ᠤᠯᠠᠭᠠᠨᠬᠤᠲᠠ᠄ ᠬᠤᠪᠢᠰᠬᠠᠯᠲᠤ ᠠᠭᠤᠯᠬᠤᠨ ᠪᠠ ᠪᠣᠬᠢᠷᠲᠤᠯ ᠥᠬᠡᠶ ᠠᠮᠢ ᠠᠬᠤᠶ ᠪᠠᠷ ᠪᠥᠬᠦ ᠣᠷᠣᠨ ᠪᠦᠰᠡ ᠶᠢᠨ ᠵᠤᠭᠠᠴᠠᠯ ᠤᠨ ᠰᠢᠨ᠎ᠡ ᠪᠠᠶᠢᠷᠢᠰᠢᠯ ᠢ ᠴᠣᠭᠴᠠᠯᠠᠨ᠎ᠠ
ᠨᠡᠶᠢᠲᠡᠯᠡᠭᠰᠡᠨ ᠴᠠᠭ᠄
2021/11/16
             ᠤᠯᠠᠭᠠᠨᠬᠤᠲᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ︾ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠤᠪᠢᠰᠬᠠᠯᠲᠤ ᠠᠭᠤᠯᠬᠤᠨ ᠪᠠ ᠪᠣᠬᠢᠷᠲᠤᠯ ᠦᠭᠡᠢ ᠠᠮᠢ ᠠᠬᠤᠢ ᠳᠤ ᠲᠦᠰᠢᠭᠯᠡᠨ᠂ ᠠᠮᠢ ᠠᠬᠤᠢ ᠶᠢᠨ ᠵᠤᠭᠠᠴᠠᠯ᠂ ᠬᠤᠪᠢᠰᠬᠠᠯᠲᠤ ᠵᠤᠭᠠᠴᠠᠯ᠂ ᠬᠥᠳᠡᠭᠡ ᠲᠣᠰᠬᠤᠨ ᠤ ᠵᠤᠭᠠᠴᠠᠯ ᠵᠡᠷᠭᠡ ᠡᠬᠢ ᠪᠠᠶᠠᠯᠢᠭ ᠢ ᠠᠭᠤᠰᠤᠯᠴᠠᠭᠤᠯᠤᠨ ᠬᠥᠭᠵᠢᠭᠦᠯᠵᠦ᠂ ᠪᠦᠬᠦ ᠣᠷᠣᠨ ᠪᠦᠰᠡ ᠶᠢᠨ ᠵᠤᠭᠠᠴᠠᠯ᠂ ᠲᠦᠷᠪᠡᠨ ᠤᠯᠠᠷᠢᠯ ᠤᠨ ᠵᠤᠭᠠᠴᠠᠯ ᠢ ᠲᠠᠶᠢᠴᠢᠯᠠᠵᠤ ᠪᠠᠶᠢᠨ᠎ᠠ᠃
       ︽ᠠᠷᠪᠠᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ᠂ ᠥᠩᠭᠡᠷᠡᠭᠰᠡᠨ ᠤ ᠬᠠᠶᠠᠭᠳᠠᠭᠰᠠᠨ ᠡᠯᠡᠰᠦᠨ ᠨᠦᠭᠡ — ᠱᠧᠨ ᠵᠢᠶᠦ᠋ᠨ ᠸᠠᠨ ᠠᠮᠢ ᠠᠬᠤᠢ ᠶᠢ ᠣᠶᠢᠯᠠᠭᠠᠬᠤ ᠲᠣᠭᠤᠷᠢᠭ ᠨᠢ ᠳᠠᠬᠢᠨᠲᠠ ᠮᠠᠰᠢ ᠤᠯᠠᠨ ᠬᠤᠳᠠ ᠶᠢᠨ ᠠᠷᠠᠳ ᠪᠣᠯᠤᠨ ᠵᠤᠭᠠᠴᠠᠭᠰᠠᠳ ᠢ ᠤᠭᠲᠤᠨ ᠠᠪᠴᠢᠷᠠᠵᠠᠢ᠃ ᠬᠤᠶᠠᠷ ᠵᠢᠯ ᠭᠠᠷᠤᠢ ᠶᠢᠨ ᠬᠤᠭᠤᠴᠠᠭᠠᠨ ᠳᠤ᠂ ᠤᠯᠠᠭᠠᠨᠬᠤᠲᠠ ᠲᠤᠭᠤᠷ ᠤᠨ ᠭᠤᠣᠯ ᠤᠨ ᠤᠰᠤᠨ ᠤ ᠡᠬᠢ ᠪᠠᠶᠠᠯᠢᠭ ᠢ ᠠᠰᠢᠭᠯᠠᠵᠤ᠂ ᠳᠣᠣᠷ᠎ᠠ ᠥᠪᠡᠷ ᠤᠨ ᠦᠷᠳᠡᠭ ᠢᠶᠠᠷ ᠨᠡᠭᠡᠭᠡᠨ ᠬᠥᠭᠵᠢᠭᠦᠯᠬᠦ᠂ ᠬᠥᠮᠦᠨ ᠤ ᠬᠦᠴᠦ ᠪᠠᠷ ᠭᠠᠷ ᠲᠦᠷᠦᠭᠦ ᠶᠢ ᠪᠠᠭᠠᠰᠬᠠᠬᠤ ᠠᠷᠭ᠎ᠠ ᠬᠡᠯᠪᠡᠷᠢ ᠪᠠᠷ ᠠᠮᠢ ᠠᠬᠤᠢ ᠶᠢ ᠰᠡᠷᠭᠦᠭᠡᠨ ᠵᠠᠰᠠᠵᠤ᠂ ᠡᠴᠦᠰ ᠲᠡᠭᠡᠨ ᠰᠡᠯᠡᠭᠦᠴᠡᠯ ᠵᠤᠭ᠎ᠠ ᠴᠡᠩᠭᠡᠯ ᠢ ᠨᠢᠭᠡ ᠴᠤᠬᠴᠠᠵᠢᠭᠤᠯᠤᠬᠰᠠᠨ ᠱᠧᠨ ᠵᠢᠶᠦ᠋ᠨ ᠸᠠᠨ ᠠᠮᠢ ᠠᠬᠤᠢ ᠶᠢ ᠪᠡᠶᠡᠴᠢᠯᠡᠨ ᠣᠶᠢᠯᠠᠭᠠᠬᠤ ᠲᠣᠭᠤᠷᠢᠭ ᠢ ᠪᠠᠶᠢᠭᠤᠯᠤᠭᠰᠠᠨ ᠪᠠᠶᠢᠨ᠎ᠠ᠃ ᠦᠵᠡᠮᠵᠢ ᠶᠢᠨ ᠣᠷᠣᠨ ᠤ ᠳᠣᠲᠣᠷᠠᠬᠢ ᠨᠡᠷᠡᠨ ᠭᠡᠷᠡᠯᠲᠦ ᠡᠯᠡᠰᠦᠨ ᠲᠠᠩ ᠤᠨ ᠣᠷᠣᠨ᠂ ᠬᠡᠤᠬᠡᠳ ᠤᠨ ᠤᠰᠤ ᠨᠠᠭᠠᠳᠬᠤ ᠣᠷᠣᠨ᠂ ᠤᠰᠤᠨ ᠳᠡᠭᠡᠷᠡᠬᠢ ᠥᠷᠭᠡᠳᠬᠡᠭᠰᠡᠨ ᠣᠷᠣᠨ᠂ ᠰᠥᠨᠢ ᠶᠢᠨ ᠭᠡᠷᠡᠯᠲᠦ ᠶᠠᠪᠠᠭᠠᠨ ᠵᠠᠮ᠂ ᠵᠤᠭᠠᠴᠠᠯ ᠤᠨ ᠣᠩᠭᠤᠴᠠᠨ ᠤ ᠭᠠᠷᠠᠮ ᠵᠡᠷᠭᠡ ᠵᠤᠭᠠᠴᠠᠯ ᠤᠨ ᠦᠢᠯᠡᠳᠬᠦᠨ ᠨᠢ ᠬᠤᠲᠠ ᠶᠢᠨ ᠠᠷᠠᠳ ᠪᠠ  ᠵᠤᠭᠠᠴᠠᠬᠴᠢ ᠨᠠᠷ ᠬᠤᠲᠠ ᠶᠢᠨ ᠲᠣᠭᠤᠷᠢᠭ ᠤᠨ ᠡᠷᠬᠢᠨ ᠲᠣᠭᠤᠷᠢᠨ ᠤ ᠵᠤᠭᠠᠴᠠᠯ ᠤᠨ ᠰᠢᠨ᠎ᠡ ᠣᠶᠢᠯᠠᠭᠠᠯᠲᠠ ᠶᠢ ᠬᠠᠩᠭᠠᠪᠠ᠃ ︽ᠡ᠊ᠡᠳᠡ ᠤᠰᠤ᠂ ᠴᠡᠴᠡᠭ᠂ ᠡᠪᠡᠰᠦ ᠲᠠᠢ᠂ ᠮᠠᠰᠢ ᠭᠤᠶᠢᠳᠠ ᠰᠠᠶᠢᠬᠠᠨ᠂ ᠪᠢᠳᠡ ᠮᠠᠰᠢ ᠪᠠᠶᠠᠷ ᠪᠠᠶᠠᠰᠤᠯ ᠲᠠᠢ ᠨᠠᠭᠠᠳᠤᠭᠰᠠᠨ︾ ᠭᠡᠵᠦ ᠬᠤᠲᠠ ᠶᠢᠨ ᠠᠷᠠᠳ ᠵᠠᠩ ᠠᠪᠤᠭᠠᠶ ᠬᠡᠯᠡᠪᠡ᠃
     ᠱᠧᠨ ᠵᠢᠶᠦ᠋ᠨ ᠸᠠᠨ ᠠᠮᠢ ᠠᠬᠤᠢ ᠶᠢ ᠣᠶᠢᠯᠠᠭᠠᠬᠤ ᠲᠣᠭᠤᠷᠢᠭ ᠥᠷᠨᠢᠩᠭᠦᠢ ᠬᠥᠭᠵᠢᠵᠦ ᠪᠠᠶᠢᠬᠤ ᠶᠢᠨ ᠬᠠᠮᠲᠤ᠂ ᠤᠯᠠᠭᠠᠨᠬᠤᠲᠠ ᠲᠡᠭᠷᠢᠯᠢᠭ ᠬᠥᠪᠡᠭᠦᠨ ᠲᠡᠭᠷᠢ ᠶᠢᠨ ᠬᠥᠯᠦᠭ ᠠᠮᠢ ᠠᠬᠤᠢ ᠶᠢᠨ ᠵᠤᠭᠠᠴᠠᠯ ᠠᠮᠠᠷᠠᠯᠲᠠ ᠶᠢᠨ ᠣᠷᠣᠨ᠂ ᠶᠡᠭᠡ ᠬᠢᠩᠭᠠᠨ ᠳᠠᠪᠠᠭ᠎ᠠ ᠶᠢᠨ ᠠᠮᠢ ᠠᠬᠤᠢ ᠶᠢᠨ ᠰᠣᠶᠣᠯ ᠤᠨ ᠬᠦᠷᠢᠶᠡᠯᠡᠩ ᠵᠡᠷᠭᠡ ᠠᠯᠢ ᠤᠯᠠᠨ ᠵᠤᠭᠠᠴᠠᠯ ᠤᠨ ᠲᠣᠭᠤᠷᠢᠭ ᠢ ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠᠨ ᠠᠭᠤᠯᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠶᠢ ᠠᠬᠢᠭᠤᠯᠤᠭᠰᠠᠨ ᠪᠠᠶᠢᠨ᠎ᠠ᠃ ᠢᠯᠠᠯᠲᠠ ᠴᠡᠴᠡᠭᠲᠦ ᠪᠠᠯᠭᠠᠰᠤ᠂ ᠭᠡᠭᠡᠨᠰᠦ᠋ᠮ᠎ᠡ  ᠪᠠᠭ᠋ᠠᠷᠦᠮ᠎ᠡ ᠰᠠᠶᠢᠬᠠᠨ ᠬᠥᠳᠡᠭᠡ ᠲᠣᠰᠬᠤᠨ ᠤ ᠵᠢᠵᠢᠭ ᠪᠠᠯᠭᠠᠰᠤ᠂ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠨᠴᠠᠯᠢᠬᠳᠤ ᠲᠣᠰᠬᠤᠨ ᠰᠠᠨ ᠾᠧ ᠲᠣᠰᠬᠤᠨ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠡᠮᠬᠢ ᠵᠢᠷᠤᠮ ᠲᠠᠢ ᠵᠣᠯᠭᠠᠭᠤᠯᠬᠤ ᠰᠢᠨ᠎ᠡ ᠬᠢᠯᠠᠰ ᠴᠡᠭ ᠪᠣᠯᠤᠭᠰᠠᠨ ᠪᠠᠶᠢᠨ᠎ᠠ᠃ ᠬᠥᠳᠡᠭᠡ ᠲᠣᠰᠬᠤᠨ ᠤ ᠵᠤᠭᠠᠴᠠᠯ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠲᠠᠰᠤᠷᠠᠯᠲᠠ ᠥᠬᠡᠶ ᠴᠢᠩᠭᠠᠳᠬᠠᠵᠤ᠂ ᠰᠡᠯᠡᠭᠦᠴᠡᠨ ᠲᠣᠭᠤᠷᠢᠬᠤ᠂ ᠪᠡᠶ᠎ᠡ ᠰᠤᠪᠢᠯᠠᠬᠤ ᠶᠢ ᠪᠡᠶᠡᠴᠢᠯᠡᠨ ᠣᠶᠢᠯᠠᠭᠠᠬᠤ᠂ ᠬᠡᠷ ᠪᠦᠯᠢ ᠶᠢᠨ ᠦᠢᠯᠡᠳᠦᠯᠭᠡ ᠵᠡᠷᠭᠡ ᠴᠢᠳᠠᠮᠵᠢ ᠶᠢ ᠪᠠᠶᠠᠯᠢᠭᠵᠢᠭᠤᠯᠤᠨ᠂ ᠥᠪᠡᠷᠮᠢᠴᠡ ᠣᠨᠴᠠᠯᠢᠭ ᠲᠠᠢ᠂ ᠥᠪᠡᠷᠮᠢᠴᠡ ᠬᠡᠪ ᠨᠠᠮᠪᠠ ᠲᠠᠢ ᠬᠥᠳᠡᠭᠡ ᠲᠣᠰᠬᠤᠨ ᠤ ᠵᠤᠭᠠᠴᠠᠯ ᠤᠨ ᠪᠦᠲᠦᠭᠡᠭᠳᠡᠬᠦᠨ ᠢ ᠭᠠᠷᠭᠠᠵᠤ᠂ ᠲᠠᠷᠢᠶᠠᠯᠠᠬᠤ ᠣᠷᠣᠨ ᠢ ᠦᠵᠡᠮᠵᠢ ᠶᠢᠨ ᠣᠷᠣᠨ ᠪᠣᠯᠭᠠᠨ ᠬᠤᠪᠢᠷᠠᠭᠤᠯᠬᠤ᠂ ᠲᠠᠷᠢᠶᠠᠯᠠᠩ ᠤᠨ ᠪᠦᠲᠦᠭᠡᠭᠳᠡᠬᠦᠨ ᠢ ᠲᠠᠸᠠᠷ ᠪᠣᠯᠭᠠᠨ ᠬᠤᠪᠢᠷᠠᠭᠤᠯᠬᠤ᠂ ᠬᠥᠳᠡᠭᠡ ᠲᠣᠰᠬᠤᠨ ᠤ ᠬᠡᠷ ᠪᠠᠶᠢᠰᠢᠩ ᠢ ᠬᠤᠳᠠᠯᠳᠤᠭᠠᠨ ᠤ ᠫᠦᠰᠡ ᠪᠣᠯᠭᠠᠨ ᠬᠤᠪᠢᠷᠠᠭᠤᠯᠬᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ ᠶᠢ ᠪᠡᠶᠡᠯᠡᠭᠦᠯᠪᠡ᠃ ᠤᠯᠠᠭᠠᠨᠬᠤᠲᠠ ᠨᠢ ᠤᠯᠠᠨ ᠶᠠᠩᠵᠤ ᠶᠢᠨ ᠨᠡᠷᠡᠲᠦ ᠲᠡᠮᠳᠡᠭᠲᠦ᠂ ᠡᠯᠪᠡᠭ ᠪᠠᠶᠠᠯᠢᠭ ᠡᠵᠡᠩᠨᠡᠯᠲᠡ ᠶᠢᠨ ᠬᠡᠯᠪᠡᠷᠢ ᠪᠠᠶᠢᠳᠠᠯ᠂ ᠦᠵᠡᠮᠵᠢ ᠬᠤᠳᠠ ᠶᠢ ᠠᠭᠤᠰᠤᠯᠴᠠᠭᠤᠯᠤᠭᠰᠠᠨ᠂ ᠬᠤᠳᠠ ᠬᠥᠳᠡᠭᠡ ᠶᠢ ᠨᠢᠭᠡ ᠴᠤᠭᠴᠠᠵᠢᠭᠤᠯᠤᠭᠰᠠᠨ ᠳᠦᠷᠰᠦ ᠪᠠᠶᠢᠳᠠᠯ ᠢᠶᠠᠷ ᠪᠦᠬᠦ ᠣᠷᠣᠨ ᠪᠦᠰᠡ ᠪᠠᠷ ᠢᠶᠠᠨ ᠵᠤᠭᠠᠴᠠᠯ ᠤᠨ ᠬᠥᠭᠵᠢᠯᠲᠡ ᠶᠢ ᠠᠬᠢᠭᠤᠯᠵᠤ ᠪᠤᠢ᠃ ︽ᠤᠯᠠᠭᠠᠨᠬᠤᠲᠠ ︿ᠭᠤᠷᠪᠠᠨ ᠠᠭᠤᠯᠠ ᠬᠤᠶᠠᠷ ᠭᠤᠤᠯ ᠨᠢᠭᠡ ᠨᠣᠭᠤ ᠭᠠᠵᠠᠷ﹀᠂ ᠥᠪᠡᠷᠮᠢᠴᠡ ᠣᠨᠴᠠᠯᠢᠭ ᠲᠠᠢ ᠠᠮᠢ ᠠᠬᠤᠶ ᠶᠢᠨ ᠡᠬᠢ ᠪᠠᠶᠠᠯᠢᠭ ᠲᠤ ᠲᠦᠰᠢᠭᠯᠡᠨ᠂ ᠤᠯᠤᠰ ᠤᠨ ᠲᠠᠰ ᠤᠨ ᠰᠡᠯᠡᠭᠦᠴᠡᠯ ᠵᠤᠭᠠᠴᠠᠯ ᠠᠮᠠᠷᠠᠯᠲᠠ ᠶᠢᠨ ᠣᠷᠣᠨ ᠢ ᠪᠠᠶᠢᠭᠤᠯᠵᠤ᠂ ᠤᠯᠠᠭᠠᠨᠬᠤᠲᠠ ᠶᠢ ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ ᠤᠨ ᠰᠢᠵᠢᠷ ᠠᠯᠲᠠᠨ ᠵᠤᠭᠠᠴᠠᠯ ᠤᠨ ᠱᠤᠭᠤᠮ ᠤᠨ ᠴᠢᠬᠤᠯᠠ ᠵᠠᠩᠭᠢᠯᠠᠭ᠎ᠠ ᠶᠢᠨ ᠬᠤᠲᠠ ᠪᠣᠯᠭᠠᠨ᠎ᠠ︾ ᠭᠡᠵᠦ ᠤᠯᠠᠭᠠᠨᠬᠤᠲᠠ ᠶᠢᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠷᠧᠨ ᠵᠢᠶᠠᠨ ᠹᠸᠢ ᠬᠡᠯᠡᠵᠡᠶ᠃
       ᠤᠯᠠᠭᠠᠨᠬᠤᠲᠠ ᠶᠢᠨ ᠦᠯᠢᠭᠡᠷ ᠢ ᠰᠡᠳᠬᠢᠯ ᠤᠨ ᠤᠭ ᠠᠴᠠ ᠪᠠᠨ ᠶᠠᠷᠢᠵᠤ᠂ ᠰᠣᠶᠣᠯ ᠵᠤᠭᠠᠴᠠᠯ ᠤᠨ ᠦᠢᠯᠡᠰ ᠤᠨ ᠰᠠᠭᠤᠷᠢ ᠭᠦᠨ ᠵᠤᠵᠠᠭᠠᠨ᠃ ᠣᠨ ᠰᠠᠷ᠎ᠠ ᠶᠢᠨ ᠬᠤᠷᠠᠮᠳᠤᠯ ᠪᠠ  ᠲᠠᠪᠳᠠᠯᠳᠠ ᠶᠢ ᠥᠩᠭᠡᠷᠡᠭᠡᠭᠡᠳ᠂ ᠤᠯᠠᠭᠠᠨᠬᠤᠲᠠ ᠶᠢᠨ ᠬᠤᠪᠢᠰᠬᠠᠯᠲᠤ ᠰᠣᠶᠣᠯ ᠤᠨ ᠰᠠᠭᠤᠷᠢ ᠤᠯᠠᠮ ᠠᠴᠠ ᠤᠯᠠᠮ ᠭᠦᠨ ᠵᠤᠵᠠᠭᠠᠨ ᠪᠣᠯᠪᠠ᠃ ᠬᠤᠪᠢᠰᠬᠠᠯᠲᠤ ᠰᠣᠶᠣᠯ ᠢ ᠭᠦᠢᠴᠡᠳ ᠳᠡᠯᠭᠡᠨ ᠦᠵᠡᠭᠦᠯᠵᠦ᠂ ᠤᠯᠠᠭᠠᠨᠬᠤᠲᠠ ᠶᠢᠨ ᠤᠢᠢᠷ᠎ᠠ ᠦᠶ᠎ᠡ ᠶᠢᠨ ᠳᠤᠷᠠᠰᠤᠮᠵᠢ ᠶᠢ ᠰᠡᠷᠭᠦᠭᠡᠬᠦ ᠶᠢᠨ ᠲᠥᠯᠥᠭᠡ᠂ ᠠᠶᠢᠮᠠᠭ ᠬᠤᠳᠠ 2.78 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ︽ᠨᠢᠭᠡ ᠣᠷᠳᠣᠨ ᠭᠤᠷᠪᠠᠨ ᠭᠠᠵᠠᠷ︾ ᠢ ᠥᠭᠡᠷᠡᠴᠢᠯᠡᠨ ᠳᠡᠭᠡᠭᠰᠢᠯᠡᠭᠦᠯᠵᠦ᠂ ︽5 · 1︾ ᠲᠡᠦᠬᠡ ᠰᠣᠶᠣᠯ ᠤᠨ ᠵᠡᠭᠡᠯᠢ ᠲᠣᠭᠤᠷᠢᠭ ᠢ ᠠᠮᠵᠢᠯᠲᠠ ᠲᠠᠢ ᠪᠠᠶᠢᠭᠤᠯᠵᠤ᠂ ᠬᠢᠩᠭᠠᠨ ᠳᠤᠮᠳᠠᠳᠤ ᠰᠤᠷᠭᠠᠭᠤᠯᠢ ᠶᠢᠨ ᠬᠠᠭᠤᠴᠢᠨ ᠭᠠᠵᠠᠷ᠂ ᠥᠪᠥᠷ ᠮᠣᠩᠭᠤᠯ ᠤᠨ ᠪᠠᠭᠰᠢ ᠶᠢᠨ ᠳᠡᠭᠡᠳᠦ ᠰᠤᠷᠭᠠᠭᠤᠯᠢ ᠶᠢᠨ ᠶᠣᠰᠣᠯᠠᠯ ᠤᠨ ᠲᠠᠩᠬᠢᠮ ᠤᠨ ᠬᠠᠭᠤᠴᠢᠨ ᠭᠠᠵᠠᠷ ᠢ ᠬᠠᠮᠠᠭᠠᠯᠠᠯᠲᠠ ᠶᠢᠨ ᠴᠢᠨᠠᠷᠲᠠᠢ ᠪᠠᠷ ᠨᠡᠭᠡᠭᠡᠨ ᠬᠥᠭᠵᠢᠭᠦᠯᠵᠦ᠂ ᠥᠨᠢᠳᠡ ᠪᠠᠯᠠᠷᠠᠰᠢ ᠦᠭᠡᠢ ᠲᠦᠳᠡᠭ ᠭᠠᠯ ᠤᠨ ᠳᠤᠷᠠᠰᠤᠮᠵᠢ ᠪᠠᠷ ᠬᠤᠪᠢᠰᠬᠠᠯᠲᠤ ᠳᠤᠷᠠᠰᠬᠠᠯᠲᠤ ᠵᠤᠭᠠᠴᠠᠯ ᠤᠨ ᠰᠢᠨ᠎ᠡ ᠨᠡᠷ᠎ᠡ ᠶᠢᠨ ᠬᠠᠭᠤᠳᠠᠰᠤ ᠶᠢ ᠪᠢᠴᠢᠭᠯᠡᠪᠡ᠃ ︽ᠬᠤᠪᠢᠰᠬᠠᠯᠲᠤ ᠬᠤᠪᠢᠰᠬᠠᠯ ᠤᠨ ᠲᠡᠤᠬᠡ ᠶᠢ ᠪᠠᠲᠤ ᠴᠡᠭᠡᠵᠢᠯᠡᠭᠰᠡᠨ ᠤᠯᠠᠭᠠᠨᠬᠤᠲᠠ ᠪᠣᠯ ᠮᠢᠨᠦ ᠲᠥᠷᠥᠭᠰᠡᠨ ᠨᠤᠲᠤᠭ ᠮᠥᠨ᠂  ᠪᠢ ᠡ᠊ᠡᠳᠡ ᠲᠥᠷᠥᠭᠰᠡᠨ ᠳᠡᠭᠡᠨ  ᠮᠠᠰᠢ ᠣᠮᠣᠭᠰᠢᠵᠤ ᠪᠠᠶᠢᠨ᠎ᠠ᠂ ᠲᠣᠮᠣ ᠪᠣᠯᠤᠭᠰᠠᠨ ᠤ ᠳᠠᠷᠠᠭ᠎ᠠ ᠪᠢ ᠴᠦ ᠡᠬᠡ ᠤᠯᠤᠰ ᠤᠨ ᠢᠶᠠᠨ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠤᠯᠠᠭᠠᠨᠬᠤᠲᠠ ᠶᠢᠨ ᠠᠶᠢᠬᠦ᠋ᠸᠧ ᠨᠢᠭᠡᠳᠦᠭᠡᠷ ᠪᠠᠭ᠎ᠠ ᠰᠤᠷᠭᠠᠭᠤᠯᠢ ᠶᠢᠨ ᠰᠤᠷᠤᠭᠴᠢ ᠰᠢ ᠷᠦᠢ ᠬᠡᠯᠡᠪᠡ᠃
       ᠬᠤᠪᠢᠰᠬᠠᠯᠲᠤ ᠢᠲᠡᠭᠡᠯ ᠪᠢᠰᠢᠷᠡᠯ ᠨᠢ ᠣᠨ ᠰᠠᠷ᠎ᠠ ᠶᠢᠨ ᠡᠷᠭᠢᠯᠲᠡ ᠶᠢᠨ ᠶᠠᠪᠤᠴᠠ ᠳᠤ ᠢᠯᠡᠷᠡᠨ᠎ᠡ᠃ ᠪᠣᠬᠢᠷᠲᠤᠯ ᠦᠭᠡᠢ ᠪᠠᠷ ᠬᠥᠭᠵᠢᠨ ᠴᠡᠴᠡᠭᠯᠡᠬᠦ ᠶᠢ ᠵᠠᠯᠠᠭᠤ ᠨᠠᠰᠤᠨ ᠳᠠᠭᠠᠨ ᠣᠰᠣᠯᠳᠠᠬᠤ ᠦᠭᠡᠢ ᠪᠠᠶᠢᠬᠤ ᠶᠢᠨ ᠳᠤᠮᠳᠠ ᠲᠦᠷᠭᠡᠨ ᠪᠡᠶᠡᠯᠡᠭᠦᠯᠦᠨ᠎ᠡ᠃ ᠡ᠊ᠡᠳᠡᠬᠢ ᠨᠢ ᠧᠦ᠋ᠷᠣᠫᠠ ᠠᠽᠢᠶ᠎ᠠ ᠶᠢᠨ ᠡᠬᠡ ᠬᠠᠭᠤᠷᠠᠢ ᠶᠢᠨ ᠰᠢᠯᠮᠦᠦᠰᠦᠲᠦ ᠥᠷᠭᠡᠨ ᠬᠤᠯᠢᠯᠳᠤᠭᠰᠠᠨ ᠤᠢ ᠰᠢᠭᠤᠢ ᠶᠢᠨ ᠭᠦᠨ ᠳᠤ ᠪᠠᠶᠢᠷᠢᠯᠠᠵᠤ᠂ ᠶᠡᠭᠡ ᠬᠢᠩᠭᠠᠨ ᠳᠠᠪᠠᠭ᠎ᠠ ᠶᠢᠨ ᠬᠠᠷᠠᠮ ᠦᠭᠡᠢ ᠪᠡᠯᠡᠭ ᠢ ᠬᠦᠯᠢᠶᠡᠨ ᠠᠪᠴᠤ᠂ ᠡ᠊ᠡᠳᠡ ᠲᠠᠯ᠎ᠠ ᠨᠤᠲᠤᠭ ᠪᠠ ᠤᠢ ᠰᠢᠭᠤᠢ ᠲᠠᠢ ᠪᠠᠶᠢᠵᠤ᠂ ᠬᠦᠬᠡ ᠲᠩᠷᠢ ᠪᠠ ᠴᠠᠭᠠᠨ ᠡᠭᠦᠯᠡ᠂ ᠨᠣᠭᠤᠭᠠᠨ ᠦᠩᠭᠡ ᠶᠢᠨ ᠬᠠᠭᠤᠳᠠᠰᠤ ᠳᠤ ᠤᠯᠠᠭᠠᠨ ᠦᠩᠭᠡ ᠶᠢᠨ ᠬᠦᠦᠷᠨᠢᠯ ᠢ ᠳᠦᠭᠦᠷᠭᠡᠵᠦ᠂ ᠰᠦᠷᠯᠢᠭ ᠰᠠᠶᠢᠬᠠᠨ ᠵᠢᠷᠤᠭ ᠲᠤ ᠵᠣᠯ ᠵᠢᠷᠭᠠᠯᠲᠤ ᠰᠢᠯᠦᠭ ᠳᠠᠭᠤᠯᠠᠯ ᠢ ᠵᠢᠷᠤᠭᠯᠠᠵᠠᠢ᠂  ᠡᠨᠡ ᠪᠣᠯ ᠳᠠᠷᠤᠢ ᠤᠯᠠᠭᠠᠨᠬᠤᠲᠠ ᠪᠣᠯᠤᠨ᠎ᠠ᠃
       ᠷᠧᠨ ᠵᠢᠶᠠᠨ ᠹᠸᠢ ᠠᠴᠠ᠂ ᠤᠯᠤᠰ ᠤᠨ ᠪᠦᠬᠦ ᠣᠷᠤᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠭᠰᠠᠨ ᠠᠴᠠ ᠨᠠᠭᠠᠰᠢ᠂ ᠤᠯᠠᠭᠠᠨᠬᠤᠲᠠ ᠨᠢ ᠬᠤᠪᠢᠰᠬᠠᠯᠲᠤ ᠰᠣᠶᠣᠯ᠂ ᠲᠠᠷᠢᠶᠠᠯᠠᠬᠤ ᠰᠣᠶᠣᠯ᠂ ᠠᠮᠢ ᠠᠬᠤᠶ ᠶᠢᠨ ᠰᠣᠶᠣᠯ ᠢᠶᠠᠷ ᠰᠠᠭᠤᠷᠢ ᠪᠣᠯᠭᠠᠵᠤ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠥᠨᠳᠥᠷ ᠬᠦᠴᠦᠯᠡᠴᠡ ᠲᠠᠢ ᠣᠷᠣᠭᠤᠯᠤᠯᠲᠠ ᠪᠠᠷ ᠴᠢᠨᠠᠷ ᠰᠠᠶᠢᠲᠠᠶ ᠪᠥᠲᠥᠭᠡᠨ ᠪᠠᠶᠢᠭᠤᠯᠤᠯᠲᠠ ᠬᠢᠵᠦ᠂ ᠥᠨᠳᠥᠷ ᠬᠢᠷᠢ ᠲᠦᠪᠰᠢᠨ ᠲᠠᠢ ᠡᠵᠡᠩᠨᠡᠨ ᠪᠣᠷᠣᠯᠠᠭᠤᠯᠬᠤ ᠶᠢ ᠪᠠᠷᠢᠮᠲᠠᠯᠠᠨ᠂ ︽ᠲᠠᠯ᠎ᠠ ᠨᠤᠲᠤᠭ ᠤᠨ ᠤᠯᠠᠭᠠᠨᠬᠤᠲᠠ︾ ᠵᠤᠭᠠᠴᠠᠯ ᠤᠨ ᠨᠠᠷᠠᠲᠤ ᠲᠡᠮᠳᠡᠭᠲᠦ ᠶᠢ ᠪᠥᠬᠦ ᠬᠦᠴᠦᠨ ᠢᠶᠠᠷ ᠪᠣᠶ ᠪᠣᠯᠭᠠᠵᠤ᠂ ᠪᠥᠬᠦ ᠣᠷᠤᠨ ᠪᠦᠰᠡ ᠶᠢᠨ ᠵᠤᠭᠠᠴᠠᠯ᠂ ᠳᠥᠷᠪᠡᠨ ᠤᠯᠠᠷᠢᠯ ᠤᠨ ᠵᠤᠭᠠᠴᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠪᠥᠬᠦ ᠠᠷᠠᠳ ᠢᠶᠠᠷ ᠢᠶᠠᠨ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠳᠤᠮᠳᠠ ᠤᠯᠠᠭᠠᠨᠬᠤᠲᠠ ᠶᠢᠨ ᠪᠥᠬᠦ ᠣᠷᠤᠨ ᠪᠦᠰᠡ ᠶᠢᠨ ᠵᠤᠭᠠᠴᠠᠯ ᠤᠨ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠴᠣᠭᠴᠠᠯᠠᠨ ᠪᠠᠶᠢᠭᠤᠯᠤᠨ᠎ᠠ ᠭᠡᠵᠦ ᠢᠯᠡᠷᠬᠡᠶᠢᠯᠡᠵᠡᠢ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号