ᠤᠯᠠᠭᠠᠨᠬᠦᠦ ᠶᠢᠨ ᠠᠵᠢᠯᠯᠠᠵᠤ ᠪᠠᠶᠢᠭᠰᠠᠨ ᠭᠠᠵᠠᠷ ᠪᠣᠯ 1936 ᠣᠨ ᠳᠤ ᠪᠠᠶᠢᠭᠤᠯᠤᠭᠳᠠᠭᠰᠠᠨ 403 ᠲᠡᠭᠰᠢ | ᠳᠦᠷᠪᠡᠯᠵᠢᠨ ᠮᠧᠲᠷ ᠲᠠᠯᠠᠪᠠᠢ ᠲᠠᠢ ᠨᠢᠭᠡᠨ ᠥᠪᠡᠷᠮᠢᠴᠡ ᠬᠡᠪ ᠨᠠᠮᠪᠠ ᠲᠠᠢ ᠳᠤᠮᠳᠠᠳᠤ ᠶᠢᠨ ᠡᠷᠲᠡᠨ ᠤ ᠮᠠᠶ᠋ᠢᠭ ᠤᠨ | ᠪᠠᠷᠢᠯᠭ᠎ᠠ ᠶᠤᠮ᠃ ᠲᠡᠷᠡ ᠨᠢ ᠬᠠᠭᠤᠷᠮᠠᠭ ᠮᠠᠨᠵᠤ ᠶᠢᠨ ᠨᠣᠶᠠᠷᠬᠠᠯ ᠤᠨ ᠦᠶᠡᠰ ᠤᠨ ᠶᠠᠫᠣᠨ ᠤ ᠨᠢᠭᠡᠨ ᠳᠡᠭᠡᠳᠦ ᠵᠡᠷᠭᠡ | ᠶᠢᠨ ᠴᠡᠷᠢᠭ ᠤᠨ ᠨᠣᠶᠠᠨ ᠤ ᠠᠵᠢᠯᠯᠠᠬᠤ ᠭᠠᠵᠠᠷ ᠪᠠᠶᠢᠵᠠᠢ᠃1947 ᠣᠨ ᠤ 2 ᠰᠠᠷ᠎ᠠ ᠶᠢᠨ 14 ᠤ ᠡᠳᠦᠷ ᠠᠴᠠ | 1947 ᠣᠨ ᠤ 12 ᠰᠠᠷ᠎ᠠ ᠪᠣᠯᠳᠠᠯ᠎ᠠ ᠤᠯᠠᠭᠠᠨᠬᠦᠦ ᠨᠥᠬᠦᠷ ᠡ᠊ᠨᠳᠡ ᠠᠵᠢᠯᠯᠠᠵᠤ ᠪᠠᠶᠢᠪᠠ᠃ | | | 1947 ᠣᠨ ᠤ 4 ᠰᠠᠷ᠎ᠠ ᠶᠢᠨ 23 ᠤ ᠡᠳᠦᠷ ᠠᠴᠠ 5 ᠰᠠᠷ᠎ᠠ ᠶᠢᠨ 1 ᠤ ᠡᠳᠦᠷ ᠪᠣᠯᠲᠠᠯ᠎ᠠ᠂ ᠤᠯᠠᠭᠠᠨᠬᠦᠦ | ᠨᠥᠭᠦᠷ ᠡ᠊ᠨᠳᠡ ᠥᠪᠦᠷ ᠮᠣᠩᠭᠤᠯ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢ ᠡᠷᠬᠢᠯᠡᠨ | ᠬᠤᠷᠠᠯᠳᠤᠭᠤᠯᠵᠤ᠂ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠤᠨ ᠤ ᠬᠡᠷᠡᠭᠵᠢᠭᠦᠯᠬᠦ | ᠬᠦᠲᠦᠯᠪᠦᠷᠢ︾ ᠶᠢ ᠲᠣᠭᠲᠠᠭᠠᠨ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠤᠨ ᠢ | ᠪᠠᠶᠢᠭᠤᠯᠵᠤ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠤᠨ ᠤ ᠲᠡᠷᠢᠭᠦᠯᠡᠭᠴᠢ ᠪᠠᠷ | ᠰᠤᠩᠭᠤᠭᠳᠠᠪᠠ᠃ 7 ᠰᠠᠷ᠎ᠠ ᠶᠢᠨ 1 ᠤ ᠡᠳᠦᠷ᠂ ᠥᠪᠦᠷ ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠵᠥᠪᠯᠡᠯ | ᠢ ᠪᠠᠶᠢᠭᠤᠯᠵᠤ᠂ ᠤᠯᠠᠭᠠᠨᠬᠦᠦ ᠨᠥᠬᠦᠷ ᠱᠦᠵᠢ ᠶᠢᠨ ᠠᠵᠢᠯ ᠢ ᠬᠠᠷᠢᠭᠤᠴᠠᠪᠠ᠃ ᠤᠯᠠᠭᠠᠨᠬᠦᠦ ᠨᠥᠬᠦᠷ ᠡ᠊ᠨᠳᠡ | ᠥᠪᠦᠷ ᠮᠣᠩᠭᠤᠯ ᠤᠨ ᠬᠦᠳᠡᠭᠡ ᠲᠤᠰᠬᠤᠨ ᠤ ᠭᠠᠵᠠᠷ ᠰᠢᠷᠤᠢ ᠶᠢᠨ ᠥᠭᠡᠷᠡᠴᠢᠯᠡᠯᠲᠡ ᠪᠣᠯᠤᠨ ᠮᠠᠯᠵᠢᠬᠤ ᠣᠷᠤᠨ ᠤ | ᠠᠷᠠᠳᠴᠢᠯᠠᠭᠰᠠᠨ ᠥᠭᠡᠷᠡᠴᠢᠯᠡᠯᠲᠡ ᠶᠢ ᠤᠳᠤᠷᠢᠳᠪᠠ᠃ ᠥᠪᠦᠷ ᠮᠣᠩᠭᠤᠯ ᠤᠨ ᠠᠷᠠᠳ ᠤᠨ ᠵᠡᠪᠰᠡᠭᠲᠦ ᠬᠦᠴᠦᠨ ᠢ | ᠴᠡᠭᠴᠡᠯᠡᠨ ᠵᠣᠬᠢᠶᠠᠨ ᠪᠠᠶᠢᠭᠤᠯᠵᠤ᠂ ᠥᠪᠦᠷ ᠮᠣᠩᠭᠤᠯ ᠤᠨ ᠡᠯ᠎ᠡ ᠴᠢᠯᠦᠭᠡᠯᠡᠭᠳᠡᠭᠰᠡᠨ ᠣᠷᠤᠨ ᠤ ᠳᠡᠭᠡᠷᠡᠮ ᠢ | ᠤᠰᠠᠳᠬᠠᠬᠤ ᠲᠡᠮᠡᠴᠡᠯ ᠪᠣᠯᠤᠨ ᠥᠪᠦᠷ ᠮᠣᠩᠭᠤᠯ ᠤᠨ ᠮᠣᠷᠢᠲᠤ ᠴᠡᠷᠢᠭ ᠢ ᠵᠢᠯᠤᠭᠤᠳᠤᠨ᠂ ᠯᠢᠶᠤᠤ ᠱᠧᠨ ᠤ | ᠳᠠᠶᠢᠯᠠᠯᠳᠤᠭᠠᠨ᠂ ᠫᠢᠩ ᠶᠢᠨ ᠤ ᠳᠠᠶᠢᠯᠠᠯᠳᠤᠭᠠᠨ ᠳᠤ ᠣᠷᠤᠯᠴᠠᠭᠤᠯᠵᠤ᠂ ᠠᠷᠠᠳ ᠣᠯᠠᠨ ᠢ ᠳᠠᠶᠢᠴᠢᠯᠠᠨ ᠪᠦᠬᠦ | ᠤᠯᠤᠰ ᠤᠨ ᠴᠢᠯᠦᠭᠡᠯᠡᠬᠦ ᠳᠠᠶᠢᠨ ᠢ ᠳᠡᠮᠵᠢᠵᠦ ᠪᠠᠶᠢᠪᠠ᠃ | | | | |