ᠤᠯᠠᠭᠠᠨᠬᠤᠳᠠ ᠬᠤᠶᠠᠳᠤᠭᠠᠷ ᠳᠤᠮᠳᠠᠳᠤ ᠰᠤᠷᠭᠠᠭᠤᠯᠢ ︽ᠳᠤᠭᠤᠷ ᠤᠨ ᠠᠶᠠᠯᠭᠤ︾ ᠬᠤᠨᠳᠠᠭᠠᠳᠤ ᠤᠷᠠᠨ ᠤᠩᠰᠢᠯᠭ᠎ᠠ ᠶᠢᠨ ᠤᠷᠤᠯᠳᠤᠭᠠᠨ ᠶᠠᠪᠤᠭᠤᠯᠵᠠᠢ
ᠨᠡᠶᠢᠲᠡᠯᠡᠭᠰᠡᠨ ᠴᠠᠭ᠄
2020/12/25
      ᠦᠨᠳᠦᠰᠦᠳᠡᠨ ᠤ ᠪᠦᠯᠬᠦᠮᠳᠡᠯ ᠲᠠᠪᠰᠢᠯᠳᠡ ᠶᠢ ᠠᠬᠢᠭᠤᠯᠵᠦ᠂ ᠰᠤᠷᠤᠭᠴᠢᠳ ᠤᠨ ᠰᠤᠷᠤᠯᠴᠠᠯᠭ᠎ᠠ ᠶᠢᠨ ᠢᠳᠡᠪᠬᠢᠵᠢᠯ ᠢ ᠳᠠᠶᠢᠴᠢᠯᠠᠨ᠂ ᠨᠤᠮ ᠵᠤᠬᠢᠶᠠᠯ ᠤᠡᠭᠰᠢᠬᠤ ᠤᠷᠮ᠎ᠠ ᠪᠠᠬ᠎ᠠ ᠶᠢ ᠨᠢ ᠬᠦᠭᠵᠢᠭᠡᠵᠦ᠂ ᠰᠤᠩᠭᠤᠳᠠᠭ ᠰᠢᠯᠦᠭ ᠵᠤᠬᠢᠶᠠᠯ ᠴᠡᠭᠡᠵᠢᠯᠡᠬᠦ ᠳᠠᠳᠬᠠᠯ ᠲᠠᠢ ᠪᠤᠯᠭᠠᠬᠤ ᠶᠢᠨ ᠳᠦᠯᠦᠭᠡ ᠦᠢᠷ᠎ᠠ ᠶᠢᠨ ᠡᠳᠤᠷ᠂ ᠤᠯᠠᠭᠠᠨᠬᠤᠳᠠ ᠬᠤᠶᠠᠳᠤᠭᠠᠷ ᠳᠤᠮᠳᠠᠳᠤ ᠰᠤᠷᠭᠠᠭᠤᠯᠢ ᠤᠷᠠᠯᠢᠭ ᠤᠨ ᠤᠷᠳᠤᠨ ᠳᠤ ᠪᠠᠨ ᠠᠷᠪᠠᠨ ᠵᠢᠷᠭᠤᠳᠤᠭᠠᠷ ᠬᠤᠭᠤᠴᠠᠭᠠᠨ ᠤ ︽ᠳᠤᠭᠤᠷ ᠤᠨ ᠠᠶᠠᠯᠭᠤ︾ ᠬᠤᠨᠳᠡᠭᠠᠳᠥ ᠤᠷᠠᠨ ᠤᠡᠭᠰᠢᠯᠭ᠎ᠠ ᠶᠢᠨ ᠤᠷᠤᠯᠳᠤᠭᠠᠨ ᠶᠠᠪᠤᠭᠤᠯᠵᠠᠢ᠃       ᠤᠷᠤᠯᠳᠤᠭᠠᠨ ᠳᠤ ᠮᠤᠩᠭᠤᠯ ᠬᠤᠪᠴᠠᠰᠤ ᠵᠠᠰᠠᠯ ᠢᠶᠠᠷ ᠢᠶᠠᠨ ᠭᠤᠶᠤᠯᠠᠭᠰᠠᠨ᠂ ᠴᠠᠭ ᠦᠶ᠎ᠡ ᠶᠢᠨ ᠴᠤᠭ ᠵᠢᠪᠬᠤᠭ᠎ᠠ ᠶᠢ ᠪᠠᠳᠠᠷᠠᠭᠠᠭᠰᠠᠨ 41 ᠨᠡᠷᠡᠰ ᠤᠷᠤᠯᠳᠤᠭᠴᠢ ᠢᠳᠡᠪᠬᠢᠯᠡᠨ ᠤᠷᠤᠯᠴᠠᠵᠦ᠂ ︽ᠴᠢᠬᠢᠨ ᠤ ᠴᠢᠮᠡᠭ ᠪᠤᠯᠤᠭᠰᠠᠨ ᠠᠶᠠᠯᠭᠤ ᠰᠠᠶᠢᠬᠠᠨ ᠮᠤᠩᠭᠤᠯ ᠬᠡᠯᠡ᠂ ᠴᠢᠩ ᠵᠤᠷᠢᠭᠳᠤ ᠡᠪᠦᠭᠡᠳ ᠳᠡᠭᠡᠳᠦᠰ ᠤᠨ ᠮᠢᠨᠢ ᠦᠪ ᠡᠷᠳᠡᠨᠢ︾ ᠭᠡᠭᠴᠢ ᠪᠠᠷ ︽ᠮᠤᠩᠭᠤᠯ ᠬᠡᠯᠡ︾᠂ ︽ᠠᠽᠢᠶ᠎ᠡ ᠶᠢᠨ ᠪᠠᠷᠳᠠᠮᠨᠠᠯ︾᠂ ︽ᠡᠬᠡ ᠶᠢᠨ ᠰᠡᠳᠬᠢᠯ︾᠂ ︽ᠵᠠᠯᠠᠭᠤ ᠳᠡᠭᠦᠦ ᠨᠠᠷ ᠲᠤ ᠪᠠᠨ ᠬᠦᠷᠭᠡᠬᠦ ᠰᠢᠯᠦᠭ︾ ︽ᠴᠢᠩᠭᠢᠰ︾ ︽ᠮᠠᠯᠴᠢᠨ︾ ᠵᠡᠷᠭᠡ ᠰᠢᠯᠦᠭ ᠤᠳ ᠢᠶᠠᠨ ᠬᠦᠭᠵᠢᠮ ᠬᠠᠪᠰᠤᠷᠭᠠᠵᠦ᠂ ᠡᠭᠡᠰᠢᠭ ᠰᠠᠶᠢᠬᠠᠨ ᠳᠦᠷᠦᠯᠬᠢ ᠬᠡᠯᠡ ᠪᠠᠷ ᠢᠶᠠᠨ ᠤᠷᠤᠰᠤᠮ᠎ᠡ ᠳᠤᠳᠤ᠂ ᠤᠷᠮ᠎ᠡ ᠰᠡᠳᠭᠢᠯᠭᠡ ᠪᠢᠯᠬᠠᠮ ᠎ᠡ ᠰᠢᠯᠦᠭᠯᠡᠵᠠᠢ᠃ ᠴᠡᠭᠡᠵᠢᠯᠡᠭᠰᠡᠨ ᠰᠢᠯᠦᠭ ᠤᠨ ᠮᠦᠷ ᠪᠠᠳᠠᠭ ᠲᠤ ᠦᠭᠡᠳᠡ ᠡᠰᠡᠷᠡᠭ᠂ ᠡᠷᠡᠭᠦᠯ ᠰᠠᠷᠠᠭᠤᠯ ᠤᠳᠬ᠎ᠠ ᠰᠠᠨᠠᠭ᠎ᠠ ᠠᠭᠤᠯᠤᠬᠳᠠᠵᠤ᠂ ᠲᠠᠯᠠᠪᠤᠷ ᠲᠤ ᠰᠠᠭᠠᠳᠠᠬᠰᠠᠨ ᠤᠯᠠᠨ ᠤ ᠤᠷᠮ᠎ᠠ ᠪᠠᠬ᠎ᠠ ᠶᠢ ᠰᠡᠷᠭᠦᠭᠡᠭᠰᠡᠨ ᠪᠠᠶᠢᠨ᠎ᠠ       ᠤᠷᠤᠯᠳᠤᠭᠠᠨ ᠳᠤ᠂ ᠸᠠᠩ ᠽᠸᠡᠭ ᠷᠦᠡᠭ ︽ᠵᠦᠪᠬᠡᠨ ᠮᠤᠩᠭᠤᠯ ᠳᠤ ᠪᠠᠨ ᠵᠢᠷᠭᠠᠳᠠᠭ︾ ᠭᠡᠬᠦ ᠪᠦᠳᠦᠭᠡᠯ ᠢ ᠤᠶᠠᠩᠭᠠᠯᠠᠨ ᠳᠡᠷᠢᠭᠦᠨ ᠨᠡᠷᠡᠰ ᠲᠤ ᠳᠤᠳᠤᠷᠠᠵᠦ᠂ ᠳᠤᠭᠴᠢᠨ᠂ ᠠᠰᠬᠠᠨ᠂ ᠰᠠᠷᠠᠨᠴᠢᠮᠡᠭ ᠨᠠᠷ ᠬᠤᠶᠠᠳᠤᠭᠠᠷ ᠨᠡᠷᠡᠰ ᠲᠤ ᠤᠷᠤᠵᠦ᠂ ᠯᠠᠨ ᠯᠠᠨ᠂ ᠬᠦᠳᠡᠭᠡ᠂ ᠠᠶᠤᠩᠭ᠎ᠠ ᠨᠠᠷ ᠭᠤᠷᠪᠠᠳᠤᠭᠠᠷ ᠨᠡᠷᠡᠰ ᠲᠤ ᠲᠤᠳᠤᠷᠠᠨ ᠳᠤᠰ ᠳᠤᠰ ᠱᠠᠩᠨᠠᠯ ᠬᠦᠬᠢᠭᠦᠯᠦᠯ ᠬᠦᠷᠳᠡᠵᠦ᠂ ᠪᠤᠰᠤᠳ ᠤᠷᠤᠯᠳᠤᠭᠴᠢᠤᠨ ᠰᠢᠯᠢᠳᠡᠭ ᠱᠠᠩᠨᠠᠯ ᠬᠦᠷᠳᠡᠵᠦ᠂ ᠬᠢᠨᠠᠬᠴᠢ ᠪᠠᠭᠰᠢ ᠵᠢᠴᠢ ᠬᠠᠮᠳᠤ ᠨᠠᠶᠢᠵᠢ ᠨᠠᠷ ᠤᠨ ᠢᠶᠠᠨ ᠮᠠᠬᠳᠠᠭᠠᠯ ᠰᠠᠶᠢᠰᠢᠶᠠᠯ ᠢ ᠬᠦᠷᠳᠡᠵᠡᠢ᠃  
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号