ᠨᠤᠲᠤᠭ ᠢᠶᠠᠨ ᠭᠡᠬᠦ ᠮᠢᠨᠦ ᠰᠡᠳᠬᠢᠯ
ᠨᠡᠶᠢᠲᠡᠯᠡᠭᠰᠡᠨ ᠴᠠᠭ᠄
2020/9/15
      ᠬᠢᠵᠢᠭ ᠡᠪᠡᠳᠴᠢᠨ ᠨᠢ ᠪᠢᠳᠡᠨ ᠤ ᠡᠪᠦᠯ ᠤᠨ ᠠᠮᠠᠷᠠᠯᠲᠠ ᠶᠢᠨ ᠬᠤᠭᠤᠴᠠᠭ᠎ᠠ ᠶᠢᠨ ᠴᠠᠭᠠᠨ ᠰᠠᠷ᠎ᠠ ᠠᠴᠠ ᠡᠬᠢᠯᠡᠵᠠᠢ᠃ ᠡᠨᠡ ᠡᠪᠡᠳᠴᠢᠨ ᠤᠯᠤᠰ ᠲᠠᠶᠠᠭᠠᠷ ᠲᠡᠯᠭᠡᠷᠡᠭᠰᠡᠨ ᠠᠶᠤᠮᠰᠢᠬᠲᠠᠢ ᠡᠪᠡᠳᠴᠢᠨ ᠰᠢᠥ᠂ ᠲᠠ ᠬᠡᠷᠰᠡᠥᠯᠡᠬᠦ ᠦᠭᠡᠢ ᠪᠣᠯ ᠡᠪᠡᠳᠴᠢᠨ ᠳᠤ ᠣᠨᠣᠬᠳᠠᠴᠢᠬᠠᠨ᠎ᠠ᠃ ᠬᠢᠵᠢᠭ ᠡᠪᠡᠳᠴᠢᠨ ᠢ ᠰᠠᠶᠢᠨ ᠰᠡᠷᠭᠡᠶᠢᠯᠡᠬᠦ ᠭᠡᠪᠡᠯ ᠡᠷᠬᠡᠪᠰᠢ ᠭᠠᠷ ᠢᠶᠠᠨ ᠤᠬᠢᠶᠠᠵᠦ᠂ ᠡᠳᠦᠷ ᠪᠦᠷᠢ ᠭᠡᠷ ᠦᠷᠦᠭᠡᠨ ᠳᠤ ᠪᠠᠨ ᠠᠭᠠᠷ ᠨᠡᠪᠲᠡᠷᠡᠭᠦᠯᠬᠦ ᠶᠢ ᠪᠠᠲᠤᠯᠠᠨ᠎ᠠ᠃ ᠭᠡᠷ ᠡᠷᠦᠬᠡ ᠪᠠᠨ ᠠᠷᠢᠭᠤᠳᠬᠠᠬᠤ ᠳᠤ ᠶᠡᠷᠦᠳᠡᠭᠡᠨ 84 ᠠᠷᠢᠭᠤᠳᠬᠠᠬᠤ ᠰᠢᠩᠭᠡᠨ ᠡᠳ᠋ ᠢ ᠬᠡᠷᠡᠭᠯᠡᠳᠡᠭ᠃ ᠠᠮᠠᠪᠴᠢ ᠵᠡᠭᠦᠵᠦ᠂ ᠭᠡᠷ ᠤᠨ ᠬᠦᠮᠦᠰ ᠲᠡᠭᠡᠨ ᠪᠠᠰᠠ ᠠᠮᠠᠪᠴᠢ ᠵᠡᠭᠦᠯᠭᠡᠨ᠎ᠡ᠃ ᠭᠠᠵᠠᠷ ᠳᠡᠭᠡᠷ᠎ᠡ ᠳᠤᠷ᠎ᠠ ᠪᠠᠷ ᠢᠶᠠᠨ ᠨᠣᠯᠮᠤᠵᠦ ᠪᠣᠯᠬᠤ ᠦᠭᠡᠢ᠂ ᠨᠣᠯᠮᠤᠬᠤ ᠦᠶᠡᠰ ᠪᠡᠶ᠎ᠡ ᠳᠤ ᠪᠠᠨ ᠴᠠᠭᠠᠰᠤ ᠠᠪᠴᠦ ᠶᠠᠪᠤᠬᠤ ᠬᠡᠷᠡᠭᠲᠡᠢ ᠂ ᠢᠩᠭᠢᠪᠡᠯ ᠬᠢᠵᠢᠭ ᠡᠪᠡᠳᠴᠢᠨ ᠢ ᠰᠡᠷᠭᠡᠶᠢᠯᠡᠵᠤ ᠦᠪᠡᠷ ᠢ ᠪᠠᠨ ᠬᠠᠮᠠᠭᠠᠯᠠᠬᠤ ᠪᠠᠷ ᠪᠠᠷᠠᠬᠤ ᠦᠭᠡᠢ᠂ ᠪᠠᠰᠠ ᠣᠯᠠᠨ ᠨᠡᠶᠢᠲᠡ ᠶᠢ ᠬᠠᠮᠠᠭᠠᠯᠠᠬᠰᠠᠨ ᠶᠠᠪᠤᠳᠠᠯ ᠪᠣᠯᠬᠤ ᠶᠤᠮ᠃ ᠬᠠᠮᠲᠦ ᠪᠠᠷ ᠶᠠᠪᠤᠬᠤ ᠦᠶᠡᠰ ᠬᠤᠭᠤᠷᠤᠨᠳᠤ ᠪᠠᠨ ᠡᠷᠬᠡᠪᠰᠢ ᠨᠢᠭᠡ ᠮᠧᠲᠷ ᠠᠴᠠ ᠢᠯᠡᠭᠦᠦ ᠵᠠᠶᠢᠲᠠᠢ ᠶᠠᠪᠤᠨ᠎ᠠ᠃ ᠣᠯᠠᠨ ᠨᠡᠶᠢᠲᠡ ᠶᠢᠨ ᠭᠠᠵᠠᠷ ᠲᠤ ᠣᠴᠢᠬᠤ ᠠᠴᠠ ᠵᠠᠶᠢᠯᠠᠰᠬᠢᠨ᠎ᠠ᠃ ᠬᠢᠵᠢᠭ ᠡᠪᠡᠳᠴᠢᠨ ᠨᠢ ᠭᠠᠳᠠᠬᠰᠢ ᠲᠠᠷᠬᠠᠨ ᠦᠷᠭᠡᠵᠢᠬᠦ ᠪᠣᠯᠤᠮᠵᠢ ᠲᠠᠢ᠃ ᠬᠡᠷᠪᠡ ᠪᠦᠬᠦ ᠪᠡᠶ᠎ᠡ ᠨᠢ ᠬᠠᠯᠠᠭᠤᠷᠠᠬᠤ᠂ ᠲᠠᠮᠢᠷᠳᠠᠬᠤ᠂ ᠬᠠᠨᠢᠶᠠᠭᠠᠳ ᠵᠣᠬᠰᠤᠬᠤ ᠦᠭᠡᠢ ᠪᠤᠯᠬᠤ᠂ ᠴᠢᠨᠠᠬᠰᠢᠯᠠᠪᠠᠯ ᠠᠮᠢᠰᠬᠤᠯ ᠴᠢᠬᠤᠯᠳᠠᠬᠤ᠂ ᠮᠠᠨᠠᠷᠠᠬᠤ ᠦᠶᠡᠰ ᠲᠦᠷᠭᠡᠨ ᠡᠮᠨᠡᠯᠭᠡ ᠳᠤ ᠣᠴᠢᠬᠤ ᠬᠡᠷᠡᠭᠲᠡᠢ᠃ ᠡᠮᠴᠢ ᠰᠤᠪᠢᠯᠠᠬᠴᠢ ᠡᠳᠦᠷ ᠰᠦᠨᠢ ᠦᠭᠡᠢ ᠡᠪᠡᠳᠴᠢᠯᠡᠭᠰᠡᠨ ᠬᠦᠮᠦᠨ ᠢ ᠵᠠᠰᠠᠨ᠎ᠠ ᠭᠡᠵᠦ ᠠᠮᠠᠷᠠᠬᠤ ᠴᠠᠭ ᠦᠭᠡᠢ ᠵᠦᠳᠡᠷᠡᠭᠰᠡᠨ ᠪᠣᠯᠪᠠᠴᠦ ᠶᠡᠷᠦᠨᠢ ᠵᠣᠷᠢᠭ ᠮᠣᠬᠤᠷᠠᠬᠰᠠᠨ ᠦᠭᠡᠢ᠃ ᠣᠳᠣ ᠬᠢᠵᠢᠭ ᠡᠪᠡᠳᠴᠢᠨ ᠪᠠᠰᠠ ᠳᠡᠯᠭᠡᠷᠡᠵᠦ ᠪᠠᠶᠢᠨ᠎ᠠ᠃ ᠭᠡᠷ ᠠᠴᠠ ᠪᠠᠨ ᠭᠠᠷᠬᠤ ᠦᠭᠡᠢ ᠪᠣᠯ ᠤᠯᠤᠰ ᠪᠠ ᠨᠤᠲᠤᠭ ᠲᠤ ᠪᠠᠨ ᠬᠠᠮᠤᠭ ᠤᠨ ᠶᠡᠭᠡ ᠲᠤᠰᠠ ᠨᠦᠯᠦᠭᠡ ᠦᠵᠡᠭᠦᠯᠦᠭᠰᠡᠨ ᠶᠠᠪᠤᠳᠠᠯ ᠪᠣᠯᠤᠨ᠎ᠠ᠃       ᠠᠶᠢᠯ ᠤᠨ ᠵᠠᠬ᠎ᠠ ᠵᠠᠮ ᠲᠠᠭᠠᠤ ᠴᠠᠬᠳᠠᠭ᠎ᠠ ᠠᠪᠠᠭ᠎ᠠ᠂ ᠬᠠᠬᠢᠷ ᠬᠦᠢᠲᠡᠨ ᠢ ᠬᠠᠶᠢᠬᠤᠷᠤᠯ ᠦᠭᠡᠢ ᠬᠠᠲᠠᠭᠤᠵᠢᠯᠲᠠᠢ ᠵᠣᠬᠰᠤᠵᠦ ᠪᠠᠶᠢᠨ᠎ᠠ᠃ ᠲᠡᠳᠡ ᠭᠠᠳᠠᠨᠠᠬᠢ ᠬᠦᠮᠦᠨ ᠢ ᠲᠣᠲᠤᠬᠰᠢ ᠣᠷᠤᠭᠤᠯᠬᠤ ᠦᠭᠡᠢ᠂ ᠠᠶᠢᠯ ᠤᠨ ᠬᠦᠮᠦᠨ ᠢ ᠭᠠᠳᠠᠬᠰᠢ ᠳᠤᠷ᠎ᠠ ᠪᠠᠷ ᠭᠠᠷᠭᠠᠬᠤ ᠦᠭᠡᠢ᠃ ᠡᠶᠢᠨᠬᠦ ᠬᠠᠲᠠᠭᠤᠵᠢᠯᠲᠠᠢ ᠠᠵᠢᠯᠯᠠᠵᠦ ᠪᠠᠶᠢᠭ᠎ᠠ ᠨᠢ ᠪᠦᠷ ᠰᠢᠨ᠎ᠡ ᠲᠢᠲᠢᠮᠯᠢᠭ ᠡᠭᠤᠰᠬᠢᠨ ᠦᠷᠪᠢᠰᠤᠯ ᠤᠨ ᠬᠢᠵᠢᠭ ᠡᠪᠡᠳᠴᠢᠲᠡᠨ ᠠᠶᠢᠯ ᠳᠤ ᠤᠷᠤᠬᠤ ᠶᠢ ᠰᠡᠷᠭᠡᠶᠢᠯᠡᠵᠤ᠂ ᠡᠮᠴᠢ ᠰᠣᠪᠢᠯᠠᠬᠴᠢ ᠶᠢᠨ ᠠᠵᠢᠯ ᠢ ᠬᠦᠩᠭᠡᠯᠡᠬᠦ ᠶᠢᠨ ᠲᠦᠯᠦᠭᠡ᠂ ᠮᠦᠨᠴᠦ ᠦᠪᠡᠷ ᠤᠨ ᠪᠡᠶ᠎ᠡ ᠪᠠ ᠤᠯᠤᠰ ᠤᠷᠤᠨ ᠨᠤᠲᠤᠭ ᠤᠰᠤ ᠪᠠᠨ ᠬᠠᠮᠠᠭᠠᠯᠠᠬᠤ ᠶᠢᠨ ᠲᠦᠯᠦᠭᠡ ᠶᠤᠮ᠃ ᠪᠢ ᠴᠠᠬᠳᠠᠭ᠎ᠠ ᠠᠪᠠᠭ᠎ᠠ ᠶᠢᠨ ᠬᠠᠬᠢᠷ ᠬᠦᠢᠲᠡᠨ ᠡᠪᠤᠯ ᠤᠨ ᠴᠠᠭ ᠦᠶ᠎ᠡ ᠳᠤ ᠲᠡᠰᠪᠦᠷᠢ ᠬᠠᠲᠠᠭᠤᠵᠢᠯᠲᠠᠢ ᠵᠣᠬᠰᠤᠵᠦ ᠪᠠᠶᠢᠭ᠎ᠠ ᠶᠢ ᠦᠵᠡᠭᠡᠳ᠂ ᠪᠢ ᠪᠠᠰᠠ ᠲᠣᠮᠤ ᠪᠣᠯᠤᠬᠰᠠᠨ ᠤ ᠬᠤᠶᠢᠨ᠎ᠠ ᠴᠠᠬᠳᠠᠭ᠎ᠠ ᠠᠪᠠᠭ᠎ᠠ ᠲᠠᠢ ᠠᠳᠠᠯᠢ ᠪᠠᠷ᠂ ᠨᠤᠲᠤᠭ ᠪᠠ ᠤᠯᠤᠰ ᠢᠶᠠᠨ ᠬᠠᠮᠠᠭᠠᠯᠠᠬᠤ ᠭᠡᠰᠡᠨ ᠪᠣᠳᠤᠯ ᠤᠷᠤᠬᠰᠠᠨ ᠪᠠᠶᠢᠨ᠎ᠠ᠃      ︽ᠬᠦᠮᠦᠨ ᠨᠤᠲᠤᠭ ᠢᠶᠠᠨ᠂ ᠬᠦᠯᠦᠭ ᠢᠵᠢᠯᠢ ᠪᠠᠨ︾ ᠭᠡᠳᠡᠭ ᠢᠶᠠᠷ ᠬᠦᠮᠦᠨ ᠪᠣᠯ ᠨᠤᠲᠤᠭ ᠠᠴᠠ ᠪᠠᠨ ᠰᠠᠯᠵᠦ ᠲᠡᠶᠢᠯᠬᠦ ᠦᠭᠡᠢ᠂ ᠬᠦᠯᠦᠭ ᠪᠣᠯ ᠢᠵᠢᠯᠢ ᠠᠴᠠ ᠪᠠᠨ ᠰᠠᠯᠵᠦ ᠲᠡᠶᠢᠯᠬᠦ ᠦᠭᠡᠢ᠂ ᠪᠢᠳᠡ ᠬᠦᠮᠦᠨ ᠪᠣᠯᠤᠬᠰᠠᠨ ᠤ ᠬᠤᠪᠢ ᠳᠤ ᠨᠤᠲᠤᠭ ᠤᠰᠤ ᠪᠠ ᠡᠬᠡ ᠤᠯᠤᠰ ᠢᠶᠠᠨ ᠬᠠᠮᠠᠭᠠᠯᠠᠬᠤ ᠡᠭᠦᠷᠭᠡ ᠲᠠᠢ᠂ ᠬᠠᠷᠢᠨ ᠦᠪᠡᠷ ᠤᠨ ᠤᠯᠤᠰ ᠪᠠ ᠨᠤᠳᠤᠭ ᠲᠠᠭᠠᠨ ᠬᠤᠬᠢᠷᠠᠯ ᠲᠠᠢ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠂ ᠡᠶᠢᠮᠦ ᠠᠴᠠ ᠬᠦᠮᠦᠨ ᠨᠢᠭᠡᠪᠦᠷᠢ ᠬᠤᠪᠢ ᠪᠡᠶ᠎ᠡ ᠶᠢᠨ ᠠᠷᠢᠭᠤᠨ ᠴᠡᠪᠡᠷ᠂ ᠡᠷᠡᠭᠦᠯ ᠴᠢᠬᠢᠷᠠᠭ ᠢ ᠰᠠᠶᠢᠨ ᠬᠠᠮᠠᠭᠠᠯᠠᠪᠠᠯ ᠰᠠᠶ᠋ᠢ ᠤᠯᠤᠰ ᠪᠠ ᠨᠤᠲᠤᠭ ᠤᠰᠤ ᠪᠠᠨ ᠬᠠᠮᠠᠭᠠᠯᠠᠵᠦ ᠴᠢᠳᠠᠨ᠎ᠠ᠃        ᠳᠤᠮᠳᠠᠳᠦ ᠶᠢᠨ ᠠᠷᠠᠳ ᠲᠦᠮᠡᠨ ᠤ ᠬᠠᠮᠳᠤ ᠶᠢᠨ ᠴᠢᠷᠮᠠᠶᠢᠯᠭ᠎ᠠ ᠲᠤᠤᠷ᠎ᠠ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠨᠢ ᠠᠮᠵᠢᠯᠳᠡ ᠤᠯᠵᠤ ᠴᠢᠳᠠᠬᠰᠠᠨ ᠪᠠᠶᠢᠨ᠎ᠠ᠃ ᠰᠢ ᠲᠡᠷᠢᠭᠦᠯᠡᠭᠴᠢ ᠠᠴᠠ ᠲᠡᠯᠡᠬᠡᠢ ᠶᠢᠨ ᠴᠢᠨᠡᠷᠳᠡᠢ ᠰᠢᠨ᠎ᠡ ᠲᠢᠲᠢᠮᠯᠢᠭ ᠡᠭᠤᠰᠬᠢᠨ ᠦᠷᠪᠢᠰᠤᠯ ᠤᠨ ᠬᠢᠵᠢᠭ ᠡᠪᠡᠳᠴᠢᠨ ᠢ ᠢᠯᠠᠨ ᠳᠠᠪᠠᠭ᠋ᠤ ᠠᠵᠢᠯᠯᠠᠭ᠎ᠠ ᠶᠢ ᠲᠡᠷᠢᠭᠦᠨ ᠪᠠᠶᠢᠷᠢᠨ ᠳᠤ ᠲᠠᠯᠪᠢᠵᠦ᠂ ᠠᠷᠠᠳ ᠲᠦᠮᠡᠨ ᠤ ᠠᠮᠢ ᠨᠠᠰᠤ ᠶᠢ ᠬᠠᠮᠤᠭ ᠤᠨ ᠡᠷᠬᠢᠮ ᠲᠡᠭᠡᠳᠦ ᠪᠠᠷ ᠦᠵᠡᠵᠦ᠂ ᠠᠮᠤᠷ ᠲᠦᠪᠰᠢᠨ ᠤ ᠪᠠᠲᠤᠯᠠᠭ᠎ᠠ ᠲᠠᠢ ᠪᠠᠶᠢᠬᠤ ᠶᠢ ᠴᠢᠬᠤᠯᠠᠴᠢᠯᠠᠵᠦ᠂ ᠬᠢᠵᠢᠭ ᠢ ᠰᠡᠷᠭᠡᠶᠢᠯᠡᠬᠦ ᠠᠵᠢᠯ ᠢ ᠰᠤᠯᠠᠷᠠᠰᠢ ᠦᠭᠡᠢ ᠴᠢᠩᠭᠠᠳᠬᠠᠬᠰᠠᠨ ᠪᠠᠶᠢᠨ᠎ᠠ᠃ ︽ᠪᠦᠯᠬᠦᠮᠳᠡᠯ ᠪᠣᠯ ᠬᠦᠴᠦᠨ︾ ᠭᠡᠳᠡᠭ ᠢᠶᠠᠷ᠂ ᠪᠢᠳᠡ ᠪᠦᠭᠦᠳᠡᠭᠡᠷ ᠰᠡᠳᠬᠢᠯ ᠨᠢᠭᠡᠲᠡᠢ ᠬᠢᠵᠢᠭ ᠢ ᠡᠰᠡᠷᠭᠦᠴᠡᠵᠦ ᠢᠯᠠᠯᠲᠠ ᠶᠢ ᠤᠯᠤᠯ᠎ᠠ᠃       ᠵᠤᠬᠢᠶᠠᠬᠴᠢ᠄ ᠵᠣᠣ ᠶᠠᠩ ᠭᠤᠸᠠᠩ ︵ᠵᠠᠯᠠᠶᠢᠳ ᠬᠤᠰᠢᠭᠤᠨ ᠤ ᠬᠥᠷᠡᠯ ᠭᠤᠣᠯ ᠰᠣᠷᠭᠠᠭᠤᠯᠢ ᠶᠢᠨ ᠲᠣᠯᠤᠭ᠎ᠠ ᠶᠢᠨ ᠬᠤᠶᠠᠷ ᠤᠨ ᠠᠩᠭᠢ︶       ᠵᠢᠯᠥᠭᠤᠳᠤᠬᠰᠠᠨ ᠪᠠᠭᠰᠢ᠄ ᠵᠠᠩ ᠳ᠋ᠠᠢ ᠰᠢᠶᠦ᠋ᠩ
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号