32 ᠲᠦᠮᠡᠨ ᠵᠢᠩ ︽ᠬᠢᠩᠭᠠᠨ ᠠᠶᠢᠮᠠᠭ ᠤᠨ ᠲᠤᠲᠤᠷᠭ᠎ᠠ︾  ᠠᠴᠢᠶᠠᠯᠠᠬᠰᠠᠨ ᠠᠴᠢᠶᠠᠨ ᠤ ᠮᠠᠰᠢᠨ ᠡᠵᠡᠨ᠎ᠡ ᠬᠤᠰᠢᠭᠤ ᠶᠢ ᠴᠢᠭᠯᠡᠨ ᠮᠣᠷᠳᠠᠪᠠ
ᠨᠡᠶᠢᠲᠡᠯᠡᠭᠰᠡᠨ ᠴᠠᠭ᠄
2021/11/1
             ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠲᠤᠰᠠᠯᠠᠵᠤ᠂ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠶᠢᠨ ᠲᠥᠯᠥᠭᠡ᠂ 10 ᠰᠠᠷ᠎ᠠ ᠶᠢᠨ 26 ᠤ ᠡᠳᠦᠷ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂  ᠠᠶᠢᠮᠠᠭ ᠤᠨ ᠵᠠᠬᠢᠷᠭ᠎ᠠ ᠠᠴᠠ 12 ᠲᠦᠮᠡᠨ ᠵᠢᠩ ᠲᠤᠲᠤᠷᠭ᠎ᠠ ᠪᠣᠯᠤᠨ 20 ᠭᠠᠷᠤᠶ ᠲᠦᠮᠡᠨ ᠲᠥᠭᠦᠷᠢᠭ ᠤᠨ ᠬᠢᠵᠢᠭ ᠢ ᠰᠡᠷᠭᠡᠶᠢᠯᠡᠬᠦ ᠡᠳ᠋ ᠪᠣᠳᠠᠰ ᠢ ᠪᠠᠴᠢᠮ ᠲᠣᠬᠢᠷᠠᠭᠤᠯᠵᠤ ᠡᠵᠡᠨ᠎ᠡ ᠬᠤᠰᠢᠭᠤ ᠪᠣᠯᠤᠨ ᠡᠷᠢᠶᠠᠨᠬᠤᠳᠠ ᠶᠢ  ᠲᠤᠰᠠᠯᠠᠬᠤ ᠪᠠᠷ ᠮᠤᠷᠳᠠᠬᠰᠠᠨ ᠤ ᠳᠠᠷᠠᠭ᠎ᠠ᠂ 10 ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠪᠠᠰᠠ ᠬᠢᠩᠭᠠᠨ ᠠᠶᠢᠮᠠᠭ ᠤᠨ ᠯᠢᠩ ᠨᠠᠨ ᠰᠢᠶᠠᠩ ᠲᠠᠷᠢᠶᠠᠯᠠᠩ ᠤᠨ ᠪᠦᠲᠦᠭᠡᠭᠳᠡᠬᠦᠨ ᠤ ᠨᠡᠭᠡᠭᠡᠨ ᠬᠥᠭᠵᠢᠭᠦᠯᠦᠯᠲᠡ ᠶᠢᠨ ᠪᠦᠷᠢᠨ ᠪᠣᠰᠤ ᠬᠠᠷᠢᠭᠤᠴᠠᠯᠭᠠᠲᠤ ᠺᠣᠮᠫᠠᠨᠢ ᠠᠴᠠ 32 ᠲᠦᠮᠡᠨ ᠵᠢᠩ ︽ᠬᠢᠩᠭᠠᠨ ᠠᠶᠢᠮᠠᠭ ᠤᠨ ᠲᠤᠲᠤᠷᠭ᠎ᠠ︾  ᠪᠤᠯᠤᠨ ᠶᠤᠸᠠᠨ ᠯᠦ ︵ᠥᠪᠥᠷ ᠮᠣᠩᠭᠤᠯ︶ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠡᠳ᠋ᠰᠢᠭᠦᠯᠦᠯᠲᠡ ᠶᠢᠨ ᠬᠢᠵᠠᠭᠠᠷᠲᠤ ᠺᠣᠮᠫᠠᠨᠢ ᠠᠴᠠ 32 ᠲᠦᠮᠡᠨ ᠵᠢᠩ ᠭᠤᠯᠢᠷ ᠬᠤᠳᠠᠯᠳᠤᠨ ᠠᠪᠴᠤ ᠡᠵᠡᠨ᠎ᠡ ᠬᠤᠰᠢᠭᠤ ᠶᠢ ᠲᠤᠰᠠᠯᠠᠭᠰᠠᠨ ᠪᠠᠶᠢᠨ᠎ᠠ᠃        ᠲᠤᠰᠠᠯᠠᠮᠵᠢ ᠶᠢᠨ ᠡᠳ᠋ ᠪᠣᠳᠠᠰ ᠢ ᠲᠦᠷᠭᠡᠨ ᠪᠡᠯᠡᠳᠬᠡᠬᠦ ᠶᠢᠨ ᠲᠥᠯᠥᠭᠡ᠂ ᠬᠢᠩᠭᠠᠨ ᠠᠶᠢᠮᠠᠭ ᠤᠨ ᠯᠢᠩ ᠨᠠᠨ ᠰᠢᠶᠠᠩ ᠲᠠᠷᠢᠶᠠᠯᠠᠩ ᠤᠨ ᠪᠦᠲᠦᠭᠡᠭᠳᠡᠬᠦᠨ ᠤ ᠨᠡᠭᠡᠭᠡᠨ ᠬᠥᠭᠵᠢᠭᠦᠯᠦᠯᠲᠡ ᠶᠢᠨ ᠪᠦᠷᠢᠨ ᠪᠣᠰᠤ ᠬᠠᠷᠢᠭᠤᠴᠠᠯᠭᠠᠲᠤ ᠺᠣᠮᠫᠠᠨᠢ ᠲᠡᠷᠡ ᠳᠠᠷᠤᠢ ᠳᠤᠨᠢ  ᠠᠵᠢᠯᠳᠠᠨ ᠠᠵᠢᠯᠴᠢᠨ ᠢᠶᠠᠨ ᠵᠣᠬᠢᠶᠠᠨ ᠪᠠᠶᠢᠭᠤᠯᠵᠤ᠂ ᠪᠦᠬᠦ ᠬᠦᠴᠦᠨ ᠢᠶᠠᠷ ᠢᠶᠠᠨ 30 ᠭᠠᠷᠦᠢ ᠴᠠᠭ ᠠᠵᠢᠯᠯᠠᠭᠠᠳ 32 ᠲᠦᠮᠡᠨ ᠵᠢᠩ ᠲᠤᠲᠤᠷᠭ᠎ᠠ  ᠶᠢ ᠦᠢᠯᠡᠳᠪᠦᠷᠢᠯᠡᠵᠦ  ᠪᠤᠭᠤᠳᠠᠯᠯᠠᠬᠤ ᠠᠵᠢᠯ ᠢ ᠴᠢᠨᠠᠷ ᠰᠠᠶᠢᠳᠠᠢ ᠪᠡᠶᠡᠯᠡᠬᠦᠯᠵᠡᠢ᠃        ︽ᠥᠪᠥᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠨᠠᠶᠢᠳᠠᠯᠭ᠎ᠠ ᠶᠢ ᠣᠯᠤᠭᠰᠠᠨ ᠤ ᠳᠠᠷᠠᠭ᠎ᠠ᠂ ᠪᠢᠳᠡ ᠳᠠᠷᠦ᠋ᠢᠬᠠᠨ ᠬᠥᠳᠡᠯᠦᠯᠴᠡᠵᠦ᠂ ᠪᠥᠬᠦ ᠦᠢᠯᠡᠳᠪᠦᠷᠢ ᠶᠢᠨ ᠬᠦᠴᠦᠨ ᠢᠶᠠᠨ ᠳᠠᠶᠢᠴᠢᠯᠠᠨ᠂ 24 ᠴᠠᠭ  ᠢᠶᠠᠷ ᠦᠢᠯᠡᠳᠪᠦᠷᠢᠯᠡᠯ ᠢᠶᠠᠨ  ᠵᠤᠬᠰᠤᠭᠠᠯ ᠥᠬᠡᠶ ᠪᠠᠷ ᠬᠠᠮᠤᠭ  ᠲᠦᠷᠬᠡᠨ ᠢᠶᠠᠷ ᠬᠠᠮᠤᠭ ᠤᠨ ᠰᠢᠯᠢᠳᠡᠭ ︿ᠬᠢᠩᠭᠠᠨ ᠠᠶᠢᠮᠠᠭ ᠤᠨ ᠲᠤᠲᠤᠷᠭ᠎ᠠ﹀ ᠶᠢ ᠡᠵᠡᠨ᠎ᠡ ᠬᠤᠰᠢᠭᠤᠨ ᠳᠤ ᠬᠦᠷᠭᠡᠬᠦ ᠶᠢ ᠦᠨᠡᠨ ᠬᠦ ᠪᠠᠲᠤᠯᠠᠵᠠᠢ︾ ᠭᠡᠵᠦ ᠬᠢᠩᠭᠠᠨ ᠠᠶᠢᠮᠠᠭ ᠤᠨ ᠯᠢᠩ ᠨᠠᠨ ᠰᠢᠶᠠᠩ ᠲᠠᠷᠢᠶᠠᠯᠠᠩ ᠤᠨ ᠪᠦᠲᠦᠭᠡᠭᠳᠡᠬᠦᠨ ᠤ ᠨᠡᠭᠡᠭᠡᠨ ᠬᠥᠭᠵᠢᠭᠦᠯᠦᠯᠲᠡ ᠶᠢᠨ ᠪᠦᠢᠷᠨ ᠪᠣᠰᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠦ᠋ ᠴᠠᠩ ᠹᠦ᠋ ᠰᠤᠷᠪᠤᠯᠵᠢᠯᠠᠬᠴᠢ ᠳᠤ ᠬᠡᠯᠡᠪᠡ᠃        28 ᠤ ᠦᠳᠡ ᠶᠢᠨ ᠬᠤᠶᠢᠨᠠᠬᠢ 4 ᠴᠠᠭ ᠲᠤ᠂ ︽ᠬᠢᠩᠭᠠᠨ ᠠᠶᠢᠮᠠᠭ ᠤᠨ ᠲᠤᠲᠤᠷᠭ᠎ᠠ︾ ᠶᠢ ᠳᠦᠭᠦᠷᠲᠡᠯ᠎ᠡ ᠲᠡᠭᠡᠭᠡᠭᠰᠡᠨ 3 ᠠᠴᠢᠶᠠᠨ ᠤ ᠮᠠᠰᠢᠨ  ᠬᠢᠩᠭᠠᠨ ᠠᠶᠢᠮᠠᠭ ᠤᠨ ᠯᠢᠩ ᠨᠠᠨ ᠰᠢᠶᠠᠩ ᠲᠠᠷᠢᠶᠠᠯᠠᠩ ᠤᠨ ᠪᠦᠲᠦᠭᠡᠭᠳᠡᠬᠦᠨ ᠤ ᠨᠡᠭᠡᠭᠡᠨ ᠬᠥᠭᠵᠢᠭᠦᠯᠦᠯᠲᠡ ᠶᠢᠨ ᠪᠦᠷᠢᠨ ᠪᠣᠰᠤ ᠬᠠᠷᠢᠭᠤᠴᠠᠯᠭᠠᠲᠤ ᠺᠣᠮᠫᠠᠨᠢ ᠠᠴᠠ ᠠᠯᠭᠤᠷᠬᠠᠨ ᠮᠣᠷᠳᠠᠪᠠ᠃ ᠣᠶᠢᠯᠠᠭᠠᠭᠰᠠᠨ ᠢᠶᠠᠷ᠂ 27 ᠤ ᠣᠷᠣᠶ ᠨᠢᠭᠡᠨᠲᠡ 2  ᠠᠴᠢᠶᠠᠨ ᠤ ᠮᠠᠰᠢᠨ  ᠵᠠᠮ ᠳᠠᠭᠠᠨ ᠮᠣᠷᠳᠠᠵᠠᠢ᠃ ᠨᠢᠭᠡᠳᠦᠭᠡᠷ ᠪᠦᠯᠦᠭ ᠤᠨ ︽ᠬᠢᠩᠭᠠᠨ ᠠᠶᠢᠮᠠᠭ ᠤᠨ ᠲᠤᠲᠤᠷᠭ᠎ᠠ︾ ᠵᠠᠮ ᠳᠠᠭᠠᠨ ᠪᠠᠶᠢᠵᠤ᠂ ᠬᠤᠶᠠᠳᠤᠭᠠᠷ ᠪᠦᠯᠦᠭ ᠤᠨ ︽ᠬᠢᠩᠭᠠᠨ ᠠᠶᠢᠮᠠᠭ ᠤᠨ ᠲᠤᠲᠤᠷᠭ᠎ᠠ︾ ᠨᠢᠭᠡᠨᠲᠡ ᠬᠢᠩᠭᠠᠨ ᠠᠶᠢᠮᠠᠭ ᠤᠨ ᠠᠷᠠᠳ ᠲᠦᠮᠡᠨ ᠤ ᠬᠠᠶᠢᠷ᠎ᠠ ᠬᠠᠯᠠᠮᠵᠢ ᠶᠢ ᠠᠴᠢᠶᠠᠯᠠᠵᠤ᠂ ᠡᠵᠡᠨ᠎ᠡ ᠬᠤᠰᠢᠭᠤ ᠶᠢ ᠴᠢᠭᠯᠡᠯ᠎ᠡ᠃  
 
ᠢᠷᠡᠯᠲᠡ᠄ ᠬᠢᠩᠭᠠᠨ ᠤ ᠡᠳᠦᠷ ᠤᠨ ᠰᠣᠨᠢᠨ ᠤ ᠸᠢᠴᠠᠲ ᠲᠡᠪᠴᠡᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号