ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ ᠪᠤᠯ ᠤᠯᠠᠭᠠᠨᠬᠤᠲᠠ ᠶᠢᠨ | ᠷᠠᠰᠢᠶᠠᠨ ᠵᠡᠭᠡᠯᠢ ᠶᠢᠨ ᠵᠡᠭᠦᠨ ᠦᠵᠦᠭᠦᠷ ᠵᠠᠮ ᠤᠨ ᠬᠤᠶᠢᠲᠤ ᠲᠠᠯ᠎ᠠ᠂ ᠤᠯᠠᠭᠠᠨᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠠᠭᠤᠳᠠᠮ ᠲᠠᠯᠠᠪᠠᠶ ᠶᠢᠨ ᠪᠠᠷᠠᠭᠤᠨ ᠡᠮᠦᠨ᠎ᠡ ᠲᠠᠯ᠎ᠠ ᠳᠤ ᠪᠠᠶᠢᠷᠢᠯᠠᠵᠤ ᠪᠣᠶ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 60 ᠵᠢᠯ ᠤᠨ ᠶᠡᠭᠡ ᠪᠠᠶᠠᠷ ᠢ ᠤᠭᠲᠤᠬᠤ ᠶᠢᠨ ᠲᠥᠯᠥᠭᠡ | ᠪᠠᠶᠢᠭᠤᠯᠤᠭᠠᠳ᠂ 2007 ᠣᠨ ᠤ 8 ᠰᠠᠷ᠎ᠠ ᠶᠢᠨ 6 ᠤ ᠡᠳᠦᠷ ᠡᠭᠦᠳᠡ ᠪᠠᠨ ᠨᠡᠭᠡᠭᠡᠭᠰᠡᠨ ᠶᠤᠮ᠃ ᠳᠤᠷᠠᠰᠬᠠᠯ ᠤᠨ | ᠣᠷᠳᠤᠨ ᠤ ᠨᠡᠷ᠎ᠡ ᠶᠢ ᠤᠤᠯ ᠤᠨ ᠪᠦᠬᠦ ᠤᠯᠤᠰ ᠤᠨ ᠪᠠᠶᠢᠩᠭᠤ ᠶᠢᠨ ᠬᠤᠷᠢᠶᠠᠨ ᠤ ᠳᠡᠳ᠋ ᠳᠠᠷᠤᠭ᠎ᠠ ᠪᠦᠬᠡ ᠪᠢᠴᠢᠵᠦ᠂ | ᠨᠡᠶᠢᠳᠡ 3 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ ᠲᠠᠢ᠂ 2.3 ᠲᠦᠮᠡᠨ ᠲᠡᠭᠰᠢ ᠳᠥᠷᠪᠡᠯᠵᠢᠨ ᠮᠧᠲᠷ | ᠪᠠᠷᠢᠯᠭ᠎ᠠ ᠶᠢᠨ ᠲᠠᠯᠠᠪᠠᠶ ᠪᠤᠯᠤᠨ 3500 ᠲᠡᠭᠰᠢ ᠳᠥᠷᠪᠡᠯᠵᠢᠨ ᠮᠧᠲᠷ ᠦᠵᠡᠭᠦᠯᠭᠡ ᠶᠢᠨ ᠲᠠᠯᠠᠪᠠᠶ ᠲᠠᠢ᠂ 2009 ᠣᠨ ᠤ | 5 ᠰᠠᠷ᠎ᠠ ᠳᠤ ᠲᠥᠪ ᠤᠨ ᠤᠬᠠᠭᠤᠯᠬᠤ ᠬᠡᠯᠲᠡᠰ ᠠᠴᠠ ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠨᠡᠶᠢᠲᠡᠯᠡᠭᠰᠡᠨ ᠪᠠᠶᠢᠨ᠎ᠠ᠃ ᠣᠳᠤᠬᠠᠨ ᠤ ᠳᠤᠷᠠᠰᠬᠠᠯ ᠤᠨ | ᠣᠷᠳᠤᠨ ᠳᠤ ᠬᠠᠳᠠᠭᠠᠯᠠᠵᠤ ᠪᠠᠶᠢᠭ᠎ᠠ ᠲᠡᠤᠬᠡ ᠶᠢᠨ ᠳᠤᠷᠠᠰᠬᠠᠯᠲᠤ ᠵᠦᠢᠯᠡᠰ 640 ︵ᠢᠵᠢ︶ ᠪᠣᠶ᠃ ᠦᠵᠡᠭᠦᠯᠭᠡ ᠨᠢ | ᠲᠡᠦᠬᠡ ᠶᠢᠨ ᠵᠢᠷᠤᠭ ᠪᠠ ᠪᠣᠳᠠᠲᠤ ᠪᠣᠳᠠᠰ ᠢᠶᠠᠷ ᠭᠤᠣᠯᠯᠠᠵᠤ᠂ ᠦᠵᠡᠮᠵᠢ᠂ ᠲᠣᠰᠣᠨ ᠪᠤᠳᠤᠭ ᠤᠨ ᠵᠢᠷᠤᠭ᠂ ᠱᠤᠭᠤᠮᠠᠯ᠂ | ᠺᠢᠨᠣ᠋ ᠲᠧᠯᠸᠢᠰ ᠤᠨ ᠹᠢᠯᠢᠮ᠂ ᠳᠠᠭᠤ ᠭᠡᠷᠡᠯ ᠴᠠᠬᠢᠯᠭᠠᠨ ᠵᠡᠷᠭᠡ ᠦᠵᠡᠭᠦᠯᠭᠡ ᠶᠢᠨ ᠠᠷᠭ᠎ᠠ ᠪᠠᠷᠢᠯ ᠢ ᠬᠠᠪᠰᠦᠷᠠᠭᠠᠨ᠂ ᠪᠦᠬᠦ | ᠦᠵᠡᠮᠵᠢ ᠶᠢᠨ ᠬᠡᠯᠪᠡᠷᠢ ᠪᠠᠷ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠪᠣᠯᠤᠨ ᠦᠨᠳᠦᠰᠦᠲᠡᠨ ᠤ ᠣᠷᠣᠨ ᠤ | ᠥᠪᠡᠷᠲᠡᠭᠡᠨ ᠵᠠᠰᠠᠬᠤ ᠭᠡᠷᠡᠯ ᠰᠠᠴᠤᠷᠠᠩᠭᠤᠶ ᠲᠡᠦᠬᠡᠨ ᠶᠠᠪᠤᠴᠠ ᠶᠢ ᠳᠡᠯᠭᠡᠨ ᠦᠵᠡᠭᠦᠯᠵᠦ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠥᠪᠥᠷ ᠮᠣᠩᠭᠤᠯ ᠤᠨ ᠬᠤᠪᠢᠰᠬᠠᠯ ᠳᠠᠬᠢ ᠤᠳᠤᠷᠢᠳᠤᠯᠭ᠎ᠠ ᠶᠢ ᠲᠤᠪᠤᠶᠢᠯᠭᠠᠨ᠂ ᠤᠯᠠᠭᠠᠨᠬᠦᠦ ᠪᠠᠷ | ᠲᠥᠯᠥᠭᠡᠯᠡᠭᠦᠯᠦᠭᠰᠡᠨ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠦᠵᠡᠭᠦᠯᠦᠭᠰᠡᠨ ᠬᠤᠪᠢ ᠨᠡᠮᠡᠷᠢ ᠪᠤᠯᠤᠨ ᠴᠢᠬᠤᠯᠠ | ᠲᠡᠦᠬᠡ ᠶᠢᠨ ᠬᠡᠷᠡᠭ ᠶᠠᠪᠤᠳᠠᠯ᠂ ᠴᠢᠬᠤᠯᠠ ᠵᠠᠩᠭᠢᠯᠠᠭ᠎ᠠ ᠶᠢᠨ ᠴᠡᠭ ᠢ ᠳᠤᠪᠤᠶᠢᠯᠭᠠᠪᠠ᠃ ᠪᠥᠬᠦ ᠤᠯᠤᠰ ᠤᠨ ᠴᠣᠷ ᠤᠨ ᠭᠠᠭᠴᠠ | ᠦᠨᠳᠦᠰᠦᠲᠡᠨ ᠤ ᠣᠷᠣᠨ ᠤ ᠦᠨᠳᠦᠰᠦᠲᠡᠨ ᠤ ᠴᠢᠯᠥᠭᠡᠯᠡᠯᠲᠡ ᠶᠢᠨ ᠥᠩᠭᠡᠷᠡᠯᠲᠡ ᠶᠢ ᠪᠥᠬᠦ ᠲᠠᠯ᠎ᠠ ᠪᠠᠷ ᠲᠤᠰᠬᠠᠭᠰᠠᠨ ᠲᠣᠮᠣ | ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠶ ᠳᠤᠷᠠᠰᠬᠠᠯ ᠤᠨ ᠣᠷᠳᠣᠨ᠂ ᠪᠥᠬᠦ ᠤᠯᠤᠰ ᠤᠨ ᠤᠯᠤᠰ ᠢᠶᠠᠨ ᠬᠠᠶᠢᠷᠠᠯᠠᠬᠤ | ᠦᠵᠡᠯ ᠤᠨ ᠬᠥᠮᠦᠵᠢᠯ ᠤᠨ ᠰᠠᠭᠤᠷᠢᠨ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ | ᠰᠠᠭᠤᠷᠢᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠭᠤᠷᠢᠨ᠂ ᠪᠥᠬᠦ ᠣᠷᠣᠨ ᠤ ᠠᠷᠢᠭᠤᠨ | ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ᠂ ᠥᠪᠥᠷ ᠮᠣᠩᠭᠤᠯ ᠤᠨ ᠳᠤᠮᠳᠠᠳᠤ ᠤᠯᠤᠰ ᠤᠨ ᠡᠪ ᠬᠠᠮᠲᠤ | ᠨᠠᠮ ᠤᠨ ᠨᠠᠮ ᠤᠨ ᠲᠡᠦᠬᠡ ᠶᠢᠨ ᠬᠥᠮᠦᠵᠢᠯ ᠤᠨ ᠰᠠᠭᠤᠷᠢᠨ ᠪᠣᠯᠤᠨ᠎ᠠ᠃ | |