ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠠᠵᠢᠯ ᠤᠨ ᠬᠤᠷᠢᠶ᠎ᠠ ᠶᠢᠨ ᠬᠠᠭᠤᠴᠢᠨ ᠰᠠᠭᠤᠴᠠ
ᠨᠡᠶᠢᠲᠡᠯᠡᠭᠰᠡᠨ ᠴᠠᠭ᠄
2021/11/29
     ᠥᠪᠥᠷ ᠮᠣᠩᠭᠤᠯ ᠤᠨ ᠨᠠᠮ ᠤᠨ ᠬᠤᠷᠢᠶ᠎ᠠ ᠶᠢᠨ ᠠᠯᠪᠠᠨ ᠬᠡᠷ ᠤᠨ ᠬᠠᠭᠤᠴᠢᠨ  ᠰᠠᠭᠤᠴᠠ ᠨᠢ ᠤᠯᠠᠭᠠᠨᠬᠤᠲᠠ ᠶᠢᠨ ᠬᠢᠩᠭᠠᠨ ᠬᠤᠶᠢᠲᠤ ᠵᠠᠮ ᠪᠠ ᠬᠠᠨ ᠠᠭᠤᠯᠠ ᠵᠡᠭᠦᠨ ᠵᠡᠭᠡᠯᠢ ᠶᠢᠨ ᠠᠭᠤᠯᠵᠠᠷ ᠤᠨ ᠵᠡᠭᠦᠨ ᠡᠮᠦᠨ᠎ᠡ᠂ ᠬᠢᠩᠭᠠᠨ ᠬᠤᠶᠢᠲᠤ ᠵᠠᠮ ᠤᠨ 14 ᠳ᠋ᠦ᠋ᠭᠡᠷ ᠨᠣᠮᠧᠷ ᠲᠤ ᠪᠠᠶᠢᠷᠢᠯᠠᠵᠤ᠂ ᠪᠠᠷᠢᠯᠭ᠎ᠠ ᠶᠢᠨ ᠲᠠᠯᠠᠪᠠᠶ ᠨᠢ 1881.08 ᠲᠡᠭᠰᠢ ᠳᠥᠷᠪᠡᠯᠵᠢᠨ ᠮᠧᠲᠷ᠃ ᠡᠨᠡ ᠠᠰᠠᠷ   ᠢ 1934 ᠤᠨ ᠳᠤ ᠪᠠᠷᠢᠵᠠᠢ᠃  ᠣᠲᠣ ᠪᠥᠬᠦ ᠤᠯᠤᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠣᠯᠪᠠ᠃ 1947 ᠣᠨ ᠤ 7 ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠬᠤᠷᠢᠶ᠎ᠠ ᠪᠠᠶᠢᠭᠤᠯᠤᠭᠳᠠᠭᠰᠠᠨ ᠤ ᠳᠠᠷᠠᠭ᠎ᠠ ᠡ᠊ᠡᠳᠡ ᠠᠵᠢᠯᠯᠠᠵᠤ᠂ 1946 ᠣᠨ ᠤ ᠡᠬᠢ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠮᠣᠩᠭᠤᠯ ᠤᠨ ᠠᠵᠢᠯ ᠤᠨ ᠬᠤᠷᠢᠶ᠎ᠠ ᠡ᠊ᠡᠳᠡ ᠠᠵᠢᠯᠯᠠᠪᠠ᠃ 1947 ᠣᠨ ᠤ 6 ᠰᠠᠷ᠎ᠠ ᠶᠢᠨ 14 ᠤ ᠡᠳᠦᠷ ᠠᠴᠠ 1949 ᠣᠨ ᠤ 11 ᠰᠠᠷ᠎ᠠ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠠᠵᠢᠯ ᠤᠨ ᠬᠤᠷᠢᠶ᠎ᠠ ᠲᠤᠰ ᠠᠰᠠᠷ ᠲᠤ ᠠᠯᠪᠠᠯᠠᠵᠦ ᠪᠠᠶᠢᠬᠰᠠᠨ  ᠢᠶᠠᠨ 1949 ᠣᠨ ᠤ 11 ᠰᠠᠷ᠎ᠠ ᠪᠣᠯᠬᠤ ᠳᠤ ᠴᠢᠭᠤᠯᠤᠯᠳᠦ ᠬᠠᠭᠠᠯᠭ᠎ᠠ ᠳᠤ ᠨᠡᠭᠦᠪᠡ᠃        ᠡᠨᠡᠬᠦ ᠠᠯᠪᠠᠯᠠᠬᠤ ᠠᠰᠠᠷ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠳᠠᠬᠢ ᠬᠥᠭᠵᠢᠨ ᠪᠤᠵᠠᠭᠠᠶᠢᠷᠬᠠᠰᠠᠨ᠂ ᠥᠪᠥᠷ ᠮᠣᠩᠭᠤᠯ ᠤᠨ ᠬᠤᠪᠢᠰᠬᠠᠯ ᠪᠣᠯᠤᠨ ᠪᠦᠳᠦᠭᠡᠨ ᠪᠠᠶᠢᠭᠤᠯᠤᠯᠲᠠ ᠶᠢᠨ ᠦᠢᠯᠡᠰ ᠢ ᠤᠳᠤᠷᠢᠳᠤᠭᠰᠠᠨ ᠴᠢᠬᠤᠯᠠ ᠭᠡᠷᠡᠴᠢ ᠪᠣᠯᠤᠨ᠎ᠠ᠃ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠭᠤᠣᠯ ᠤᠳᠤᠷᠢᠳᠬᠤ ᠬᠥᠮᠦᠨ ᠤᠯᠠᠭᠠᠨᠬᠦᠦ᠂ ᠺᠦᠢ ᠪᠢ᠂ ᠯᠢᠦ ᠴᠦᠨ᠂ ᠬᠦᠬᠦᠷᠭᠡ ︵ᠺᠧ ᠯᠢ ᠭᠧᠩ︶᠂ ᠸᠠᠩ ᠢ ᠯᠦᠨ᠂ ᠸᠠᠩ ᠽᠠᠢ ᠲᠢᠶᠠᠨ᠂  ᠬᠠᠹᠦ᠋ᠩᠭ᠎ᠠ᠂ ᠲᠡᠮᠦᠷᠪᠠᠭᠠᠨ᠎ᠠ ᠵᠡᠷᠭᠡ ᠬᠥᠮᠦᠰ ᠴᠥᠮ ᠡ᠊ᠡᠳᠡ ᠠᠵᠢᠯᠯᠠᠵᠤ ᠥᠩᠭᠡᠷᠡᠵᠡᠶ᠃ ᠤᠯᠠᠭᠠᠨᠬᠦᠦ ᠨᠥᠬᠦᠷ ᠡ᠊ᠡᠳᠡ ︽ᠭᠤᠷᠪᠠ ᠦᠭᠡᠢ ᠬᠤᠶᠠᠷ ᠲᠤ ᠠᠰᠢᠭᠲᠠᠶ︾ ᠪᠠᠶᠢᠬᠤ ᠲᠦᠷᠦ ᠶᠢᠨ ᠪᠤᠳᠤᠯᠭ᠎ᠠ ᠶᠢ ᠳᠤᠷᠠᠳᠴᠠᠶ᠂ ᠲᠤᠬᠠᠶᠢᠯᠠᠪᠠᠯ ᠬᠤᠪᠢᠶᠠᠬᠤ ᠦᠭᠡᠢ᠂ ᠲᠡᠮᠡᠴᠡᠬᠦ ᠦᠭᠡᠢ᠂ ᠠᠩᠭᠢ ᠢᠯᠭᠠᠬᠤ ᠦᠭᠡᠢ᠂ ᠬᠥᠯᠥᠰᠥᠨ ᠮᠠᠯᠴᠢᠨ᠂ ᠮᠠᠯ ᠤᠨ ᠡᠵᠡᠨ ᠬᠤᠶᠠᠷ ᠲᠤ ᠠᠰᠢᠭᠲᠠᠶ ᠪᠠᠶᠢᠬᠤ ᠲᠦᠷᠦ ᠶᠢᠨ ᠪᠤᠳᠤᠯᠭ᠎ᠠ ᠶᠢ ᠳᠤᠷᠠᠳᠤᠨ ᠭᠠᠷᠭᠠᠵᠠᠶ᠃ ᠡᠨᠡ ᠬᠦ ᠲᠦᠷᠦ ᠶᠢᠨ ᠪᠤᠳᠤᠯᠭ᠎ᠠ ᠨᠢ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠮᠠᠰᠢ ᠨᠡᠶᠢᠴᠡᠵᠦ᠂ ᠮᠠᠯᠵᠢᠬᠤ ᠣᠷᠣᠨ ᠤ ᠠᠵᠢᠯ ᠤᠨ ᠵᠢᠯᠣᠭᠤᠳᠬᠤ ᠴᠢᠭᠯᠡᠯᠲᠡ  ᠪᠤᠯᠤᠭᠠᠳ᠂ ᠮᠠᠯ ᠠᠵᠤ ᠠᠬᠤᠶ ᠶᠢᠨ ᠦᠢᠯᠡᠳᠪᠦᠷᠢᠯᠡᠯ ᠢ ᠦᠳᠲᠡᠷ ᠲᠦᠷᠭᠡᠨ ᠬᠥᠭᠵᠢᠭᠦᠯᠵᠦ᠂ ᠥᠷᠭᠡᠨ ᠤᠯᠠᠨ ᠮᠠᠯᠴᠢᠳ ᠤᠨ ᠠᠮᠢᠳᠤᠷᠠᠯ ᠢ ᠶᠡᠭᠡ ᠪᠠᠷ ᠰᠠᠶᠢᠵᠢᠷᠠᠭᠤᠯᠪᠠ᠃        ᠦᠪᠦᠷ ᠮᠤᠩᠭᠤᠯ ᠤᠨ ᠨᠠᠮ ᠤᠨ ᠬᠤᠷᠢᠶ᠎ᠠ ᠶᠢᠨ ᠠᠯᠪᠠᠨ ᠬᠡᠷ ᠤᠨ ᠬᠠᠭᠤᠴᠢᠨ ᠰᠠᠭᠤᠴᠠ ᠶᠢ ᠥᠪᠡᠷᠲᠡᠭᠡᠨ ᠵᠠᠰᠠᠬᠤ ᠣᠷᠣᠨ ᠤ 60 ᠵᠢᠯ᠂ 70 ᠵᠢᠯ ᠤᠨ ᠣᠢ ᠶᠢᠨ ᠦᠶᠡᠰ ᠰᠡᠯᠪᠢᠨ  ᠵᠠᠰᠠᠭᠠᠳ᠂ ᠦᠨᠳᠦᠰᠦᠨ ᠳᠡᠭᠡᠨ ᠲᠡᠭᠦᠨ ᠤ ᠲᠡᠤᠬᠡ ᠶᠢᠨ ᠣᠭ ᠳᠦᠷᠰᠦ ᠶᠢ ᠰᠡᠷᠭᠦᠭᠡᠭᠰᠡᠨ ᠪᠠᠶᠢᠨ᠎ᠠ᠃ ᠣᠲᠣ ᠪᠣᠯ ᠪᠥᠬᠦ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ᠂ ᠪᠥᠬᠦ ᠣᠷᠣᠨ ᠤ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠠ ᠪᠥᠬᠦ ᠠᠶᠢᠮᠠᠭ ᠤᠨ ᠴᠢᠬᠤᠯᠠ ᠬᠤᠪᠢᠰᠬᠠᠯᠲᠤ ᠦᠵᠡᠮᠵᠢ ᠶᠢᠨ ᠨᠢᠭᠡ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号