ᠤᠯᠠᠭᠠᠨᠬᠤᠳᠠ ᠶᠢᠨ ᠰᠤᠷᠭᠠᠨ ᠬᠦᠮᠤᠵᠢᠯ ᠤᠨ ᠳᠤᠪᠴᠢᠶᠠᠨ ᠤ ᠵᠢᠭᠠᠨ ᠰᠤᠷᠭᠠᠬᠤ ᠲᠠᠰᠤᠭ ᠤᠨ ︽ | ᠤᠯᠠᠭᠠᠨᠬᠤᠳᠠ ᠶᠢᠨ ᠬᠡᠥᠬᠡᠳ ᠤᠨ ᠴᠡᠴᠡᠷᠯᠢᠭ ᠤᠨ ᠦᠨᠳᠤᠰᠤᠨ ᠱᠠᠳᠤᠨ ᠳᠤ ᠬᠢᠴᠢᠶᠡᠯ ᠬᠦᠷᠭᠡᠬᠦ ᠠᠵᠢᠯᠯᠠᠭ᠎ᠠ︾ ᠶᠢ | ᠦᠷᠨᠢᠬᠦᠯᠬᠦ ᠲᠤᠬᠠᠢ ᠮᠡᠳᠡᠭᠳᠡᠯ ᠤᠨ ᠱᠠᠭᠠᠷᠳᠠᠯᠭ᠎ᠠ ᠶᠤᠰᠤᠭᠠᠷ᠂ ᠬᠦᠳᠡᠭᠡ ᠲᠤᠰᠬᠤᠨ ᠤ ᠬᠡᠥᠬᠡᠳ ᠤᠨ ᠴᠡᠴᠡᠷᠯᠢᠭ ᠢ | ᠬᠠᠪᠰᠤᠷᠤᠨ ᠲᠡᠳᠬᠦᠬᠦ ᠬᠦᠴᠤᠯᠡᠴᠡ ᠪᠠᠨ ᠴᠢᠩᠭᠠᠷᠠᠭᠤᠯᠵᠤ᠂ ᠬᠤᠳᠠ ᠬᠦᠳᠡᠭᠡ ᠪᠠ ᠤᠷᠤᠨ ᠲᠤᠭᠤᠷᠢᠭ ᠤᠨ | ᠬᠤᠭᠤᠷᠤᠨᠳᠤᠬᠢ ᠵᠢᠭᠠᠨ ᠰᠤᠷᠭᠠᠬᠤ ᠵᠦᠷᠢᠶ᠎ᠠ ᠶᠢ ᠪᠠᠭᠠᠰᠬᠠᠨ᠂ ᠰᠤᠷᠭᠠᠨ ᠬᠦᠮᠤᠵᠢᠯ ᠤᠨ ᠡᠬᠢ ᠪᠠᠶᠠᠯᠢᠭ ᠢ ᠬᠠᠮᠳᠤᠪᠠᠷ | ᠡᠳ᠋ᠯᠡᠬᠦ ᠶᠢ ᠪᠡᠶᠡᠯᠡᠬᠦᠯᠬᠦ ᠪᠠᠷ᠂ ᠤᠯᠠᠭᠠᠨᠬᠤᠳᠠ ᠶᠢᠨ ᠦᠨᠳᠤᠰᠤᠳᠡᠨ ᠤ ᠬᠡᠥᠬᠡᠳ ᠤᠨ ᠴᠡᠴᠡᠷᠯᠢᠭ ᠤᠨ 8 ᠪᠠᠭᠰᠢ ᠠᠴᠠ | 11 ᠰᠠᠷ᠎ᠠ ᠶᠢᠨ 17 ᠤ ᠡᠳᠤᠷ ᠤᠯᠠᠭᠠᠨᠬᠤᠳᠠ ᠶᠢᠨ ᠭᠡᠭᠡᠨᠰᠦ᠋ᠮ᠎ᠠ ᠭᠤᠥᠯ ᠬᠡᠥᠬᠡᠳ ᠤᠨ ᠴᠡᠴᠡᠷᠯᠢᠭ ᠪᠠ | ᠬᠦᠭᠵᠢᠯᠳᠤ ᠬᠡᠥᠬᠡᠳ ᠤᠨ ᠴᠡᠴᠡᠷᠯᠢᠭ ᠲᠤ ᠬᠢᠴᠢᠶᠡᠯ ᠬᠦᠷᠭᠡᠬᠦ ᠠᠵᠢᠯᠯᠠᠭ᠎ᠠ ᠦᠷᠨᠢᠬᠦᠯᠥᠭᠰᠡᠨ ᠪᠠᠶᠢᠨ᠎ᠠ᠃ | ᠬᠢᠴᠢᠶᠡᠯ ᠤᠷᠤᠬᠤ ᠡᠬᠦᠷᠭᠡ ᠶᠢ ᠲᠠᠭᠠᠭᠠᠴᠢᠯᠠᠨ ᠠᠪᠤᠭᠰᠠᠨ 8 ᠪᠠᠭᠰᠢ ᠠᠴᠠ ᠤᠷᠢᠳᠠᠪᠠᠷ ᠲᠤᠰ ᠬᠤᠶᠠᠷ | ᠬᠦᠳᠡᠭᠡ ᠲᠤᠰᠬᠤᠨ ᠤ ᠬᠡᠤᠬᠡᠳ ᠤᠨ ᠴᠡᠴᠡᠷᠯᠢᠭ ᠤᠨ ᠬᠦᠭᠵᠢᠯᠳᠠ ᠵᠢᠴᠢ ᠴᠡᠴᠡᠷᠯᠢᠭ ᠤᠨ ᠲᠤᠨᠤᠭ | ᠲᠦᠬᠦᠭᠡᠷᠤᠮᠵᠢ ᠶᠢᠨ ᠪᠠᠶᠢᠳᠠᠯ ᠢ ᠨᠠᠷᠢᠨ ᠨᠢᠭᠳᠠ ᠤᠢᠢᠯᠠᠭᠠᠵᠤ᠂ ᠪᠤᠳᠠᠳᠠᠢ ᠪᠠᠶᠢᠳᠠᠯ ᠳᠤ ᠨᠢ ᠲᠤᠬᠢᠷᠠᠭᠤᠯᠤᠨ 3 | ᠮᠤᠩᠭᠤᠯ ᠬᠡᠯᠡᠨ ᠤ ᠬᠢᠴᠢᠶᠡᠯ ᠪᠠ 5 ᠬᠢᠳᠠᠳ ᠬᠡᠯᠡᠨ ᠤ ᠬᠢᠴᠢᠶᠡᠯ ᠪᠡᠯᠡᠳᠭᠡᠭᠰᠡᠨ ᠪᠠᠶᠢᠨ᠎ᠠ᠃ ᠪᠠᠭᠰᠢ ᠨᠠᠷ ᠠᠴᠠ | ᠨᠠᠷᠢᠨ ᠬᠢᠨᠠᠮᠠᠭᠠᠢ ᠬᠢᠴᠢᠶᠡᠯ ᠢᠶᠠᠨ ᠪᠡᠯᠡᠳᠭᠡᠵᠤ᠂ ᠡᠳᠤᠷ ᠲᠤᠳᠤᠮ ᠤᠨ ᠦᠷᠬᠦᠯᠵᠢ ᠲᠤᠬᠢᠶᠠᠯᠳᠤᠳᠠᠭ᠂ ᠬᠡᠥᠬᠡᠳ ᠤᠨ | ᠠᠮᠢᠳᠤᠷᠠᠯ ᠲᠠᠢ ᠤᠢᠢᠷᠠᠳᠤᠭᠰᠠᠨ ᠵᠢᠭᠠᠨ ᠰᠤᠷᠭᠠᠯᠳᠠ ᠶᠢᠨ ᠪᠠᠭᠠᠵᠢ ᠬᠡᠷᠡᠭᠰᠡᠯ ᠢ ᠬᠦᠢᠴᠡᠳ ᠠᠰᠢᠭᠯᠠᠨ᠂ | ᠬᠡᠥᠬᠡᠳ ᠤᠨ ᠰᠤᠷᠤᠯᠴᠠᠬᠤ ᠢᠳᠡᠪᠬᠢᠵᠢᠯ᠂ ᠲᠤᠭᠯᠠᠭᠠᠮ ᠤᠨ ᠲᠤᠮᠳᠠ ᠰᠢᠨ᠎ᠠ ᠮᠡᠳᠡᠯᠭᠡ ᠮᠡᠷᠭᠡᠵᠢᠯ ᠢ ᠰᠠᠶᠢᠨ | ᠲᠤᠷ᠎ᠠ ᠠᠴᠠ ᠪᠠᠨ ᠰᠤᠷᠤᠯᠴᠠᠬᠤ ᠶᠢ ᠲᠠᠶᠢᠴᠢᠯᠠᠵᠠᠢ᠃ | ᠵᠢᠭᠠᠨ ᠰᠤᠷᠭᠠᠯᠳᠠ ᠶᠢᠨ ᠠᠵᠢᠯᠯᠠᠭ᠎ᠠ ᠶᠢᠨ ᠲᠠᠷᠠᠭ᠎ᠠ᠂ ᠬᠢᠴᠢᠶᠡᠯ ᠤᠷᠤᠭᠰᠠᠨ ᠪᠠᠭᠰᠢ ᠠᠴᠠ ᠬᠢᠴᠢᠶᠡᠯ ᠤᠨ | ᠲᠦᠯᠤᠪᠯᠡᠭᠡ ᠶᠢᠨ ᠵᠤᠷᠢᠯᠭ᠎ᠠ᠂ ᠬᠠᠷᠠᠯᠳᠠ᠂ ᠠᠵᠢᠯᠯᠠᠭᠠᠨ ᠤ ᠶᠠᠪᠤᠴᠠ ᠶᠢᠨ ᠲᠤᠩᠭᠠᠯᠳᠠ ᠵᠢᠴᠢ ᠬᠢᠴᠢᠶᠡᠯ | ᠰᠤᠨᠤᠰᠤᠭᠰᠠᠨ ᠪᠠᠭᠰᠢ ᠨᠠᠷ ᠲᠠᠢ ᠰᠠᠭᠤᠳᠠᠯ ᠤᠨ ᠬᠤᠷᠠᠯ ᠬᠢᠭᠰᠡᠨ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠪᠠᠷ | ᠲᠠᠮᠵᠢᠨ᠂ ᠬᠡᠤᠬᠡᠳ ᠤᠨ ᠴᠡᠴᠡᠷᠯᠢᠭ ᠤᠨ ᠬᠤᠭᠤᠷᠤᠨᠳᠤᠬᠢ ᠡᠬᠢ ᠪᠡᠶᠠᠯᠢᠬ ᠢ ᠬᠠᠮᠳᠤᠪᠠᠷ ᠡᠳ᠋ᠯᠡᠬᠦ ᠶᠢ | ᠪᠡᠶᠡᠯᠡᠬᠦᠯᠥᠭᠰᠡᠨ ᠤ ᠬᠠᠮᠳᠤ᠂ ᠪᠠᠭᠰᠢ ᠨᠠᠷ ᠤᠨ ᠬᠠᠷᠢᠯᠴᠠᠨ ᠰᠤᠷᠤᠯᠴᠠᠬᠤ᠂ ᠵᠢᠭᠠᠨ ᠰᠤᠷᠭᠠᠯᠳᠠ ᠶᠢᠨ ᠲᠤᠷᠰᠢᠯᠭ᠎ᠠ | ᠪᠠ ᠠᠷᠭ᠎ᠠ ᠠᠪᠴᠠᠯ ᠢ ᠰᠤᠯᠢᠯᠴᠠᠬᠤ ᠲᠠᠪᠴᠠᠩ ᠬᠠᠩᠭᠠᠵᠤ ᠴᠢᠳᠠᠵᠠᠢ᠃ |