵᠢᠯ ᠤᠨ ᠲᠤᠪᠴᠢᠶ᠎ᠠ ᠠᠴᠠ ᠬᠠᠮᠳᠤᠷᠠᠨ ᠡᠷᠬᠢᠯᠡᠭᠰᠡᠨ ᠪᠦᠬᠦ | ᠠᠶᠢᠮᠠᠭ ᠤᠨ ᠰᠤᠷᠭᠠᠭᠤᠯᠢ ᠶᠢᠨ ᠬᠦᠷᠢᠶᠡᠨ ᠤ ᠲᠠᠷᠤᠯᠠᠵᠤ ᠲᠤᠷᠤᠮᠵᠢᠯᠠᠬᠤ ᠶᠢ ᠰᠡᠷᠭᠡᠶᠢᠯᠡᠬᠦ ᠤᠬᠠᠭᠤᠯᠭ᠎ᠠ | ᠬᠦᠮᠤᠵᠢᠯ ᠤᠨ ᠠᠵᠢᠯᠯᠠᠭ᠎ᠠ 11 ᠰᠠᠷ᠎ᠠ ᠶᠢᠨ 2 ᠤᠨ ᠡᠳᠤᠷ᠂ ᠤᠯᠠᠭᠠᠨᠬᠤᠳᠠ ᠶᠢᠨ ᠵᠢᠷᠭᠤᠳᠤᠭᠠᠷ ᠲᠤᠮᠳᠠᠳᠤ | ᠰᠤᠷᠭᠠᠭᠤᠯᠢ ᠪᠠ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠦᠨᠳᠤᠰᠤᠳᠡᠨ ᠤ ᠲᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠳᠤ ᠶᠠᠪᠤᠭᠳᠠᠵᠤ᠂ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ | ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠰᠠᠯᠪᠤᠷᠢ ᠠᠩᠬᠢ ᠶᠢᠨ ᠴᠠᠭᠳᠠᠭ᠎ᠠ ᠵᠤᠥ ᠮᠧᠩ ᠤᠬᠠᠭᠤᠯᠭ᠎ᠠ | ᠬᠦᠮᠤᠵᠢᠯ ᠤᠨ ᠬᠢᠴᠢᠶᠡᠯ ᠤᠷᠤᠭᠰᠠᠨ ᠪᠠᠶᠢᠨ᠎ᠠ᠃ | ᠴᠠᠭᠳᠠᠭ᠎ᠠ ᠵᠤᠥ ᠮᠧᠩ ᠤᠯᠠᠭᠠᠨᠬᠤᠳᠠ ᠶᠢᠨ ᠵᠢᠷᠭᠤᠳᠤᠭᠠᠷ ᠲᠤᠮᠳᠠᠳᠤ ᠰᠤᠷᠭᠠᠭᠤᠯᠢ ᠪᠠ ᠡᠮᠤᠨᠡᠳᠤ | ᠬᠤᠰᠢᠭᠤᠨ ᠤ ᠦᠨᠳᠤᠰᠤᠳᠡᠨ ᠤ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠬᠦᠷᠴᠤ᠂ ︽ | ᠪᠢᠳᠡᠨ ᠤ ᠬᠠᠵᠠᠭᠤᠳᠡᠬᠢ ᠵᠠᠯᠠᠭᠤ ᠪᠠᠭᠠᠴᠤᠳ ᠤᠨ ᠶᠠᠯ᠎ᠠ ᠬᠢᠭᠰᠡᠨ ᠬᠡᠷᠡᠭ ᠤᠨ ᠵᠢᠱᠢᠶ᠎ᠠ︾ ︽ᠰᠤᠷᠭᠠᠭᠤᠯᠢ ᠶᠢᠨ | ᠬᠦᠷᠢᠶᠡᠨ ᠤ ᠲᠠᠷᠤᠯᠠᠵᠤ ᠲᠤᠷᠤᠮᠵᠢᠯᠠᠬᠤ ᠪᠠ ᠰᠤᠷᠭᠠᠭᠤᠯᠢ ᠶᠢᠨ ᠬᠦᠷᠢᠶᠡᠨ ᠤ ᠬᠦᠴᠤᠷᠬᠡᠭᠯᠡᠯ︾ ︽ᠡᠷᠡᠬᠦᠯ ᠪᠤᠰᠤ | ᠦᠢᠯᠠ ᠠᠵᠢᠯᠯᠠᠭ᠎ᠠ ᠪᠠ ᠬᠠᠥᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠶᠢᠨ ᠬᠠᠷᠢᠴᠠᠭ᠎ᠠ︾ ︽ᠬᠠᠮᠢᠶ᠎ᠠ ᠪᠦᠬᠦᠢ | ᠬᠠᠥᠯᠢ ᠴᠠᠭᠠᠵᠠ ᠪᠠ ᠨᠠᠰᠤᠨ ᠳᠤ ᠦᠯᠥ ᠬᠦᠷᠥᠭᠰᠡᠳ ᠤᠨ ᠬᠠᠥᠯᠢ ᠠᠴᠠ ᠵᠦᠷᠢᠴᠡᠭᠰᠡᠨ ᠰᠢᠢᠳᠭᠡᠯ︾ ᠵᠡᠷᠭᠡ | ᠲᠦᠷᠪᠡᠨ ᠲᠠᠯ᠎ᠠ ᠪᠠᠷ ᠶᠠᠷᠢᠵᠤ᠂ ᠤᠢᠢᠷ᠎ᠠ ᠶᠢᠨ ᠬᠤᠭᠤᠴᠠᠭᠠᠨ ᠳᠤ ᠡᠬᠦᠰᠥᠭᠰᠡᠨ ᠬᠠᠵᠠᠭᠤ ᠬᠠᠪᠢ ᠶᠢᠨ | ᠰᠤᠷᠭᠠᠭᠤᠯᠢ ᠶᠢᠨ ᠬᠦᠷᠢᠶᠡᠨ ᠤ ᠲᠠᠷᠤᠯᠠᠵᠤ ᠲᠤᠷᠤᠮᠵᠢᠯᠠᠬᠤ ᠶᠠᠯᠠᠳᠤ ᠠᠵᠢᠯᠯᠠᠭ᠎ᠠ ᠶᠢᠨ ᠬᠡᠷᠡᠭ ᠤᠨ ᠵᠢᠱᠢᠶ᠎ᠠ᠂ ᠬᠤᠪᠢ | ᠪᠡᠶ᠎ᠠ ᠶᠢᠨ ᠦᠩᠭᠡᠷᠡᠯᠳᠠ᠂ ᠬᠠᠮᠢᠶ᠎ᠠ ᠪᠦᠬᠦᠢ ᠵᠢᠷᠤᠬ ᠰᠡᠬᠦᠳᠡᠷ᠂ ᠰᠤᠷᠤᠭᠴᠢᠳ ᠤᠨ ᠲᠤᠬᠠᠢ ᠶᠢᠨ ᠲᠠᠯᠠᠪᠤᠷ ᠲᠠᠬᠢ | ᠠᠰᠠᠭᠤᠯᠳᠠ ᠶᠢ ᠬᠠᠷᠢᠭᠤᠯᠬᠤ ᠵᠡᠷᠭᠡ ᠬᠡᠯᠪᠡᠷᠢ ᠪᠠᠷ ᠰᠤᠷᠭᠠᠭᠤᠯᠢ ᠶᠢᠨ ᠬᠦᠷᠢᠶᠡᠨ ᠤ ᠲᠠᠷᠤᠯᠠᠵᠤ ᠲᠤᠷᠤᠮᠵᠢᠯᠠᠬᠤ | ᠲᠤᠬᠠᠢ ᠤᠢᠢᠯᠠᠭᠠᠵᠤ ᠴᠢᠳᠠᠬᠤ᠂ ᠬᠦᠯᠢᠶᠡᠨ ᠠᠪᠬᠤ ᠳᠤ ᠠᠮᠠᠷᠬᠠᠨ ᠠᠷᠭ᠎ᠠ ᠠᠪᠴᠠᠯ ᠢᠶᠠᠷ ᠰᠤᠷᠤᠭᠴᠢᠳ ᠲᠤ ᠨᠠᠷᠢᠨ | ᠨᠢᠭᠳᠠ ᠲᠠᠶᠢᠯᠪᠤᠷᠢᠯᠠᠵᠦ ᠦᠭᠴᠠᠢ᠃ ᠤᠯᠠᠭᠠᠨᠬᠤᠳᠠ ᠶᠢᠨ ᠵᠢᠷᠭᠤᠳᠤᠭᠠᠷ ᠲᠤᠮᠳᠠᠳᠤ ᠰᠤᠷᠭᠠᠭᠤᠯᠢ ᠶᠢᠨ 30 ᠭᠠᠷᠤᠢ | ᠰᠤᠷᠤᠭᠴᠢ᠂ ᠡᠮᠤᠨᠡᠳᠤ ᠬᠤᠰᠢᠭᠤᠨ ᠤ ᠦᠨᠳᠤᠰᠤᠳᠡᠨ ᠤ ᠲᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠰᠤᠷᠤᠭᠴᠢ ᠵᠢᠴᠢ ᠬᠤᠰᠢᠭᠤᠨ ᠤ ᠰᠢᠭᠤᠳ ᠬᠠᠷᠢᠶ᠎ᠠ ᠰᠤᠷᠭᠠᠭᠤᠯᠢ ᠶᠢᠨ ᠬᠠᠥᠯᠢ ᠲᠦᠷᠢᠮ ᠢ | ᠬᠠᠮᠢᠶᠠᠷᠴᠤ ᠪᠠᠶᠢᠭ᠎ᠠ ᠲᠡᠳ᠋ ᠵᠠᠬᠢᠷᠤᠯ ᠵᠡᠷᠭᠡ ᠨᠡᠶᠢᠳᠡ 100 ᠭᠠᠷᠤᠢ ᠬᠦᠮᠤᠨ ᠲᠤᠰ ᠠᠵᠢᠯᠯᠠᠭᠠᠨ ᠳᠤ ᠤᠷᠤᠯᠴᠠᠵᠠᠢ᠃ | | ︽ᠪᠢ ᠲᠤᠰ ᠬᠢᠴᠢᠶᠡᠯ ᠢᠶᠠᠷ ᠲᠠᠮᠵᠢᠨ ᠰᠤᠷᠭᠠᠭᠤᠯᠢ ᠶᠢᠨ ᠬᠦᠷᠢᠶᠡᠨ ᠤ ᠲᠠᠷᠤᠯᠠᠵᠤ ᠲᠤᠷᠤᠮᠵᠢᠯᠠᠬᠤ ᠠᠴᠠ | ᠵᠠᠶᠢᠯᠠᠵᠤ᠂ ᠦᠪᠠᠷ ᠢ ᠪᠠᠨ ᠬᠡᠷᠬᠢᠨ ᠬᠠᠮᠠᠭᠠᠯᠠᠬᠤ ᠶᠢ ᠮᠡᠳᠡᠵᠠᠢ᠃ ᠬᠡᠷᠪᠡ ᠰᠤᠷᠭᠠᠭᠤᠯᠢ ᠶᠢᠨ ᠬᠦᠷᠢᠶᠡᠨ ᠤ ᠲᠠᠷᠤᠯᠠᠵᠤ | ᠲᠤᠷᠤᠮᠵᠢᠯᠠᠬᠤ ᠬᠡᠷᠡᠭ ᠲᠤ ᠤᠴᠠᠷᠠᠪᠡᠯ᠂ ᠪᠠᠭᠰᠢ ᠪᠠ ᠭᠡᠷ ᠤᠨ ᠠᠬᠠᠮᠠᠳ ᠲᠤ ᠪᠠᠨ ᠲᠠᠷᠤᠢ ᠲᠦᠷᠭᠡᠨ ᠮᠡᠳᠡᠭᠦᠯᠤᠨ᠎ᠠ︾ | ᠭᠡᠵᠤ ᠤᠯᠠᠭᠠᠨᠬᠤᠳᠠ ᠶᠢᠨ ᠵᠢᠷᠭᠤᠳᠤᠭᠠᠷ ᠲᠤᠮᠳᠠᠳᠤ ᠰᠤᠷᠭᠠᠭᠤᠯᠢ ᠶᠢᠨ ᠰᠤᠷᠤᠭᠴᠢ ᠪᠤᠥ ᠴᠢ ᠬᠠᠩ ᠬᠡᠯᠡᠨ᠎ᠠ᠃ | ︽ᠠᠷᠠᠳ ᠤᠨ ᠴᠠᠭᠳᠠᠭ᠎ᠠ ᠪᠤᠯᠤᠭᠰᠠᠨ ᠤ ᠬᠤᠪᠢ ᠳᠤ ᠪᠠᠭᠰᠢ ᠰᠤᠷᠤᠭᠴᠢᠳ ᠲᠤ ᠰᠤᠷᠭᠠᠭᠤᠯᠢ ᠶᠢᠨ | ᠬᠦᠷᠢᠶᠡᠨ ᠤ ᠲᠠᠷᠤᠯᠠᠵᠤ ᠲᠤᠷᠤᠮᠵᠢᠯᠠᠬᠤ ᠶᠢ ᠰᠡᠷᠭᠡᠶᠢᠯᠡᠬᠦ ᠤᠬᠠᠭᠤᠯᠭ᠎ᠠ ᠬᠦᠮᠤᠵᠢᠯ ᠬᠢᠭᠰᠡᠨ ᠳᠤ ᠪᠠᠨ ᠡᠬᠦᠷᠭᠡ | ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠵᠠᠢ ᠭᠡᠵᠦ ᠪᠤᠳᠤᠵᠦ ᠪᠠᠶᠢᠨ᠎ᠠ᠃ ᠡ᠊ᠨᠠ ᠤᠳᠠᠭᠠᠨ ᠤ ᠤᠬᠠᠭᠤᠯᠭ᠎ᠠ | ᠬᠦᠮᠤᠵᠢᠯ ᠢᠶᠠᠷ ᠲᠠᠮᠵᠢᠨ᠂ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠲᠠᠷᠤᠯᠠᠵᠤ ᠲᠤᠷᠤᠮᠵᠢᠯᠠᠬᠤ ᠶᠢ | ᠬᠡᠷᠬᠢᠨ ᠰᠡᠷᠭᠡᠶᠢᠯᠡᠬᠦ ᠪᠠ ᠰᠢᠢᠳᠪᠤᠷᠢᠯᠡᠬᠦ ᠠᠷᠭ᠎ᠠ ᠠᠪᠴᠠᠯ ᠢ ᠵᠢᠭᠠᠨ ᠦᠭᠴᠤ᠂ ᠰᠤᠷᠤᠭᠴᠢᠳ ᠤᠨ ᠰᠤᠷᠤᠯᠴᠠᠯᠭ᠎ᠠ | ᠠᠮᠢᠳᠤᠷᠠᠯ ᠤᠨ ᠤᠷᠴᠢᠨ ᠲᠤᠭᠤᠷᠢᠨ ᠢ ᠨᠡᠩ ᠠᠮᠤᠷ ᠲᠦᠪᠰᠢᠨ ᠪᠤᠯᠭᠠᠵᠤ ᠴᠢᠳᠠᠨ᠎ᠠ︾ ᠭᠡᠵᠤ ᠴᠠᠭᠳᠠᠭ᠎ᠠ ᠵᠤᠥ ᠮᠧᠩ | ᠶᠠᠷᠢᠪᠠ᠃ |