ᠤᠯᠠᠭᠠᠨᠬᠤᠳᠠ ᠮᠤᠩᠭᠤᠯ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ︽ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ︾ ᠲᠤᠬᠠᠢ ᠮᠡᠳᠡᠬᠦᠯᠤᠯᠳᠠ ᠶᠢᠨ ᠬᠤᠷᠠᠯ ᠬᠢᠵᠠᠢ
ᠨᠡᠶᠢᠲᠡᠯᠡᠭᠰᠡᠨ ᠴᠠᠭ᠄
2020/12/25
     ᠦᠢᠷ᠎ᠠ ᠳᠤ᠂ ᠤᠯᠠᠭᠠᠨᠬᠤᠳᠠ ᠮᠤᠩᠭᠤᠯ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ︽ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ︾ ᠲᠤᠬᠠᠢ ᠮᠡᠳᠡᠬᠦᠯᠤᠯᠳᠠ ᠶᠢᠨ ᠬᠤᠷᠠᠯ ᠬᠢᠵᠦ᠂ ᠰᠤᠷᠭᠠᠭᠤᠯᠢ ᠶᠢᠨ ᠨᠠᠮ ᠤᠨ ᠡᠬᠦᠷ ᠤᠨ ᠱᠦᠵᠢ᠂ ᠰᠤᠷᠭᠠᠭᠤᠯᠢ ᠶᠢᠨ ᠵᠠᠬᠢᠷᠤᠯ ᠨᠢ ᠦᠪᠠᠷᠳᠡᠭᠡᠨ ᠵᠠᠰᠠᠬᠤ ᠤᠷᠤᠨ ᠤ ᠰᠤᠷᠭᠠᠨ ᠬᠦᠮᠤᠵᠢᠯ ᠤᠨ ᠲᠢᠩᠬᠢᠮ ᠤᠨ ᠨᠢᠭᠡᠳᠤᠭᠡᠷ ᠬᠤᠭᠤᠴᠠᠭᠠᠨ ᠤ ᠪᠤᠯᠪᠠᠰᠤᠷᠠᠯ ᠳᠤ ᠤᠷᠤᠯᠴᠠᠭᠰᠠᠨ ᠤᠯᠤᠯᠳᠠ ᠲᠦᠷᠥᠭᠳᠡᠯ ᠲᠠᠢ ᠪᠠᠨ ᠤᠶᠠᠯᠳᠤᠭᠤᠯᠤᠨ ᠲᠤᠰᠬᠠᠢ ᠰᠡᠳᠤᠪᠳᠤ ᠮᠡᠳᠡᠬᠦᠯᠤᠯᠳᠠ ᠬᠢᠵᠠᠢ᠃       ᠲᠤᠰ ᠤᠳᠠᠭᠠᠨ ᠤ ᠮᠡᠳᠡᠭᠦᠯᠦᠯᠳᠡ ᠳᠤ ᠪᠠᠨ ᠲᠤᠮᠳᠠᠳᠤ ᠶᠢᠨ ᠦᠨᠳᠤᠰᠤᠳᠡᠨ ᠤ ᠠᠭᠤᠥ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠳᠤ ᠡᠯ᠎ᠠ ᠦᠨᠳᠤᠰᠤᠳᠡᠨ ᠤ ᠠᠷᠠᠳ ᠲᠦᠮᠡᠨ ᠭᠠᠷ ᠭᠠᠷ ᠢᠶᠠᠨ ᠬᠤᠯᠪᠤᠯᠴᠠᠨ᠂ ᠬᠠᠮᠳᠤ ᠪᠠᠷ ᠴᠢᠷᠮᠠᠶᠢᠨ ᠲᠡᠮᠡᠴᠡᠵᠦ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠱᠤᠭᠤᠵᠤ᠂ ᠡᠯ᠎ᠠ ᠦᠨᠳᠤᠰᠤᠳᠡᠨ ᠠᠨᠠᠷ ᠤᠨ ᠦᠷ᠎ᠠ ᠰᠢᠭ ᠨᠢᠭᠳᠠᠷᠠᠨ ᠪᠦᠯᠬᠦᠮᠳᠡᠬᠦ ᠲᠤᠬᠠᠢ ᠠᠭᠤᠯᠭ᠎ᠠ ᠶᠢ ᠲᠤᠪᠤᠶᠢᠯᠭᠠᠬᠰᠠᠨ ᠪᠠᠶᠢᠨ᠎ᠠ᠃       ᠤᠢᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠳᠠ ᠮᠤᠩᠭᠤᠯ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠳᠠ᠂ ᠵᠢᠯᠤᠭᠤᠳᠤᠭᠴᠢ ᠪᠠᠭᠰᠢ ᠶᠢᠨ ᠲᠦᠷᠢᠮ᠂ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠪᠠᠶᠢᠭᠤᠯᠤᠯᠳᠠ᠂ ᠪᠠᠭᠰᠢ ᠶᠢᠨ ᠡᠩᠨᠡᠭᠡ ᠶᠢᠨ ᠪᠤᠯᠪᠠᠰᠤᠷᠠᠯ᠂ ᠦᠨᠳᠤᠰᠤᠳᠡᠨ ᠤ ᠪᠦᠯᠬᠦᠮᠳᠡᠯ ᠤᠨ ᠬᠦᠮᠤᠵᠢᠯ ᠵᠡᠷᠭᠡ ᠶᠢ ᠴᠢᠩᠭᠠᠳᠬᠠᠵᠦ᠂ ᠤᠯᠤᠰ ᠤᠨ ᠨᠢᠭᠡᠳᠤᠯᠳᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠳᠠ ᠶᠢᠨ ᠠᠵᠢᠯ ᠢ ᠠᠬᠢᠭᠤᠯᠵᠤ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠭᠴᠠ ᠶᠢᠨ ᠤᠬᠠᠮᠰᠡᠷ ᠢ ᠨᠡᠮᠡᠭᠳᠡᠬᠦᠯᠤᠨ ᠰᠤᠶᠤᠯ ᠤᠨ ᠢᠳᠡᠭᠡᠯ ᠢᠶᠠᠨ ᠪᠠᠳᠤᠳᠬᠠᠵᠤ ᠪᠤᠢ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号