ᠦᠪᠤᠷ ᠮᠤᠩᠭᠤᠯ ᠤᠨ ᠡᠳᠤᠷ ᠤᠨ ᠰᠤᠨᠢᠨ ᠤ ᠮᠡᠳᠡᠭᠡ ᠬᠢᠩᠭᠠᠨ ᠠᠶᠢᠮᠠᠭ ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠠᠵᠢᠯᠳᠠᠨ ᠤ ᠴᠠᠯᠢᠩ ᠤᠯᠭᠤᠮᠵᠢ ᠶᠢᠨ ᠦᠬᠡᠷᠡᠴᠢᠯᠡᠯᠳᠡ ᠶᠢ ᠪᠦᠬᠦ ᠤᠷᠤᠨ ᠳᠤ ᠤᠷᠢᠳ ᠢᠶᠠᠷ ᠳᠤᠷᠰᠢᠨ | ᠬᠡᠷᠡᠭᠵᠢᠬᠦᠯᠵᠦ᠂ 2017 ᠤᠨ ᠳᠤ ᠠᠶᠢᠮᠠᠭ ᠤᠨ ᠰᠢᠭᠤᠳ ᠬᠠᠷᠢᠶ᠎ᠠ ᠰᠤᠷᠭᠠᠭᠤᠯᠢ ᠳᠤ ᠪᠠᠨ ᠳᠤᠷᠰᠢᠨ | ᠬᠡᠷᠡᠭᠵᠢᠬᠦᠯᠵᠦ᠂ 2018 ᠣᠨ ᠳᠤ 6 ᠬᠤᠰᠢᠭᠤ ᠰᠢᠶᠠᠨ ᠳᠠᠭᠠᠨ ᠪᠦᠬᠦ ᠳᠠᠯ᠎ᠠ ᠪᠠᠷ ᠬᠡᠷᠡᠭᠵᠢᠭᠦᠯᠤᠭᠡᠳ ᠪᠠᠭᠰᠢ | ᠨᠠᠷ ᠤᠨ ᠢᠶᠠᠨ ᠤᠯᠭᠤᠮᠵᠢ ᠬᠦᠷᠳᠡᠭᠡᠮᠵᠢ ᠶᠢ ᠦᠨᠳᠦᠷᠵᠢᠭᠦᠯᠵᠦ᠂ ᠲᠡᠳᠡᠨ ᠤ ᠪᠢᠴᠢᠭ ᠵᠢᠭᠠᠵᠤ ᠬᠦᠮᠦᠨ ᠬᠦᠮᠦᠵᠢᠬᠦᠯᠬᠦ | ᠢᠳᠡᠪᠬᠢᠵᠢᠯ ᠪᠤᠯᠤᠨ ᠠᠵᠢᠯ ᠢᠶᠠᠨ ᠲᠡᠭᠡᠳᠦᠯᠡᠭᠦ ᠬᠠᠷᠢᠭᠤᠴᠠᠯᠭᠠᠳᠤ ᠰᠡᠳᠭᠢᠯᠭᠡ ᠶᠢ ᠨᠡᠮᠡᠭᠳᠡᠭᠦᠯᠵᠦ᠂ ᠰᠤᠷᠭᠠᠨ | ᠬᠦᠮᠦᠵᠢᠯ ᠤᠨ ᠠᠬᠤᠢ ᠤᠷᠴᠢᠨ ᠢᠶᠠᠨ ᠢᠯᠡᠳᠳᠡ ᠰᠠᠶᠢᠵᠢᠷᠠᠭᠤᠯᠵᠠᠢ᠃ | ᠬᠢᠩᠭᠠᠨ ᠠᠶᠢᠮᠠᠭ ᠪᠠᠭᠰᠢ ᠨᠠᠷ ᠤᠨ ᠢᠳᠡᠪᠬᠢᠵᠢᠯ ᠪᠠ ᠪᠦᠳᠦᠬᠡᠯᠴᠢ ᠴᠢᠨᠠᠷ ᠢ ᠲᠠᠶᠢᠴᠢᠯᠠᠬᠤ ᠶᠢᠨ ᠲᠦᠯᠦᠬᠡ᠂ | ᠰᠢᠨᠵᠢᠯᠡᠬᠦ ᠤᠬᠠᠭᠠᠨᠴᠢ ᠬᠤᠪᠢᠶᠠᠷᠢᠯᠠᠯᠳᠠ ᠶᠢᠨ ᠲᠦᠷᠢᠮ ᠢ ᠳᠤᠭᠳᠠᠭᠠᠵᠤ᠂ ᠪᠠᠭᠰᠢ ᠶᠢᠨ ᠡᠩᠨᠡᠬᠡᠨ ᠤ ᠠᠵᠢᠯ ᠤᠨ | ᠪᠦᠳᠦᠮᠵᠢ ᠶᠢᠨ ᠴᠠᠯᠢᠩ ᠪᠤᠯᠤᠨ ᠮᠡᠷᠬᠡᠵᠢᠯ ᠤᠨ ᠴᠤᠯᠠ ᠶᠢᠨ ᠦᠬᠡᠷᠡᠴᠢᠯᠡᠯᠳᠡ ᠶᠢ ᠰᠢᠰᠲ᠋ᠧᠮ ᠲᠠᠢ ᠬᠦᠨᠵᠡᠬᠡᠶᠢᠷᠡᠬᠦᠯᠬᠦ | ᠲᠤᠬᠠᠢ ᠤᠯᠠᠨ ᠠᠷᠭ᠎ᠠ ᠬᠡᠮᠵᠢᠶ᠎ᠠ ᠠᠪᠤᠭᠰᠠᠨ ᠪᠠᠶᠢᠨ᠎ᠠ᠃ ᠲᠤᠬᠠᠢᠢᠯᠠᠪᠠᠯ᠂ ᠵᠢᠭᠠᠨ ᠰᠤᠷᠭᠠᠯᠳᠠ ᠶᠢᠨ ᠹᠷᠤᠨᠲ ᠲᠠᠬᠢ | ᠪᠠᠭᠰᠢ ᠨᠠᠷ ᠢᠶᠠᠨ ᠪᠦᠷ ᠤᠷᠢᠵᠤ ᠬᠡᠷᠡᠭᠯᠡᠨ᠂ ᠳᠡᠬᠡᠳᠤ ᠳᠡᠰ ᠤᠨ ᠮᠡᠷᠬᠡᠵᠢᠯ ᠤᠨ ᠴᠤᠯᠠ ᠪᠠᠷ ᠦᠨᠡᠯᠡᠨ ᠳᠤᠭᠳᠠᠭᠠᠬᠤ | ᠪᠠᠭᠰᠢ ᠶᠢᠨ ᠬᠠᠷᠢᠴᠠᠯ ᠢ ᠤᠤᠯ ᠤᠨ 6% ᠪᠠᠶᠢᠭᠰᠠᠨ ᠢ 20% ᠪᠤᠯᠭᠠᠨ ᠲᠡᠭᠡᠭᠰᠢᠯᠡᠬᠦᠯᠵᠦ᠂ ᠬᠦᠮᠦᠨ | ᠳᠤᠮᠳᠠᠴᠢ ᠶᠢᠨ ᠰᠠᠷ᠎ᠠ ᠶᠢᠨ ᠴᠠᠯᠢᠩ ᠢ 598 ᠲᠦᠬᠦᠷᠢᠭ ᠨᠡᠮᠡᠭᠳᠡᠬᠦᠯᠵᠠᠢ᠃ ᠠᠶᠢᠮᠠᠭ ᠤᠨ ᠵᠠᠬᠢᠷᠭ᠎ᠠ ᠠᠴᠠ ᠪᠠᠰᠠ | ᠪᠠᠭᠰᠢ ᠨᠢᠭᠡ ᠪᠤᠷᠢ ᠶᠢ ᠱᠠᠩᠨᠠᠨ ᠵᠤᠷᠢᠭᠵᠢᠭᠤᠯᠬᠤ ᠶᠢᠨ ᠲᠦᠯᠦᠭᠡ ᠠᠵᠢᠯ ᠤᠨ ᠪᠦᠳᠦᠮᠵᠢ ᠶᠢᠨ ᠴᠠᠯᠢᠩ ᠢ 3 ᠵᠢᠯ | ᠲᠠᠷᠠᠭᠠᠯᠠᠨ ᠬᠡᠷᠡᠭᠵᠢᠭᠦᠯᠵᠦ᠂ ᠬᠤᠶᠠᠷ ᠵᠢᠯ ᠲᠤᠳᠤᠷ᠎ᠠ ᠪᠠᠭᠰᠢ ᠶᠢᠨ ᠴᠠᠯᠢᠩ ᠢ 2 ᠲᠦᠮᠡ ᠭᠠᠷᠤᠢ ᠲᠦᠬᠦᠷᠢᠭ | ᠨᠡᠮᠡᠭᠳᠡᠭᠦᠯᠦᠨ᠂ ᠳᠤᠬᠠᠢ ᠶᠢᠨ ᠭᠠᠵᠠᠷ ᠤᠨ ᠠᠯᠪᠠᠳᠠᠨ ᠤ ᠵᠢᠯ ᠤᠨ ᠴᠠᠯᠢᠩ ᠤᠨ ᠳᠤᠮᠳᠠᠴᠢ ᠲᠦᠪᠰᠢᠨ ᠠᠴᠠ 1. 1 | ᠲᠦᠮᠡᠨ ᠲᠦᠬᠦᠷᠢᠭ ᠦᠨᠳᠦᠷ ᠪᠤᠯᠭᠠᠬᠰᠠᠨ ᠪᠠᠶᠢᠨ᠎ᠠ᠃ ᠠᠵᠢᠯ ᠤᠨ ᠪᠦᠳᠦᠮᠵᠢ ᠶᠢᠨ ᠴᠠᠯᠢᠩ ᠢ ᠬᠢᠨᠠᠨ ᠦᠨᠡᠯᠡᠬᠦ | ᠠᠷᠭ᠎ᠠ ᠪᠠᠨ ᠳᠡᠬᠦᠯᠳᠡᠷᠵᠢᠬᠦᠯᠬᠦ ᠶᠠᠪᠤᠴᠠ ᠳᠤ ᠲᠤᠰᠬᠠᠢᠢᠯᠠᠨ ᠠᠩᠬᠢ ᠶᠢᠨ ᠡᠷᠬᠢᠯᠡᠭᠴᠢ ᠶᠢᠨ ᠠᠵᠢᠯ ᠤᠨ | ᠪᠦᠳᠦᠮᠵᠢ ᠶᠢᠨ ᠴᠠᠯᠢᠩ ᠪᠤᠯᠤᠨ ᠰᠤᠷᠭᠠᠭᠤᠯᠢ ᠶᠢᠨ ᠵᠠᠬᠢᠷᠤᠯ ᠤᠨ ᠱᠠᠩᠨᠠᠨ ᠤᠷᠮᠠᠰᠢᠭᠤᠯᠬᠤ ᠠᠵᠢᠯ ᠤᠨ | ᠪᠦᠳᠦᠮᠵᠢ ᠶᠢᠨ ᠴᠠᠯᠢᠩ ᠬᠡᠵᠤ ᠭᠠᠷᠭᠠᠪᠠ᠃ ᠮᠡᠷᠬᠡᠵᠢᠯ ᠤᠨ ᠴᠤᠯᠠ ᠶᠢᠨ ᠦᠬᠡᠷᠡᠴᠢᠯᠡᠯᠳᠡ ᠳᠡᠭᠡᠨ ᠬᠢᠴᠢᠶᠡᠯ | ᠳᠠᠶᠢᠯᠪᠤᠷᠢᠯᠠᠬᠤ᠂ ᠨᠤᠮ ᠬᠠᠶᠠᠯᠴᠠᠬᠤ᠂ ᠠᠵᠢᠯ ᠤᠨ ᠪᠦᠳᠦᠮᠵᠢ ᠪᠠᠷ ᠦᠨᠡᠯᠡᠯᠳᠡ ᠬᠢᠬᠦ ᠪᠠᠷ ᠭᠤᠤᠯ ᠪᠠᠷᠢᠮᠵᠢᠶ᠎ᠠ | ᠪᠤᠯᠭᠠᠵᠤ᠂ ᠵᠢᠭᠠᠨ ᠰᠤᠷᠭᠠᠯᠳᠠ ᠶᠢᠨ ᠹᠷᠤᠨᠲ ᠲᠤ ᠠᠵᠢᠯᠯᠠᠵᠤ ᠪᠠᠶᠢᠭ᠎ᠠ ᠪᠠᠭᠰᠢᠨᠠᠷ ᠢ ᠰᠠᠶ᠋ᠢ ᠮᠡᠷᠬᠡᠵᠢᠯ ᠤᠨ ᠴᠤᠯᠠ ᠪᠡ | ᠦᠨᠡᠯᠡᠨ ᠳᠤᠭᠳᠠᠭᠠᠬᠤ ᠵᠢᠴᠢ ᠳᠡᠰ ᠳᠠᠪᠰᠢᠬᠦ ᠳᠤ ᠤᠷᠤᠯᠴᠠᠬᠤ ᠬᠢᠷᠢ ᠬᠡᠮ ᠲᠠᠢ ᠪᠤᠯᠭᠠᠵᠦ᠂ ᠮᠡᠷᠬᠡᠵᠢᠯ ᠤᠨ | ᠴᠤᠯᠠ ᠲᠠᠢ ᠪᠤᠯᠪᠠᠴᠤ ᠵᠢᠭᠠᠨ ᠰᠤᠷᠭᠠᠯᠳᠠ ᠶᠢᠨ ᠹᠷᠤᠨᠲ ᠲᠤ ᠠᠵᠢᠯᠯᠠᠬᠤ ᠦᠬᠡᠢ ᠪᠤᠯ ᠮᠡᠷᠭᠡᠵᠢᠯ ᠤᠨ ᠴᠤᠯᠠ ᠶᠢᠨ | ᠬᠦᠷᠳᠡᠭᠡᠮᠵᠢ ᠤᠯᠭᠤᠬᠤ ᠦᠬᠡᠢ ᠲᠦᠷᠢᠮ ᠢ ᠬᠡᠷᠡᠭᠵᠢᠭᠦᠯᠪᠡ᠃ ᠬᠡᠭᠦ ᠳᠡᠭᠡᠨ ᠬᠡᠷᠪᠡ ᠠᠵᠢᠯ ᠤᠨ ᠬᠢᠷᠢ ᠪᠦᠳᠦᠮᠵᠢ | ᠰᠢᠯᠢᠳᠡᠭ ᠪᠤᠯ ᠮᠡᠷᠭᠡᠵᠢᠯ ᠤᠨ ᠴᠤᠯᠠ ᠶᠢᠨ ᠳᠡᠰ ᠦᠰᠦᠷᠴᠦ ᠪᠤᠯᠬᠤ ᠪᠦᠭᠡᠳ ᠠᠵᠢᠯ ᠤᠨ ᠪᠦᠳᠦᠮᠵᠢ ᠶᠢ | ᠦᠨᠡᠯᠡᠬᠦ ᠳᠤ ᠳᠡᠰ ᠬᠤᠪᠢᠶᠠᠨ ᠴᠠᠯᠢᠩ ᠮᠦᠩᠬᠦ ᠶᠢ ᠨᠢ ᠵᠦᠷᠢᠶ᠎ᠠ ᠲᠠᠢ ᠪᠠᠶᠢᠯᠭᠠᠬᠤ ᠵᠡᠷᠭᠡ ᠪᠤᠳᠠᠳᠤ ᠠᠷᠭ᠎ᠠ | ᠬᠡᠮᠵᠢᠶ᠎ᠠ ᠶᠢ ᠠᠪᠴᠤ ᠪᠠᠭᠰᠢ ᠨᠠᠷ ᠤᠨ ᠠᠵᠢᠯ ᠤᠨ ᠤᠷᠮ᠎ᠠ ᠶᠢ ᠦᠨᠡᠨ ᠬᠦ ᠳᠠᠶᠢᠴᠢᠯᠠᠵᠤ ᠴᠢᠳᠠᠵᠠᠢ᠃ | ︽ᠪᠢᠳᠡ ᠡᠨᠡ ᠬᠦ ᠦᠬᠡᠷᠡᠴᠢᠯᠡᠯᠳᠡ ᠶᠢ ᠪᠦᠬᠦ ᠠᠶᠢᠮᠠᠭ ᠤᠨ 226 ᠳᠤᠮᠳᠠᠳᠤ ᠪᠠᠭ᠎ᠠ ᠰᠤᠷᠭᠠᠭᠤᠯᠢ ᠪᠤᠯᠤᠨ | ᠠᠯᠪᠠᠨ ᠤ ᠬᠡᠦᠬᠡᠳ ᠤᠨ ᠴᠡᠴᠡᠷᠯᠢᠭ ᠲᠤ ᠶᠠᠪᠤᠭᠳᠠᠭᠤᠯᠵᠤ᠂ 2 ᠲᠦᠮᠡ ᠭᠠᠷᠤᠢ ᠪᠠᠭᠰᠢ ᠲᠠᠢ ᠬᠤᠯᠪᠤᠭᠳᠠᠭᠤᠯᠵᠠᠢ᠃ | ᠦᠬᠡᠷᠡᠴᠢᠯᠡᠯᠳᠡ ᠨᠢ ᠪᠠᠭᠰᠢ ᠨᠠᠷ ᠤᠨ ᠠᠵᠢᠯ ᠤᠨ ᠤᠷᠮ᠎ᠠ ᠶᠢ ᠶᠡᠭᠡ ᠪᠠᠷ ᠬᠦᠭᠵᠢᠭᠡᠵᠦ᠂ ᠪᠦᠬᠦ ᠠᠶᠢᠮᠠᠭ ᠤᠨ 1386 | ᠪᠠᠭᠰᠢ ᠠᠷᠤ ᠳᠠᠯ ᠠ ᠶᠢᠨ ᠦᠢᠯᠡᠴᠢᠯᠡᠭᠡᠨ ᠤ ᠠᠵᠢᠯ ᠤᠨ ᠪᠠᠶᠢᠷᠢ ᠠᠴᠠ ᠪᠠᠨ ᠪᠢᠴᠢᠭ ᠵᠢᠭᠠᠬᠤ ᠬᠢᠴᠢᠶᠡᠯ ᠤᠨ | ᠳᠠᠶᠢᠰᠠᠨ ᠳᠠᠭᠠᠨ ᠲᠠᠬᠢᠨ ᠪᠤᠴᠠᠭᠰᠠᠨ ᠢᠶᠠᠷ ᠪᠠᠭᠰᠢ ᠳᠤᠳᠠᠬᠤ ᠦᠵᠡᠭᠳᠡᠯ ᠨᠠᠮᠳᠠᠵᠤ᠂ ᠬᠢᠴᠢᠶᠡᠯ ᠵᠢᠭᠠᠬᠤ ᠤᠷᠤᠯᠠᠭᠴᠢ | ᠪᠠᠭᠰᠢ ᠤᠷᠢᠵᠤ ᠬᠡᠷᠡᠭᠯᠡᠬᠦ ᠨᠢ ᠴᠤ ᠴᠦᠬᠡᠷᠡᠵᠡᠢ︾ ᠬᠡᠵᠦ ᠬᠢᠩᠭᠠᠨ ᠠᠶᠢᠮᠠᠭ ᠤᠨ ᠳᠡᠳ᠋ ᠳᠠᠷᠤᠭ᠎ᠠ ᠰᠦᠨ ᠳ᠋ᠧ ᠮᠢᠨ | ᠳᠠᠨᠢᠯᠴᠠᠭᠤᠯᠤᠨ᠎ᠠ᠃ ᠤᠯᠠᠭᠠᠨᠬᠤᠳᠠ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠪᠤᠯ ᠮᠡᠷᠬᠡᠵᠢᠯ ᠤᠨ | ᠴᠤᠯᠠ ᠶᠢᠨ ᠦᠬᠡᠷᠡᠴᠢᠯᠡᠯᠳᠡ ᠪᠠ ᠠᠵᠢᠯ ᠤᠨ ᠪᠦᠳᠦᠮᠵᠢ ᠶᠢᠨ ᠴᠠᠯᠢᠩ ᠤᠨ ᠦᠬᠡᠷᠡᠴᠢᠯᠡᠯᠳᠡ ᠶᠢ ᠠᠩᠬᠠᠯᠠᠨ ᠳᠤᠷᠰᠢᠨ | ᠬᠡᠷᠡᠭᠵᠢᠬᠦᠯᠦᠭᠰᠡᠨ ᠰᠤᠷᠭᠠᠭᠤᠯᠢ ᠶᠢᠨ ᠨᠢᠬᠡ ᠪᠢᠯᠠ᠃ ᠲᠤᠰ ᠰᠤᠷᠭᠠᠭᠤᠯᠢ ᠶᠢᠨ ᠲᠢᠶᠠᠨ ᠹᠠᠩ ᠪᠠᠭᠰᠢ ᠪᠤᠯ ᠤᠷᠤᠨ ᠤ | ᠳᠡᠰ ᠤᠨ ᠵᠢᠭᠠᠨ ᠰᠤᠷᠭᠠᠬᠤ ᠴᠢᠳᠠᠪᠤᠷᠢᠳᠠᠨ᠂ ᠬᠢᠴᠢᠶᠡᠯ ᠲᠦᠷᠦᠯ ᠤᠨ ᠵᠢᠭᠠᠨ ᠰᠤᠷᠭᠠᠯᠳᠠ ᠶᠢᠨ ᠬᠤᠰᠢᠭᠤᠴᠢ᠂ | ᠰᠢᠯᠢᠳᠡᠭ ᠠᠩᠬᠢ ᠶᠢᠨ ᠡᠷᠬᠢᠯᠡᠭᠴᠢ ᠪᠤᠯᠤᠨ᠎ᠠ᠃ ᠡᠨᠡ ᠤᠳᠠᠭ᠎ᠠ ᠶᠢᠨ ᠦᠭᠡᠷᠡᠴᠢᠯᠡᠯᠳᠡ ᠳᠤ ᠲᠡᠭᠦᠨ ᠤ ᠮᠡᠷᠭᠡᠵᠢᠯ ᠤᠨ | ᠴᠤᠯᠠ ᠨᠢ ᠠᠩᠬᠠᠨ ᠤ ᠳᠡᠰ ᠠᠴᠠ 4 ᠳᠡᠰ ᠦᠰᠦᠷᠴᠦ᠂ ᠰᠠᠷ᠎ᠡ ᠶᠢᠨ ᠴᠠᠯᠢᠩ ᠨᠢ 2000 ᠭᠠᠷᠤᠢ ᠲᠦᠬᠦᠷᠢᠭ | ᠨᠡᠮᠡᠭᠳᠡᠭᠰᠡᠨ ᠪᠠᠶᠢᠯ᠎ᠠ᠃ ︽ᠡᠨᠡ ᠬᠦ ᠦᠬᠡᠷᠡᠴᠢᠯᠡᠯᠳᠡ ᠪᠠᠷ ᠲᠠᠮᠵᠢᠭᠠᠳ ᠰᠤᠷᠭᠠᠭᠤᠯᠢ ᠶᠢᠨ ᠡᠯ᠎ᠠ ᠳᠠᠯ᠎ᠠ ᠶᠢᠨ ᠠᠵᠢᠯ | ᠲᠦᠷᠢᠮᠵᠢᠨ ᠪᠠᠭᠰᠢ ᠶᠢᠨ ᠴᠠᠯᠢᠩ ᠤᠯᠭᠤᠮᠵᠢ ᠨᠡᠮᠡᠭᠳᠡᠵᠦ᠂ ᠪᠠᠭᠰᠢ ᠶᠢᠨ ᠢᠳᠡᠪᠬᠢᠵᠢᠯ ᠢ ᠲᠠᠶᠢᠴᠢᠯᠠᠵᠤ ᠴᠢᠳᠠᠵᠠᠢ᠃ | ᠢᠯᠡᠷᠬᠡᠢ ᠬᠤᠪᠢᠷᠠᠯᠳᠠ ᠬᠡᠪᠡᠯ᠂ ᠠᠩᠬᠢ ᠶᠢᠨ ᠡᠷᠬᠢᠯᠡᠭᠴᠢ ᠶᠢᠨ ᠨᠡᠮᠡᠯᠳᠡ ᠴᠠᠯᠢᠩ ᠢ ᠵᠢᠯ ᠤᠨ 800 ᠲᠦᠬᠦᠷᠢᠭ | ᠪᠠᠶᠢᠭᠰᠠᠨ ᠠᠴᠠ 10000 ᠲᠦᠬᠦᠷᠢᠭ ᠰᠢᠬᠠᠮ ᠪᠤᠯᠭᠠᠨ ᠨᠡᠮᠡᠭᠳᠡᠬᠦᠯᠦᠭᠰᠡᠨ ᠢᠶᠠᠷ ᠤᠳᠤ ᠠᠩᠭᠢ ᠶᠢᠨ | ᠡᠷᠬᠢᠯᠡᠭᠴᠢ ᠶᠢᠨ ᠠᠵᠢᠯ ᠢ ᠡᠭᠦᠷᠭᠡᠯᠡᠭᠦ ᠳᠤᠷᠠᠳᠠᠢ ᠪᠠᠭᠰᠢ ᠤᠯᠠᠰᠢᠷᠠᠵᠠᠢ᠃ ᠬᠢᠭᠰᠡᠨ ᠠᠵᠢᠯ ᠤᠨ ᠬᠡᠮᠵᠢᠶ᠎ᠠ ᠪᠠ ᠦᠷ᠎ᠡ | ᠪᠦᠳᠦᠮᠵᠢ ᠪᠠᠷ ᠠᠵᠢᠯ ᠤᠨ ᠪᠦᠳᠦᠮᠵᠢ ᠶᠢᠨ ᠴᠠᠯᠢᠩ ᠬᠤᠪᠢᠶᠠᠷᠢᠯᠠᠬᠤ ᠪᠤᠯᠤᠭᠰᠠᠨ ᠠᠴᠠ ᠵᠢᠭᠠᠨ ᠰᠤᠷᠭᠠᠯᠳᠠ᠂ | ᠬᠢᠴᠢᠶᠡᠯ ᠲᠦᠷᠦᠯ ᠤᠨ ᠰᠤᠳᠤᠯᠭᠠᠨ ᠤ ᠳᠠᠯ᠎ᠠ ᠪᠠᠷ ᠭᠠᠪᠰᠢᠭᠠᠢᠢᠯᠠᠨ ᠠᠵᠢᠯᠯᠠᠬᠤ ᠪᠠᠭᠰᠢ ᠴᠤ ᠤᠯᠠᠨ ᠪᠤᠯᠵᠠᠢ︾ | ᠬᠡᠵᠦ ᠤᠯᠠᠭᠠᠨᠬᠤᠳᠠ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠶᠢᠨ ᠵᠠᠬᠢᠷᠤᠯ ᠪᠤᠤ ᠶᠦᠩ ᠮᠧᠢ ᠤᠷᠮᠠᠳᠠᠢ | ᠶᠠᠷᠢᠨ᠎ᠠ᠃ | ᠰᠤᠷᠪᠤᠯᠵᠢᠯᠠᠭᠴᠢ ᠶᠢᠨ ᠲᠦᠷᠥᠭᠳᠡᠯ᠄ | ᠲᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠳᠠᠨ ᠤ ᠴᠠᠯᠢᠩ ᠤᠯᠭᠤᠮᠵᠢ ᠶᠢᠨ ᠦᠭᠡᠷᠡᠴᠢᠯᠡᠯᠳᠠ ᠶᠢᠨ | ᠵᠤᠷᠢᠯᠭ᠎ᠠ ᠪᠤᠯ ᠪᠠᠭᠰᠢ ᠠᠵᠢᠯᠳᠠᠨ ᠤ ᠠᠵᠢᠯ ᠲᠦᠷᠤᠯ ᠤᠨ ᠬᠦᠭᠵᠢᠯᠳᠠ᠂ ᠰᠤᠷᠭᠠᠭᠤᠯᠢ ᠶᠢᠨ ᠤᠨᠴᠠᠯᠢᠭᠳᠤ | ᠬᠦᠭᠵᠢᠯᠳᠠ᠂ ᠰᠤᠷᠭᠠᠨ ᠬᠦᠮᠤᠵᠢᠯ ᠤᠨ ᠴᠢᠨᠠᠷ ᠰᠠᠶᠢᠳᠠᠢ ᠬᠦᠭᠵᠢᠯᠳᠠ ᠪᠠᠷ ᠲᠠᠮᠵᠢᠨ ᠰᠤᠷᠭᠠᠨ ᠬᠦᠮᠤᠵᠢᠯ ᠤᠨ | ᠦᠢᠯᠡᠰ ᠤᠨ ᠪᠦᠬᠦ ᠴᠤᠭᠴᠠ ᠶᠢᠨ ᠬᠦᠭᠵᠢᠯᠳᠠ ᠶᠢ ᠠᠬᠢᠭᠤᠯᠵᠤ᠂ ᠶᠤᠰᠤ ᠰᠤᠷᠳᠠᠬᠤᠨ ᠢᠶᠠᠷ ᠬᠦᠮᠤᠨ ᠢ | ᠬᠦᠮᠤᠵᠢᠬᠦᠯᠵᠤ ᠰᠤᠷᠤᠭᠴᠢ ᠶᠢᠨ ᠡᠷᠡᠬᠦᠯ ᠴᠢᠬᠢᠷᠠᠭ ᠦᠰᠤᠨ ᠪᠤᠶᠢᠵᠢᠯᠳᠠ ᠶᠢ ᠠᠬᠢᠭᠤᠯᠬᠤ ᠶᠢᠨ ᠲᠦᠯᠤᠭᠡ ᠶᠤᠮ᠃ | ᠤᠳᠤᠬᠠᠨ ᠤ ᠮᠠᠨ ᠤ ᠤᠷᠤᠨ ᠤ ᠡᠯ᠎ᠠ ᠭᠠᠵᠠᠷ ᠤᠨ ᠬᠢᠨ ᠤᠯᠤᠰ ᠪᠠ ᠦᠪᠠᠷᠳᠡᠭᠡᠨ ᠵᠠᠰᠠᠬᠤ ᠤᠷᠤᠨ ᠤ ︽ᠰᠢᠨ᠎ᠠ | ᠴᠠᠭ ᠦᠶ᠎ᠠ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠳᠠ ᠶᠢᠨ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠲᠤᠬᠠᠢ | ᠰᠠᠨᠠᠯ︾ ᠤᠨ ᠱᠠᠭᠠᠷᠳᠠᠯᠭ᠎ᠠ ᠪᠠᠷ ᠤᠷᠤᠨ ᠨᠤᠳᠤᠭ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠪᠠᠭᠰᠢ | ᠠᠵᠢᠯᠳᠠᠨ ᠤ ᠤᠷᠤᠯᠭ᠎ᠠ ᠶᠢᠨ ᠬᠤᠪᠢᠶᠠᠷᠢᠯᠠᠯᠳᠠ ᠶᠢᠨ ᠤᠷᠮᠠᠰᠢᠭᠤᠯᠬᠤ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠤ | ᠪᠠᠶᠢᠭ᠎ᠠ ᠶᠤᠮ᠃ ᠡᠬᠦᠨ ᠳᠤ ᠬᠢᠩᠭᠠᠨ ᠠᠶᠢᠮᠠᠭ ᠤᠨ ᠲᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠡᠩᠨᠡᠭᠡᠨ ᠤ | ᠠᠵᠢᠯ ᠤᠨ ᠪᠦᠳᠤᠮᠵᠢ ᠶᠢᠨ ᠴᠠᠯᠢᠩ ᠪᠤᠯᠤᠨ ᠮᠡᠷᠭᠡᠵᠢᠯ ᠤᠨ ᠴᠤᠯᠠ ᠶᠢᠨ ᠲᠠᠯ᠎ᠠ ᠪᠠᠷ ᠬᠢ ᠪᠦᠳᠤᠮᠵᠢᠳᠠᠢ | ᠦᠭᠡᠷᠡᠴᠢᠯᠡᠯᠳᠠ ᠨᠢ ᠪᠤᠰᠤᠳ ᠭᠠᠵᠠᠷ ᠤᠨ ᠬᠢᠨ ᠤ ᠬᠠᠮᠢᠶ᠎ᠠ ᠪᠦᠬᠦᠢ ᠦᠭᠡᠷᠡᠴᠢᠯᠡᠯᠳᠠ ᠪᠠᠨ ᠠᠬᠢᠭᠤᠯᠬᠤ ᠳᠤ ᠨᠠᠨᠳᠢᠨ | ᠲᠤᠷᠰᠢᠯᠭ᠎ᠠ ᠪᠤᠯᠬᠤ ᠨᠢ ᠲᠠᠮᠵᠢᠭ ᠦᠭᠡᠢ᠃ |