ᠤᠯᠠᠭᠠᠨᠬᠤᠳᠠ ᠶᠢᠨ ᠢᠯᠠᠯᠳᠠ ᠭᠤᠤᠯ ᠪᠠᠭ᠎ᠠ ᠰᠤᠷᠭᠠᠭᠤᠯᠢ ︽ᠦᠨᠳᠤᠰᠤᠳᠡᠨ ᠤ ᠪᠦᠯᠬᠦᠮᠳᠡᠯ ᠲᠠᠪᠰᠢᠯᠳᠠ  ᠶᠢᠨ ᠭᠤᠤᠯ ᠬᠦᠭ ᠠᠶᠠᠰ ᠢ ᠴᠢᠪᠬᠠᠳᠠᠵᠤ ᠪᠠᠶᠠᠷ ᠬᠦᠷ ᠲᠠᠢ ᠰᠢᠨ᠎ᠠ ᠤᠨ ᠢᠶᠠᠨ ᠤᠭᠳᠤᠬᠤ︾ ᠤᠷᠠᠨ ᠰᠠᠶᠢᠬᠠᠨ ᠤ ᠲᠤᠭᠯᠠᠯᠳᠠ ᠭᠠᠷᠭᠠᠪᠠ
ᠨᠡᠶᠢᠲᠡᠯᠡᠭᠰᠡᠨ ᠴᠠᠭ᠄
2021/1/8
    ᠰᠢᠨ᠎ᠠ ᠤᠨ ᠤ ᠪᠤᠱᠤᠭᠠᠨ ᠳᠤ᠂  ᠤᠯᠠᠭᠠᠨᠬᠤᠳᠠ ᠶᠢᠨ ᠢᠯᠠᠯᠳᠠ ᠭᠤᠤᠯ ᠪᠠᠭ᠎ᠠ ᠰᠤᠷᠭᠠᠭᠤᠯᠢ ᠶᠢᠨ ᠬᠦᠷᠢᠶᠡᠨ  ᠳᠤ ᠦᠩᠭᠡᠳᠤ ᠳ᠋ᠧᠩ ᠲᠤᠸᠠᠯᠠᠵᠤ᠂  ᠪᠠᠭᠰᠢ ᠠᠵᠢᠯᠳᠠᠨ ᠬᠠᠮᠳᠤ ᠪᠠᠷ 2021 ᠤᠨ ᠤ1 ᠰᠠᠷ᠎ᠠ ᠶᠢᠨ1 ᠤ ᠡᠳᠤᠷ ︽ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢᠨ ᠭᠤᠤᠯ ᠬᠦᠭ ᠠᠶᠠᠰ ᠢ ᠴᠢᠪᠬᠠᠳᠠᠵᠤ  ᠪᠠᠶᠠᠷ ᠬᠦᠷ ᠲᠠᠢ ᠰᠢᠨ᠎ᠡ ᠤᠨ ᠢᠶᠠᠨ ᠤᠭᠳᠤᠬᠤ︾ ᠤᠷᠠᠨ ᠰᠠᠶᠢᠬᠠᠨ ᠤ ᠲᠤᠭᠯᠠᠯᠳᠠ ᠭᠠᠷᠭᠠᠵᠤ᠂  ᠰᠢᠨ᠎ᠡ ᠤᠨ ᠳᠤ ᠨᠡᠩ ᠰᠠᠶᠢᠨ ᠪᠦᠯᠬᠦᠮᠳᠡᠨ ᠠᠵᠢᠯᠯᠠᠵᠤ᠂  ᠨᠡᠩ ᠭᠡᠷᠡᠯ ᠰᠠᠴᠤᠷᠠᠩᠭᠤᠢ ᠠᠮᠵᠢᠯᠳᠠ ᠶᠢ ᠤᠯᠬᠤ ᠠᠯᠢᠪᠠ ᠰᠠᠶᠢᠨ ᠰᠠᠶᠢᠬᠠᠨ ᠢ ᠬᠦᠰᠡᠨ ᠵᠦᠩᠨᠡᠭᠰᠡᠨ ᠪᠢᠯᠡ᠃     ᠰᠢᠨ᠎ᠠ ᠤᠨ ᠢᠶᠠᠨ ᠪᠠᠶᠠᠷ ᠬᠦᠷ ᠲᠠᠢ ᠤᠭᠳᠤᠬᠤ ᠠᠵᠢᠯᠯᠠᠭ᠎ᠠ ᠳᠤ᠂  ᠰᠤᠷᠭᠠᠭᠤᠯᠢ ᠠᠴᠠ ᠪᠠᠭᠰᠢ ᠨᠠᠷ ᠤᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠪᠠ ᠪᠠᠭᠰᠢ ᠨᠠᠷ ᠤᠨ ᠬᠡᠪ ᠴᠢᠳᠠᠪᠤᠷᠢ ᠶᠢ ᠲᠡᠯᠭᠡᠨ ᠦᠵᠡᠬᠦᠯᠬᠦ ᠶᠢᠨ ᠲᠤᠭᠤᠷᠢᠨ ᠳᠤ᠂ 2020 ᠤᠨ ᠤ ᠠᠮᠵᠢᠯᠳᠠ ᠪᠦᠳᠤᠭᠡᠯ ᠢᠶᠠᠨ ᠤᠬᠤᠷ ᠹᠢᠯᠢᠮ ᠦᠵᠡᠨ ᠲᠠᠬᠢᠨ ᠡᠷᠬᠢᠴᠡᠬᠦᠯᠵᠤ᠂  ᠪᠠᠭᠰᠢ ᠨᠠᠷ ᠢᠶᠠᠨ ᠡᠯᠪᠡᠭ ᠪᠠᠶᠠᠯᠢᠭ ᠠᠭᠤᠯᠭ᠎ᠠ ᠪᠦᠬᠦᠢ ᠲᠤᠭᠯᠠᠯᠳᠠ ᠭᠠᠷᠭᠠᠬᠤ ᠶᠢ ᠵᠤᠷᠢᠬᠵᠢᠭᠤᠯᠵᠠᠢ᠃  ᠡᠭᠦᠨ ᠳᠤ ᠂  ᠰᠤᠷᠭᠠᠭᠤᠯᠢ ᠶᠢᠨ ᠤᠳᠤᠷᠢᠳᠬᠤ ᠪᠠᠭ ᠠᠴᠠ ᠠᠷᠠᠳ ᠤᠨ ᠲᠠᠭᠤᠤ ᠡᠷᠬᠦᠵᠤ᠂  ᠰᠤᠷᠭᠠᠭᠤᠯᠢ ᠶᠢᠨ ᠠᠷᠤ ᠲᠠᠯ᠎ᠠ  ᠶᠢᠨ ᠤᠶᠢᠯᠡᠴᠢᠯᠡᠭᠡᠨ ᠤ ᠠᠵᠢᠯᠳᠠᠨ ᠠᠴᠠ ︽ ᠡᠪ ᠬᠠᠮᠳᠤ ᠨᠠᠮ ᠦᠭᠡᠢ ᠪᠤᠯ ᠰᠢᠨ᠎ᠠ ᠲᠤᠮᠳᠠᠳᠤ ᠤᠯᠤᠰ ᠪᠠᠶᠢᠵᠤ ᠴᠢᠳᠠᠬᠤ ᠦᠭᠡᠢ︾  ᠭᠡᠬᠦ ᠲᠠᠭᠤᠤ ᠡᠷᠬᠦᠵᠤ᠂  ᠬᠡᠤᠭᠡᠳ ᠤᠨ ᠴᠡᠴᠡᠷᠯᠢᠭ ᠤᠨ ᠪᠠᠭᠰᠢ ᠨᠠᠷ ᠠᠴᠠ ᠤᠳᠤ ᠦᠶ᠎ᠡ  ᠶᠢᠨ ᠪᠦᠵᠢᠭ ᠭᠠᠷᠭᠠᠨ᠂  ᠡᠯ᠎ᠡ ᠬᠢᠴᠢᠶᠡᠯ ᠲᠦᠷᠤᠯ ᠤ ᠪᠠᠭᠰᠢ ᠨᠠᠷ ᠲᠤᠭᠤᠶᠢᠯᠠᠩ ᠨᠢᠭᠡᠴᠢ ᠬᠤᠪᠢᠶᠠᠨ ᠬᠤᠭᠤᠷ ᠬᠦᠭᠵᠢᠮᠳᠡᠬᠦ᠂  ᠱᠤᠭ ᠶᠠᠷᠢᠶ᠎ᠠ ᠶᠠᠷᠢᠬᠤ᠂  ᠬᠠᠮᠳᠤ ᠪᠠᠷ ᠤᠶᠠᠩᠭᠠᠯᠠᠬᠤ ᠵᠡᠷᠭᠡ ᠡᠯᠪᠡᠭ ᠪᠠᠶᠠᠯᠢᠭ ᠤᠷᠠᠨ ᠰᠠᠶᠢᠬᠠᠨ ᠤ ᠲᠤᠭᠯᠠᠯᠳᠠ ᠭᠠᠷᠭᠠᠭᠰᠠᠨ ᠪᠠᠶᠢᠨ᠎ᠠ᠃  ᠤᠯᠠᠭᠠᠨᠬᠤᠳᠠ ᠶᠢᠨ ᠢᠯᠠᠯᠳᠠ ᠭᠤᠤᠯ ᠪᠠᠭ᠎ᠠ ᠰᠤᠷᠭᠠᠭᠤᠯᠢ ᠠᠴᠠ ᠠᠵᠢᠯ ᠤᠨ ᠠᠮᠠᠷᠠᠯᠳᠠ ᠪᠠᠨ ᠠᠪᠤᠭᠰᠠᠨ ᠠᠬᠠᠮᠠᠳ ᠪᠠᠭᠰᠢ ᠨᠠᠷ ᠴᠤ ᠡᠨᠡᠬᠦ ᠰᠢᠨ᠎ᠠ ᠤᠨ ᠢᠶᠠᠨ ᠤᠭᠳᠤᠬᠤ ᠠᠵᠢᠯᠯᠠᠭ᠎ᠠ ᠳᠤ ᠢᠳᠡᠪᠬᠢᠳᠠᠢ ᠤᠷᠤᠯᠴᠠᠵᠤ᠂  ᠵᠠᠯᠠᠭᠤ ᠢᠳᠡᠷ ᠪᠠᠭᠰᠢ ᠨᠠᠷ ᠢᠶᠠᠨ ᠬᠦᠴᠢᠷ ᠠᠴᠠ ᠠᠶᠤᠬᠤ ᠦᠭᠡᠢ᠂  ᠠᠭᠤᠤ ᠬᠠᠶᠢᠷ᠎ᠠ  ᠪᠠᠷ ᠰᠤᠷᠭᠠᠨ ᠬᠦᠮᠤᠵᠢᠯ ᠤᠨ ᠤᠶᠢᠯᠡᠰ ᠲᠤ ᠬᠦᠴᠤᠯᠡᠨ ᠵᠢᠳᠬᠦᠬᠦ ᠶᠢ ᠬᠦᠰᠡᠨ ᠨᠠᠶᠢᠳᠠᠭᠰᠠᠨ ᠪᠠᠶᠢᠨ᠎ᠠ᠃  
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号