ᠪᠡᠯᠡᠳᠭᠡᠯ ᠲᠠᠢ ᠪᠤᠯ ᠪᠠᠯᠢᠳᠠᠬᠤ ᠦᠭᠡᠢ ᠣᠯᠠᠭᠠᠨᠬᠤᠲᠠ ᠬᠤᠶᠠᠳᠣᠭᠠᠷ ᠳᠣᠮᠳᠠᠳᠣ ᠰᠣᠷᠭᠠᠭᠤᠯᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠷᠢᠯᠲᠠ ᠬᠢᠪᠡ
ᠨᠡᠶᠢᠲᠡᠯᠡᠭᠰᠡᠨ ᠴᠠᠭ᠄
2020-06-17
   ᠪᠦᠬᠦ ᠰᠤᠷᠭᠠᠭᠤᠯᠢ ᠶᠢᠨ ᠠᠮᠦᠷ ᠲᠦᠪᠰᠢᠨ ᠡᠮᠬᠢ ᠲᠢᠭᠯᠢᠮ ᠲᠠᠢ ᠵᠢᠭᠠᠨ ᠰᠣᠷᠭᠠᠯᠲᠠ ᠶᠢ ᠪᠠᠲᠣᠯᠠᠵᠣ᠂ ᠰᠣᠷᠭᠠᠭᠤᠯᠢ ᠡᠬᠢᠯᠡᠬᠦ ᠠᠴᠠ ᠡᠮᠦᠨ᠎ᠡ᠂ ᠰᠣᠷᠭᠠᠭᠤᠯᠢ ᠡᠬᠢᠯᠡᠬᠦ ᠦᠶ᠎ᠡ᠂ ᠰᠣᠷᠭᠠᠭᠤᠯᠢ ᠡᠬᠢᠯᠡᠭᠰᠡᠨ ᠤ ᠳᠠᠷᠠᠭᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠣᠷ ᠬᠢᠬᠦ ᠶᠢᠨ ᠲᠦᠯᠣᠭᠡ᠂ ᠠᠶᠢᠮᠠᠭ ᠤᠨ ᠰᠣᠷᠭᠠᠨ ᠬᠦᠮᠦᠵᠢᠯ ᠤᠨ ᠲᠣᠪᠴᠢᠶᠠᠨ ᠤ ︽2020 ᠣᠨ ᠤ ᠪᠦᠭᠦ ᠠᠶᠢᠮᠠᠭ ᠤᠨ ᠰᠣᠷᠭᠠᠭᠤᠯᠢ ᠡᠬᠢᠯᠡᠬᠦ ᠠᠴᠠ ᠡᠮᠦᠨᠡᠬᠢ ᠰᠣᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠷᠢᠯᠲᠠ ᠦᠷᠨᠢᠭᠦᠯᠬᠦ ᠲᠣᠬᠠᠢ ᠮᠡᠳᠡᠭᠳᠡᠯ︾ ᠤᠨ ᠱᠠᠭᠠᠷᠳᠠᠯᠭ᠎ᠠ ᠶᠢ ᠤᠢᠨᠳᠦᠰᠦᠯᠡᠨ᠂ ᠤᠢᠢᠷ᠎ᠠ ᠶᠢᠨ ᠡᠳᠦᠷ ᠂ ᠤᠯᠠᠭᠠᠨᠬᠤᠳᠠ ᠬᠤᠶᠠᠳᠣᠭᠠᠷ ᠳᠣᠮᠳᠠᠳᠣ ᠰᠣᠷᠭᠠᠭᠤᠯᠢ ᠬᠢᠵᠢᠭ ᠤᠨ ᠪᠠᠶᠢᠳᠠᠯ ᠢ ᠰᠡᠷᠭᠡᠶᠢᠯᠡᠬᠦ ᠲᠤᠬᠠᠢ ᠰᠤᠷᠢᠯᠳᠠ ᠬᠢᠪᠠ᠃    ᠣᠨᠴᠠᠭᠠᠢ ᠪᠠᠶᠢᠳᠠᠯ ᠳᠣᠣᠷ᠎ᠠ᠂ ᠰᠣᠷᠭᠠᠭᠤᠯᠢ ᠡᠬᠢᠯᠡᠬᠦ ᠡᠯ᠎ᠡ ᠲᠠᠯ᠎ᠠ ᠶᠢᠨ ᠠᠵᠢᠯ ᠢ ᠨᠠᠷᠢᠨ ᠬᠢᠨᠠᠮᠠᠭᠠᠢ ᠪᠣᠲᠠᠲᠠᠶᠢᠵᠢᠭᠤᠯᠬᠤ ᠶᠢᠨ ᠲᠦᠯᠣᠭᠡ ᠲᠤᠰ ᠰᠣᠷᠭᠠᠭᠤᠯᠢ ︽ᠤᠯᠠᠭᠠᠨᠬᠤᠳᠠ ᠬᠤᠶᠠᠳᠣᠭᠠᠷ ᠳᠣᠮᠳᠠᠳᠣ ᠰᠣᠷᠭᠠᠭᠤᠯᠢ ᠶᠢᠨ ᠰᠣᠷᠭᠠᠭᠤᠯᠢ ᠡᠬᠢᠯᠡᠬᠦ ᠠᠴᠠ ᠡᠮᠦᠨ᠎ᠡ ᠬᠤᠶᠢᠨᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠦᠰᠣᠯ︾ ᠢ ᠲᠣᠰᠬᠠᠶᠢᠯᠠᠨ ᠰᠣᠳᠣᠯᠦᠨ ᠲᠣᠭᠲᠠᠭᠠᠵᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠣᠳᠣᠷᠢᠳᠬᠤ ᠳᠣᠭᠤᠶᠢᠯᠠᠩ ᠪᠠᠶᠢᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠰᠬᠠᠢ ᠠᠵᠢᠯ ᠤᠨ ᠳᠣᠭᠤᠶᠢᠯᠠᠩ ᠢ 4 ᠪᠠᠶᠢᠭᠤᠯᠵᠦ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠦ᠂ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠣᠷ ᠬᠢᠵᠠᠢ᠃    ᠶᠠᠭᠤᠨ ᠤ ᠡᠮᠤᠨ᠎ᠠ᠂ ᠰᠣᠷᠢᠯᠲᠠ ᠳᠤ ᠣᠷᠣᠯᠴᠠᠭᠰᠠᠨ ᠪᠦᠬᠦ ᠪᠠᠭᠰᠢ ᠰᠣᠷᠣᠭᠴᠢ ᠰᠣᠷᠭᠠᠭᠤᠯᠢ ᠳᠠᠭᠠᠨ ᠬᠦᠷᠴᠦ ᠪᠡᠶ᠎ᠡ ᠶᠢᠨ ᠬᠠᠯᠠᠭᠤᠨ ᠢᠶᠠᠨ ᠬᠡᠮᠵᠢᠬᠦᠯᠵᠦ᠂ ᠨᠡᠷ᠎ᠡ ᠪᠠᠨ ᠲᠡᠮᠲᠡᠭᠯᠡᠭᠦᠯᠦᠨ᠂ ᠰᠣᠷᠢᠯᠲᠠ ᠶᠢ ᠡᠬᠢᠯᠡᠭᠦᠯᠬᠦ ᠳᠤ ᠪᠡᠯᠡᠳᠭᠡᠯ ᠨᠦᠬᠦᠴᠡᠯ ᠬᠠᠩᠭᠠᠪᠠ᠃ ᠮᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠦᠨᠳᠦᠷ ᠪᠦᠲᠦᠮᠵᠢ ᠶᠢ ᠪᠠᠳᠤᠯᠠᠬᠤ ᠶᠢᠨ ᠲᠦᠯᠤᠭᠡ ᠪᠣᠯᠪᠠᠰᠣᠷᠠᠯ ᠳᠤ ᠣᠷᠣᠯᠴᠠᠭᠰᠡᠳ ᠮᠣᠷᠠᠯ ᠬᠦᠮᠦᠵᠢᠯ ᠤᠨ ᠲᠠᠰᠤᠭ ᠤᠨ ᠡᠷᠬᠢᠯᠡᠭᠴᠢ ᠪᠠᠭᠰᠢ ᠲᠦᠰᠦᠯ ᠢᠶᠠᠷ ᠦᠨᠳᠦᠰᠦᠯᠡᠯ ᠪᠤᠯᠭᠠᠬᠤ᠂ ᠬᠠᠮᠵᠢᠯᠴᠠᠭ᠎ᠠ ᠪᠠᠨ ᠨᠢᠡᠡᠲᠠᠷᠠᠭᠤᠯᠬᠤ᠂ ᠠᠵᠢᠯᠯᠠᠭ᠎ᠠ ᠪᠠᠨ ᠲᠦᠷᠢᠮᠵᠢᠭᠦᠯᠭᠦ᠂ ᠭᠡᠨᠡᠳᠲᠡ ᠶᠢᠨ ᠬᠡᠷᠡᠭ ᠢ ᠪᠦᠲᠦᠮᠵᠢᠲᠠᠢ ᠰᠢᠢᠳᠪᠦᠷᠢᠯᠡᠬᠦ ᠲᠤᠬᠠᠢ ᠨᠠᠷᠢᠯᠢᠭ ᠲᠠᠶᠢᠯᠪᠦᠷᠢᠯᠠᠪᠠ᠃    ᠪᠠᠭᠰᠢ ᠰᠣᠷᠣᠭᠴᠢ ᠬᠡᠳᠤᠨ ᠵᠠᠮ ᠢᠶᠠᠷ ᠰᠣᠷᠭᠠᠭᠤᠯᠢ ᠶᠢᠨ ᠬᠦᠷᠢᠶᠡᠨ ᠳᠡᠭᠡᠨ ᠣᠷᠣᠵᠦ᠂ ᠨᠢᠭᠡ  ᠮᠧᠲᠷ ᠬᠤᠯᠠ ᠵᠠᠢ ᠭᠠᠷᠭᠠᠨ ᠡᠮᠬᠢ ᠳᠠᠷᠠᠭᠠᠯᠠᠯ ᠲᠠᠢ ᠮᠦᠷᠯᠡᠨ ᠵᠣᠭᠰᠣᠵᠤ᠂ ᠡᠷᠡᠭᠦᠯ ᠮᠡᠨᠳᠦ ᠶᠢᠨ ᠺᠠᠷᠲ ᠢᠶᠠᠨ ᠪᠠᠶᠢᠴᠠᠭᠠᠯᠭᠠᠨ᠂ ᠪᠡᠶ᠎ᠡ ᠶᠢᠨ ᠬᠠᠯᠠᠭᠤᠨ ᠢᠶᠠᠨ ᠬᠡᠮᠵᠢᠭᠦᠯᠵᠠᠢ᠃ ᠰᠣᠷᠣᠭᠴᠢᠳ ᠪᠦᠯᠦᠭ ᠬᠤᠪᠢᠶᠠᠨ᠂ ᠠᠮᠦᠷ ᠲᠦᠪᠰᠢᠨ ᠤ ᠵᠠᠢ ᠶᠢ ᠪᠠᠲᠦᠯᠠᠨ᠂ ᠵᠢᠭᠠᠨ ᠰᠣᠷᠭᠠᠬᠤ ᠠᠰᠠᠷ ᠲᠤ ᠪᠠᠨ ᠡᠮᠬᠢ ᠳᠠᠷᠠᠭᠠᠯᠠᠯ ᠲᠠᠢ ᠤᠷᠤᠵᠦ᠂ ᠳᠠᠬᠢᠨ ᠪᠡᠶ᠎ᠡ ᠶᠢᠨ ᠬᠠᠯᠠᠭᠤᠨ ᠢᠶᠠᠨ ᠬᠡᠮᠵᠢᠭᠦᠯᠦᠭᠰᠡᠨ ᠤ ᠳᠠᠷᠠᠭ᠎ᠠ ᠠᠩᠭᠢ ᠶᠢᠨ ᠭᠡᠷ ᠲᠤ ᠪᠠᠨ ᠤᠷᠤᠵᠦ᠂ ᠲᠣᠭᠲᠠᠭᠰᠡᠨ ᠵᠠᠢ ᠪᠠᠷ ᠠᠯᠣᠰᠯᠠᠨ ᠰᠠᠭᠤᠵᠣ ᠬᠢᠴᠢᠶᠡᠯ ᠢᠶᠠᠨ ᠡᠬᠢᠯᠡᠭᠦᠯᠪᠡ᠃ ᠬᠢᠴᠢᠶᠡᠯ ᠤᠨ ᠵᠠᠪᠰᠠᠷ ᠲᠤ᠂ ᠪᠠᠭᠰᠢ ᠠᠴᠠ ᠰᠣᠷᠣᠭᠴᠢᠳ ᠢ ᠰᠠᠶᠢᠳᠣᠷ ᠬᠠᠷᠠᠵᠦ ᠲᠡᠳᠡᠨ ᠤ ᠪᠦᠭᠡᠮᠨᠡᠷᠡᠯᠳᠦᠬᠦ ᠶᠢ ᠬᠢᠴᠢᠶᠡᠯᠭᠡᠵᠦ᠂ ᠲᠠᠮᠢᠷ ᠤᠨ ᠲᠠᠯᠠᠪᠦᠷ ᠲᠤ ᠲᠠᠮᠢᠷ ᠬᠢᠬᠦ ᠳᠤ ᠪᠠᠨ ᠴᠤ ᠲᠤᠬᠳᠠᠬᠰᠠᠨ ᠵᠠᠢ ᠲᠠᠢ ᠪᠠᠶᠢᠬᠤ ᠶᠢ ᠰᠠᠨᠠᠭᠤᠯᠪᠠ᠃ ᠲᠦᠷᠪᠡᠳᠣᠭᠡᠷ ᠬᠢᠴᠢᠶᠡᠯ ᠪᠠ ᠣᠷᠥᠢ ᠶᠢᠨ ᠳᠠᠪᠲᠠᠯᠭ᠎ᠠ ᠪᠠᠭᠤᠭᠰᠠᠨ ᠤ ᠳᠠᠷᠠᠭ᠎ᠠ᠂ ᠠᠷᠢᠭᠤᠳᠬᠠᠬᠤ ᠳ᠋ᠧᠩ ᠢᠶᠠᠷ ᠠᠩᠭᠢ ᠶᠢᠨ ᠭᠡᠷ ᠢᠶᠠᠨ ᠠᠷᠢᠭᠤᠳᠬᠠᠨ᠎ᠠ᠃    ᠬᠢᠴᠢᠶᠡᠯᠯᠡᠵᠦ ᠪᠠᠶᠢᠭ᠎ᠠ ᠬᠤᠭᠤᠴᠠᠭᠠᠨ ᠳᠤ᠂ ᠪᠡᠶ᠎ᠡ ᠶᠢᠨ ᠬᠠᠯᠠᠭᠤᠨ ᠨᠢ 37.3 ᠭᠷᠠᠳᠦ᠋ᠰ ᠠᠴᠠ ᠬᠡᠲᠣᠷᠡᠭᠰᠡᠨ ᠡᠰᠡᠭᠦᠯ᠎ᠡ ᠬᠡᠪ ᠤᠨ ᠪᠣᠰᠣ ᠪᠠᠶᠢᠳᠠᠯ ᠲᠠᠢ ᠰᠣᠷᠣᠭᠴᠢ ᠢᠯᠡᠷᠡᠪᠡᠯ ᠠᠩᠭᠢ ᠶᠢᠨ ᠪᠠᠭᠰᠢ ᠠᠴᠠ ᠲᠠᠷᠦ᠋ᠢᠬᠠᠨ ᠡᠮᠴᠢᠯᠡᠬᠡᠨ ᠤ ᠲᠠᠰᠤᠭ ᠲᠠᠢ ᠬᠠᠷᠢᠴᠠᠨ᠂ ᠰᠣᠷᠣᠭᠴᠢ ᠪᠠᠨ ᠲᠤᠰᠠᠭᠠᠷᠯᠠᠭᠤᠯᠤᠨ ᠪᠠᠶᠢᠴᠠᠭᠠᠵᠦ᠂ ᠪᠦᠬᠦ ᠠᠩᠭᠢ ᠪᠠᠨ ᠪᠢᠲᠡᠭᠦᠮᠵᠢᠯᠡᠨ᠎ᠠ᠃ ᠬᠡᠷᠪᠡ ᠬᠠᠭᠠᠰ ᠴᠠᠭ ᠤᠨ ᠳᠠᠷᠠᠭ᠎ᠠ᠂ ᠪᠠᠶᠢᠴᠠᠭᠠᠯᠲᠠ ᠬᠢᠭᠡᠳ ᠠᠰᠠᠭᠤᠳᠠᠯ ᠦᠭᠡᠢ ᠪᠣᠯ ᠲᠣᠰ ᠰᠣᠷᠣᠭᠴᠢ ᠶᠢ ᠠᠩᠭᠢ ᠳᠤ ᠨᠢ ᠬᠠᠷᠢᠭᠤᠯᠣᠨ᠎ᠠ᠂ ᠬᠠᠷᠢᠨ ᠡᠪᠡᠳᠴᠢᠨ ᠤ ᠪᠠᠶᠢᠳᠠᠯ ᠦᠷᠭᠦᠯᠵᠢᠯᠡᠨ ᠢᠯᠡᠷᠡᠪᠡᠯ᠂ ᠰᠣᠷᠭᠠᠭᠤᠯᠢ ᠠᠴᠠ ᠮᠦᠨ ᠦᠷᠭᠦᠯᠵᠢᠯᠡᠨ ᠪᠠᠴᠢᠮ ᠪᠠᠶᠢᠳᠠᠯ ᠢ ᠠᠷᠭᠠᠴᠠᠭᠠᠬᠤ ᠶᠠᠪᠣᠴᠠ ᠪᠠᠷ ᠠᠵᠢᠯᠯᠠᠬᠤ ᠶᠢᠨ ᠲᠠᠭᠠᠤ ᠭᠡᠷ ᠤᠨ ᠠᠬᠠᠮᠡᠳ ᠲᠠᠢ ᠨᠢ ᠨᠢᠭᠲᠠ ᠬᠠᠷᠢᠴᠠᠨ᠎ᠠ᠃ ᠰᠣᠷᠣᠭᠴᠢᠳ ᠪᠠᠰᠠ ᠡᠮᠬᠢ ᠳᠠᠷᠠᠭ᠎ᠠ ᠲᠠᠢ ᠪᠠᠷ ᠬᠤᠭᠤᠯᠠᠨ ᠭᠡᠷ ᠲᠤ ᠣᠷᠣᠵᠦ᠂ ᠬᠤᠭᠤᠯᠠᠨ ᠭᠡᠷ ᠤᠨ ᠠᠵᠢᠯᠲᠠᠨ ᠤ ᠵᠢᠯᠣᠭᠤᠳᠣᠯᠭ᠎ᠠ ᠳᠣᠣᠷ᠎ᠠ ᠭᠠᠷ ᠢᠶᠠᠨ ᠣᠬᠢᠶᠠᠨ ᠠᠷᠢᠭᠤᠳᠬᠠᠨ᠂ ᠲᠣᠭᠲᠠᠭᠰᠠᠨ ᠵᠠᠢ ᠪᠠᠷ ᠮᠦᠷᠯᠡᠨ ᠬᠤᠭᠤᠯᠠ ᠪᠠᠨ ᠠᠪᠴᠣ᠂ ᠰᠢᠷᠡᠭᠡ ᠠᠯᠣᠰᠯᠠᠨ ᠰᠠᠭᠤᠵᠣ ᠬᠤᠭᠤᠯᠠᠯᠠᠨ᠎ᠠ᠃ ᠢᠳᠡᠵᠤ ᠲᠠᠭᠤᠰᠤᠭᠰᠠᠨ ᠤ ᠳᠠᠷᠠᠭ᠎ᠠ ᠳᠠᠷᠦ᠋ᠢᠬᠠᠨ ᠡᠮᠬᠢ ᠲᠠᠷᠠᠭ᠎ᠠ ᠲᠠᠢ ᠪᠠᠷ ᠬᠤᠭᠤᠯᠠᠨ ᠭᠡᠷ ᠠᠴᠠ ᠭᠠᠷᠣᠨ᠎ᠠ᠃ ᠪᠠᠶᠢᠷᠢ ᠶᠢᠨ ᠪᠠᠭᠰᠢ ᠠᠴᠠ ᠰᠣᠷᠣᠭᠴᠢᠳ ᠢ ᠵᠣᠬᠢᠶᠠᠨ ᠪᠠᠶᠢᠭᠤᠯᠵᠦ ᠡᠮᠬᠢ ᠲᠠᠷᠠᠭ᠎ᠠ ᠲᠠᠢ ᠪᠠᠷ ᠪᠠᠶᠢᠷᠢ ᠳᠤ ᠨᠢ ᠣᠷᠣᠭᠤᠯᠵᠦ᠂ ᠰᠣᠷᠣᠭᠴᠢᠳ ᠢ ᠳᠠᠬᠢᠨᠲᠠ ᠭᠠᠷ ᠢᠶᠠᠨ ᠣᠬᠢᠶᠠᠵᠦ ᠠᠷᠢᠭᠤᠳᠬᠠᠬᠤ ᠶᠢ ᠱᠠᠭᠠᠷᠳᠠᠨ᠎ᠠ᠃    ᠲᠣᠰ ᠣᠳᠠᠭᠠᠨ ᠤ ᠰᠤᠷᠢᠯᠳᠠ ᠶᠢᠨ ᠪᠦᠬᠦ ᠶᠠᠪᠣᠴᠠ ᠳᠤ᠂ ᠰᠣᠷᠭᠠᠭᠤᠯᠢ ᠶᠢᠨ ᠣᠳᠣᠷᠢᠳᠣᠯᠭ᠎ᠠ ᠨᠠᠷ ᠪᠣᠯᠪᠠᠰᠣᠷᠠᠯ ᠤᠨ ᠡᠯ᠎ᠡ ᠭᠤᠭᠴᠤᠭ᠎ᠠ ᠶᠢ ᠨᠠᠷᠢᠨ ᠨᠢᠮᠪᠠᠢ ᠯᠠᠪᠯᠠᠨ ᠠᠰᠠᠭᠤᠵᠦ᠂ ᠬᠠᠷᠢᠯᠴᠠᠨ ᠵᠦᠪᠳᠡᠯᠴᠡᠨ᠂ ᠲᠣᠰᠠᠭᠠᠷᠯᠠᠬᠤ ᠦᠷᠦᠭᠡᠨ ᠤ ᠪᠠᠶᠢᠷᠢᠯᠠᠭᠤᠯᠣᠯᠲᠠ᠂ ᠰᠣᠷᠭᠠᠭᠤᠯᠢ ᠶᠢᠨ ᠡᠮᠨᠡᠯᠭᠡ ᠶᠢᠨ ᠲᠠᠰᠤᠭ ᠤᠨ ᠡᠳ᠋ ᠪᠣᠳᠠᠰ ᠤᠨ ᠲᠣᠬᠢᠷᠠᠭᠤᠯᠣᠯᠲᠠ᠂ ᠠᠷᠢᠭᠤᠳᠬᠠᠬᠤ ᠳ᠋ᠧᠩ ᠤᠨ ᠣᠨᠣᠪᠴᠢᠲᠠᠢ ᠬᠡᠷᠡᠭᠯᠡᠯᠲᠡ᠂ ᠨᠢᠭᠡ ᠮᠧᠲᠷ ᠤᠨ ᠡᠷᠢᠶᠡᠨ ᠱᠣᠭᠤᠮ ᠤᠨ ᠵᠢᠷᠣᠭᠯᠠᠯᠲᠠ᠂ ᠭᠠᠷ ᠠᠷᠢᠭᠤᠳᠬᠠᠬᠤ ᠮᠠᠰᠢᠨ ᠤ ᠣᠭᠰᠠᠷᠠᠯᠲᠠ᠂ ᠠᠮᠠᠪᠴᠢ ᠬᠤᠷᠢᠶᠠᠬᠤ ᠬᠠᠶᠢᠷᠴᠠᠭ ᠤᠨ ᠪᠠᠶᠢᠷᠢᠯᠠᠯ ᠵᠡᠷᠭᠡ ᠲᠠᠯ᠎ᠠ ᠪᠠᠷ ᠪᠤᠳᠠᠳᠠᠢ ᠰᠠᠨᠠᠭᠤᠯᠭ᠎ᠠ ᠭᠠᠷᠭᠠᠭᠰᠠᠨ ᠪᠠᠶᠢᠨ᠎ᠠ᠃ ᠰᠣᠷᠢᠯᠲᠠ ᠳᠠᠭᠤᠰᠣᠭᠰᠠᠨ ᠤ ᠳᠠᠷᠠᠭ᠎ᠠ᠂ ᠪᠣᠣ ᠰᠢᠦ ᠮᠧᠢ ᠳᠡᠳ᠋ ᠵᠠᠬᠢᠷᠣᠯ ᠤᠨ ᠵᠤᠬᠢᠶᠠᠨ ᠪᠠᠶᠢᠭᠤᠯᠤᠬᠰᠠᠨ ᠶᠡᠷᠣᠩᠬᠡᠢ ᠵᠣᠬᠢᠴᠠᠭᠤᠯᠣᠯᠲᠠ ᠶᠢᠨ ᠲᠤᠭᠤᠢᠢᠯᠠᠩ᠂ ᠣᠯᠠᠭᠠᠨ ᠳᠡᠳ᠋ ᠵᠠᠬᠢᠷᠣᠯ ᠤᠨ ᠵᠤᠬᠢᠶᠠᠨ ᠪᠠᠶᠢᠭᠤᠯᠤᠬᠰᠠᠨ ᠪᠡᠶ᠎ᠡ ᠶᠢᠨ ᠬᠠᠯᠠᠭᠤᠨ ᠢ ᠬᠡᠮᠵᠢᠭᠦ ᠲᠤᠭᠤᠢᠢᠯᠠᠩ ᠪᠠ ᠣᠬᠠᠭᠤᠯᠣᠨ ᠬᠦᠮᠦᠵᠢᠭᠦᠯᠬᠦ ᠳᠣᠭᠤᠶᠢᠯᠠᠩ᠂ ᠴᠧᠨ ᠲᠢᠶᠧ ᠵᠤ᠋ ᠳᠡᠳ᠋ ᠵᠠᠬᠢᠷᠣᠯ ᠤᠨ ᠵᠤᠬᠢᠶᠠᠨ ᠪᠠᠶᠢᠭᠤᠯᠤᠬᠰᠠᠨ ᠠᠷᠢᠭᠤᠳᠬᠠᠯ ᠪᠠ ᠠᠮᠦᠷ ᠲᠦᠪᠰᠢᠨ ᠤ ᠬᠠᠮᠢᠶᠠᠷᠣᠯᠲᠠ ᠶᠢᠨ ᠠᠵᠢᠯ ᠤᠨ ᠳᠣᠭᠤᠢᠢᠯᠠᠩ᠂ ᠨᠠᠮ ᠤᠨ ᠡᠬᠦᠷ ᠤᠨ ᠳᠡᠳ᠋ ᠱᠦᠵᠢ ᠪᠠᠮᠪᠠᠷ ᠤᠨ ᠵᠤᠬᠢᠶᠠᠨ ᠪᠠᠶᠢᠭᠤᠯᠤᠬᠰᠠᠨ ᠮᠡᠳᠡᠭᠡ ᠵᠠᠩᠭᠢ ᠶᠢᠨ ᠬᠤᠯᠪᠣᠯᠴᠠᠯ ᠵᠢᠴᠢ ᠡᠮᠨᠡᠯᠭᠡ ᠶᠢᠨ ᠲᠤᠰᠠᠭᠠᠷᠯᠠᠬᠤ ᠳᠣᠭᠤᠶᠢᠯᠠᠩ ᠵᠡᠷᠭᠡ ᠲᠤᠭᠤᠢᠢᠯᠠᠩ ᠨᠤᠭᠤᠳ ᠨᠢ ᠪᠣᠯᠪᠠᠰᠣᠷᠬᠰᠠᠨ ᠪᠠᠶᠢᠳᠠᠯ ᠢᠶᠠᠨ ᠬᠠᠷᠢᠯᠴᠡᠨ ᠰᠣᠯᠢᠯᠴᠠᠪᠡ᠃    ᠪᠦᠬᠡᠴᠢᠯᠠᠭᠤ ᠵᠠᠬᠢᠷᠣᠯ ᠬᠢᠵᠢᠭ ᠢ ᠰᠡᠷᠭᠡᠶᠢᠯᠡᠬᠦ ᠠᠵᠢᠯ ᠪᠣᠯ ᠠᠮᠦᠷ ᠲᠦᠪᠰᠢᠨ ᠤ ᠭᠤᠣᠯᠳᠠᠯᠭ᠎ᠠ ᠮᠦᠨ᠂ ᠦᠨᠦᠳᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠷᠢᠯᠲᠠ ᠪᠣᠯ ᠮᠠᠨ ᠤ ᠰᠡᠳᠭᠢᠯ ᠵᠣᠷᠢᠭ ᠨᠢᠭᠲᠠᠷᠠᠨ᠂ ᠬᠢᠵᠢᠭ ᠤᠨ ᠪᠠᠶᠢᠳᠠᠯ ᠢ ᠡᠰᠡᠷᠭᠦᠴᠡᠬᠦ ᠬᠠᠮᠤᠭ ᠰᠠᠶᠢᠨ ᠪᠠᠬᠢᠯᠡᠯᠲᠡ ᠪᠣᠯᠣᠨ᠎ᠠ᠂ ᠮᠦᠨ ᠡᠨᠡᠬᠦ ᠪᠠᠬᠢᠯᠡᠯᠲᠡ ᠨᠢ ᠪᠦᠬᠦ ᠪᠠᠭᠰᠢ ᠰᠣᠷᠣᠭᠴᠢ ᠲᠠᠢ ᠬᠤᠯᠪᠣᠭ᠎ᠠ ᠲᠠᠢ ᠪᠤᠯᠬᠤᠷ ᠲᠦᠢᠯ ᠤᠨ ᠣᠳᠬ᠎ᠠ ᠠᠭᠤᠯᠭ᠎ᠠ ᠲᠠᠢ ᠭᠡᠵᠦ ᠶᠠᠷᠢᠭᠰᠠᠨ ᠪᠠᠶᠢᠨ᠎ᠠ᠃    ᠪᠣᠯᠪᠠᠰᠣᠷᠠᠯ ᠳᠠᠭᠤᠰᠣᠭᠰᠠᠨ ᠴᠦ ᠠᠵᠢᠯ ᠵᠣᠭᠰᠤᠭ᠎ᠠ ᠦᠭᠡᠢ᠂ ᠪᠣᠯᠪᠠᠰᠣᠷᠠᠯ ᠤᠨ ᠳᠠᠷᠠᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠰᠬᠠᠢ ᠠᠵᠢᠯ ᠤᠨ ᠳᠣᠭᠤᠶᠢᠯᠠᠩ ᠤᠳ ᠮᠦᠨ ᠲᠣᠰ ᠲᠣᠰ ᠲᠠᠭᠠᠨ ᠳ᠋ᠦᠩᠨᠡᠯᠲᠡ ᠶᠢᠨ ᠬᠤᠷᠠᠯ ᠬᠢᠵᠦ᠂ ᠳᠣᠭᠤᠶᠢᠯᠠᠩ ᠤᠨ ᠭᠡᠰᠢᠭᠦᠨ ᠪᠦᠷᠢ ᠪᠣᠯᠪᠰᠣᠷᠠᠯ ᠤᠨ ᠭᠤᠭᠴᠤᠭ᠎ᠠ ᠪᠦᠷᠢ ᠶᠢ ᠰᠣᠷᠣᠯᠴᠠᠵᠦ᠂ ᠭᠤᠭᠴᠤᠭ᠎ᠠ ᠪᠦᠷᠢ ᠶᠢ ᠣᠶᠢᠯᠠᠭᠠᠵᠦ᠂ ᠭᠤᠭᠴᠤᠭ᠎ᠠ ᠪᠦᠷᠢ ᠶᠢ ᠨᠠᠷᠢᠯᠢᠭ ᠡᠵᠡᠮᠳᠡᠨ᠂ ᠠᠰᠠᠭᠤᠳᠠᠯ ᠢᠯᠠᠷᠡᠪᠡᠯ ᠲᠡᠷᠡ ᠲᠠᠷᠣᠢ ᠳᠤ ᠨᠢ ᠵᠠᠰᠠᠨ ᠰᠢᠢᠳᠪᠣᠷᠢᠯᠡᠬᠦ ᠶᠢ ᠱᠠᠭᠠᠷᠳᠠᠪᠠ᠃ ᠳᠣᠭᠤᠶᠢᠯᠠᠩ ᠤᠨ ᠬᠤᠭᠤᠷᠣᠨᠳᠣ ᠪᠠᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠦ᠂ ᠨᠢᠭᠲᠠ ᠬᠠᠮᠲᠣᠷᠠᠨ ᠬᠢᠵᠢᠭ ᠢ ᠰᠡᠷᠭᠡᠶᠢᠯᠡᠨ ᠡᠵᠡᠮᠳᠡᠭᠦ ᠠᠵᠢᠯ ᠢ ᠰᠠᠶᠢᠳᠣᠷ ᠬᠢᠵᠦ᠂ ᠰᠤᠷᠤᠭᠴᠢᠳ ᠤᠨ ᠬᠢᠴᠢᠶᠡᠯ ᠰᠤᠷᠤᠯᠭ᠎ᠠ ᠶᠢ ᠪᠠᠳᠤᠯᠠᠬᠰᠠᠨ ᠪᠠᠶᠢᠨ᠎ᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号