ᠦᠨᠳᠤᠰᠤᠳᠡᠨ ᠤ ᠰᠤᠷᠭᠠᠨ ᠬᠦᠮᠤᠵᠢᠯ ᠢ ᠬᠦᠭᠵᠢᠬᠦᠯᠵᠤ ᠡᠷᠢᠨ ᠵᠠᠭᠤᠨ ᠤ ᠴᠢᠳᠠᠪᠤᠷᠢᠳᠠᠨ ᠢ ᠬᠦᠮᠤᠵᠢᠬᠦᠯᠤᠨ᠎ᠠ
ᠨᠡᠶᠢᠲᠡᠯᠡᠭᠰᠡᠨ ᠴᠠᠭ᠄
2020-06-08
       — 2019 ᠤᠨ ᠤ ᠪᠦᠬᠦ ᠠᠶᠢᠮᠠᠭ ᠤᠨ ᠦᠨᠳᠤᠰᠤᠳᠡᠨ ᠤ ᠰᠤᠷᠭᠠᠨ ᠬᠦᠮᠤᠵᠢᠯ ᠤᠨ ᠬᠦᠭᠵᠢᠯᠳᠡ ᠶᠢᠨ ᠲᠤᠬᠠᠢ ᠬᠦᠤᠷᠨᠢᠯ        ᠦᠨᠳᠤᠰᠤᠳᠡᠨ ᠤ ᠰᠤᠷᠭᠠᠨ ᠬᠦᠮᠤᠵᠢᠯ ᠢ ᠰᠠᠶᠢᠳᠤᠷ ᠡᠷᠬᠢᠯᠡᠬᠦ ᠨᠢ ᠦᠢ ᠤᠯᠠᠨ ᠴᠦᠬᠡᠨ ᠲᠤᠭᠠᠳᠤ ᠦᠨᠳᠤᠰᠤᠳᠡᠨ ᠤ ᠬᠡᠥᠬᠡᠳ ᠪᠠᠭᠠᠴᠤᠳ ᠢ ᠰᠤᠶᠤᠯ ᠤᠨ ᠮᠦᠷ ᠬᠦᠭᠡᠭᠡᠯᠭᠡᠵᠦ᠂ ᠴᠢᠳᠠᠪᠤᠷᠢᠳᠠᠨ ᠪᠤᠯᠭᠠᠨ ᠬᠦᠮᠦᠵᠢᠭᠦᠯᠬᠦ ᠶᠢᠨ ᠲᠦᠯᠦᠭᠡ ᠶᠤᠮ᠃ 2019 ᠤᠨ ᠳᠤ᠂ ᠦᠪᠠᠷᠳᠡᠭᠡᠨ ᠵᠠᠰᠠᠬᠤ ᠤᠷᠤᠨ ᠤ ᠰᠤᠷᠭᠠᠨ ᠬᠦᠮᠤᠵᠢᠯ ᠤᠨ ᠲᠢᠩᠬᠢᠮ ᠪᠠ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ ᠶᠢᠨ ᠵᠦᠪ ᠤᠨᠤᠪᠴᠢᠳᠠᠢ ᠤᠳᠤᠷᠢᠳᠤᠯᠭ᠎ᠠ ᠲᠤᠥᠷ᠎ᠠ᠂ ᠮᠠᠨ ᠤ ᠠᠶᠢᠮᠠᠭ ᠦᠨᠳᠦᠰᠦᠳᠡᠨ ᠤ ᠰᠤᠷᠭᠠᠨ ᠬᠦᠮᠤᠵᠢᠯ ᠤᠨ ᠰᠤᠷᠭᠠᠭᠤᠯᠢ ᠡᠷᠬᠢᠯᠡᠬᠦ ᠨᠦᠬᠦᠴᠠᠯ ᠢ ᠰᠠᠶᠢᠵᠢᠷᠠᠭᠤᠯᠵᠤ᠂ ᠰᠤᠷᠭᠠᠭᠤᠯᠢ ᠶᠢᠨ ᠬᠠᠮᠢᠶᠠᠷᠤᠯᠳᠠ ᠶᠢ ᠴᠢᠩᠭᠠᠳᠬᠠᠨ᠂ ᠵᠢᠭᠠᠨ ᠰᠤᠷᠭᠠᠯᠳᠠ ᠶᠢᠨ ᠦᠭᠡᠷᠡᠴᠢᠯᠡᠯᠳᠠ ᠶᠢ ᠬᠦᠨᠵᠡᠭᠡᠶᠢᠷᠡᠭᠦᠯᠵᠦ᠂ ᠵᠢᠭᠠᠨ ᠰᠤᠷᠭᠠᠯᠳᠠ ᠶᠢᠨ ᠬᠢᠷᠢ ᠲᠦᠪᠰᠢᠨ ᠢ ᠲᠡᠭᠡᠭᠰᠢᠯᠡᠭᠦᠯᠦᠭᠡᠳ ᠡᠯ᠎ᠠ ᠲᠠᠯ᠎ᠠ ᠪᠠᠷ ᠲᠤᠪᠤᠶᠢᠮ᠎ᠠ ᠠᠮᠵᠢᠯᠳᠠ ᠤᠯᠵᠠᠢ᠃        ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢᠨ ᠬᠦᠮᠤᠵᠢᠯ ᠢ ᠪᠠᠳᠤᠳᠬᠠᠵᠦ᠂ ᠶᠤᠰᠤ ᠰᠤᠷᠳᠠᠬᠤᠨ ᠤ ᠠᠵᠢᠯ ᠤᠨ ᠲᠠᠯ᠎ᠠ ᠪᠠᠷ ᠰᠢᠯᠢᠳᠡᠭ ᠦᠷ᠎ᠠ ᠪᠦᠳᠤᠮᠵᠢ ᠡᠭᠦᠳᠴᠠᠢ        ᠦᠪᠠᠷᠳᠡᠭᠡᠨ ᠵᠠᠰᠠᠬᠤ ᠤᠷᠤᠨ ᠤ ᠰᠤᠷᠭᠠᠨ ᠬᠦᠮᠤᠵᠢᠯ ᠤᠨ ᠲᠢᠩᠬᠢᠮ ᠤᠨ ︽ᠦᠨᠳᠤᠰᠤᠳᠡᠨ ᠤ ᠪᠦᠯᠬᠦᠮᠳᠠᠯ ᠲᠠᠪᠰᠢᠯᠳᠠ ᠶᠢᠨ ᠬᠦᠮᠤᠵᠢᠯ ᠤᠨ ᠠᠵᠢᠯ ᠢ ᠦᠷᠬᠦᠯᠵᠢᠯᠡᠬᠦ᠋ᠢᠴᠠ ᠬᠦᠨᠵᠡᠭᠡᠢ ᠦᠷᠨᠢᠬᠦᠯᠤᠨ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠭᠴᠠ ᠶᠢᠨ ᠲᠠᠨᠢᠯᠳᠠ ᠶᠢ ᠪᠠᠳᠤᠳᠬᠠᠬᠤ ᠲᠤᠬᠠᠢ ᠬᠡᠷᠡᠭᠵᠢᠬᠦᠯᠬᠦ ᠲᠦᠰᠥᠪ︾ ᠪᠠ ︽ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠪᠠᠶᠢᠭᠤᠯᠤᠯᠳᠠ ᠶᠢᠨ ᠵᠢᠭᠠᠨ ᠵᠢᠯᠤᠭᠤᠳᠤᠯᠭ᠎ᠠ ᠶᠢᠨ ᠰᠠᠨᠠᠯ︾ ᠢ ᠬᠦᠨᠵᠡᠭᠡᠢ ᠲᠤᠭᠤᠰᠢᠯᠠᠭᠤᠯᠬᠤ ᠪᠠᠷ ᠠᠶᠢᠮᠠᠭ ᠤᠨ ᠰᠤᠷᠭᠠᠨ ᠬᠦᠮᠤᠵᠢᠯ ᠤᠨ ᠲᠤᠪᠴᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠬᠤᠰᠢᠭᠤ ᠰᠢᠶᠠᠨ ᠢᠶᠠᠷ ᠬᠦᠨᠵᠡᠭᠡᠶᠢᠷᠡᠨ᠂ ᠦᠨᠳᠤᠰᠤᠳᠡᠨ ᠤ ᠰᠤᠷᠭᠠᠭᠤᠯᠢ ᠶᠢᠨ ᠵᠠᠬᠢᠷᠤᠯ ᠤᠨ ᠰᠠᠭᠤᠳᠠᠯ ᠤᠨ ᠬᠤᠷᠠᠯ ᠢ ᠤᠷᠢᠳ ᠬᠤᠵᠢᠳ 4 ᠤᠳᠠᠭ᠎ᠠ ᠬᠤᠷᠠᠯᠳᠤᠭᠤᠯᠵᠦ᠂ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠪᠠᠶᠢᠭᠤᠯᠤᠯᠳᠠ ᠶᠢ ᠴᠢᠩᠭᠠᠳᠬᠠᠵᠦ᠂ ᠦᠨᠳᠤᠰᠤᠳᠡᠨ ᠤ 11 ᠰᠤᠷᠭᠠᠭᠤᠯᠢ ᠪᠠᠷ ᠭᠦᠨᠵᠡᠭᠡᠶᠢᠷᠡᠨ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠤᠷᠴᠢᠨ ᠲᠤᠭᠤᠷᠢᠨ ᠢ ᠲᠦᠷᠢᠮᠵᠢᠬᠦᠯᠬᠦ᠂ ᠰᠤᠷᠤᠭᠴᠢᠳ ᠤᠨ ᠠᠮᠤᠷ ᠲᠦᠪᠰᠢᠨ ᠢ ᠪᠠᠳᠤᠯᠠᠬᠤ ᠲᠤᠬᠠᠢ ᠪᠠᠶᠢᠴᠠᠭᠠᠨ ᠵᠢᠯᠤᠭᠤᠳᠤᠭᠰᠠᠨ ᠪᠠᠶᠢᠨ᠎ᠠ᠃ ᠡᠬᠦᠨ ᠳᠤ᠂ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ ᠪᠦᠬᠦ ᠬᠤᠰᠢᠭᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠶᠤᠰᠤ ᠰᠤᠷᠳᠠᠬᠤᠨ ᠤ ᠠᠵᠢᠯ ᠢ ᠲᠦᠯᠬᠢᠨ ᠠᠬᠢᠭᠤᠯᠬᠤ ᠬᠤᠷᠠᠯ ᠬᠢᠵᠦ᠂ ︽ᠰᠢᠨ᠎ᠠ ᠭᠤᠷᠪᠠᠨ ᠰᠢᠯᠢᠳᠡᠭ︾ ︽ᠰᠤᠷᠭᠠᠭᠤᠯᠢ ᠶᠢᠨ ᠬᠦᠷᠢᠶᠡᠨ ᠤ ᠤᠳᠤᠨ︾ ︽ᠡᠷᠬᠢᠮ ᠰᠤᠷᠳᠠᠯ ᠲᠠᠢ ᠪᠠᠭᠠᠴᠤᠳ︾ ᠢ ᠰᠢᠯᠭᠠᠷᠠᠭᠤᠯᠬᠤ ᠠᠵᠢᠯᠯᠠᠭ᠎ᠠ ᠦᠷᠨᠢᠬᠦᠯᠵᠠᠢ︔ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤ ︽ᠤᠯᠤᠰ ᠢᠶᠠᠨ ᠬᠠᠶᠢᠷᠠᠯᠠᠨ ᠬᠠᠷᠢᠭᠤᠴᠠᠯᠭ᠎ᠠ ᠡᠬᠦᠷᠭᠡᠯᠡᠵᠤ ᠰᠢᠯᠢᠳᠡᠭ ᠬᠦᠮᠤᠨ ᠪᠤᠯᠵᠤ ᠬᠦᠮᠤᠵᠢᠭᠳᠡᠬᠦ︾ ᠭᠤᠤᠯ ᠰᠡᠳᠤᠪᠳᠤ ᠬᠦᠮᠤᠵᠢᠯ ᠤᠨ ᠠᠵᠢᠯᠯᠠᠭ᠎ᠠ ᠦᠷᠨᠢᠬᠦᠯᠪᠠ︔ ᠤᠯᠠᠭᠠᠨᠬᠤᠳᠠ ᠮᠤᠩᠭᠤᠯ ᠦᠨᠳᠤᠰᠤᠳᠡᠨ ᠤ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠪᠡᠯᠭᠡᠯᠡᠬᠦ ᠨᠠᠶᠢᠷᠠᠯ ᠲᠠᠭᠤᠥ ᠶᠢᠨ ᠨᠠᠶᠢᠷ᠂ ᠤᠯᠤᠰ ᠢᠶᠠᠨ ᠬᠠᠶᠢᠷᠠᠯᠠᠬᠤ ᠺᠢᠨᠣ᠋ ᠰᠤᠨᠢᠷᠬᠠᠬᠤ ᠵᠡᠷᠭᠡ ᠭᠤᠥᠯ ᠰᠡᠳᠤᠪᠳᠤ ᠰᠢᠷᠢᠰ ᠠᠵᠢᠯᠯᠠᠭ᠎ᠠ ᠦᠷᠨᠢᠬᠦᠯᠥᠭᠰᠡᠨ ᠪᠠᠶᠢᠨ᠎ᠠ᠃         ᠪᠠᠭᠰᠢ ᠶᠢᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠦ᠂ ᠪᠠᠭᠰᠢᠨᠠᠷ ᠤᠨ ᠬᠡᠪ ᠪᠤᠯᠪᠠᠰᠤᠷᠠᠯ ᠢ ᠤᠯᠠᠮ ᠨᠢᠭᠡ ᠠᠯᠬᠤᠮ ᠲᠡᠭᠡᠭᠰᠢᠯᠡᠭᠦᠯᠵᠠᠢ         ᠮᠠᠨ ᠤ ᠠᠶᠢᠮᠠᠭ ᠦᠨᠳᠦᠰᠦᠳᠡᠨ ᠤ ᠲᠤᠮᠳᠠᠳᠤ ᠪᠠᠭ᠎ᠠ ᠰᠤᠷᠭᠠᠭᠤᠯᠢ ᠪᠠ ᠦᠨᠳᠦᠰᠦᠳᠡᠨ ᠤ ᠬᠡᠤᠬᠡᠳ ᠤᠨ ᠴᠡᠴᠡᠷᠯᠢᠭ ᠤᠨ ᠪᠠᠭᠰᠢᠨᠠᠷ ᠢ ᠪᠦᠬᠦ ᠤᠷᠤᠨ ᠤ ᠮᠤᠩᠭᠤᠯ ᠢᠶᠠᠷ ᠬᠢᠴᠢᠶᠡᠯᠯᠡᠬᠦ ᠲᠤᠮᠳᠠᠳᠤ ᠪᠠᠭ᠎ᠠ ᠰᠤᠷᠭᠠᠭᠤᠯᠢ᠂ ᠴᠡᠴᠡᠷᠯᠢᠭ ᠤᠨ ᠪᠠᠭᠰᠢ ᠪᠠ ᠵᠠᠬᠢᠷᠤᠯ ᠤᠨ ᠪᠤᠯᠪᠠᠰᠤᠷᠠᠯ ᠤᠨ ᠠᠩᠬᠢ ᠳᠤ ᠤᠷᠤᠯᠴᠠᠭᠤᠯᠵᠤ᠂ ᠪᠦᠬᠦ ᠵᠢᠯ ᠳᠤ ᠨᠡᠶᠢᠳᠡ 328 ᠪᠠᠭᠰᠢ ᠶᠢ ᠬᠦᠬᠡᠬᠤᠳᠠ᠂ ᠲᠢᠶᠠᠨᠵᠢᠨ᠂ ᠶᠠᠨᠲ᠋ᠠᠢ ᠵᠡᠷᠭᠡ ᠭᠠᠵᠠᠷ ᠲᠤ ᠲᠤᠮᠢᠯᠠᠨ ᠪᠠᠭᠰᠢ ᠶᠢᠨ ᠪᠤᠯᠪᠠᠰᠤᠷᠠᠯ ᠳᠤ ᠤᠷᠤᠯᠴᠠᠭᠤᠯᠵᠠᠢ᠃ ᠪᠦᠬᠦ ᠵᠢᠯ ᠳᠤ ᠪᠦᠬᠦ ᠠᠶᠢᠮᠠᠭ ᠤᠨ ᠮᠤᠩᠭᠤᠯ ᠢᠶᠠᠷ ᠬᠢᠴᠢᠶᠡᠯᠯᠡᠬᠦ ᠲᠤᠮᠳᠠᠳᠤ ᠪᠠᠭ᠎ᠠ ᠰᠤᠷᠭᠠᠭᠤᠯᠢ ᠪᠠ ᠬᠡᠥᠬᠡᠳ ᠤᠨ ᠴᠡᠴᠡᠷᠯᠢᠭ ᠤᠨ 1634 ᠪᠠᠭᠰᠢ ᠵᠢᠴᠢ ᠬᠠᠮᠢᠶᠠᠷᠤᠭᠴᠢ ︵ᠬᠦᠮᠦᠨ ᠤᠳᠠᠭ᠎ᠠ︶ ᠳᠤ ᠪᠤᠯᠪᠠᠰᠤᠷᠠᠯ ᠬᠦᠷᠳᠡᠭᠡᠭᠰᠡᠨ ᠪᠠᠶᠢᠨ᠎ᠠ᠃ ᠪᠦᠬᠦ ᠠᠶᠢᠮᠠᠭ ᠤᠨ ᠮᠤᠩᠭᠤᠯ ᠢᠶᠠᠷ ᠬᠢᠴᠢᠶᠡᠯᠯᠡᠬᠦ ᠵᠢᠭᠠᠨ ᠰᠤᠷᠭᠠᠭᠴᠢ ᠵᠢᠴᠢ ᠵᠢᠭᠠᠨ ᠰᠤᠷᠭᠠᠯᠳᠠ ᠶᠢᠨ ᠬᠠᠮᠢᠶᠠᠷᠤᠭᠴᠢ ᠶᠢᠨ ᠪᠤᠯᠪᠠᠰᠤᠷᠠᠯ ᠤᠨ ᠠᠩᠬᠢ ᠶᠢ ᠰᠢᠯᠢᠩᠬᠤᠳᠠ ᠳᠤ ᠡᠷᠭᠢᠯᠡᠭᠰᠡᠨ ᠪᠦᠭᠡᠳ ᠰᠢᠯᠢ ᠶᠢᠨ ᠭᠤᠥᠯ ᠠᠶᠢᠮᠠᠭ ᠤᠨ 6 ᠰᠤᠷᠭᠠᠭᠤᠯᠢ ᠪᠠᠷ ᠬᠢᠴᠢᠶᠡᠯ ᠰᠤᠨᠤᠰᠴᠤ᠂ ᠰᠤᠷᠭᠠᠭᠤᠯᠢ ᠶᠢᠨ ᠵᠢᠭᠠᠨ ᠰᠤᠷᠭᠠᠯᠳᠠ ᠂ ᠰᠤᠷᠭᠠᠭᠤᠯᠢ ᠶᠢᠨ ᠬᠠᠮᠢᠶᠠᠷᠤᠯᠳᠠ ᠪᠠ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠪᠦᠳᠤᠭᠡᠨ ᠪᠠᠶᠢᠭᠤᠯᠤᠯᠳᠠ ᠶᠢ ᠲᠤᠬᠠᠢ ᠶᠢᠨ ᠭᠠᠵᠠᠷ ᠲᠤᠨᠢ ᠲᠤᠭᠤᠷᠢᠨ ᠦᠵᠡᠵᠤ ᠰᠤᠷᠤᠯᠴᠠᠨ᠂ ᠦᠨᠳᠤᠰᠤᠳᠡᠨ ᠤ ᠰᠤᠷᠭᠠᠨ ᠬᠦᠮᠤᠵᠢᠯ ᠤᠨ ᠲᠤᠬᠠᠢ ᠠᠶᠢᠮᠠᠭ ᠬᠤᠳᠠ ᠶᠢᠨ ᠬᠤᠭᠤᠷᠤᠨᠳᠤᠬᠢ ᠬᠠᠷᠢᠯᠴᠠᠭ᠎ᠠ ᠪᠠ ᠬᠠᠮᠵᠢᠯᠴᠠᠭ᠎ᠠ ᠶᠢ ᠴᠢᠩᠭᠠᠳᠬᠠᠵᠤ᠂ ᠦᠨᠳᠤᠰᠤᠳᠡᠨ ᠤ ᠰᠤᠷᠭᠠᠨ ᠬᠦᠮᠤᠵᠢᠯ ᠤᠨ ᠵᠢᠭᠠᠨ ᠰᠤᠷᠭᠠᠯᠳᠠ ᠶᠢᠨ ᠶᠠᠰᠤ ᠴᠢᠨᠠᠷ ᠢᠶᠠᠨ ᠲᠡᠭᠡᠭᠰᠢᠯᠡᠭᠦᠯᠬᠦ ᠳᠤ ᠲᠤᠷᠰᠢᠯᠭ᠎ᠠ ᠰᠤᠷᠭᠠᠮᠵᠢ ᠬᠠᠩᠭᠠᠬᠰᠠᠨ ᠪᠠᠶᠢᠨ᠎ᠠ᠃        ᠪᠡᠯᠡ ᠤᠷᠤᠭᠤᠯᠤᠯᠳᠠ ᠪᠠᠨ ᠵᠢᠯ ᠲᠠᠷᠠᠭᠠᠯᠠᠨ ᠨᠡᠮᠡᠭᠳᠡᠬᠦᠯᠵᠦ᠂ ᠰᠤᠷᠭᠠᠭᠤᠯᠢ ᠡᠷᠬᠢᠯᠡᠬᠦ ᠨᠦᠬᠦᠴᠠᠯ ᠢᠶᠠᠨ ᠮᠡᠳᠡᠭᠳᠡᠮ᠎ᠠ ᠰᠠᠶᠢᠵᠢᠷᠠᠭᠤᠯᠵᠠᠢ        2019 ᠤᠨ ᠳᠤ᠂ ᠮᠠᠨ ᠤ ᠠᠶᠢᠮᠠᠭ ᠲᠦᠪ ᠤᠨ ᠡᠳ᠋ ᠤᠨ ᠵᠠᠰᠠᠭ ᠤᠨ ᠦᠨᠳᠤᠰᠤᠳᠡᠨ ᠤ ᠰᠤᠷᠭᠠᠨ ᠬᠦᠮᠤᠵᠢᠯ ᠤᠨ ᠤᠨᠴᠠ ᠨᠦᠬᠦᠪᠤᠷᠢ ᠮᠦᠩᠬᠦ ᠶᠢ 382 ᠲᠦᠮᠡᠨ ᠲᠦᠬᠦᠷᠢᠭ ᠬᠦᠷᠳᠡᠵᠤ᠂ ᠠᠶᠢᠮᠠᠭ ᠤᠨ ᠲᠡᠰ ᠤᠨ ᠮᠤᠩᠭᠤᠯ ᠢᠶᠠᠷ ᠬᠢᠴᠢᠶᠡᠯᠯᠡᠵᠤ ᠪᠠᠶᠢᠭ᠎ᠠ ᠲᠤᠮᠳᠠᠳᠤ ᠪᠠᠭ᠎ᠠ ᠰᠤᠷᠭᠠᠭᠤᠯᠢ ᠪᠠ ᠴᠡᠴᠡᠷᠯᠢᠭ ᠤᠨ ᠪᠠᠭᠰᠢ ᠨᠠᠷ ᠢ ᠪᠤᠯᠪᠠᠰᠤᠷᠠᠭᠤᠯᠬᠤ᠂ ᠮᠤᠩᠭᠤᠯ ᠢᠶᠠᠷ ᠬᠢᠴᠢᠶᠡᠯᠯᠡᠬᠦ 8 ᠰᠤᠷᠭᠠᠭᠤᠯᠢ ᠶᠢᠨ ᠲᠧᠭᠨᠢᠭ ᠮᠡᠷᠭᠡᠵᠢᠯ ᠤᠨ ᠬᠦᠳᠡᠯᠭᠡᠭᠡᠨ ᠤ ᠭᠡᠷ ᠢ ᠰᠢᠨᠡᠳᠭᠡᠬᠦ᠂ ᠮᠤᠩᠭᠤᠯ ᠬᠡᠯᠡᠨ ᠤ ᠵᠢᠭᠠᠨ ᠰᠤᠷᠭᠠᠯᠳᠠ ᠶᠢ ᠲᠤᠤᠷ ᠰᠦᠯᠵᠢᠶᠡᠵᠢᠯᠳᠡ ᠳᠤ ᠤᠷᠤᠭᠤᠯᠬᠤ ᠵᠡᠷᠭᠡ ᠠᠵᠢᠯᠯᠠᠭ᠎ᠠ ᠳᠤ ᠵᠠᠷᠤᠴᠠᠭᠤᠯᠵᠠᠢ᠃ ᠡᠭᠦᠨ ᠤ ᠬᠠᠮᠳᠤ ᠦᠪᠠᠷᠳᠡᠭᠡᠨ ᠵᠠᠰᠠᠬᠤ ᠤᠷᠤᠨ ᠠᠴᠠ 1059 ᠲᠦᠮᠡᠨ ᠲᠦᠭᠦᠷᠢᠭ ᠤᠯᠵᠦ᠂ ᠦᠨᠳᠤᠰᠤᠳᠡᠨ ᠤ 21 ᠰᠤᠷᠭᠠᠭᠤᠯᠢ ᠶᠢᠨ ᠬᠤᠤᠰ ᠬᠡᠯᠡᠨ ᠤ ᠪᠠᠭᠰᠢ ᠶᠢ ᠪᠤᠯᠪᠠᠰᠤᠷᠠᠭᠤᠯᠬᠤ᠂ ᠦᠨᠳᠤᠰᠤᠳᠡᠨ ᠤ ᠤᠨᠴᠠᠯᠢᠭᠳᠤ ᠵᠢᠭᠠᠨ ᠰᠤᠷᠭᠠᠯᠳᠠ ᠶᠢᠨ ᠲᠤᠨᠤᠭ ᠲᠦᠭᠦᠭᠡᠷᠦᠮᠵᠢ ᠶᠢ ᠰᠠᠶᠢᠵᠢᠷᠠᠭᠤᠯᠬᠤ ᠳᠤ ᠵᠠᠷᠤᠴᠠᠭᠤᠯᠤᠬᠰᠠᠨ ᠪᠠᠶᠢᠨ᠎ᠠ᠃ ᠠᠶᠢᠮᠠᠭ ᠤᠨ ᠡᠳ᠋ ᠤᠨ ᠵᠠᠰᠠᠭ ᠠᠴᠠ 450 ᠲᠦᠮᠡᠨ ᠲᠦᠬᠦᠷᠢᠭ ᠤᠨ ᠲᠤᠰᠬᠠᠢ ᠪᠡᠯᠡ ᠮᠦᠩᠬᠦ ᠤᠯᠵᠦ᠂ ᠦᠨᠳᠤᠰᠤᠳᠡᠨ ᠤ ᠤᠨᠴᠠᠯᠢᠭ ᠲᠠᠢ ᠰᠤᠷᠭᠠᠨ ᠬᠦᠮᠤᠵᠢᠯ ᠤᠨ ᠠᠵᠢᠯᠯᠠᠭ᠎ᠠ ᠦᠷᠨᠢᠬᠦᠯᠬᠦ ᠳᠤ ᠵᠠᠷᠤᠴᠠᠭᠤᠯᠪᠠ᠃ ᠡᠬᠦᠨ ᠠᠴᠠ ᠭᠠᠳᠠᠨ᠎ᠠ᠂ ᠡᠯ᠎ᠠ ᠬᠤᠰᠢᠭᠤ ᠰᠢᠶᠠᠨ ᠬᠤᠳᠠ ᠶᠢᠨ ᠵᠠᠰᠠᠭ ᠤᠨ ᠤᠷᠳᠤᠨ ᠴᠤ ᠦᠨᠳᠤᠰᠤᠳᠡᠨ ᠤ ᠰᠤᠷᠭᠠᠨ ᠬᠦᠮᠤᠵᠢᠯ ᠢ ᠪᠡᠯᠡ ᠮᠦᠩᠭᠦ ᠪᠠᠷ ᠲᠤᠰᠠᠯᠠᠵᠦ᠂ ᠪᠡᠶ᠎ᠠ ᠲᠠᠮᠢᠷ ᠤᠨ ᠤᠷᠳᠤᠨ ᠪᠠᠶᠢᠭᠤᠯᠬᠤ᠂ ᠪᠠᠶᠢᠷᠢ ᠶᠢᠨ ᠭᠡᠷ ᠢ ᠰᠢᠨᠡᠳᠭᠡᠭᠦ ᠶᠢ ᠨᠢ ᠲᠡᠮᠵᠢᠵᠠᠢ᠃        ᠬᠢᠴᠢᠶᠠᠯ ᠤᠨ ᠲᠠᠩᠬᠢᠮ ᠤᠨ ᠵᠢᠭᠠᠨ ᠰᠤᠷᠭᠠᠯᠳᠠ ᠶᠢᠨ ᠦᠭᠡᠷᠡᠴᠢᠯᠡᠯᠳᠠ ᠶᠢ ᠬᠦᠨᠵᠡᠭᠡᠶᠢᠷᠡᠬᠦᠯᠵᠦ᠂ ᠵᠢᠭᠠᠨ ᠰᠤᠷᠭᠠᠯᠳᠠ ᠶᠢᠨ ᠶᠠᠰᠤ ᠴᠢᠨᠠᠷ ᠤᠨ ᠲᠡᠭᠡᠭᠰᠢᠯᠡᠯᠳᠡ ᠶᠢ ᠠᠬᠢᠭᠤᠯᠵᠠᠢ        ᠦᠪᠠᠷᠳᠡᠭᠡᠨ ᠵᠠᠰᠠᠬᠤ ᠤᠷᠤᠨ ᠤ ᠵᠢᠭᠠᠨ ᠰᠤᠷᠭᠠᠯᠳᠠ ᠶᠢᠨ ᠲᠢᠩᠬᠢᠮ ᠤᠨ ᠠᠵᠢᠯ ᠤᠨ ᠱᠠᠭᠠᠷᠳᠠᠯᠭ᠎ᠠ ᠶᠤᠰᠤᠭᠠᠷ᠂ ᠮᠠᠨ ᠤ ᠠᠶᠢᠮᠠᠭ ᠦᠨᠳᠦᠰᠦᠳᠡᠨ ᠤ ᠪᠠᠭ᠎ᠠ ᠰᠤᠷᠭᠠᠭᠤᠯᠢ ᠶᠢᠨ ᠬᠢᠴᠢᠶᠡᠯ ᠲᠦᠷᠤᠯ ᠤᠨ 1 — 6 ᠳ᠋ᠤᠭᠠᠷ ᠤᠨ ᠤ ᠬᠢᠴᠢᠶᠡᠯ ᠲᠠᠶᠢᠯᠪᠤᠷᠢᠯᠠᠯᠳᠠ ᠶᠢ ᠰᠢᠩᠭᠡᠭᠡᠨ ᠠᠪᠬᠤ ᠠᠵᠢᠯ ᠢ ᠲᠠᠭᠠᠭᠠᠴᠢᠯᠡᠨ᠂ ᠵᠢᠯ ᠤᠨ ᠡᠭᠢ ᠪᠠᠷ ᠬᠤᠰᠢᠭᠤ ᠰᠢᠶᠠᠨ ᠬᠤᠳᠠ ᠶᠢᠨ ᠰᠤᠷᠭᠠᠨ ᠬᠦᠮᠤᠵᠢᠯ ᠤᠨ ᠲᠤᠪᠴᠢᠶ᠎ᠠ ᠶᠢᠨ ᠦᠨᠳᠤᠰᠤᠳᠡᠨ ᠤ ᠰᠤᠷᠭᠠᠨ ᠬᠦᠮᠦᠵᠢᠯ ᠤᠨ ᠲᠠᠰᠤᠭ ᠤᠨ ᠤᠳᠤᠷᠢᠳᠤᠯᠭ᠎ᠠ ᠪᠠ ᠦᠨᠳᠤᠰᠤᠳᠡᠨ ᠤ ᠰᠤᠷᠭᠠᠭᠤᠯᠢ ᠶᠢᠨ ᠬᠠᠮᠢᠶ᠎ᠠ ᠪᠦᠬᠦᠢ ᠤᠳᠤᠷᠢᠳᠤᠯᠭ᠎ᠠ ᠤᠷᠤᠯᠴᠠᠭᠰᠠᠨ ᠲᠤᠬᠠᠢᠢᠯᠠᠭᠰᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠤᠯᠠᠭᠠᠨᠬᠤᠳᠠ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ᠂ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠨᠢᠭᠡᠳᠤᠭᠡᠷ ᠪᠠᠭ᠎ᠠ ᠰᠤᠷᠭᠠᠭᠤᠯᠢ᠂ ᠢᠨᠳᠠᠷ ᠲᠠᠬᠢ ᠬᠤᠶᠠᠳᠤᠭᠠᠷ ᠪᠠᠭ᠎ᠠ ᠰᠤᠷᠭᠠᠭᠤᠯᠢ ᠵᠢᠴᠢ ᠪᠠᠶᠠᠨᠬᠤᠰᠢᠭᠤ ᠲᠦᠷᠪᠡᠳᠤᠭᠡᠷ ᠪᠠᠭ᠎ᠠ ᠰᠤᠷᠭᠠᠭᠤᠯᠢ ᠵᠡᠷᠭᠡ ᠲᠦᠷᠪᠡᠨ ᠪᠠᠭ᠎ᠠ ᠰᠤᠷᠭᠠᠭᠤᠯᠢ ᠶᠢ ᠬᠢᠴᠢᠶᠡᠯ ᠲᠠᠶᠢᠯᠪᠤᠷᠢᠯᠠᠬᠤ ᠰᠠᠭᠤᠷᠢᠨ ᠭᠠᠵᠠᠷ ᠢᠶᠠᠷ ᠲᠤᠭᠳᠠᠭᠠᠵᠤ᠂ ᠪᠠᠭ᠎ᠠ ᠰᠤᠷᠭᠠᠭᠤᠯᠢ ᠶᠢᠨ 1 — 3 ᠤᠨ ᠤ ᠬᠢᠴᠢᠶᠡᠯᠯᠡᠭᠡ ᠶᠢ ᠰᠢᠩᠭᠡᠭᠡᠬᠦ ᠠᠵᠢᠯ ᠢ ᠠᠮᠵᠢᠯᠳᠠᠳᠠᠢ ᠲᠠᠭᠤᠰᠬᠠᠭᠰᠠᠨ ᠪᠠᠶᠢᠨ᠎ᠠ᠃ ᠪᠠᠰᠠ ᠡᠯ᠎ᠠ ᠬᠤᠰᠢᠭᠤ ᠰᠢᠶᠠᠨ ᠬᠤᠳᠠ ᠶᠢᠨ ᠦᠨᠳᠦᠰᠦᠳᠡᠨ ᠤ ᠲᠤᠮᠳᠠᠳᠤ ᠪᠠᠭ᠎ᠠ ᠰᠤᠷᠭᠠᠭᠤᠯᠢ ᠴᠤ ᠤᠯᠠᠨ ᠵᠦᠢᠯ ᠤᠨ ᠠᠷᠭ᠎ᠠ ᠠᠪᠴᠠᠯ ᠢᠶᠠᠷ ᠬᠢᠴᠢᠶᠡᠯᠯᠡᠭᠡ ᠶᠢᠨ ᠦᠭᠡᠷᠡᠴᠢᠯᠡᠯᠳᠠ ᠶᠢ ᠤᠯᠠᠮ ᠨᠢᠭᠡ ᠠᠯᠬᠤᠮ ᠬᠦᠨᠵᠡᠭᠡᠶᠢᠷᠡᠬᠦᠯᠵᠠᠢ᠃        ᠡᠯᠪᠡᠭ ᠠᠭᠤᠯᠭ᠎ᠠ ᠪᠦᠬᠦᠢ ᠠᠵᠢᠯᠯᠠᠭ᠎ᠠ ᠦᠷᠨᠢᠬᠦᠯᠤᠨ᠂ ᠦᠨᠳᠤᠰᠤᠳᠡᠨ ᠤ ᠰᠤᠶᠤᠯ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠵᠠᠢ         2019 ᠤᠨ ᠳᠤ ᠮᠠᠨ ᠤ ᠠᠶᠢᠮᠠᠭ ᠪᠦᠬᠦ ᠠᠶᠢᠮᠠᠭ ᠤᠨ ᠦᠨᠳᠦᠰᠦᠳᠡᠨ ᠤ ᠲᠤᠮᠳᠠᠳᠤ ᠪᠠᠭ᠎ᠠ ᠰᠤᠷᠭᠠᠭᠤᠯᠢ ᠶᠢᠨ ᠤᠯᠠᠮᠵᠢᠯᠠᠯᠳᠤ ᠪᠡᠶ᠎ᠠ ᠲᠠᠮᠢᠷ ᠤᠨ ᠬᠦᠳᠡᠯᠭᠡᠭᠡᠨ ᠢ ᠵᠤᠬᠢᠶᠠᠨ ᠪᠠᠶᠢᠭᠤᠯᠵᠦ᠂ ᠲᠤᠮᠳᠠᠳᠤ ᠪᠠᠭ᠎ᠠ ᠰᠤᠷᠭᠠᠭᠤᠯᠢ ᠶᠢᠨ 300 ᠭᠠᠷᠤᠢ ᠰᠤᠷᠤᠭᠴᠢ ᠪᠦᠬᠡ ᠪᠠᠷᠢᠯᠳᠤᠬᠤ᠂ ᠬᠠᠷᠪᠤᠭ᠎ᠠ᠂ ᠪᠢᠯᠠᠭᠤ ᠰᠢᠳᠡᠬᠦ᠂ ᠵᠡᠪᠰᠡᠭ ᠤᠨ ᠡᠷᠳᠡᠮ᠂ ᠲᠡᠭᠡᠰᠤ ᠲᠠᠳᠠᠬᠤ ᠵᠡᠷᠭᠡ 5 ᠲᠦᠷᠤᠯ ᠤᠨ ᠤᠷᠤᠯᠳᠤᠭᠠᠨ ᠳᠤ ᠤᠷᠤᠯᠴᠠᠵᠠᠢ᠃ ᠵᠠᠯᠠᠶᠢᠳ ᠬᠤᠰᠢᠭᠤ ︽ᠮᠦᠩᠬᠦᠨ ᠴᠤᠤᠯ ᠬᠤᠨᠳᠠᠭᠠᠳᠤ︾ ᠡᠬᠡ ᠬᠡᠯᠡᠨ ᠤ ᠰᠢᠯᠥᠭ ᠤᠨ ᠤᠩᠰᠢᠯᠭ᠎ᠠ ᠶᠢᠨ ᠤᠷᠤᠯᠳᠤᠭᠠᠨ ᠶᠠᠪᠤᠭᠤᠯᠵᠦ᠂ ᠲᠤᠮᠳᠠᠳᠤ ᠬᠤᠰᠢᠭᠤ ᠪᠦᠬᠦ ᠬᠤᠰᠢᠭᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠲᠤᠬᠠᠢ ᠶᠢᠨ ᠲᠠᠯᠠᠪᠠᠢ ᠶᠢᠨ ᠵᠤᠬᠢᠶᠠᠨ ᠪᠢᠴᠢᠯᠭᠡ ᠶᠢᠨ ᠤᠷᠤᠯᠳᠤᠭᠠᠨ ᠪᠠ ︽ᠤᠷᠠᠨ ᠤᠩᠰᠢᠯᠭ᠎ᠠ ᠶᠢᠨ ᠤᠷᠤᠯᠳᠤᠭᠠᠨ︾ ᠡᠷᠭᠢᠯᠡᠨ᠂ ᠡᠮᠤᠨᠡᠳᠤ ᠬᠤᠰᠢᠭᠤ ︽ᠮᠤᠩᠭᠤᠯ ᠦᠨᠳᠤᠰᠤᠳᠡᠨ ᠤ ᠤᠯᠠᠮᠵᠢᠯᠠᠯᠳᠤ ᠰᠤᠶᠤᠯ ᠤᠨ ᠰᠤᠨᠢᠷᠬᠠᠯ︾ ᠭᠡᠬᠦ ᠬᠢᠴᠢᠶᠡᠯ ᠤᠨ ᠭᠠᠳᠠᠨᠠᠬᠢ ᠨᠤᠮ ᠢ ᠨᠠᠶᠢᠷᠠᠭᠤᠯᠤᠨ ᠰᠤᠷᠤᠭᠴᠢᠳ ᠲᠠᠭᠠᠨ ᠲᠠᠯ᠎ᠠ ᠨᠤᠳᠤᠭ ᠤᠨ ᠨᠠᠭᠠᠳᠤᠮ ᠢ ᠤᠢᠢᠯᠠᠭᠠᠭᠤᠯᠵᠦ᠂ ᠤᠯᠠᠭᠠᠨᠬᠤᠳᠠ ᠶᠢᠨ ᠭᠡᠭᠡᠨᠰᠦ᠋ᠮ᠎ᠠ ᠭᠤᠤᠯ ᠪᠠᠭ᠎ᠠ ᠰᠤᠷᠭᠠᠭᠤᠯᠢ ︽ᠠᠭᠤᠯᠠ ᠲᠦᠷᠪᠡᠨ ᠤᠳᠠᠰᠤᠳᠤ ᠬᠤᠭᠤᠷ ᠤᠨ ᠪᠤᠯᠪᠠᠰᠤᠷᠠᠯ ᠤᠨ ᠰᠠᠭᠤᠷᠢᠨ ᠭᠠᠵᠠᠷ︾ ᠪᠠᠶᠢᠭᠤᠯᠵᠤ᠂ ᠢᠯᠠᠯᠳᠠ ᠭᠤᠥᠯ ᠪᠠᠭ᠎ᠠ ᠰᠤᠷᠭᠠᠭᠤᠯᠢ ᠪᠦᠬᠡ ᠪᠠᠷᠢᠯᠳᠤᠬᠤ᠂ ᠮᠤᠷᠢᠨ ᠬᠤᠭᠤᠷ᠂ ᠮᠤᠩᠭᠤᠯ ᠰᠢᠳᠠᠷ᠎ᠠ᠂ ᠮᠤᠩᠭᠤᠯ ᠤᠷᠠᠨ ᠪᠢᠴᠢᠯᠭᠡ᠂ ᠬᠠᠳᠬᠤᠮᠠᠯ᠂ ᠦᠨᠳᠤᠰᠤᠳᠡᠨ ᠤ ᠪᠦᠵᠢᠭ ᠤᠨᠴᠠᠯᠢᠭᠳᠤ ᠬᠢᠴᠢᠶᠡᠯ ᠢᠶᠠᠷ ᠲᠠᠮᠵᠢᠨ ᠰᠤᠷᠤᠭᠴᠢᠳ ᠤᠨ ᠪᠦᠬᠦ ᠲᠠᠯ᠎ᠠ ᠶᠢᠨ ᠬᠦᠭᠵᠢᠯᠳᠠ ᠶᠢ ᠠᠬᠢᠭᠤᠯᠵᠠᠢ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号