ᠡᠵᠢ ᠮᠢᠨᠢ
ᠨᠡᠶᠢᠲᠡᠯᠡᠭᠰᠡᠨ ᠴᠠᠭ᠄
2020-05-22
      ᠡᠵᠢ ᠪᠤᠯ ᠡᠨᠡ ᠲᠡᠯᠡᠬᠡᠢ ᠳᠤ ᠨᠠᠳᠠ ᠶᠢ ᠬᠠᠮᠤᠭ ᠠᠴᠠ ᠢᠯᠡᠬᠦᠦ ᠬᠠᠶᠢᠷᠠᠯᠠᠵᠤ ᠰᠠᠨᠠᠳᠠᠭ ᠠᠴᠢᠳᠦ ᠬᠦᠮᠦᠨ ᠪᠤᠯᠤᠨ᠎ᠠ᠃ ᠬᠦᠮᠦᠨ ᠪᠤᠯᠬᠤ ᠤᠨᠠᠭᠠᠨ ᠨᠠᠰᠤᠨ ᠳᠤ ᠮᠢᠨᠢ ᠬᠠᠶᠢᠷᠠᠯᠠᠵᠤ ᠬᠠᠮᠠᠭᠠᠯᠠᠨ ᠦᠰᠭᠡᠵᠦ ᠪᠤᠶᠢᠵᠢᠭᠤᠯᠤᠭᠰᠠᠨ ᠭᠠᠪᠢᠶᠠᠳᠤ ᠡᠵᠢ ᠲᠠᠢ ᠬᠦᠮᠦᠨ ᠪᠦᠬᠦᠨ ᠡᠨᠡ ᠶᠢᠷᠳᠢᠨᠴᠦ ᠶᠢᠨ ᠬᠠᠮᠤᠭ ᠵᠢᠷᠭᠠᠯ ᠲᠠᠢ ᠬᠦᠮᠤᠨ ᠭᠡᠵᠤ ᠪᠢ ᠪᠤᠳᠤᠳᠠᠭ᠃       ᠡᠵᠢ ᠮᠢᠨᠢ ᠨᠠᠮ᠎ᠠ ᠶᠢ ᠠᠷᠪᠡᠨ ᠨᠠᠰᠤᠯᠠᠳᠠᠯ᠎ᠠ ᠨᠢᠭᠡ ᠴᠦ ᠤᠳᠠᠭ᠎ᠠ ᠭᠡᠮᠳᠦᠭᠡᠵᠦ ᠰᠢᠷᠬᠠᠳᠤᠭᠤᠯᠤᠭᠰᠠᠨ ᠦᠭᠡᠢ᠃ ᠡᠶᠢᠮᠤ ᠠᠴᠠ ᠪᠢ ᠡᠵᠢ ᠳᠤ ᠪᠠᠨ ᠲᠤᠩ ᠲᠠᠯᠠᠷᠬᠠᠵᠤ ᠪᠠᠶᠢᠨ᠎ᠠ᠃       ᠨᠠᠮ᠎ᠠ ᠶᠢ ᠬᠦᠯ ᠳᠤ ᠤᠷᠤᠵᠤ ᠠᠯᠬᠤᠵᠤ ᠰᠤᠷᠬᠤ ᠠᠴᠠ ᠡᠬᠢᠯᠡᠨ ᠡᠵᠢ ᠮᠢᠨᠢ ᠬᠦᠳᠦᠯᠦᠨ ᠲᠠᠭᠠᠭᠤᠯᠵᠤ᠂ ᠬᠡᠤᠬᠡᠳ ᠤᠨ ᠴᠡᠴᠡᠷᠯᠢᠭ ᠲᠤ ᠤᠷᠤᠭᠰᠠᠨ ᠴᠠᠭ ᠠᠴᠠ ᠡᠵᠢ ᠮᠢᠨᠢ ᠨᠠᠮ᠎ᠠ ᠶᠢ ᠲᠤᠰᠴᠤ ᠬᠦᠷᠭᠡᠨ ᠶᠠᠭᠠᠷᠠᠭᠰᠠᠭᠠᠷ ᠪᠢ ᠤᠳᠤ ᠪᠠᠭ᠎ᠠ ᠰᠤᠷᠭᠠᠭᠤᠯᠢ ᠶᠢᠨ ᠭᠤᠷᠪᠠᠳᠤᠭᠠᠷ ᠤᠨ ᠤ ᠰᠤᠷᠤᠭᠴᠢ ᠪᠤᠯᠴᠢᠬᠠᠯ᠎ᠠ᠃       ᠡᠵᠢ ᠮᠢᠨᠢ ᠬᠡᠳᠦ᠋ᠢᠪᠡᠷ ᠵᠢᠭᠠᠬᠠᠨ ᠪᠡᠶ᠎ᠡ ᠲᠠᠢ ᠪᠤᠯᠪᠠᠴᠤ ᠰᠡᠳᠬᠢᠯ ᠲᠦᠭᠦᠷᠡᠩ ᠬᠦᠮᠦᠨ ᠰᠢᠦ︕ ᠦᠪᠡᠷ ᠢᠶᠠᠨ ᠪᠢᠴᠢᠭ ᠰᠤᠶᠤᠯ ᠲᠠᠢ ᠬᠦᠮᠦᠨ ᠪᠤᠯᠬᠤ ᠬᠡᠰᠡᠨ ᠬᠦᠰᠡᠯ ᠨᠢ ᠪᠡᠶᠡᠯᠡᠭᠳᠡᠵᠦ ᠲᠡᠶᠢᠯᠦᠭᠰᠡᠨ ᠦᠭᠡᠢ ᠪᠤᠯᠬᠤᠷ ᠨᠠᠮ᠎ᠠ ᠶᠢ ᠬᠡᠵᠢᠶᠡᠳᠡ ᠴᠢᠩᠭ᠎ᠠ ᠱᠠᠭᠠᠷᠳᠠᠵᠤ᠂ ᠡᠷᠳᠡᠮ ᠮᠡᠳᠡᠯᠭᠡ ᠲᠠᠢ ᠬᠦᠮᠦᠨ ᠪᠤᠯᠤᠨ ᠬᠦᠮᠦᠵᠢᠭᠳᠡᠬᠦ ᠶᠢ ᠬᠦᠰᠡᠨ ᠴᠢᠷᠮᠠᠶᠢᠭᠰᠠᠭᠠᠷ ᠢᠷᠡᠭᠰᠡᠨ ᠶᠤᠮ᠃ ᠡᠶᠢᠮᠦ ᠠᠴᠠ ᠪᠢ ᠡᠵᠢ ᠶᠢᠨ ᠢᠶᠠᠨ ᠬᠦᠰᠡᠯ ᠢ ᠬᠦᠰᠡᠷᠳᠡᠬᠦᠯᠬᠦ ᠦᠭᠡᠢ ᠶᠢᠨ ᠲᠦᠯᠦᠭᠡ ᠵᠠᠪᠠᠯ ᠪᠡᠶ᠎ᠡ ᠪᠠᠨ ᠲᠠᠭᠠᠭᠠᠵᠤ ᠴᠢᠷᠮᠠᠶᠢᠨ ᠰᠤᠷᠤᠯᠴᠠᠨ᠎ᠠ᠃       ︽ᠡᠬᠡᠴᠤᠤᠯ ᠤᠨ ᠪᠠᠶᠠᠷ ᠤᠨ ᠡᠳᠦᠷ︾ ᠲᠤ᠂ ᠪᠢ ᠵᠠᠭᠤᠨ ᠬᠤᠪᠢ ᠰᠢᠯᠭᠠᠭᠰᠠᠨ ᠢᠶᠠᠨ ᠡᠵᠢ ᠳᠤ ᠪᠠᠨ ᠭᠠᠶᠢᠬᠠᠭᠤᠯᠵᠤ᠂ ᠡᠵᠢ ᠶᠢᠨ ᠢᠶᠠᠨ ᠪᠠᠶᠠᠷ ᠤᠨ ᠡᠳᠦᠷ ᠲᠤ ᠬᠠᠮᠤᠭ ᠰᠠᠶᠢᠨ ᠪᠡᠯᠡᠭ ᠪᠤᠯᠭᠠᠨ ᠪᠠᠷᠢᠯ᠎ᠠ᠃       ᠵᠤᠬᠢᠶᠠᠬᠴᠢ᠄ ᠸᠠᠩ ᠶᠢᠨ ᠯᠢᠩ ︵ᠨᠠᠢᠮᠠᠨ ᠬᠤᠰᠢᠭᠤᠨ ᠤ ᠬᠤᠩᠬᠤᠷᠳᠠᠯ᠎ᠠ ᠭᠤᠤᠯ ᠪᠠᠭ᠎ᠠ ᠰᠤᠷᠭᠠᠭᠤᠯᠢ ᠶᠢᠨ ᠭᠤᠷᠪᠡ ᠶᠢᠨ ᠭᠤᠷᠪᠠ︶        ᠵᠢᠯᠤᠭᠤᠳᠤᠭᠰᠠᠨ ᠪᠠᠭᠰᠢ᠄ ᠲᠠᠪᠬᠤᠷᠪᠠᠶᠠᠷ
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号