ᠤᠯᠠᠭᠠᠨᠬᠤᠳᠠ ᠬᠤᠶᠠᠳᠤᠭᠠᠷ ᠳᠤᠮᠳᠠᠳᠤ ᠰᠤᠷᠭᠠᠭᠤᠯᠢ ᠰᠢᠨ᠎ᠠ ᠰᠤᠷᠤᠯᠭ᠎ᠠ ᠶᠢᠨ ᠬᠤᠭᠤᠴᠠᠭᠠᠨ ᠤ ᠰᠤᠷᠤᠯᠴᠠᠯᠭ᠎ᠠ ᠶᠢ ᠪᠠᠳᠤᠯᠠᠵᠦ ᠵᠢᠭᠠᠨ ᠰᠤᠷᠭᠠᠯᠳᠠ ᠶᠢᠨ ᠶᠠᠰᠤ ᠴᠢᠨᠠᠷ ᠢᠶᠠᠨ ᠰᠢᠨ᠎ᠠ ᠨᠢᠭᠡᠨ ᠱᠠᠳᠤᠨ ᠳᠤ ᠭᠠᠷᠭᠠᠬᠤ ᠪᠠᠷ ᠴᠢᠷᠮᠠᠶᠢᠵᠦ ᠪᠤᠢ
ᠨᠡᠶᠢᠲᠡᠯᠡᠭᠰᠡᠨ ᠴᠠᠭ᠄
2020-06-17
      ︽ᠬᠢᠨᠭ᠍ᠭᠠᠨ ᠠᠶᠢᠮᠠᠭ ᠤᠨ ᠰᠤᠷᠭᠠᠨ ᠬᠦᠮᠦᠵᠢᠯ ᠤᠨ ᠲᠤᠪᠴᠢᠶ᠎ᠠ ᠶᠢᠨ 2020 ᠣᠨ ᠤ ᠠᠵᠢᠯ ᠤᠨ ᠭᠤᠤᠯᠳᠠᠯᠭ᠎ᠠ︾ ᠶᠢᠨ ᠮᠡᠳᠡᠭᠳᠡᠯ ᠤᠨ ᠵᠤᠷᠢᠭ ᠰᠠᠨᠠᠭ᠎ᠠ ᠶᠢ ᠨᠠᠶᠢᠲᠠᠪᠤᠷᠢᠵᠢᠭᠤᠯᠤᠨ ᠳᠤᠭᠤᠰᠢᠯᠠᠭᠤᠯᠵᠤ ᠬᠢᠵᠢᠭ ᠤᠨ ᠬᠤᠭᠤᠴᠠᠭᠠᠨ ᠳᠠᠬᠢ ᠬᠢᠴᠢᠶᠡᠯ ᠲᠦᠷᠦᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠪᠠᠷ ᠤᠳᠤ ᠤᠯᠠᠭᠠᠨᠬᠤᠲᠠ ᠬᠤᠶᠠᠳᠤᠭᠠᠷ ᠳᠤᠮᠳᠠᠳᠤ ᠰᠤᠷᠭᠠᠭᠤᠯᠢ ᠰᠢᠨ᠎ᠠ ᠰᠤᠷᠤᠯᠭ᠎ᠠ ᠶᠢᠨ ᠬᠤᠭᠤᠴᠠᠭᠠᠨ ᠤ ᠰᠤᠷᠤᠯᠴᠠᠯᠭ᠎ᠠ ᠶᠢ ᠪᠠᠳᠤᠯᠠᠵᠦ᠂ ᠵᠢᠭᠠᠨ ᠰᠤᠷᠭᠠᠯᠳᠠ ᠶᠢᠨ ᠶᠠᠰᠤ ᠴᠢᠨᠠᠷ ᠢᠶᠠᠨ ᠰᠢᠨ᠎ᠠ ᠨᠢᠭᠡᠨ ᠱᠠᠳᠤᠨ ᠳᠤ ᠭᠠᠷᠭᠠᠬᠤ ᠪᠠᠷ ᠴᠢᠷᠮᠠᠶᠢᠵᠦ ᠪᠤᠢ᠃       ᠲᠡᠳᠡ ᠶᠠᠭᠤᠨ ᠤ ᠡᠮᠦᠨ᠎ᠠ ᠰᠢᠨ᠎ᠠ ᠰᠤᠷᠤᠯᠭ᠎ᠠ ᠶᠢᠨ ᠬᠤᠭᠤᠴᠠᠭᠠᠨ ᠤ ᠲᠠᠶᠢᠴᠢᠯᠠᠯᠳᠠ ᠶᠢᠨ ᠬᠤᠷᠠᠯ ᠬᠢᠵᠦ᠂ ᠠᠵᠢᠯ ᠢᠶᠠᠨ ᠪᠤᠳᠠᠳᠠᠢ ᠪᠠᠶᠢᠷᠢᠯᠠᠭᠤᠯᠪᠠ᠃ ᠬᠤᠷᠠᠯ ᠤᠨ ᠲᠡᠷᠢᠭᠦᠨ ᠳᠤ ᠰᠤᠷᠭᠠᠭᠤᠯᠢ ᠶᠢᠨ ᠳᠡᠳ᠋ ᠵᠠᠬᠢᠷᠤᠯ ᠤᠯᠠᠭᠠᠨ ᠠᠶᠢᠮᠠᠭ ᠤᠨ ᠰᠤᠷᠭᠠᠨ ᠬᠦᠮᠦᠵᠢᠯ ᠤᠨ ᠲᠤᠪᠴᠢᠶ᠎ᠡ ᠶᠢᠨ ᠬᠤᠷᠠᠯ ᠤᠨ ᠵᠤᠷᠢᠭ ᠰᠠᠨᠠᠭ᠎ᠠ ᠶᠢ ᠳᠠᠮᠵᠢᠭᠤᠯᠵᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠬᠦᠭᠵᠢᠯᠳᠡ ᠶᠢ ᠲᠡᠷᠢᠬᠦᠨ ᠪᠠᠶᠢᠷᠢᠨ ᠳᠤ ᠳᠠᠯᠪᠢᠵᠦ᠂ ᠦᠨᠳᠦᠷ ᠳᠤᠮᠳᠠᠳᠤ ᠶᠢᠨ ᠵᠢᠭᠠᠨ ᠰᠤᠷᠭᠠᠯᠲᠠ ᠶᠢᠨ ᠱᠠᠲᠤᠨ ᠤ ᠵᠣᠬᠢᠴᠠᠩᠭᠤᠢ ᠬᠦᠭᠵᠢᠯᠲᠡ ᠶᠢ ᠲᠦᠯᠬᠢᠨ ᠠᠬᠢᠭᠤᠯᠵᠤ᠂ ᠦᠨᠳᠦᠷ ᠬᠡᠪ ᠪᠤᠯᠪᠠᠰᠤᠷᠠᠯ ᠲᠠᠢ ᠪᠠᠭᠰᠢ ᠶᠢᠨ ᠡᠩᠨᠡᠭᠡ ᠶᠢ ᠵᠤᠬᠢᠶᠠᠨ ᠪᠠᠶᠢᠭᠤᠯᠬᠤ ᠲᠤᠬᠠᠢ ᠪᠤᠳᠠᠳᠠᠢ ᠱᠠᠭᠠᠷᠳᠠᠯᠭ᠎ᠠ ᠭᠠᠷᠭᠠᠪᠠ᠃       ᠲᠤᠰ ᠰᠤᠷᠭᠠᠭᠤᠯᠢ ᠶᠢᠨ ᠨᠠᠮ ᠤᠨ ᠡᠭᠦᠷ ᠤᠨ ᠳᠡᠳ᠋ ᠱᠦᠵᠢ ᠪᠠᠮᠪᠠᠷ ᠨᠠᠮ ᠤᠨ ᠪᠠᠶᠢᠭᠤᠯᠤᠯᠲᠠ᠂ ᠵᠢᠭᠠᠨ ᠰᠤᠷᠭᠠᠯᠲᠠ᠂ ᠮᠤᠷᠠᠯ ᠬᠦᠮᠦᠵᠢᠯ᠂ ᠠᠵᠢᠯᠴᠢᠨ ᠤ ᠡᠪᠯᠡᠯ ᠤᠨ ᠠᠵᠢᠯ ᠤᠨ ᠬᠠᠷᠠᠯᠲᠠ ᠵᠢᠴᠢ ᠪᠤᠲᠠᠲᠠᠢ ᠳᠤᠭᠤᠰᠢᠯᠠᠭᠤᠯᠬᠤ ᠠᠷᠭ᠎ᠠ ᠶᠢ ᠶᠠᠷᠢᠵᠦ᠂ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠪᠠᠳᠠᠷᠠᠭᠤᠯᠬᠤ᠂ ᠨᠠᠮ ᠤᠨ ᠭᠡᠰᠢᠬᠦᠳ ᠤᠨ ᠬᠤᠰᠢᠭᠤᠴᠢ ᠦᠢᠯᠡᠳᠦᠯ ᠢ ᠪᠠᠳᠠᠷᠠᠭᠤᠯᠬᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢ ᠴᠢᠩᠭᠠᠳᠬᠠᠬᠤ᠂ ᠦᠵᠡᠯ ᠰᠠᠨᠠᠭ᠎ᠠ ᠶᠤᠰᠤ ᠮᠤᠷᠠᠯ ᠤᠨ ᠬᠡᠯᠪᠡᠷᠢᠴᠢ ᠦᠵᠡᠯ ᠢ ᠡᠰᠡᠷᠭᠦᠴᠡᠬᠦ᠂ ᠵᠢᠭᠠᠨ ᠰᠤᠷᠭᠠᠬᠤ ᠠᠵᠢᠯᠯᠠᠭ᠎ᠠ ᠪᠠᠨ ᠳᠦᠷᠢᠮᠵᠢᠭᠦᠯᠭᠦ ᠵᠡᠷᠭᠡ ᠲᠠᠯ᠎ᠠ ᠪᠠᠷ ᠪᠤᠳᠠᠳᠠᠢ ᠰᠠᠨᠠᠯ ᠰᠠᠨᠠᠭᠤᠯᠭ᠎ᠠ ᠲᠤᠷᠠᠳᠤᠪᠠ᠃       ᠳᠡᠳ᠋ ᠵᠠᠬᠢᠷᠣᠯ ᠪᠤᠤ ᠰᠢᠤ ᠮᠸᠢ ᠦᠨᠳᠦᠷ ᠭᠤᠷᠪᠠ ᠶᠢᠨ ᠰᠤᠷᠤᠭᠴᠢ ᠶᠢᠨ ᠬᠠᠮᠢᠶᠠᠷᠤᠯᠳᠠ᠂ ᠰᠤᠷᠤᠭᠴᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ᠂ ᠨᠠᠮ ᠤᠨ ᠪᠠᠶᠢᠭᠤᠯᠤᠯᠲᠠ᠂ ᠮᠤᠷᠠᠯ ᠬᠦᠮᠦᠵᠢᠯ᠂ ᠵᠢᠭᠠᠨ ᠰᠤᠷᠭᠠᠯᠲᠠ ᠂ ᠠᠮᠤᠷ ᠲᠦᠪᠰᠢᠨ ᠤ ᠠᠵᠢᠯ ᠵᠡᠷᠭᠡ ᠲᠠᠯ᠎ᠠ ᠪᠠᠷ ᠪᠤᠲᠠᠲᠠᠢ ᠱᠠᠭᠠᠷᠳᠠᠯᠭ᠎ᠠ ᠳᠤᠷᠠᠳᠤᠬᠰᠠᠨ ᠪᠦᠭᠡᠳ ᠨᠠᠮ ᠤᠨ ᠭᠡᠰᠢᠭᠦᠨ ᠂ ᠤᠳᠤᠷᠢᠳᠬᠤ ᠺᠠᠳ᠋ᠷ ᠤᠬᠠᠮᠰᠠᠷ ᠠᠴᠠ ᠪᠠᠨ ᠳᠠᠭᠤᠷᠢᠶᠠᠯ ᠦᠵᠡᠭᠦᠯᠵᠦ᠂ ᠰᠤᠷᠤᠭᠴᠢ ᠶᠢᠨ ᠪᠡᠶ᠎ᠡ ᠰᠡᠳᠭᠢᠴᠡ ᠶᠢᠨ ᠬᠦᠭᠵᠢᠯᠲᠡ ᠶᠢ ᠴᠢᠩᠭᠠᠳᠬᠠᠵᠤ᠂ ︽ᠬᠦᠮᠦᠨ ᠢᠶᠠᠷ ᠦᠨᠳᠦᠰᠦ ᠪᠤᠯᠭᠠᠬᠤ᠂ ᠰᠤᠷᠬᠤ ᠪᠠᠷ ᠦᠨᠳᠦᠰᠦ ᠪᠤᠯᠭᠠᠬᠤ᠂ ᠰᠤᠷᠤᠭᠴᠢ ᠪᠠᠷ ᠦᠨᠳᠦᠰᠦ ᠪᠤᠯᠭᠠᠬᠤ︾ ᠵᠠᠷᠴᠢᠮ ᠢ ᠪᠠᠷᠢᠮᠳᠠᠯᠠᠵᠤ᠂ ᠰᠤᠷᠤᠭᠴᠢ ᠶᠢᠨ ᠳᠠᠷᠤᠭᠠᠰᠤ ᠶᠢ ᠬᠦᠡᠭᠭᠡᠷᠡᠭᠦᠯᠵᠦ ᠂ ᠦᠨᠳᠦᠷ ᠦᠷ᠎ᠡ ᠠᠰᠢᠭᠲᠤ ᠵᠢᠭᠠᠨ ᠰᠤᠷᠭᠠᠯᠲᠠ ᠶᠢ ᠡᠷᠭᠢᠮᠯᠡᠵᠦ᠂ ᠵᠢᠭᠠᠨ ᠰᠤᠷᠭᠠᠬᠤ ᠠᠷᠭ᠎ᠠ ᠠᠪᠴᠠᠯ ᠢᠶᠠᠨ ᠰᠢᠯᠢᠳᠡᠭᠵᠢᠬᠦᠯᠤᠨ᠂ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠦᠴᠦᠷᠭᠡᠭᠯᠡᠯ ᠢ ᠴᠢᠩᠭ᠎ᠠ ᠰᠡᠷᠭᠡᠶᠢᠯᠡᠵᠦ᠂ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠤᠨ ᠡᠯ᠎ᠡ ᠭᠤᠭᠴᠤᠭ᠎ᠠ ᠪᠠ ᠠᠮᠤᠷ ᠲᠦᠪᠰᠢᠨ ᠢ ᠪᠠᠳᠤᠯᠠᠬᠤ ᠵᠡᠷᠭᠡ ᠤᠯᠠᠨ ᠲᠠᠯ᠎ᠠ ᠪᠠᠷ ᠦᠪᠡᠷ ᠤᠨ ᠪᠤᠳᠤᠯ ᠰᠠᠨᠠᠯ ᠢᠶᠠᠨ ᠲᠡᠯᠭᠡᠵᠠᠢ᠃       ᠲᠤᠰ ᠰᠤᠷᠭᠠᠭᠤᠯᠢ ᠪᠠᠰᠠ ᠰᠤᠷᠤᠭᠴᠢᠳ ᠲᠠᠭᠠᠨ ᠬᠢᠵᠢᠭ ᠤᠨ ᠪᠠᠶᠢᠳᠠᠯ ᠢ ᠰᠡᠷᠭᠡᠶᠢᠯᠡᠬᠦ ᠬᠠᠮᠢᠶ᠎ᠠ ᠪᠦᠬᠦᠢ ᠮᠡᠳᠡᠯᠭᠡ ᠶᠢ ᠤᠬᠠᠭᠤᠯᠵᠤ᠂ ᠶᠤᠰᠤ ᠮᠤᠷᠠᠯ ᠤᠨ ᠬᠦᠮᠦᠵᠢᠯ ᠬᠦᠷᠲᠡᠭᠡᠭᠰᠡᠨ ᠪᠦᠭᠡᠳ ︽ᠠᠷᠠᠳ ᠲᠦᠮᠡᠨ ᠡᠷᠬᠢᠮ ᠳᠡᠭᠡᠳᠦ︾ ᠭᠡᠳᠡᠭ ᠺᠢᠨᠣ᠋ ᠶᠢ ᠦᠵᠡᠭᠦᠯᠵᠦ ᠤᠯᠤᠰ ᠢᠶᠠᠨ ᠬᠠᠶᠢᠷᠠᠯᠠᠬᠤ ᠬᠦᠮᠦᠵᠢᠯ ᠬᠦᠷᠳᠡᠭᠡᠨ᠂ ᠰᠡᠳᠬᠢᠴᠡ ᠶᠢᠨ ᠡᠷᠡᠭᠦᠯ ᠮᠡᠨᠳᠦ ᠶᠢᠨ ᠵᠢᠯᠤᠭᠤᠳᠤᠯᠭ᠎ᠠ ᠶᠢᠨ ᠳᠦᠷᠰᠦ ᠰᠢᠩᠭᠡᠭᠡᠯᠲᠡ ᠦᠵᠡᠭᠦᠯᠵᠡᠢ᠃ ᠨᠡᠩ ᠢᠯᠠᠩᠭᠤᠶ᠎ᠠ ᠰᠢᠨ᠎ᠠ ᠰᠤᠷᠤᠯᠭ᠎ᠠ ᠶᠢᠨ ᠬᠤᠭᠤᠴᠠᠭᠠᠨ ᠤ ᠠᠩᠬᠠᠳᠠᠬᠴᠢ ᠲᠤᠭ ᠮᠠᠨᠳᠤᠭᠤᠯᠬᠤ ᠶᠣᠰᠤᠯᠠᠯ ᠢᠶᠠᠨ ᠨᠢᠵᠢᠬᠢᠷ ᠰᠠᠶᠢᠬᠠᠨ ᠶᠠᠪᠤᠭᠳᠠᠭᠤᠯᠤᠬᠰᠠᠨ ᠪᠦᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠲᠤᠬᠠᠢ ᠰᠠᠮᠪᠠᠷ᠎ᠠ ᠶᠢᠨ ᠰᠤᠨᠢᠨ ᠭᠠᠷᠭᠠᠵᠦ᠂ ᠬᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠭᠦ ᠲᠤᠬᠠᠢ ᠤᠬᠠᠭᠤᠯᠭ᠎ᠠ ᠶᠢ ᠬᠦᠨᠵᠡᠭᠡᠶᠢᠷᠡᠭᠦᠯᠦᠭᠰᠡᠨ ᠪᠠᠶᠢᠨ᠎ᠠ᠃᠃       ᠣᠳᠤᠬᠠᠨ ᠳᠤ᠂ ᠲᠤᠰ ᠰᠤᠷᠭᠠᠭᠤᠯᠢ ᠶᠢᠨ ᠰᠤᠷᠤᠬᠴᠢᠳ ᠦᠷᠯᠦᠭᠡ ᠦᠳᠡᠰᠢ ᠶᠢ ᠲᠡᠮᠡᠴᠡᠨ ᠴᠢᠷᠮᠠᠶᠢᠨ ᠰᠤᠷᠤᠯᠴᠠᠵᠤ ᠪᠠᠶᠢᠬᠤ ᠪᠦᠭᠡᠳ ᠦᠨᠳᠦᠷ ᠭᠤᠷᠪᠡ ᠶᠢᠨ ᠰᠤᠷᠤᠭᠴᠢᠳ ᠨᠢ ᠤᠯᠤᠰ ᠤᠨ ᠰᠢᠯᠭᠠᠯᠲᠠ ᠳᠠᠭᠠᠨ ᠰᠢᠯᠢᠳᠡᠭ ᠬᠢᠷᠢ ᠪᠦᠳᠦᠮᠵᠢ ᠤᠯᠬᠤ ᠪᠠᠷ ᠮᠡᠷᠡᠶᠢᠨ ᠰᠤᠷᠤᠯᠴᠠᠵᠦ ᠪᠤᠢ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号