ᠤᠯᠠᠭᠠᠨᠮᠦ᠋ᠴᠢᠷ — ᠬᠤᠪᠢᠰᠬᠠᠯ ᠤᠨ ᠮᠦᠴᠢᠷ
ᠨᠡᠶᠢᠲᠡᠯᠡᠭᠰᠡᠨ ᠴᠠᠭ᠄
2020-04-17
   1946 ᠣᠨ᠂ ᠵᠠᠯᠠᠭᠤ ᠨᠠᠰᠤᠨ ᠤ ᠬᠤᠪᠢᠰᠬᠠᠯ ᠤᠨ ᠦᠵᠡᠯ ᠰᠠᠨᠠᠭᠠᠨ ᠤ ᠬᠢᠯᠪᠠᠭ᠎ᠠ ᠲᠠᠳᠠᠪᠠ᠃    ᠲᠤᠰ ᠵᠢᠯ ᠳᠤ᠂ ᠶᠠᠨ ᠠᠨ ᠳᠤ ᠰᠤᠷᠭᠠᠭᠤᠯᠢ ᠰᠤᠶᠤᠯ ᠬᠦᠷᠳᠡᠭᠰᠡᠨ ᠮᠣᠩᠭᠤᠯ ᠦᠨᠳᠦᠰᠦᠲᠡᠨ ᠤ ᠤᠷᠬᠢᠯᠤᠮ᠎ᠠ ᠬᠠᠯᠠᠭᠤᠨ ᠰᠡᠳᠬᠢᠯᠭᠡ ᠲᠠᠢ ᠵᠠᠯᠠᠭᠤᠴᠤᠳ ᠱᠠᠨ ᠰᠢ ᠴᠠᠬᠠᠷ ᠾᠧᠪᠧᠢ ᠶᠢᠨ ᠬᠤᠪᠢᠰᠬᠠᠯ ᠤᠨ ᠰᠠᠭᠤᠷᠢᠨ ᠭᠠᠵᠠᠷ ᠤᠨ ᠲᠦᠪ ᠪᠤᠯᠬᠤ ᠴᠢᠭᠤᠯᠤᠯᠳᠤ ᠬᠠᠭᠠᠯᠭ᠎ᠠ ᠳᠤ ᠬᠦᠷᠴᠦ ᠦᠨᠳᠦᠰᠦᠲᠡᠨ ᠤ ᠭᠠᠵᠠᠷ ᠣᠷᠣᠨ ᠤ ᠥᠪᠡᠷᠲᠡᠭᠡᠨ ᠵᠠᠰᠠᠬᠤ ᠬᠤᠪᠢᠰᠬᠠᠯ ᠤᠨ ᠶᠡᠭᠡ ᠤᠷᠤᠰᠬᠠᠯ ᠳᠤ ᠣᠷᠣᠯᠴᠠᠵᠠᠢ᠃ ᠲᠡᠳᠡᠨ ᠤ ᠲᠤᠳᠤᠷᠠᠬᠢ ᠬᠢᠯᠠᠯᠵᠠᠬᠰᠠᠨ ᠨᠢᠬᠡᠨ ᠵᠠᠯᠠᠭᠤ ᠪᠤᠯ ᠲᠠᠷᠤᠢ ᠤᠯᠠᠭᠠᠨᠬᠦᠦ ᠶᠤᠮ᠃ ᠬᠤᠷᠢᠵᠤ ᠬᠠᠰᠢᠬᠳᠠᠰᠢ ᠦᠬᠡᠢ ᠬᠤᠪᠢᠰᠬᠠᠯ ᠤᠨ ᠶᠡᠭᠡ ᠤᠷᠤᠰᠬᠠᠯ ᠳᠤ ᠲᠤᠭ᠎ᠠ ᠲᠤᠮᠰᠢ ᠦᠬᠡᠢ ᠦᠪᠦᠷ ᠮᠤᠩᠭᠤᠯ ᠤᠨ ᠵᠠᠯᠠᠭᠤᠴᠤᠳ ᠲᠦᠷᠢᠨ ᠤᠷᠤᠵᠤ᠂ ᠡᠷᠡᠯᠬᠡᠭᠯᠡᠨ ᠲᠡᠮᠡᠴᠡᠵᠤ ᠡᠬᠢᠯᠡᠪᠡ᠃ ᠡᠨᠡ ᠨᠢᠬᠡ ᠵᠢᠯ ᠳᠤ ᠬᠠᠷᠢ ᠶᠢᠨ ᠲᠦᠷᠢᠮᠡᠬᠡᠶᠢᠯᠡᠭᠴᠢᠳ ᠤᠷᠤᠨ ᠨᠤᠳᠤᠬ ᠤᠨ ᠡᠵᠡᠷᠬᠡᠭ ᠡᠳᠡᠬᠡᠳ ᠢ ᠮᠦᠬᠦᠯ ᠤᠨ ᠵᠠᠮ ᠳᠤ ᠤᠷᠤᠭᠤᠯᠵᠤ ᠬᠤᠪᠢᠰᠬᠠᠯ ᠤᠨ ᠤᠯᠠᠭᠠᠨ ᠲᠤᠬ ᠢ ᠦᠪᠦᠷ ᠮᠤᠩᠭᠤᠯ ᠤᠨ ᠦᠨᠴᠦᠭ ᠪᠤᠯᠤᠩ ᠪᠦᠷᠢ ᠳᠤ ᠮᠠᠨᠳᠤᠭᠤᠯᠪᠠ    ᠡᠨᠡ ᠨᠢᠬᠡ ᠵᠢᠯ ᠳᠤ ᠲᠡᠳᠡ ᠳᠠᠷᠢ ᠶᠢᠨ ᠤᠳᠤᠭ᠎ᠠ ᠲᠤᠨᠤᠷᠠᠭᠰᠠᠨ ᠦᠪᠦᠷ ᠮᠤᠩᠭᠤᠯ ᠤᠨ ᠲᠠᠯ᠎ᠠ ᠨᠤᠳᠤᠬ ᠲᠤ ᠬᠥᠮᠦᠨ ᠲᠥᠷᠥᠯᠬᠢᠲᠡᠨ ᠤ ᠰᠢᠨ᠎ᠡ ᠦᠵᠡᠯ ᠰᠠᠨᠠᠭ᠎ᠠ ᠶᠢ ᠲᠠᠭᠤᠯᠠᠨ ᠴᠤᠤᠷᠢᠶᠠᠳᠤᠭᠤᠯᠵᠤ᠂ ᠦᠪᠡᠷᠳᠡᠬᠡᠨ ᠵᠠᠰᠠᠬᠤ ᠠᠷᠠᠳ ᠤᠨ ᠵᠠᠰᠠᠬ ᠢ ᠪᠠᠶᠢᠭᠤᠯᠬᠤ ᠳᠤ ᠪᠠᠳᠤ ᠰᠠᠭᠤᠷᠢ ᠶᠢ ᠲᠠᠯᠪᠢᠪᠠ᠃    1946 ᠣᠨ ᠤ 4 ᠰᠠᠷ᠎ᠠ ᠶᠢᠨ 1 ᠤ ᠡᠳᠦᠷ᠂ ᠤᠯᠠᠭᠠᠨᠬᠦᠦ ᠨᠥᠬᠦᠷ ᠤᠨ ᠰᠠᠨᠠᠭᠠᠴᠢᠯᠠᠭ᠎ᠠ ᠪᠠ ᠵᠥᠪᠰᠢᠶᠡᠷᠡᠯ ᠢᠶᠠᠷ ᠥᠪᠥᠷ ᠮᠣᠩᠭᠤᠯ ᠤᠨ ᠤᠷᠠᠨ ᠰᠠᠶᠢᠬᠠᠨ ᠤ ᠪᠦᠯᠬᠦᠮ ᠴᠢᠭᠤᠯᠤᠯᠲᠤ ᠬᠠᠭᠠᠯᠭ᠎ᠠ ᠳᠤ ᠪᠠᠶᠢᠭᠤᠯᠤᠭᠳᠠᠯ᠎ᠠ᠃᠂ ᠶᠠᠨ ᠠᠨ ᠠᠴᠠ ᠤᠷᠢᠨ ᠵᠠᠯᠠᠬᠰᠠᠨ ᠠᠬᠠᠮᠠᠳ ᠤᠳᠬ᠎ᠠ ᠤᠷᠠᠯᠢᠭ ᠤᠨ ᠠᠵᠢᠯᠳᠠᠨ ᠵᠧᠦ ᠭᠧ ᠨᠦᠬᠦᠷ ᠢᠶᠠᠷ ᠪᠦᠯᠬᠦᠮ ᠤᠨ ᠳᠠᠷᠤᠭ᠎ᠠ ᠪᠤᠯᠭᠠᠨ 30 ᠰᠢᠬᠠᠮ ᠲᠤᠬᠯᠠᠬᠴᠢ ᠡᠯᠰᠡᠵᠡᠢ᠃ ᠡᠭᠦᠨ ᠤ ᠬᠠᠮᠲᠤ ᠥᠪᠥᠷ ᠮᠣᠩᠭᠤᠯ ᠤᠨ ᠤᠯᠠᠭᠠᠨᠬᠠᠳᠠ ᠳᠤ ᠥᠪᠥᠷ ᠮᠣᠩᠭᠤᠯ ᠤᠨ ᠤᠳᠬ᠎ᠠ ᠤᠷᠠᠯᠢᠭ ᠤᠨ ᠤᠬᠠᠭᠤᠯᠬᠤ ᠠᠩᠭᠢ ᠪᠠᠶᠢᠭᠤᠯᠵᠤ᠂ ᠠᠩᠬᠢ ᠶᠢᠨ ᠳᠠᠷᠤᠭ᠎ᠠ ᠨᠢ ᠪᠦᠬᠡ ᠨᠥᠬᠦᠷ ᠪᠠᠶᠢᠵᠦ᠂ ᠠᠩᠬᠢ ᠶᠢᠨ ᠭᠡᠰᠢᠭᠦᠨ ᠨᠢ 20 ᠰᠢᠬᠠᠮ ᠪᠠᠶᠢᠪᠠ᠃ ᠬᠤᠶᠠᠷ ᠤᠳᠬ᠎ᠠ ᠤᠷᠠᠯᠢᠭ ᠤᠨ ᠪᠦᠯᠬᠦᠮ ᠤᠨ ᠪᠠᠶᠢᠭᠤᠯᠤᠭᠳᠠᠭᠰᠠᠨ ᠨᠢ ᠨᠠᠮ ᠤᠨ ᠤᠯᠠᠨ ᠲᠦᠮᠡᠨᠴᠢ ᠠᠵᠢᠯ ᠤᠨ ᠦᠷᠨᠢᠨ ᠬᠦᠭᠵᠢᠬᠦ ᠳᠤ ᠮᠠᠰᠢ ᠴᠢᠬᠤᠯᠠ ᠦᠢᠯᠡᠳᠦᠯ ᠦᠵᠡᠬᠦᠯᠦᠭᠰᠡᠨ ᠪᠠᠶᠢᠯ᠎ᠠ᠃    ᠤᠷᠠᠨ ᠰᠠᠶᠢᠬᠠᠨ ᠤ ᠪᠦᠯᠬᠦᠮ ᠨᠢ ᠬᠦᠦ ᠲᠦᠷᠢᠶᠡᠰᠦ ᠶᠢ ᠬᠦᠩᠭᠡᠷᠡᠬᠦᠯᠬᠦ ᠶᠢ ᠭᠤᠤᠯᠴᠢᠯᠠᠨ ᠤᠬᠠᠭᠤᠯᠤᠬᠰᠠᠨ ︽ᠴᠢᠰᠤᠲᠤ ᠬᠡᠷᠡᠭ︾ ᠭᠡᠬᠦ ᠲᠠᠭᠤᠯᠠᠯᠳᠦ ᠵᠦᠴᠦᠭᠡ ᠶᠢ ᠨᠠᠶᠢᠷᠠᠭᠤᠯᠤᠨ ᠵᠣᠬᠢᠶᠠᠭᠰᠠᠨ ᠪᠥᠭᠡᠳ ᠪᠠᠰᠠ ︽ᠪᠤᠭᠤᠷᠤᠯ ᠬᠡᠦᠬᠡᠨ︾ ᠢ ᠲᠣᠭᠯᠠᠭᠰᠠᠨ ᠪᠠᠶᠢᠨ᠎ᠠ᠃ ᠨᠡᠩ ᠢᠯᠠᠩᠭᠤᠶ᠎ᠠ ︽ᠴᠢᠰᠤᠲᠤ ᠬᠡᠷᠡᠭ︾ ᠭᠡᠬᠦ ᠲᠠᠭᠤᠯᠠᠯᠳᠦ ᠵᠦᠴᠦᠭᠡ ᠨᠢ ᠬᠦᠭᠡᠬᠤᠳᠠ ᠳᠤ ᠪᠤᠯᠤᠬᠰᠠᠨ ᠭᠤᠮᠢᠨᠳᠠᠩ ᠤᠨ ᠲᠡᠷᠰᠯᠡᠭᠦᠴᠦᠳ ᠤᠨ ᠮᠣᠩᠭᠤᠯ ᠵᠠᠯᠠᠭᠤᠴᠤᠳ ᠢ ᠬᠢᠳᠤᠨ ᠠᠯᠠᠭᠰᠠᠨ ᠦᠨᠡᠨ ᠬᠡᠷᠡᠭ ᠳᠡᠭᠡᠷ᠎ᠡ ᠥᠭᠡᠷᠡᠴᠢᠯᠡᠨ ᠨᠠᠶᠢᠷᠠᠭᠤᠯᠤᠭᠰᠠᠨ ᠶᠤᠮ᠃ ᠲᠣᠭᠯᠠᠯᠲᠠ ᠶᠢ ᠰᠤᠨᠢᠷᠬᠠᠬᠰᠠᠨ ᠦᠵᠡᠭᠴᠢᠳ ᠡᠮᠭᠡᠨᠢᠨ ᠤᠬᠢᠯᠠᠭᠠᠳ ᠵᠦᠴᠦᠬᠡ ᠲᠡᠬᠦᠰᠦᠭᠰᠡᠨ ᠴᠤ ᠰᠠᠯᠵᠤ ᠲᠦᠪᠳᠡᠬᠦ ᠦᠭᠡᠢ ᠪᠠᠶᠢᠬᠰᠠᠨ ᠶᠤᠮ ᠰᠠᠨ᠃   ᠡᠨᠡᠬᠦ ᠳᠠᠶᠢᠨ ᠤ ᠭᠠᠯ ᠤᠨ ᠳᠤᠮᠳᠠ ᠪᠠᠶᠢᠭᠤᠯᠤᠭᠳᠠᠭᠰᠠᠨ ᠬᠤᠶᠠᠷ ᠰᠠᠯᠠᠭ᠎ᠠ ᠬᠤᠪᠢᠰᠬᠠᠯᠲᠤ ᠤᠳᠬ᠎ᠠ ᠤᠷᠠᠯᠢᠭ ᠤᠨ ᠤᠬᠠᠭᠤᠯᠭ᠎ᠠ ᠶᠢᠨ ᠠᠩᠬᠢ ᠪᠣᠯ ᠲᠠᠷᠤᠢ ᠥᠪᠥᠷ ᠮᠣᠩᠭᠤᠯ ᠤᠨ ᠤᠯᠠᠭᠠᠨᠮᠥ᠋ᠴᠢᠷ ᠤᠨ ᠬᠤᠰᠢᠭᠤᠴᠢ ᠪᠤᠯᠬᠤ ᠥᠪᠥᠷ ᠮᠣᠩᠭᠤᠯ ᠤᠨ ᠤᠷᠠᠨ ᠰᠠᠶᠢᠬᠠᠨ ᠤ ᠪᠦᠯᠬᠦᠮ ᠪᠣᠯᠤᠨ᠎ᠠ᠃ ᠥᠪᠥᠷ ᠮᠣᠩᠭᠤᠯ ᠤᠨ ᠤᠷᠠᠨ ᠰᠠᠶᠢᠬᠠᠨ ᠤ ᠪᠦᠯᠬᠦᠮ ᠬᠦ᠋ᠷᠦᠭᠰᠡᠨ ᠭᠠᠵᠠᠷ ᠪᠤᠯᠭᠠᠨ ᠳᠤ ᠤᠯᠠᠨ ᠲᠦᠮᠡᠨ ᠤ ᠬᠠᠯᠠᠭᠤᠨ ᠬᠦᠷᠢᠶᠡᠯᠡᠯ ᠢ ᠬᠦᠷᠳᠡᠪᠡ᠃ ᠲᠡᠳᠡᠨ ᠢ ᠬᠦᠷᠦᠭᠰᠡᠨ ᠭᠠᠵᠠᠷ ᠪᠤᠯᠭᠠᠨ ᠳᠤ ᠤᠯᠠᠨ ᠲᠦᠮᠡᠨ ᠦᠪᠡᠷ ᠤᠨ ᠰᠠᠶᠢᠨ ᠲᠤᠷ᠎ᠠ ᠠᠴᠠ ᠪᠠᠨ ᠲᠡᠳᠡᠨ ᠢ ᠬᠠᠮᠵᠢᠨ ᠪᠦᠵᠢᠭ ᠤᠨ ᠲᠠᠶᠢᠰᠠ ᠪᠤᠰᠬᠠᠵᠦ ᠦᠭᠳᠡᠭ᠃ ᠲᠤᠬᠯᠠᠯᠳᠠ ᠡᠬᠢᠯᠡᠬᠦ ᠳᠤ ᠲᠠᠶᠢᠰᠠ ᠶᠢ ᠬᠦᠷᠢᠶᠡᠯᠡᠨ ᠵᠤᠭᠰᠤᠭᠠᠳ ᠢᠯᠠᠯᠳᠠ ᠤᠯᠬᠤ ᠳᠤ ᠨᠢ ᠬᠦᠭᠰᠡᠨ ᠪᠠᠶᠠᠷᠯᠠᠵᠤ ᠤᠳᠠᠳᠠᠯ᠎ᠠ ᠠᠯᠠᠭ᠎ᠠ ᠲᠠᠰᠢᠳᠠᠬ᠃ ᠭᠤᠨᠢᠭ ᠵᠤᠪᠠᠯᠠᠩ ᠲᠤᠬᠢᠶᠠᠯᠳᠤᠬᠤ ᠳᠤ ᠨᠢ ᠨᠢᠭᠤᠷ ᠲᠦᠭᠦᠷᠡᠩ ᠨᠢᠯᠪᠤᠰᠦ ᠠᠰᠠᠭᠷᠠᠭᠤᠯᠤᠨ᠂ ᠭᠤᠮᠢᠨᠳᠠᠩ ᠤᠨ ᠲᠡᠷᠰᠯᠡᠬᠦᠴᠤᠳ ᠢ ᠴᠤᠬᠢᠨ ᠤᠨᠠᠭᠠᠵᠦ᠂ ᠪᠦᠬᠦ ᠲᠤᠮᠳᠠᠳᠦ ᠤᠯᠤᠰ ᠢ ᠴᠢᠯᠦᠭᠡᠯᠡᠶ᠎ᠡ ᠭᠡᠵᠦ ᠤᠷᠢᠶᠠᠯᠠᠳᠠᠬ ᠪᠠᠶᠢᠬᠰᠠᠨ ᠡ᠃    ᠲᠣᠭᠯᠠᠯᠲᠠ ᠪᠠᠷ ᠲᠠᠮᠵᠢᠨ ᠮᠠᠯᠴᠢᠨ ᠲᠠᠷᠢᠶᠠᠴᠢᠳ ᠡᠷᠬᠡ ᠴᠢᠯᠥᠭᠡ ᠤᠯᠤᠶ᠎ᠠ ᠬᠡᠪᠡᠯ ᠡᠪ ᠬᠠᠮᠲᠤ ᠨᠠᠮ ᠢ ᠳᠠᠭᠠᠬᠤ ᠬᠡᠷᠡᠭᠲᠡᠶ᠃ ᠦᠨᠳᠦᠰᠦᠲᠡᠨ ᠢᠶᠠᠨ ᠬᠥᠭᠵᠢᠭᠦᠯᠦᠨ ᠮᠠᠨᠳᠤᠭᠤᠯᠬᠤ ᠳᠤ ᠦᠨᠳᠦᠰᠦᠲᠡᠨ ᠤ ᠥᠪᠡᠷᠲᠡᠭᠡᠨ ᠵᠠᠰᠠᠬᠤ ᠠᠵᠢᠯ ᠢ ᠬᠢᠬᠦ ᠬᠡᠷᠡᠭᠲᠡᠶ᠃ ᠡᠷᠬᠡ ᠮᠡᠳᠡᠵᠦ ᠡᠵᠡᠨ ᠰᠠᠭᠤᠭᠠᠳ ᠪᠦᠬᠦ ᠤᠯᠤᠰ ᠤᠨ ᠴᠢᠯᠥᠭᠡᠯᠡᠬᠦ ᠳᠠᠶᠢᠨ ᠢ ᠳᠡᠮᠵᠢᠪᠡᠯ ᠲᠠᠭᠠᠷᠠᠨ᠎ᠠ ᠭᠡᠳᠡᠭ ᠢ ᠮᠡᠳᠡᠭᠰᠡᠨ ᠶᠤᠮ᠃    ᠲᠤᠬᠠᠢ ᠶᠢᠨ ᠵᠢᠯ ᠤᠨ ᠤᠷᠠᠨ ᠰᠠᠶᠢᠬᠠᠨ ᠤ ᠪᠦᠯᠬᠦᠮ ᠤᠨ ᠭᠡᠰᠢᠭᠦᠨ ᠮᠡᠷᠭᠡᠵᠢᠬᠦ ᠵᠡᠷᠭᠡ ᠠᠬᠠᠮᠠᠳ ᠨᠥᠬᠦᠳ ᠤᠨ ᠡᠷᠭᠢᠴᠡᠭᠦᠯᠦᠯ ᠢ ᠦᠨᠳᠦᠰᠦᠯᠡᠪᠡᠯ᠄ ᠨᠢᠭᠡᠨ ᠤᠳᠠᠭ᠎ᠠ ᠶᠢᠨ ᠴᠠᠬᠠᠷ ᠤᠨ ᠨᠢᠭᠡ ᠬᠤᠰᠢᠭᠤᠨ ᠳᠤ ᠮᠣᠩᠭᠤᠯ ᠬᠡᠪᠯᠡᠯ ᠤᠨ ᠲᠠᠭᠤᠯᠠᠯᠳᠦ ᠵᠦᠴᠦᠭᠡ ︽ᠴᠢᠰᠤᠲᠤ ᠬᠡᠷᠡᠭ︾ ᠭᠡᠬᠦ ᠲᠤᠭᠯᠠᠯᠳᠠ ᠶᠢ ᠦᠵᠡᠭᠰᠡᠨ ᠦᠵᠡᠭᠴᠢᠳ ᠤᠨ ᠤᠯᠠᠩᠬᠢ ᠨᠢ ᠪᠦᠷ ᠨᠢᠯᠪᠤᠰᠦ ᠠᠰᠠᠭᠷᠠᠭᠤᠯᠵᠦ᠂ ᠲᠤᠭᠯᠠᠯᠳᠠ ᠲᠠᠭᠤᠰᠤᠭᠰᠠᠨ ᠤ ᠲᠠᠷᠠᠭ᠎ᠠ ᠴᠦ ᠪᠤᠴᠠᠳᠠᠬ ᠦᠭᠡᠢ ᠪᠠᠶᠢᠯ᠎ᠠ᠃ ᠶᠠᠭ ᠡᠨᠡ ᠦᠶ᠎ᠡ ᠳᠤ᠂ ᠦᠵᠡᠭᠴᠢᠳ ᠤᠨ ᠲᠤᠮᠳᠠ ᠠᠴᠠ ᠭᠡᠨᠡᠳᠳᠡ ᠨᠢᠭᠡ ᠦᠨᠳᠦᠷ ᠪᠡᠶ᠎ᠡ ᠲᠠᠢ ᠨᠠᠢᠮᠠᠳᠤᠭᠠᠷ ᠵᠠᠮ ᠤᠨ ᠴᠡᠷᠢᠭ ᠲᠠᠶᠢᠰᠠᠨ ᠳᠤ ᠭᠠᠷᠴᠦ᠂ ᠦᠨᠳᠦᠷ ᠲᠠᠭᠤᠨ ᠢᠶᠠᠷ ᠶᠠᠭᠤ ᠶᠢ ᠦᠨᠳᠦᠰᠦᠳᠡᠨ ᠤ ᠬᠤᠪᠢᠰᠬᠠᠯ ᠭᠡᠬᠦ ᠪᠤᠢ︖ ᠶᠠᠭᠤ ᠶᠢ ᠦᠨᠳᠦᠰᠦᠳᠡᠨ ᠤ ᠴᠢᠯᠦᠭᠡᠯᠡᠯᠳᠡ ᠭᠡᠬᠦ ᠪᠤᠢ︖ ᠭᠡᠵᠦ ᠤᠯᠠᠨ ᠲᠦᠮᠡᠨ ᠠᠴᠠ ᠠᠰᠠᠭᠤᠪᠠ᠃ ᠦᠵᠡᠭᠴᠢᠳ ᠨᠢᠭᠡ ᠯᠡ ᠲᠤᠤᠷ᠎ᠠ ᠤᠬᠠᠭᠠᠨ ᠢ ᠨᠢ ᠤᠯᠤᠭᠰᠠᠨ ᠦᠭᠡᠢ᠂ ᠬᠤᠶᠢᠨ᠎ᠠ ᠬᠤᠶᠢᠨ᠎ᠠ ᠠᠴᠠ ᠪᠠᠨ ᠰᠢᠪᠡᠨᠡᠯᠳᠦᠵᠦ ᠪᠠᠶᠢᠯ᠎ᠠ᠃ ᠲᠠᠶᠢᠰᠠᠨ ᠳᠡᠭᠡᠷᠡᠬᠢ ᠨᠠᠶ᠋ᠮᠠᠳᠤᠭᠠᠷ ᠵᠠᠮ ᠤᠨ ᠴᠡᠷᠢᠭ ᠵᠠᠯᠭᠠᠭᠠᠳ ᠡᠨᠡ ᠪᠣᠯ ᠦᠨᠳᠦᠰᠦᠲᠡᠨ ᠤ ᠬᠤᠪᠢᠰᠬᠠᠯ ᠮᠥᠨ᠂ ᠡᠨᠡ ᠪᠣᠯ ᠦᠨᠳᠦᠰᠦᠲᠡᠨ ᠤ ᠴᠢᠯᠥᠭᠡᠯᠡᠯᠲᠡ ᠮᠥᠨ ᠬᠡᠮᠡᠨ ᠡᠪ ᠬᠠᠮᠲᠤ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠶᠠᠷᠢᠵᠦ᠂ ᠶᠠᠭᠤᠨ ᠳᠤ ᠦᠨᠳᠦᠰᠦᠳᠡᠨ ᠤ ᠬᠤᠪᠢᠰᠬᠠᠯ ᠬᠢᠬᠦ ᠶᠢ ᠶᠠᠷᠢᠪᠠ᠃ ᠲᠡᠷᠡ ᠦᠷᠭᠡᠨ ᠤᠯᠠᠨ ᠲᠦᠮᠡᠨ ᠢ ᠬᠤᠪᠢᠰᠬᠠᠯ ᠳᠤ ᠤᠷᠤᠯᠴᠠᠵᠦ᠂ ᠦᠪᠡᠷ ᠤᠨ ᠨᠤᠳᠤᠭ ᠤᠰᠤ ᠪᠠᠨ ᠬᠠᠮᠠᠭᠠᠯᠠᠨ᠂ ᠦᠪᠡᠷ ᠤᠨ ᠠᠰᠢᠭ ᠲᠤᠰᠠ ᠪᠠᠨ ᠬᠠᠮᠠᠭᠠᠯᠠᠬᠤ ᠶᠢ ᠵᠤᠷᠢᠭᠵᠢᠭᠤᠯᠪᠠ᠃    ᠡᠨᠡ ᠬᠦᠮᠦᠨ ᠪᠤᠯ ᠲᠠᠷᠤᠢ ᠤᠯᠠᠭᠠᠨᠬᠦᠦ ᠨᠦᠬᠦᠷ ᠪᠠᠶᠢᠬᠰᠠᠨ ᠶᠤᠮ ᠰᠠᠨ᠃    1947 ᠣᠨ ᠤ ᠬᠠᠪᠤᠷ ᠤᠨ ᠡᠬᠢ ᠪᠠᠷ᠂ ᠴᠢᠭᠤᠯᠤᠯᠲᠤ ᠬᠠᠭᠠᠯᠭ᠎ᠠ ᠶᠢᠨ ᠥᠪᠥᠷ ᠮᠣᠩᠭᠤᠯ ᠤᠨ ᠤᠷᠠᠨ ᠰᠠᠶᠢᠬᠠᠨ ᠤ ᠪᠦᠯᠬᠦᠮ ᠪᠣᠯᠤᠨ ᠤᠯᠠᠭᠠᠨᠬᠠᠳᠠ ᠶᠢᠨ ᠤᠳᠬ᠎ᠠ ᠤᠷᠠᠯᠢᠭ ᠤᠨ ᠤᠬᠠᠭᠤᠯᠬᠤ ᠠᠩᠬᠢ ᠪᠠᠰᠠ ᠥᠪᠡᠷᠲᠡᠭᠡᠨ ᠵᠠᠰᠠᠬᠤ ᠬᠥᠳᠡᠯᠭᠡᠭᠡᠨ ᠤ ᠬᠤᠯᠪᠣᠭᠠᠲᠤ ᠬᠤᠷᠠᠯ ᠤᠨ ᠵᠢᠭᠠᠪᠤᠷᠢ ᠪᠠᠷ ᠲᠤᠰ ᠲᠤᠰ ᠸᠠᠩ ᠤᠨ ᠰᠦᠮ᠎ᠡ ᠵᠡᠭᠡᠯᠢ ᠳᠤ ᠰᠢᠯᠵᠢᠪᠡ᠃ ᠡ᠊ᠨᠳᠡ ᠢᠷᠡᠭᠰᠡᠨ ᠤ ᠳᠠᠷᠠᠭ᠎ᠠ᠂ ᠤᠯᠠᠭᠠᠨᠬᠦᠦ ᠨᠥᠬᠦᠷ ᠤᠨ ᠵᠢᠭᠠᠪᠤᠷᠢ ᠶᠢ ᠦᠨᠳᠦᠰᠦᠯᠡᠨ᠂ ᠬᠤᠶᠠᠷ ᠤᠷᠠᠨ ᠰᠠᠶᠢᠬᠠᠨ ᠤ ᠪᠦᠯᠬᠦᠮ ᠢ ᠨᠢᠭᠡᠳᠭᠡᠭᠡᠳ ᠨᠢᠭᠡ ᠪᠦᠯᠬᠦᠮ ᠪᠤᠯᠭᠠᠵᠦ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠵᠠᠰᠠᠭ ᠤᠨ ᠤᠷᠳᠤᠨ ᠢ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠤᠬᠠᠭᠤᠯᠪᠠ᠃    ᠵᠠᠯᠠᠭᠤ ᠨᠠᠰᠤ ᠪᠣᠯ ᠬᠥᠮᠦᠨ ᠤ ᠠᠮᠢᠳᠤᠷᠠᠯ ᠤᠨ ᠬᠠᠮᠤᠭ ᠤᠨ ᠰᠠᠶᠢᠬᠠᠨ ᠴᠠᠭ ᠮᠥᠴᠡ ᠮᠥᠨ᠂ ᠵᠠᠯᠠᠭᠤ ᠨᠠᠰᠤ ᠪᠣᠯ ᠦᠭᠡ ᠬᠡᠯᠡ ᠪᠠᠷ ᠵᠦᠢᠷᠯᠡᠬᠦ ᠶᠢᠨ ᠠᠷᠭ᠎ᠠ ᠦᠭᠡᠢ ᠪᠣᠯᠪᠠᠴᠤ ᠰᠢᠯᠦᠭ ᠮᠡᠲᠦ ᠬᠠᠶᠢᠷ᠎ᠠ ᠰᠡᠳᠬᠢᠯᠭᠡ ᠲᠠᠢ ᠪᠠᠶᠢᠳᠠᠬ ᠢ ᠶᠠᠭᠤᠨ ᠦᠬᠦᠯᠡᠬᠦ ᠠᠵᠢ︕    ᠤᠷᠬᠢᠯᠤᠮ᠎ᠠ ᠬᠠᠯᠠᠭᠤᠨ ᠰᠡᠳᠬᠢᠯᠭᠡ ᠲᠠᠢ ᠵᠠᠯᠠᠭᠤᠴᠤᠳ ᠨᠤᠳᠤᠭ ᠤᠰᠤ ᠠᠴᠠ ᠪᠠᠨ ᠰᠠᠯᠵᠦ᠂ ᠲᠠᠶᠢᠨ ᠤ ᠭᠠᠯ ᠲᠦᠷᠡᠯᠵᠡᠭᠰᠡᠨ ᠠᠶᠠᠨ ᠲᠠᠶᠢᠨ ᠳᠤ ᠪᠠᠨ ᠮᠤᠷᠳᠠᠪᠠ᠃ ᠲᠡᠳᠡᠨᠡᠷ ᠫᠤᠤ ᠶᠢᠨ ᠲᠠᠭᠤᠨ ᠤ ᠲᠤᠮᠳᠠ ᠲᠠᠭᠤᠯᠠᠵᠦ᠂ ᠰᠤᠮᠦᠨ ᠮᠦᠨᠳᠦᠷ ᠤᠨ ᠲᠤᠮᠳᠠ ᠪᠦᠵᠢᠭᠯᠡᠨ᠎ᠠ᠃    ᠲᠡᠳᠡ ᠲᠠᠶᠢᠨ ᠤ ᠭᠠᠯ ᠤᠨ ᠲᠤᠮᠳᠠ ᠬᠠᠮᠤᠭ ᠤᠨ ᠰᠠᠶᠢᠬᠠᠨ ᠴᠠᠭ ᠮᠦᠴᠡ ᠪᠠᠨ ᠲᠡᠮᠳᠡᠭᠯᠡᠵᠦ᠂ ᠲᠡᠳᠡᠨᠡᠷ ᠴᠠᠭ ᠦᠶ᠎ᠠ ᠶᠢᠨ ᠬᠤᠪᠢᠷᠠᠯᠳᠠ ᠶᠢᠨ ᠲᠤᠮᠳᠠ ᠬᠠᠮᠤᠭ ᠤᠨ ᠷᠣᠮᠠᠨᠲ᠋ᠢᠭ ᠬᠠᠶᠢᠷ᠎ᠠ ᠰᠡᠳᠬᠢᠯᠭᠡ ᠪᠠᠨ ᠲᠡᠮᠳᠡᠭᠯᠡᠪᠡ᠃    1957 ᠣᠨ ᠤ 5 ᠰᠠᠷ᠎ᠠ ᠳᠤ᠂ ᠰᠢᠯᠢ ᠶᠢᠨ ᠭᠤᠣᠯ ᠤᠨ ᠲᠠᠯ᠎ᠠ ᠨᠤᠲᠤᠭ ᠲᠤ ᠮᠡᠨᠳᠦᠯᠡᠭᠰᠡᠨ ᠥᠪᠥᠷ ᠮᠣᠩᠭᠤᠯ ᠤᠨ ᠬᠠᠮᠤᠭ ᠠᠩᠬᠠᠨ ᠤ ᠤᠳᠬ᠎ᠠ ᠤᠷᠠᠯᠢᠭ ᠤᠨ ᠮᠣᠷᠢᠲᠤ ᠴᠡᠷᠢᠭ — ᠤᠯᠠᠭᠠᠨᠮᠥ᠋ᠴᠢᠷ ᠪᠣᠯᠤᠨ ᠲᠤᠬᠠᠢ ᠶᠢᠨ ᠦᠶ᠎ᠠ ᠶᠢᠨ ᠥᠪᠥᠷ ᠮᠣᠩᠭᠤᠯ ᠤᠨ ᠤᠷᠠᠨ ᠰᠠᠶᠢᠬᠠᠨ ᠤ ᠪᠦᠯᠬᠦᠮ ᠨᠢ ᠬᠡᠳᠦᠢ ᠠᠳᠠᠯᠢᠪᠲᠤᠷ ᠪᠤᠢ︖ ᠤᠯᠠᠭᠠᠨᠮᠦ᠋ᠴᠢᠷ ᠤᠨ ᠲᠤᠭᠯᠠᠭᠴᠢᠳ ᠤᠯᠠᠨ ᠴᠢᠳᠠᠪᠤᠷᠢ ᠶᠢ ᠡᠵᠡᠮᠰᠢᠭᠰᠡᠨ ᠤᠳᠬ᠎ᠠ ᠤᠷᠠᠯᠢᠭ ᠤᠨ ᠭᠡᠰᠢᠬᠦᠨ ᠪᠤᠯᠬᠤ ᠪᠠᠷ ᠪᠠᠷᠠᠬᠤ ᠦᠭᠡᠢ ᠲᠦᠷᠦ ᠶᠢᠨ ᠪᠤᠳᠤᠯᠭ᠎ᠠ ᠶᠢᠨ ᠤᠬᠠᠭᠤᠯᠤᠬᠴᠢ ᠪᠠᠶᠢᠳᠠᠬ᠃ ᠭᠤ ᠣᠠ᠋ ᠰᠠᠶᠢᠬᠠᠨ ᠤ ᠬᠦᠬᠡᠬᠡᠴᠡᠯᠳᠦᠭᠴᠢ ᠪᠤᠯᠬᠤ ᠪᠠᠷ ᠪᠠᠷᠠᠬᠤ ᠦᠭᠡᠢ᠂ ᠠᠷᠠᠳ ᠤᠨ ᠤᠷᠠᠯᠢᠬ ᠤᠨ ᠬᠦᠮᠦᠷᠬᠡ ᠪᠦᠬᠡᠳ ᠤᠯᠠᠮᠵᠢᠯᠠᠬᠴᠢ ᠪᠠᠶᠢᠳᠠᠬ᠃ ᠲᠡᠳᠡᠨᠡᠷ ᠠᠶᠠᠯᠠᠬᠤ ᠶᠢᠨ ᠲᠠᠭᠠᠤ ᠲᠤᠭᠯᠠᠵᠦ᠂ ᠦᠪᠡᠷ ᠤᠨ ᠤᠯᠠ ᠮᠦᠷ ᠢᠶᠠᠨ ᠬᠠᠭᠠᠰ ᠮᠠᠯᠵᠢᠵᠤ ᠬᠠᠭᠠᠰ ᠲᠠᠷᠢᠶᠠᠯᠠᠬᠤ ᠤᠷᠤᠨ ᠳᠤ ᠦᠯᠡᠳᠡᠭᠡᠵᠦ᠂ ᠮᠠᠯᠴᠢᠨ ᠲᠠᠷᠢᠶᠠᠴᠢᠳ ᠤᠨ ᠬᠠᠮᠤᠭ ᠤᠨ ᠪᠠᠭ᠋ᠠᠷᠳᠠᠬ ᠦᠨᠳᠦᠰᠦᠳᠡᠨ ᠤ ᠲᠠᠭᠤᠤ ᠪᠦᠵᠢᠭ ᠢ ᠮᠠᠯᠵᠢᠬᠤ ᠲᠠᠷᠢᠶᠠᠯᠠᠬᠤ ᠤᠷᠤᠨ ᠳᠤ ᠬᠦᠷᠭᠡᠵᠦ᠂ ᠶᠡᠷᠦᠩᠭᠡᠶᠢᠯᠡᠭᠰᠡᠨ ᠰᠤᠶᠤᠯ ᠤᠨ ᠦᠢᠯᠡᠴᠢᠯᠡᠭᠡ ᠶᠢ ᠮᠠᠯᠴᠢᠨ ᠲᠠᠷᠢᠶᠠᠴᠢᠨ ᠤ ᠡᠷᠦᠭᠡ ᠳᠤ ᠬᠦᠷᠭᠡᠨ᠂ ᠨᠠᠮ ᠵᠠᠰᠠᠭ ᠤᠨ ᠤᠯᠠᠨ ᠲᠦᠮᠡᠨ ᠳᠤ ᠦᠵᠡᠬᠦᠯᠦᠭᠰᠡᠨ ᠬᠠᠶᠢᠷ᠎ᠠ ᠬᠠᠯᠠᠮᠵᠢ ᠶᠢ ᠰᠤᠷᠳᠠᠯᠴᠢᠯᠠᠪᠠ᠃    ᠤᠯᠠᠭᠠᠨᠮᠦ᠋ᠴᠢᠷ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠮᠠᠯᠴᠢᠨ ᠲᠠᠷᠢᠶᠠᠴᠢᠨ ᠳᠤ ᠳᠠᠭᠤᠤ ᠪᠥᠵᠢᠭ ᠡᠷᠬᠦᠵᠦ ᠂ ᠬᠠᠯᠠᠭᠤᠮᠰᠤᠭ ᠢᠶᠠᠷ ᠦᠶ᠋ᠯᠡᠴᠢᠯᠡᠵᠦ᠂ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠦᠶ᠋ᠯᠡ ᠠᠵᠢᠯᠯᠠᠭ᠎ᠠ ᠨᠢ ᠮᠠᠯᠵᠢᠬᠤ ᠲᠠᠷᠢᠶᠠᠯᠠᠬᠤ ᠣᠷᠣᠨ ᠳᠤ ᠮᠠᠰᠢ ᠲᠦᠷᠭᠡᠨ ᠤᠯᠠᠮᠵᠢᠯᠠᠭᠳᠠᠬᠰᠠᠨ᠃ ᠮᠠᠯᠴᠢᠨ ᠲᠠᠷᠢᠶᠠᠴᠢᠨ ᠪᠣᠯᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠯᠠᠭᠤᠨ ᠬᠦᠷᠢᠶᠡᠯᠡᠯ ᠢ ᠬᠦᠷᠳᠡᠭᠰᠡᠨ᠃ ᠮᠠᠯᠴᠢᠨ ᠲᠠᠷᠢᠶᠠᠴᠢᠳ ᠲᠡᠬᠡᠬᠦ ᠳᠤ ᠪᠠᠨ ︽ᠮᠠᠨ ᠤ ᠤᠯᠠᠭᠠᠨᠮᠦ᠋ᠴᠢᠷ︾ ᠬᠡᠵᠦ ᠲᠤᠳᠤᠨᠤᠴᠢᠯᠠᠨ ᠲᠠᠭᠤᠳᠠᠳᠠᠬ ᠪᠤᠯᠤᠬᠰᠠᠨ ᠡ᠃ 70 ᠭᠠᠷᠤᠶ ᠵᠢᠯ ᠤᠨ ᠲᠤᠷᠰᠢ᠂ ᠥᠪᠥᠷ ᠮᠣᠩᠭᠤᠯ ᠤᠨ ᠤᠷᠠᠨ ᠰᠠᠶᠢᠬᠠᠨ ᠤ ᠪᠦᠯᠬᠦᠮ ᠤᠨ ᠬᠤᠪᠢᠰᠬᠠᠯᠲᠤ ᠤᠳᠬ᠎ᠠ ᠤᠷᠠᠯᠢᠭ ᠤᠨ ᠦᠵᠡᠯ ᠰᠠᠨᠠᠭ᠎ᠠ ᠵᠢᠴᠢ ᠲᠡᠭᠦᠨ ᠤ ᠴᠠᠭ ᠦᠶ᠎ᠡ ᠶᠢᠨ ᠦᠶ᠋ᠯᠡᠳᠦᠯ᠂ ᠴᠠᠭ ᠦᠶ᠎ᠡ ᠶᠢᠨ ᠵᠣᠷᠢᠭ ᠰᠠᠨᠠᠭ᠎ᠠ ᠪᠣᠯᠤᠨ ᠴᠠᠭ ᠦᠶ᠎ᠡ ᠶᠢᠨ ᠵᠠᠩ ᠴᠢᠨᠠᠷ ᠨᠢ ᠢᠮᠠᠭᠲᠠ ᠤᠯᠠᠮᠵᠢᠯᠠᠭᠳᠠᠭᠰᠠᠭᠠᠷ ᠢᠷᠡᠭᠰᠡᠨ ᠪᠢᠯᠡ᠃ ᠥᠨᠥᠳᠦᠷ ᠤᠨ ᠤᠯᠠᠭᠠᠨᠮᠥ᠋ᠴᠢᠷ᠂ ᠲᠡᠳᠡ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠳᠦ ᠴᠡᠭᠡᠵᠢᠯᠡᠨ᠂ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠬᠤ ᠪᠠᠷ ᠴᠢᠷᠮᠠᠶᠢᠭᠰᠠᠭᠠᠷ ᠢᠷᠡᠯ᠎ᠠ᠃     ᠵᠤᠬᠢᠶᠠᠬᠴᠢ᠄ ᠵᠠᠩ ᠮᠠᠨ ᠴᠢᠦᠸᠠᠨ     ᠵᠤᠬᠢᠶᠠᠬᠴᠢ ᠶᠢᠨ ᠬᠠᠶ᠋ᠢᠬ᠄ ᠦᠪᠦᠷ ᠮᠤᠩᠭᠤᠯ ᠤᠨ ᠴᠢᠯᠦᠬᠡᠯᠡᠯᠳᠡ ᠶᠢᠨ ᠲᠤᠷᠠᠰᠬᠠᠯ ᠤᠨ ᠤᠷᠳᠤᠨ
 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号