ᠠᠯᠳᠠᠨ ᠨᠠᠮᠤᠷ ᠤᠨ ᠠᠷᠪᠡᠨ ᠰᠠᠷ᠎ᠡ ᠶᠢᠨ ᠠᠵᠠ ᠵᠢᠷᠭᠠᠯ ᠲᠠᠢ ᠰᠠᠶᠢᠬᠠᠨ ᠤᠯᠠᠷᠢᠯ ᠳᠤ ᠪᠦᠬᠦ ᠠᠶᠢᠮᠠᠭ ᠤᠨ | ᠮᠤᠩᠭᠤᠯ ᠢᠶᠠᠷ ᠬᠢᠴᠢᠶᠡᠯᠯᠡᠬᠦ ᠲᠤᠮᠳᠠᠳᠤ ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠪᠤᠯᠪᠠᠰᠤᠷᠠᠯ 10 | ᠰᠠᠷ᠎ᠡ ᠶᠢᠨ 25 — 30 ᠤ ᠡᠳᠤᠷ ᠪᠤᠯᠳᠠᠯ᠎ᠠ ᠵᠠᠯᠠᠶᠢᠳ ᠬᠤᠰᠢᠭᠤᠨ ᠤ ᠢᠨᠳᠡᠷ ᠲᠠᠬᠢ ᠬᠤᠶᠠᠳᠤᠭᠠᠷ ᠪᠠᠭ᠎ᠠ | ᠰᠤᠷᠭᠠᠭᠤᠯᠢ ᠳᠤ ᠠᠮᠵᠢᠯᠲᠠ ᠲᠠᠢ ᠶᠠᠪᠣᠭᠳᠠᠭᠰᠠᠨ ᠪᠠᠶᠢᠨ᠎ᠠ᠃ | ᠲᠣᠰ ᠣᠳᠠᠭᠠᠨ ᠤ ᠪᠣᠯᠪᠠᠰᠣᠷᠠᠯ ᠢ ᠠᠶᠢᠮᠠᠭ ᠤᠨ ᠰᠣᠷᠭᠠᠨ ᠬᠦᠮᠦᠵᠢᠯ ᠤᠨ ᠲᠣᠪᠴᠢᠶ᠎ᠠ ᠠᠴᠠ ᠭᠤᠤᠯᠯᠠᠨ | ᠡᠷᠬᠢᠯᠡᠵᠦ᠂ ᠵᠠᠯᠠᠶᠢᠳ ᠬᠤᠰᠢᠭᠤᠨ ᠤ ᠰᠣᠷᠭᠠᠨ ᠬᠦᠮᠦᠵᠢᠯ ᠤᠨ ᠲᠣᠪᠴᠢᠶ᠎ᠠ ᠬᠠᠮᠵᠢᠯᠴᠠᠨ ᠡᠷᠬᠢᠯᠡᠵᠠᠢ᠃ | ᠪᠤᠯᠪᠠᠰᠤᠷᠠᠯ ᠤᠨ ᠡᠬᠢᠯᠡᠯᠳᠡ ᠶᠢᠨ ᠶᠤᠰᠤᠯᠠᠯ ᠳᠤ ᠠᠶᠢᠮᠠᠭ ᠤᠨ ᠰᠤᠷᠭᠠᠨ ᠬᠦᠮᠦᠵᠢᠯ ᠤᠨ ᠲᠤᠪᠴᠢᠶᠠᠨ ᠤ ᠬᠠᠮᠢᠶ᠎ᠠ | ᠪᠦᠬᠦᠢ ᠤᠳᠤᠷᠢᠳᠤᠯᠭ᠎ᠠ ᠤᠷᠤᠯᠴᠠᠬᠤ ᠶᠢᠨ ᠬᠠᠮᠲᠦ ︽ᠰᠢᠯᠭᠠᠯᠳᠡ ᠶᠢᠨ ᠬᠤᠪᠢ ᠬᠦᠭᠡᠭᠡᠴᠡᠯᠳᠤᠬᠦ ᠦᠭᠡᠢ ᠰᠤᠷᠭᠠᠨ | ᠬᠦᠮᠦᠵᠢᠯ ᠢ ᠡᠷᠬᠢᠮᠯᠡᠶ᠎ᠠ︾ ᠬᠡᠬᠦ ᠬᠦᠨ ᠤᠬᠠᠭᠠᠯᠢᠭ ᠶᠠᠷᠢᠶ᠎ᠠ ᠢᠯᠡᠤᠡᠭᠡᠯ ᠬᠢᠵᠦ ᠪᠦᠬᠦ ᠰᠤᠷᠤᠯᠭᠠᠳᠠᠨ ᠤ ᠬᠠᠯᠠᠭᠤᠨ | ᠬᠦᠷᠢᠶᠠᠯᠠᠯ ᠢ ᠤᠯᠪᠠ᠃ | ᠲᠤᠰ ᠤᠳᠠᠭᠠᠨ ᠤ ᠪᠤᠯᠪᠠᠰᠤᠷᠠᠯ ᠳᠤ ᠪᠠᠨ ᠪᠠᠰᠠ ᠤᠯᠠᠭᠠᠨᠬᠠᠳᠠ ᠶᠢᠨ ᠤᠮᠠᠷᠠᠳᠤ ᠶᠢᠨ ᠦᠨᠳᠤᠰᠤᠳᠡᠨ ᠤ | ᠠᠵᠢᠯ ᠮᠡᠷᠭᠡᠵᠢᠯ ᠤᠨ ᠰᠤᠷᠭᠠᠭᠤᠯᠢ ᠶᠢᠨ ᠰᠢ᠊ · ᠪᠠᠶᠠᠨᠪᠤᠯᠠᠭ ᠪᠠᠭᠰᠢ᠂ ᠤᠯᠠᠭᠠᠨᠬᠠᠳᠠ ᠶᠢᠨ ᠮᠤᠩᠭᠤᠯ ᠲᠤᠮᠳᠠᠳᠤ | ᠰᠤᠷᠭᠠᠭᠤᠯᠢ ᠶᠢᠨ ᠨᠡᠷᠡᠳᠤ ᠪᠠᠭᠰᠢ ᠴᠢ᠊ · ᠪᠠᠳᠤ ᠵᠡᠷᠭᠡ ᠬᠤᠶᠠᠷ ᠡᠷᠳᠡᠮᠳᠡᠨ ᠪᠠᠭᠰᠢ ᠶᠢ ᠤᠷᠢᠵᠦ᠂ ︽ᠠᠩᠭᠢ ᠶᠢᠨ | ᠬᠠᠮᠢᠶᠠᠷᠤᠯᠳᠠ ᠶᠢᠨ ᠤᠷᠠᠯᠢᠭ ᠪᠤᠯᠤᠨ ᠪᠦᠳᠤᠮᠵᠢᠳᠡᠢ ᠬᠢᠴᠢᠶᠡᠯᠯᠡᠭᠡ ᠶᠢᠨ ᠰᠤᠳᠤᠯᠤᠯ︾᠂ ︽ᠠᠩᠭᠢ ᠶᠢᠨ | ᠡᠷᠬᠢᠯᠡᠭᠴᠢ ᠶᠢᠨ ᠠᠵᠢᠯ ᠤᠨ ᠤᠨᠤᠯ ᠪᠡ ᠤᠶᠢᠯᠡᠳᠤᠯᠭᠡ︾ ᠭᠡᠬᠦ ᠲᠤᠰᠬᠠᠢ ᠰᠡᠳᠤᠪᠳᠤ ᠶᠠᠷᠢᠶ᠎ᠠ ᠢᠯᠡᠤᠡᠭᠡᠯ ᠬᠢᠯᠬᠡᠵᠦ᠂ | ᠠᠩᠭᠢ ᠶᠢᠨ ᠡᠷᠬᠢᠯᠡᠭᠴᠢ ᠶᠢᠨ ᠠᠵᠢᠯ ᠤᠨ ᠰᠣᠯᠢᠯᠴᠠᠭᠠᠨ ᠤ ᠦᠨᠡᠯᠡᠯᠳᠡ ᠬᠢᠬᠦ ᠪᠠᠷ ᠲᠠᠮᠵᠢᠨ ᠪᠤᠯᠪᠠᠰᠤᠷᠠᠯ ᠳᠤ | ᠤᠷᠤᠯᠴᠠᠬᠰᠠᠨ ᠪᠠᠭᠰᠢ ᠨᠠᠷ ᠤᠨ ᠣᠷᠮ᠎ᠠ ᠵᠣᠷᠢᠭ ᠢ ᠡᠷᠴᠢᠯᠡᠭᠰᠡᠨ ᠪᠠᠶᠢᠨ᠎ᠠ᠃ ᠲᠤᠰ ᠤᠳᠠᠭᠠᠨ ᠤ ᠪᠤᠯᠪᠠᠰᠤᠷᠠᠯ ᠳᠤ | ᠢᠨᠳᠡᠷ ᠲᠠᠬᠢ ᠬᠤᠶᠠᠳᠤᠭᠠᠷ ᠪᠠᠭ᠎ᠠ ᠰᠤᠷᠭᠠᠭᠤᠯᠢ ᠂ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ | ᠵᠢᠷᠭᠤᠳᠤᠭᠠᠷ ᠲᠤᠮᠳᠠᠳᠤ ᠰᠤᠷᠭᠠᠭᠤᠯᠢ᠂ ᠤᠯᠠᠭᠠᠨᠬᠤᠳᠠ ᠬᠤᠶᠠᠳᠤᠭᠠᠷ ᠲᠤᠮᠳᠠᠳᠤ ᠰᠤᠷᠭᠠᠭᠤᠯᠢ ᠂ ᠢᠨᠳᠡᠷ ᠲᠠᠬᠢ | ᠬᠤᠶᠠᠳᠤᠭᠠᠷ ᠲᠤᠮᠳᠠᠳᠤ ᠰᠤᠷᠭᠠᠭᠤᠯᠢ᠂ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠲᠠᠪᠤᠳᠤᠭᠠᠷ | ᠲᠤᠮᠳᠠᠳᠤ ᠰᠤᠷᠭᠠᠭᠤᠯᠢ ᠵᠡᠷᠭᠡ ᠰᠤᠷᠭᠠᠭᠤᠯᠢ ᠶᠢᠨ ᠪᠠᠭᠰᠢ ᠨᠠᠷ ︽ᠬᠠᠶᠢᠷ᠎ᠠ ᠶᠢᠨ ᠬᠦᠴᠤᠨ ᠳᠤ ᠬᠤᠷᠸ᠎ᠠ | ᠰᠠᠷᠠᠭᠤᠯᠵᠢᠵᠤ᠂ ᠢᠳᠡᠭᠡᠯ ᠤᠨ ᠦᠨᠳᠤᠷ ᠲᠤ ᠢᠷᠡᠭᠡᠳᠤᠢ ᠤᠷᠭᠤᠨ᠎ᠠ︾᠂ ︽ᠬᠠᠶᠢᠷ᠎ᠠ ᠬᠠᠷᠢᠭᠤᠴᠠᠯᠭ᠎ᠠ︾᠂ ︽ | ᠠᠩᠭᠢ ᠶᠢᠨ ᠬᠠᠮᠢᠶᠠᠷᠤᠯᠳᠠ ᠶᠢᠨ ᠲᠤᠬᠠᠢ ᠮᠦᠴᠢᠤᠨ ᠤᠶᠢᠯᠠᠭᠠᠯᠳᠠ︾᠂ ︽ᠦᠭᠭᠢᠶᠡᠮᠤᠷ ᠬᠠᠶᠢᠷ᠎ᠠ ᠪᠠᠷ | ᠦᠰᠪᠤᠷᠢ ᠶᠢᠨ ᠬᠡᠤᠬᠡᠤᠨ ᠢᠶᠠᠨ ᠬᠦᠮᠦᠵᠢᠬᠦᠯᠤᠶᠠ︾᠂ ︽ᠬᠠᠶᠢᠷ᠎ᠠ ᠪᠢᠯᠬᠠᠭᠰᠠᠨ ᠠᠩᠭᠢ ᠶᠢᠨ ᠠᠮᠢᠳᠤᠷᠠᠯ︾ ᠭᠡᠬᠦ | ᠵᠡᠷᠭᠡ ᠭᠤᠤᠯ ᠰᠡᠳᠦᠪᠲᠦ ᠶᠠᠷᠢᠶ᠎ᠠ ᠢᠯᠡᠤᠡᠭᠡᠯ ᠬᠢᠭᠰᠡᠨ ᠪᠠᠶᠢᠨ᠎ᠠ᠃ ᠪᠤᠯᠪᠠᠰᠤᠷᠠᠯ ᠤᠨ ᠡᠴᠦᠰ ᠲᠤ ᠢᠨᠳᠡᠷ ᠲᠠᠬᠢ | ᠬᠤᠶᠠᠳᠤᠭᠠᠷ ᠪᠠᠭ᠎ᠠ ᠰᠤᠷᠭᠠᠭᠤᠯᠢ ᠶᠢᠨ ᠯᠢᠤ ᠮᠸᠢ ᠷᠦᠡᠭ ᠪᠠᠭᠰᠢ ᠶᠢᠨ ᠬᠢᠭᠰᠡᠨ ︽ᠪᠢ ᠡᠭᠡ ᠤᠷᠤᠨ ᠲᠠᠢ ᠪᠠᠨ︾ | ᠭᠡᠬᠦ ᠭᠤᠷᠪᠡᠨ ᠬᠡᠯᠡᠨ ᠤ ᠭᠤᠤᠯ ᠰᠡᠳᠤᠪᠳᠤ ᠦᠵᠡᠬᠦᠯᠭᠡ ᠶᠢᠨ ᠬᠢᠴᠢᠶᠡᠯᠯᠡᠭᠡ ᠨᠢ ᠪᠤᠯᠪᠠᠰᠤᠷᠠᠯ ᠳᠤ ᠤᠷᠤᠯᠴᠠᠭᠰᠠᠨ | ᠪᠠᠭᠰᠢ ᠨᠠᠷ ᠤᠨ ᠬᠠᠯᠠᠭᠤᠨ ᠲᠠᠭᠠᠰᠢᠶᠠᠯ ᠢ ᠤᠯᠵᠠᠢ᠃ | ᠵᠠᠯᠠᠶᠢᠳ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶᠠᠨ ᠤ ᠦᠨᠳᠤᠰᠤᠳᠡᠨ ᠤ ᠰᠤᠷᠭᠠᠨ | ᠬᠦᠮᠦᠵᠢᠯ ᠤᠨ ᠳᠠᠰᠤᠬ ᠤᠨ ᠲᠠᠷᠤᠭ᠎ᠠ ᠨᠠᠷᠠᠨᠴᠤᠬᠳᠤ ᠪᠠᠭᠰᠢ ᠲᠤᠰ ᠤᠳᠠᠭᠠᠨ ᠤ ᠪᠤᠯᠪᠠᠰᠤᠷᠠᠯ ᠢ ᠳ᠋ᠦᠩᠨᠡᠭᠦ ᠳᠤ ᠪᠠᠨ | ︽ᠰᠢᠨ᠎ᠠ ᠴᠠᠭ ᠦᠶ᠎ᠡ ᠳᠤ ᠬᠡᠷᠬᠢᠨ ᠬᠢᠷᠢ ᠲᠡᠩᠴᠡᠭᠰᠡᠨ ᠠᠩᠭᠢ ᠶᠢᠨ ᠡᠷᠬᠢᠯᠡᠭᠴᠢ ᠪᠤᠯᠬᠤ ᠲᠤᠬᠠᠢ︾ ᠭᠡᠬᠦ ᠶᠠᠷᠢᠶ᠎ᠠ | ᠬᠢᠵᠦ᠂ ᠰᠢᠨ᠎ᠠ ᠴᠠᠭ ᠦᠶ᠎ᠠ ᠳᠤ ᠲᠣᠬᠢᠷᠠᠭᠰᠠᠨ ᠠᠩᠭᠢ ᠶᠢᠨ ᠡᠷᠬᠢᠯᠡᠭᠴᠢ ᠶᠢᠨ ᠬᠡᠪ ᠪᠤᠯᠪᠠᠰᠤᠷᠠᠯ ᠢ ᠬᠡᠷᠬᠢᠨ | ᠪᠦᠷᠢᠯᠳᠦᠭᠦᠯᠬᠦ ᠲᠤᠬᠠᠢ ᠪᠤᠳᠠᠳᠠᠢ ᠲᠤᠷᠠᠳᠤᠬᠰᠠᠨ ᠪᠦᠭᠡᠳ ᠲᠤᠰ ᠤᠳᠠᠭᠠᠨ ᠤ ᠪᠤᠯᠪᠠᠰᠤᠷᠠᠯ ᠪᠤᠯ ᠨᠢᠭᠡᠨ ᠤᠳᠠᠭᠠᠨ ᠤ | ᠴᠤᠯ ᠮᠤᠩᠭᠤᠯ ᠢᠶᠠᠷ ᠭᠤᠶᠤᠭᠰᠠᠨ᠂ ᠤᠨᠤᠯ ᠤᠶᠢᠯᠡᠳᠤᠯᠭᠡ ᠶᠢ ᠤᠶᠠᠯᠳᠤᠭᠤᠯᠤᠬᠰᠠᠨ᠂ ᠮᠡᠳᠡᠯᠭᠡ ᠮᠡᠳᠡᠴᠡ ᠦᠷᠭᠡᠨ᠂ | ᠲᠠᠶᠢᠴᠢᠯᠠᠬᠤ ᠬᠦᠴᠤᠨ ᠢᠶᠠᠷ ᠴᠢᠩᠭ᠎ᠠ ᠤᠷᠤᠯᠳᠤᠭᠠᠨ ᠪᠤᠯᠵᠠᠢ ᠭᠡᠵᠤ ᠦᠨᠳᠤᠷ ᠦᠨᠡᠯᠡᠯᠲᠠ ᠦᠭᠴᠠᠢ᠃ | ᠲᠦᠷᠪᠡᠨ ᠡᠳᠤᠷ ᠤᠨ ᠬᠤᠭᠤᠴᠠᠭ᠎ᠠ ᠲᠠᠢ ᠶᠠᠪᠤᠭᠳᠠᠭᠰᠠᠨ ᠠᠩᠭᠢ ᠶᠢᠨ ᠡᠷᠬᠢᠯᠡᠭᠴᠢ ᠶᠢᠨ ᠪᠤᠯᠪᠠᠰᠤᠷᠠᠯ ᠨᠢ | ᠠᠩᠬᠢ ᠶᠢᠨ ᠡᠷᠬᠢᠯᠡᠭᠴᠢ ᠶᠢᠨ ᠠᠵᠢᠯ ᠤᠨ ᠲᠤᠬᠠᠢ ᠰᠤᠷᠤᠯᠴᠠᠯᠭ᠎ᠠ ᠶᠢᠨ ᠦᠷ᠎ᠡ ᠠᠰᠢᠭ ᠢ ᠤᠷᠢᠤᠨ ᠭᠠᠷᠤᠭ᠎ᠠ ᠦᠭᠡᠢ | ᠡᠭᠦᠳᠴᠤ᠂ ᠪᠠᠭᠰᠢ ᠨᠡᠷ ᠤᠨ ᠮᠡᠳᠡᠯᠭᠡ ᠮᠡᠳᠡᠴᠡ᠂ ᠬᠠᠷᠠᠭ᠎ᠠ ᠰᠤᠨᠤᠷ ᠢ ᠦᠷᠭᠡᠵᠢᠭᠦᠯᠦᠭᠰᠡᠨ ᠨᠢᠭᠡᠨ ᠤᠳᠠᠭᠠᠨ ᠤ | ᠦᠷ᠎ᠡ ᠠᠰᠢᠭ ᠢᠶᠠᠷ ᠦᠨᠳᠤᠷ ᠪᠤᠯᠪᠠᠰᠤᠷᠠᠯ ᠪᠤᠯᠤᠬᠰᠠᠨ ᠶᠤᠮ᠃ | |