ᠮᠢᠨᠦ ᠪᠠᠭᠰᠢ
ᠨᠡᠶᠢᠲᠡᠯᠡᠭᠰᠡᠨ ᠴᠠᠭ᠄
2020-06-08
      ᠮᠢᠨᠦ ᠪᠠᠭᠰᠢ ᠪᠤᠯ ᠮᠡᠯ ᠬᠠᠷ᠎ᠠ ᠬᠡᠵᠢᠬᠡ ᠲᠠᠢ᠂ ᠮᠦᠢᠯ ᠬᠠᠷ᠎ᠠ ᠨᠢᠳᠤ ᠲᠠᠢ᠂ ᠦᠨᠳᠦᠷᠬᠡᠨ ᠪᠡᠶ᠎ᠡ ᠲᠠᠢ᠂ ᠨᠠᠮᠵᠢᠭᠤᠬᠠᠨ ᠵᠠᠩ ᠲᠠᠢ ᠪᠢᠯᠡ᠃       ᠪᠠᠭᠰᠢ ᠮᠢᠨᠢ ᠬᠢᠴᠢᠶᠡᠯ ᠤᠨ ᠲᠠᠶᠢᠰᠠᠨ ᠳᠤ ᠵᠤᠭᠰᠤᠵᠤ ᠤ ᠶᠢᠨ ᠪᠢᠷ ᠤᠨ ᠦᠷᠦᠪᠳᠡᠰᠦ ᠶᠢ ᠪᠤᠳᠠᠷᠠᠭᠤᠯᠤᠭᠰᠠᠭᠠᠷ ᠰᠤᠷᠤᠭᠴᠢ ᠪᠢᠳᠡᠨ ᠤ ᠤᠢ ᠪᠢᠯᠢᠭ ᠢ ᠨᠡᠭᠡᠭᠡᠭᠳᠡᠭᠦᠯᠦᠨ ᠰᠠᠨᠠᠭ᠎ᠠ ᠪᠤᠳᠤᠯ ᠢ ᠰᠠᠷᠠᠭᠤᠯ ᠪᠤᠯᠭᠠᠨ᠂ ᠦᠪᠡᠷ ᠢᠶᠠᠨ ᠤᠨ ᠵᠢᠯ ᠤᠨ ᠡᠭᠡᠯᠵᠢᠨ ᠳᠤ ᠨᠠᠰᠤ ᠠᠬᠢᠵᠦ ᠪᠤᠭᠤᠷᠤᠯ ᠪᠤᠯᠤᠨ᠎ᠠ᠃ ᠡᠳᠦᠷᠵᠢᠨ ᠶᠠᠭᠠᠷᠠᠯᠳᠠᠢ ᠠᠵᠢᠯᠯᠠᠵᠤ ᠰᠦᠨᠢᠵᠢᠨ ᠬᠢᠴᠢᠶᠡᠯ ᠪᠡᠯᠡᠳᠭᠡᠨ ᠲᠠᠰᠬᠠᠯ ᠵᠠᠰᠠᠨ᠂ ᠰᠤᠯᠠ ᠴᠢᠯᠦᠭᠡ ᠴᠠᠭ ᠢᠶᠠᠷ ᠮᠡᠳᠡᠬᠦ ᠦᠭᠡᠢ ᠴᠢᠳᠠᠬᠤ ᠦᠭᠡᠢ ᠵᠦᠢᠯ ᠢ ᠲᠠᠬᠢᠨ ᠲᠠᠪᠳᠠᠨ ᠶᠠᠷᠢᠵᠦ ᠦᠭᠭᠦᠭᠰᠡᠭᠡᠷ ᠮᠢᠩᠭᠠᠨ ᠭᠠᠯᠪᠠ ᠳᠤ ᠪᠠᠯᠠᠷᠠᠰᠢ ᠦᠭᠡᠢ ᠵᠢᠳᠭᠦᠯ ᠢᠶᠠᠨ ᠦᠯᠡᠳᠡᠭᠡᠨ᠎ᠡ᠃       ᠲᠠᠰᠬᠠᠯ ᠲᠠᠭᠠᠭᠠᠯᠭᠠᠪᠤᠷᠢ ᠶᠢ ᠨᠢᠭᠡ ᠨᠢᠭᠡ ᠪᠠᠷ ᠨᠠᠷᠢᠨ ᠬᠢᠨᠠᠮᠠᠭᠠᠢ ᠬᠢᠨᠠᠵᠤ ᠪᠠᠶᠢᠴᠠᠭᠠᠨ᠎ᠠ᠃ ᠲᠠᠰᠢᠶ᠎ᠠ ᠪᠤᠷᠤᠭᠤ ᠬᠢᠭᠰᠡᠨ ᠢ ᠨᠢ ᠵᠠᠯᠠᠷᠠᠭᠤᠯᠤᠨ ᠦᠭᠴᠦ ᠬᠠᠮᠤᠭ ᠤᠨ ᠡᠷᠬᠢᠮ ᠰᠤᠶᠤᠯ ᠤᠨ ᠰᠢᠮ᠎ᠡ ᠶᠢ ᠰᠤᠷᠤᠭᠴᠢ ᠪᠢᠳᠡᠨ ᠤ ᠰᠡᠳᠬᠢᠯ ᠳᠤ ᠰᠢᠮᠡᠳᠭᠡᠨ᠎ᠡ᠃ ᠡᠨᠡᠷᠢᠯᠳᠤ ᠪᠠᠭᠰᠢ ᠶᠢᠨ ᠢᠶᠠᠨ ᠦᠷᠯᠦᠭᠡ ᠦᠳᠡᠰᠢ ᠶᠢᠨ ᠬᠦᠢᠳᠡᠨ ᠬᠠᠯᠠᠭᠤᠨ ᠢ ᠬᠠᠶᠢᠬᠤᠷᠣᠯ ᠦᠭᠡᠢ ᠪᠢᠳᠡᠨ ᠤ ᠲᠦᠯᠦᠭᠡ ᠵᠢᠳᠭᠦᠨ ᠠᠵᠢᠯᠯᠠᠵᠤ ᠪᠠᠶᠢᠬᠤ ᠶᠢ ᠨᠢ ᠬᠠᠷᠠᠬᠤ ᠪᠦᠷᠢ ᠪᠢ ᠡᠨᠡᠬᠦ ᠪᠠᠭᠰᠢ ᠶᠢᠨ ᠢᠶᠠᠨ ᠬᠦᠰᠡᠯ ᠢ ᠬᠦᠰᠡᠷᠳᠡᠭᠦᠯᠬᠦ ᠦᠭᠡᠢ ᠶᠢᠨ ᠲᠦᠯᠦᠭᠡ ᠪᠢᠴᠢᠭ ᠡᠷᠳᠡᠮ ᠢᠶᠠᠨ ᠰᠠᠶᠢᠨ ᠰᠤᠷᠴᠤ ᠡᠭᠡ ᠤᠷᠤᠨ ᠤ ᠪᠠᠨ ᠲᠤᠯᠭᠠᠭᠤᠷᠢ ᠪᠤᠯᠬᠤ ᠪᠠᠷ ᠴᠢᠷᠮᠠᠶᠢᠨ ᠰᠤᠷᠤᠯᠴᠠᠬᠤ ᠢᠳᠡ ᠵᠤᠷᠢᠭ ᠬᠦᠪᠴᠢᠯᠡᠭᠳᠡᠨ᠎ᠡ᠃       ᠪᠢᠳᠡ ᠬᠤᠵᠢᠮ ᠪᠠᠭᠰᠢ ᠶᠢᠨ ᠠᠴᠢ ᠪᠠᠷ ᠮᠠᠨᠠᠨᠳᠤ ᠬᠤᠷᠸ᠎ᠠ ᠳᠤ ᠨᠢᠷᠤᠭᠤ ᠭᠡᠳᠡᠭᠡᠷ ᠠᠯᠬᠤᠵᠤ ᠶᠠᠪᠤᠨ᠎ᠠ᠃ ᠮᠠᠨ ᠤ ᠡᠷᠢᠨ ᠴᠦ ᠪᠠᠭᠰᠢ ᠶᠢᠨ ᠠᠴᠢ ᠪᠠᠷ ᠪᠠᠳᠠᠷᠠᠨ ᠬᠦᠭᠵᠢᠨ᠎ᠡ᠃        ᠵᠤᠬᠢᠶᠠᠬᠴᠢ᠄ ᠨᠠᠷᠠᠨᠳᠤᠶᠠᠭ᠎ᠠ ︵ᠨᠠᠢᠮᠠᠨ ᠬᠤᠰᠢᠭᠤᠨ ᠤ ᠬᠤᠩᠬᠤᠷᠳᠠᠯ᠎ᠠ ᠭᠤᠤᠯ ᠪᠠᠭ᠎ᠠ ᠰᠤᠷᠭᠠᠭᠤᠯᠢ ᠶᠢᠨ ᠭᠤᠷᠪᠠ ᠶᠢᠨ ᠭᠤᠷᠪᠠ︶        ᠵᠢᠯᠤᠭᠤᠳᠤᠭᠰᠠᠨ ᠪᠠᠭᠰᠢ᠄ ᠲᠠᠪᠬᠤᠷᠪᠠᠶᠠᠷ
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号