ᠰᠤᠷᠤᠭᠴᠢᠳ ᠤᠨ ᠪᠡᠶ᠎ᠡ ᠮᠠᠬᠠᠪᠤᠳ ᠤᠨ ᠬᠡᠪ ᠴᠢᠨᠠᠷ ᠪᠤᠯᠤᠨ ᠦᠷᠢᠰᠦᠯᠳᠦᠭᠡᠨ ᠤ ᠬᠢᠷᠢ ᠲᠦᠪᠰᠢᠨ ᠢ | ᠦᠨᠳᠦᠷᠵᠢᠭᠦᠯᠬᠦ ᠪᠠᠷ ᠤᠢᠢᠷ᠎ᠠ ᠶᠢᠨ ᠡᠳᠤᠷ᠂ ᠤᠯᠠᠭᠠᠨᠬᠤᠳᠠ ᠬᠤᠶᠠᠳᠤᠭᠠᠷ ᠲᠤᠮᠳᠠᠳᠤ ᠰᠤᠷᠭᠠᠭᠤᠯᠢ ᠡᠪᠦᠯ ᠤᠨ | ᠤᠯᠠᠷᠢᠯ ᠤᠨ ᠬᠡᠬᠡᠷᠡᠯᠡᠨ ᠭᠦᠶᠦᠬᠦ ᠤᠷᠤᠯᠳᠤᠭᠠᠨ ᠦᠷᠨᠢᠭᠦᠯᠦᠭᠰᠡᠨ ᠪᠠᠶᠢᠨ᠎ᠠ᠃ | ᠰᠤᠷᠭᠠᠭᠤᠯᠢ ᠶᠢᠨ ᠪᠡᠶ᠎ᠡ ᠲᠠᠮᠢᠷ ᠪᠤᠯ ᠵᠠᠯᠠᠭᠤᠴᠤᠳ ᠤᠨ ᠪᠡᠶ᠎ᠡ ᠮᠠᠬᠠᠪᠤᠳ ᠢ ᠪᠦᠬᠦ ᠲᠠᠯ᠎ᠠ ᠪᠠᠷ ᠬᠦᠭᠵᠢᠬᠦᠯᠬᠦ | ᠪᠦᠳᠤᠮᠵᠢᠳᠠᠢ ᠠᠷᠭ᠎ᠠ ᠠᠪᠴᠠᠯ ᠮᠦᠨ᠃ ᠡᠨᠡᠬᠦ ᠦᠵᠡᠯᠳᠡ ᠲᠠᠨᠢᠯᠳᠠ ᠶᠢ ᠪᠤᠳᠠᠳᠠᠢ ᠦᠢᠯᠡᠳᠦᠯᠭᠡᠵᠢᠭᠦᠯᠬᠦ ᠠᠵᠢᠯ ᠢ | ᠰᠠᠶᠢᠳᠤᠷ ᠬᠢᠵᠦ ᠶᠠᠪᠤᠭ᠎ᠠ ᠤᠯᠠᠭᠠᠨᠬᠤᠳᠠ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠪᠦᠬᠦ ᠪᠠᠭᠰᠢ ᠠᠵᠢᠯᠳᠠᠳ | ᠰᠤᠷᠤᠭᠴᠢᠳ ᠤᠨ ᠪᠡᠶ᠎ᠡ ᠰᠡᠳᠬᠢᠴᠡ ᠶᠢᠨ ᠡᠷᠡᠭᠦᠯ ᠢᠶᠠᠷ ᠬᠦᠭᠵᠢᠬᠦ ᠶᠢ ᠴᠢᠬᠤᠯᠠᠴᠢᠯᠠᠨ ᠦᠵᠡᠵᠤ᠂ ᠲᠠᠮᠢᠷᠴᠢᠳ ᠤᠨ | ᠦᠵᠡᠯ ᠰᠠᠨᠠᠭ᠎ᠠ ᠶᠤᠰᠤ ᠰᠤᠷᠳᠠᠬᠤᠨ ᠪᠤᠯᠤᠨ ᠠᠮᠤᠷ ᠲᠦᠪᠰᠢᠨ ᠤ ᠬᠦᠮᠦᠵᠢᠯ ᠢ ᠴᠢᠩᠭᠠᠳᠬᠠᠬᠤ ᠪᠠᠷ᠂ ᠡ᠊ᠨᠡ | ᠤᠳᠠᠭᠠᠨ ᠤ ᠬᠡᠬᠡᠷᠡᠯᠡᠨ ᠭᠦᠶᠦᠬᠦ ᠤᠷᠤᠯᠳᠤᠭᠠᠨ ᠢ ᠲᠦᠢᠯ ᠢᠶᠠᠷ ᠬᠦᠨᠳᠦᠳᠭᠡᠨ᠂ ᠰᠤᠷᠭᠠᠭᠤᠯᠢ ᠶᠢᠨ ᠵᠠᠬᠢᠷᠤᠯ | ᠲᠦᠷᠦᠬᠦᠳᠡᠢ ᠪᠠᠭᠰᠢ ᠨᠠᠷ ᠲᠤᠭᠤᠶᠢᠯᠠᠩ ᠬᠤᠪᠢᠶᠠᠨ ᠬᠤᠪᠢᠳᠠᠨ ᠤᠯᠤᠭᠰᠠᠨ ᠤᠷᠤᠯᠳᠤᠭᠠᠨ ᠤ ᠴᠡᠭ ᠲᠤ ᠪᠠᠨ | ᠰᠤᠷᠤᠭᠴᠢᠳ ᠤᠨ ᠠᠮᠤᠷ ᠲᠦᠪᠰᠢᠨ ᠢ ᠬᠠᠷᠢᠭᠤᠴᠠᠨ ᠬᠢᠨᠠᠭᠰᠠᠨ ᠪᠠᠶᠢᠨ᠎ᠠ᠃ | ᠤᠷᠤᠯᠳᠤᠭᠠᠨ ᠠᠴᠠ ᠡᠮᠦᠨ᠎ᠡ ᠤᠷᠤᠯᠴᠠᠭᠰᠠᠳ ᠲᠤ ᠪᠦᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠳᠠ ᠪᠠ ᠦᠵᠡᠯ | ᠰᠠᠨᠠᠭᠠᠨ ᠤ ᠬᠦᠮᠦᠵᠢᠯ ᠢ ᠴᠢᠨᠠᠷᠯᠢᠭ ᠬᠢᠭᠰᠡᠨ ᠰᠠᠭᠤᠷᠢᠨ ᠲᠡᠭᠡᠷ᠎ᠡ᠂ ᠤᠷᠤᠯᠳᠤᠭᠠᠨ ᠢᠶᠠᠨ ᠤᠨ ᠢᠶᠠᠷ ᠨᠢᠭᠡᠴᠡᠯᠡᠨ | ᠶᠠᠪᠤᠭᠳᠠᠭᠤᠯᠵᠤ᠂ ᠠᠩᠭᠢ ᠪᠦᠷᠢ ᠠᠴᠠ 5 ᠨᠡᠷᠡᠰ ᠡᠷᠡᠭᠳᠡᠢ ᠡᠮᠡᠭᠳᠡᠢ ᠲᠠᠮᠢᠷᠴᠢᠨ ᠰᠢᠯᠢᠭᠳᠡᠨ ᠤᠷᠤᠯᠴᠠᠵᠤ᠂ ᠡᠮᠡᠭᠳᠡᠢ | ᠲᠠᠮᠢᠷᠴᠢᠳ 3000 ᠮᠧᠲᠷ᠂ ᠡᠷᠡᠭᠳᠡᠢ ᠲᠠᠮᠢᠷᠴᠢᠳ 5000 ᠮᠧᠲᠷ ᠤᠨ ᠵᠠᠢ ᠳᠤ ︽ᠨᠦᠬᠦᠷᠯᠡᠯ ᠨᠢᠭᠡᠳᠦᠭᠡᠷ᠂ | ᠤᠷᠤᠯᠳᠤᠭᠠᠨ ᠬᠤᠶᠠᠳᠤᠭᠠᠷ︾ ᠭᠡᠬᠦ ᠤᠷᠢᠶ᠎ᠠ ᠪᠠᠷ ᠢᠳᠡᠭᠡᠯ ᠵᠤᠷᠢᠭ ᠢᠶᠠᠨ ᠬᠦᠪᠴᠢᠯᠡᠨ᠂ ᠢᠳᠡ ᠬᠦᠴᠦ ᠲᠠᠢ᠂ | ᠢᠳᠡᠭᠡᠯ ᠵᠤᠷᠢᠭ ᠲᠠᠢ᠂ ᠴᠤᠭ ᠵᠤᠯᠪᠤᠭ᠎ᠠ ᠲᠠᠢ ᠦᠷᠢᠰᠦᠯᠳᠦᠨ ᠭᠦᠶᠦᠵᠡᠭᠡᠵᠦ᠂ ᠪᠡᠶ᠎ᠡ ᠮᠠᠬᠠᠪᠤᠳ ᠢᠶᠠᠨ | ᠴᠢᠬᠢᠷᠠᠬᠵᠢᠭᠤᠯᠵᠤ ᠪᠤᠯᠪᠠᠰᠤᠷᠠᠭᠤᠯᠤᠭᠰᠠᠨ ᠨᠢᠭᠡᠨ ᠤᠳᠠᠭᠠᠨ ᠤ ᠤᠷᠤᠯᠳᠤᠭᠠᠨ ᠪᠤᠯᠵᠠᠢ᠃ | ᠤᠷᠤᠯᠳᠤᠭᠠᠨ ᠤ ᠦᠷ᠎ᠡ ᠳ᠋ᠦᠩ ᠳᠤ᠂ ᠲᠡᠭᠡᠳᠦ ᠨᠢᠭᠡ ᠶᠢᠨ ᠲᠠᠪᠤ᠂ ᠲᠡᠭᠡᠳᠦ ᠬᠤᠶᠠᠷ ᠤᠨ ᠨᠠᠢᠮᠠ᠂ ᠲᠠᠭᠡᠳᠦ | ᠭᠤᠷᠪᠠ ᠶᠢᠨ ᠵᠢᠷᠭᠤᠭ᠎ᠠ ᠶᠢᠨ ᠠᠩᠭᠢ ᠲᠤᠰ ᠲᠤᠰ ᠠᠩᠭᠢ ᠨᠢᠭᠡᠴᠢ ᠳᠤ ᠪᠠᠨ ᠦᠵᠦᠭᠦᠷᠯᠡᠵᠦ ᠱᠠᠩᠨᠠᠯ ᠲᠤᠰᠤᠭᠰᠠᠨ | ᠪᠦᠭᠡᠳ ᠲᠠᠰ ᠲᠤ ᠲᠤᠳᠤᠷᠠᠭᠰᠠᠨ ᠬᠤᠪᠢ ᠬᠦᠮᠦᠨ ᠴᠦ ᠬᠦᠬᠢᠭᠦᠯᠦᠯ ᠱᠠᠩᠨᠠᠯ ᠬᠦᠷᠳᠡᠨ᠂ ᠢᠳᠡᠭᠡᠯ ᠵᠤᠷᠢᠭ ᠢ ᠨᠢ | ᠡᠷᠴᠢᠯᠡᠵᠤ᠂ ᠤᠷᠤᠯᠳᠤᠭᠠᠨ ᠠᠮᠵᠢᠯᠳᠠ ᠲᠠᠢ ᠦᠨᠳᠦᠷᠯᠡᠪᠡ᠃ | ᠡᠩᠭᠦᠷᠠᠢ ᠰᠤᠷᠤᠭᠴᠢᠳ ᠤᠨ ᠠᠪᠢᠶᠠᠰ ᠪᠢᠯᠢᠭ ᠢ ᠪᠠᠳᠠᠷᠠᠭᠤᠯᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ | ᠳᠡᠭᠡᠭᠰᠢᠯᠡᠬᠦᠯᠤᠨ᠎ᠠ ᠤᠯᠠᠭᠠᠨᠬᠤᠳᠠ ᠬᠤᠶᠠᠳᠤᠭᠠᠷ ᠲᠤᠮᠳᠠᠳᠤ ᠰᠤᠷᠭᠠᠭᠤᠯᠢ ︽ᠪᠢᠳᠡ ᠬᠢᠴᠢᠶᠡᠯ ᠤᠨ | ᠵᠦᠴᠦᠭᠡ ᠲᠠᠢ ᠪᠠᠨ ᠬᠠᠮᠳᠤ ᠪᠠᠶᠠᠰᠤᠨ᠎ᠠ︾ ᠭᠡᠭᠦ ᠭᠤᠤᠯ ᠰᠡᠳᠤᠪᠳᠤ ᠤᠷᠤᠯᠳᠤᠭᠠᠨ ᠶᠠᠪᠤᠭᠳᠠᠭᠤᠯᠵᠠᠢ | ᠤᠯᠠᠭᠠᠨᠬᠤᠲᠠ ᠬᠤᠶᠠᠳᠤᠭᠠᠷ ᠳᠤᠮᠳᠠᠳᠦ ᠰᠤᠷᠭᠠᠭᠤᠯᠢ ᠬᠢᠲᠠᠳ ᠬᠡᠯᠡᠨ ᠤ ᠵᠢᠭᠠᠨ ᠰᠤᠷᠭᠠᠯᠲᠠ ᠶᠢᠨ ᠪᠠᠶᠠᠯᠢᠭ | ᠠᠭᠤᠯᠭ᠎ᠠ ᠪᠠᠨ ᠪᠤᠳᠠᠲᠠᠶᠢᠴᠢᠯᠠᠬᠰᠠᠨ ᠦᠵᠡᠭᠦᠯᠭᠡ ᠪᠤᠯᠭᠠᠨ ᠲᠡᠯᠭᠡᠵᠤ᠂ ᠰᠤᠷᠤᠭᠴᠢᠳ ᠤᠨ ᠤᠩᠰᠢᠯᠭ᠎ᠠ ᠶᠢᠨ ᠬᠦᠷᠢᠶ᠎ᠡ | ᠬᠡᠪᠴᠢᠶ᠎ᠡ ᠶᠢ ᠦᠷᠭᠡᠳᠭᠡᠨ᠂ ᠲᠡᠳᠡᠨᠡᠷ ᠤᠨ ᠬᠢᠴᠢᠶᠡᠯ ᠤᠨ ᠠᠭᠤᠯᠭ᠎ᠠ ᠰᠠᠨᠠᠭ᠎ᠠ ᠶᠢ ᠪᠡᠶᠡᠴᠢᠯᠡᠨ ᠰᠡᠷᠡᠵᠤ᠂ ᠲᠣᠭᠯᠠᠨ | ᠢᠯᠡᠳᠭᠡᠬᠦ ᠤᠷ᠎ᠠ ᠴᠢᠳᠠᠪᠦᠷᠢ ᠶᠢ ᠨᠢ ᠳᠡᠭᠡᠭᠰᠢᠯᠡᠭᠦᠯᠬᠦ ᠵᠣᠷᠢᠯᠭ᠎ᠠ ᠪᠠᠷ ᠬᠢᠲᠠᠳ ᠬᠡᠯᠡᠨ ᠤ ᠳᠤᠭᠤᠶᠢᠯᠠᠩ ᠤᠨ ᠬᠢᠨ 12 | ᠰᠠᠷ᠎ᠠ ᠶᠢᠨ 1 ᠤ ᠣᠷᠤᠢ᠂ ︽ᠪᠢᠳᠡ ᠬᠢᠴᠢᠶᠡᠯ ᠤᠨ ᠵᠦᠴᠦᠭᠡ ᠲᠠᠢ ᠪᠠᠨ ᠬᠠᠮᠲᠦ ᠪᠠᠶᠠᠰᠤᠨ᠎ᠠ︾ ᠭᠡᠬᠦ ᠭᠤᠣᠯ | ᠰᠡᠳᠦᠪᠲᠦ ᠤᠷᠤᠯᠳᠤᠭᠠᠨ ᠢ ᠳᠡᠭᠡᠳᠦ ᠨᠢᠭᠡᠳᠦᠭᠡᠷ ᠣᠨ ᠨᠢᠭᠡᠴᠢ ᠳᠤ ᠠᠮᠵᠢᠯᠲᠠ ᠲᠠᠢ ᠶᠠᠪᠤᠭᠳᠠᠭᠤᠯᠵᠠᠢ᠃ | ᠤᠷᠤᠯᠳᠤᠭᠠᠨ ᠳᠤ ᠳᠡᠭᠡᠳᠦ ᠨᠢᠭᠡ ᠶᠢᠨ ᠠᠩᠭᠢ ᠪᠦᠷᠢ ᠠᠴᠠ 6 — 8 ᠬᠦᠮᠦᠨ ᠢᠶᠠᠷ ᠪᠦᠷᠢᠯᠳᠦᠭᠰᠡᠨ | ᠲᠤᠭᠤᠢᠢᠯᠠᠩ ᠢ ᠵᠤᠬᠢᠶᠠᠨ ᠪᠠᠶᠢᠭᠤᠯᠵᠤ᠂ ᠰᠢᠪᠠᠭ᠎ᠠ ᠰᠤᠭᠤᠯᠤᠭᠰᠠᠨ ᠳᠡᠰ ᠳᠠᠷᠠᠭ᠎ᠠ ᠪᠠᠷ ᠢᠶᠠᠨ ᠪᠡᠯᠡᠳᠭᠡᠭᠰᠡᠨ | ᠬᠢᠴᠢᠶᠡᠯ ᠤᠨ ᠵᠦᠴᠦᠭᠡ ᠪᠠᠨ ᠲᠣᠭᠯᠠᠵᠤ ᠤᠷᠤᠯᠳᠤᠭᠰᠠᠨ ᠪᠦᠭᠡᠳ ᠬᠢᠨᠠᠭᠴᠢᠳ ᠤᠨ ᠰᠢᠯᠭᠠᠷᠠᠭᠤᠯᠤᠯᠲᠠ ᠪᠠᠷ | ᠳᠠᠮᠵᠢᠵᠤ᠂ ᠨᠢᠭᠡ ᠶᠢᠨ ᠬᠤᠶᠠᠷ᠂ ᠨᠢᠭᠡ ᠶᠢᠨ ᠳᠥᠷᠪᠡ ᠮᠠᠩᠯᠠᠶᠢᠯᠠᠵᠤ᠂ ᠨᠢᠭᠡ ᠶᠢᠨ ᠠᠷᠪᠠ᠂ ᠨᠢᠭᠡ ᠶᠢᠨ ᠠᠷᠪᠠᠨ | ᠨᠢᠭᠡ᠂ ᠨᠢᠭᠡ ᠶᠢᠨ ᠶᠢᠰᠦ ᠪᠠ ᠨᠢᠭᠡ ᠶᠢᠨ ᠨᠠᠢᠮᠠ ᠳᠡᠳ᠋ᠯᠡᠵᠤ᠂ ᠨᠢᠭᠡ ᠶᠢᠨ ᠠᠷᠪᠠᠨ ᠬᠤᠶᠠᠷ ᠵᠡᠷᠭᠡ ᠳᠥᠷᠪᠡᠨ ᠠᠩᠭᠢ | ᠭᠤᠷᠪᠠᠳᠤᠭᠠᠷ ᠲᠡᠰ ᠲᠤ ᠤᠷᠤᠵᠠᠢ᠃ | ᠲᠤᠰ ᠤᠳᠠᠭᠠᠨ ᠤ ᠤᠷᠤᠯᠳᠤᠭᠠᠨ ᠨᠢ ᠰᠤᠷᠤᠭᠴᠢᠳ ᠤᠨ ᠬᠢᠴᠢᠶᠡᠯ ᠤᠨ ᠭᠠᠳᠠᠨᠠᠬᠢ ᠰᠣᠶᠣᠯ ᠤᠨ | ᠬᠦᠳᠡᠯᠭᠡᠭᠡᠨ ᠤ ᠠᠭᠤᠯᠭ᠎ᠠ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠰᠤᠷᠤᠭᠴᠢᠳ ᠤᠨ ᠬᠢᠴᠢᠶᠡᠯ ᠤᠨ | ᠠᠭᠤᠯᠭ᠎ᠠ ᠪᠠᠨ ᠤᠢᠢᠯᠠᠭᠠᠵᠤ᠂ ᠮᠡᠳᠡᠯᠭᠡ ᠴᠢᠳᠠᠪᠦᠷᠢ ᠪᠠᠨ ᠨᠡᠮᠡᠭᠳᠡᠭᠦᠯᠵᠤ᠂ ᠠᠮᠢᠳᠤᠷᠠᠯ ᠢ ᠪᠡᠶᠡᠴᠢᠯᠡᠨ ᠲᠠᠨᠢᠬᠤ | ᠦᠢᠯᠡᠳᠦᠯᠭᠡ ᠶᠢᠨ ᠴᠢᠳᠠᠪᠦᠷᠢ ᠶᠢ ᠬᠤᠪᠢ ᠳᠠᠬᠢᠨ ᠦᠨᠳᠦᠷᠵᠢᠭᠦᠯᠵᠤ᠂ ᠰᠤᠷᠤᠯᠴᠠᠬᠤ ᠤᠷᠮ᠎ᠠ ᠪᠠᠬ᠎ᠠ ᠪᠠ | ᠢᠳᠡᠪᠬᠢᠵᠢᠯ ᠢ ᠨᠢ ᠳᠠᠶᠢᠴᠢᠯᠠᠭᠰᠠᠨ ᠤᠳᠬ᠎ᠠ ᠠᠭᠤᠯᠭ᠎ᠠ ᠲᠠᠢ ᠬᠦᠳᠡᠯᠭᠡᠭᠡᠨ ᠪᠤᠯᠤᠭᠰᠠᠨ ᠪᠠᠶᠢᠨ᠎ᠠ᠃ |